2022 ᠣᠨ ᠳᠤ᠂ ᠤᠷᠠᠳ ᠤᠨ ᠡᠮᠦᠨᠡᠲᠦ ᠬᠤᠰᠢᠭᠤᠨ ᠤ ᠰᠠᠭᠠᠳᠠᠭ ᠰᠣᠮᠣᠨ ᠤ ᠬᠠᠶᠢᠯᠠᠰᠤᠲᠠᠶ ᠭᠠᠴᠠᠭ᠎ᠠ ︽ᠨᠠᠮ ᠤᠨ ᠪᠠᠶᠢᠭᠤᠯᠤᠯᠲᠠ +︾ ᠰᠡᠳᠬᠢᠬᠦᠶ ᠶᠢᠨ | ᠵᠠᠭᠪᠤᠷ ᠢ ᠪᠣᠶ ᠪᠣᠯᠭᠠᠨ᠂ ᠨᠠᠮ ᠤᠨ ᠡᠭᠦᠷ ᠠᠴᠠ ᠬᠤᠷᠰᠢᠶᠠᠵᠢᠯ ᠢ ᠳᠠᠭᠠᠭᠤᠯᠤᠨ ᠡᠷᠭᠢᠯᠡᠬᠦ ᠪᠠᠷ ᠲᠠᠮᠵᠢᠭᠤᠯᠤᠨ ᠭᠠᠴᠠᠭᠠᠨ ᠤ ᠨᠠᠮ ᠤᠨ ᠡᠭᠦᠷ ᠤᠨ ᠵᠣᠬᠢᠶᠠᠨ | ᠪᠠᠶᠢᠭᠤᠯᠬᠤ ᠬᠦᠴᠦᠨ ᠢ ᠳᠡᠭᠡᠭᠰᠢᠯᠡᠬᠦᠯᠵᠦ᠂ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠬᠤ ᠴᠢᠬᠤᠯᠠ ᠭᠠᠷᠳᠠᠴᠠ ᠪᠠᠨ ᠪᠣᠯᠭᠠᠨ᠂ ᠨᠠᠮ ᠤᠨ ᠪᠠᠶᠢᠭᠤᠯᠤᠯᠲᠠ ᠪᠠᠷ | ᠬᠥᠲᠥᠯᠥᠨ ᠳᠠᠭᠠᠭᠤᠯᠵᠣ᠂ ᠠᠵᠤ ᠦᠢᠯᠡᠰ ᠢ ᠬᠦᠭᠵᠢᠬᠦᠯᠦᠨ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ | ᠳᠠᠭᠠᠭᠤᠯᠬᠤ ᠰᠢᠨ᠎ᠡ ᠵᠠᠮ ᠢ ᠨᠡᠭᠡᠭᠡᠪᠡ᠃ | ᠰᠡᠳᠬᠢᠴᠡ ᠪᠠᠨ ᠦᠭᠡᠷᠡᠴᠢᠯᠡᠨ ᠠᠷᠭ᠎ᠠ ᠲᠣᠭᠲᠠᠭᠠᠨ ᠬᠥᠭᠵᠢᠯᠲᠡ ᠶᠢ ᠰᠦᠪᠡᠭᠴᠢᠯᠡᠪᠡ᠃ ᠬᠠᠶᠢᠯᠠᠰᠤᠲᠠᠶ ᠭᠠᠴᠠᠭᠠᠨ ᠤ ᠨᠠᠮ ᠤᠨ ᠡᠭᠦᠷ ᠠᠴᠠ ᠬᠤᠷᠰᠢᠶᠠᠵᠢᠯ ᠢ | ᠳᠠᠭᠠᠭᠤᠯᠤᠨ ᠡᠷᠭᠢᠯᠡᠬᠦ ᠶᠢ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠴᠢᠬᠤᠯᠠ ᠠᠷᠭ᠎ᠠ ᠪᠠᠨ | ᠪᠣᠯᠭᠠᠵᠤ᠂ ᠭᠠᠴᠠᠭᠠᠨ ᠤ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠬᠦᠷᠦᠯᠴᠡᠬᠦ ᠥᠬᠡᠶ᠂ ᠬᠠᠮᠲᠤ ᠶᠢᠨ ᠠᠵᠤ ᠠᠬᠤᠶ ᠶᠢᠨ ᠣᠷᠣᠯᠭ᠎ᠠ ᠪᠠᠨ | ᠨᠡᠮᠡᠭᠳᠡᠭᠦᠯᠬᠦ ᠳᠤ ᠬᠦᠴᠢᠷᠲᠡᠶ ᠵᠡᠷᠭᠡ ᠬᠦᠴᠢᠷ ᠠᠰᠠᠭᠤᠳᠠᠯ ᠢ ᠰᠢᠢᠳᠪᠦᠷᠢᠯᠡᠪᠡ᠃ ᠨᠠᠮ ᠤᠨ ᠡᠭᠦᠷ ᠠᠴᠠ ᠬᠠᠶᠢᠯᠠᠰᠣᠲᠠᠢ ᠭᠠᠴᠠᠭᠠᠨ ᠤ ᠱᠦᠵᠢ ᠰᠠᠷᠠᠨᠳᠣᠶᠠᠭᠠ ᠪᠠᠷ | ᠳᠤᠭᠤᠶᠢᠯᠠᠩ ᠤᠨ ᠳᠠᠷᠤᠭ᠎ᠠ ᠪᠣᠯᠭᠠᠭᠰᠠᠨ ᠤᠳᠤᠷᠢᠳᠬᠤ ᠳᠤᠭᠤᠶᠢᠯᠠᠩ ᠪᠠᠶᠢᠭᠤᠯᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠵᠢᠴᠢ | ᠲᠤᠷᠰᠢᠯᠭ᠎ᠠ ᠬᠢᠳᠡᠯ ᠢ ᠭᠦᠨᠵᠡᠭᠡᠶ ᠰᠤᠷᠤᠯᠴᠠᠭᠰᠠᠨ ᠤ ᠳᠠᠷᠠᠭ᠎ᠠ᠂ ︽ᠬᠤᠶᠠᠷ ᠵᠥᠪᠯᠡᠯ︾ ᠤᠨ ᠪᠦᠷᠢᠯᠳᠦᠬᠦᠨ᠂ ᠨᠠᠮ ᠤᠨ ᠭᠡᠰᠢᠭᠦᠨ ᠤ ᠲᠥᠯᠥᠭᠡᠯᠡᠭᠴᠢ᠂ | ᠮᠠᠯᠴᠢᠳ ᠤᠨ ᠲᠥᠯᠥᠭᠡᠯᠡᠭᠴᠢ ᠵᠢᠴᠢ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢ ᠵᠣᠬᠢᠶᠠᠨ ᠪᠠᠶᠢᠭᠤᠯᠵᠤ ᠂ ᠤᠷᠠᠳ ᠤᠨ ᠳᠤᠮᠳᠠᠳᠤ ᠬᠤᠰᠢᠭᠤᠨ ᠳᠤ | ᠬᠦᠷᠴᠦ ᠲᠣᠭᠤᠷᠢᠨ ᠦᠵᠡᠭᠦᠯᠵᠦ ᠰᠤᠷᠤᠯᠴᠠᠭᠰᠠᠨ ᠪᠥᠭᠡᠳ ᠨᠠᠮ ᠤᠨ ᠭᠡᠰᠢᠭᠦᠨ ᠣᠯᠠᠨ ᠲᠦᠮᠡᠨ ᠢ ᠣᠯᠠᠨ ᠤᠳᠠᠭ᠎ᠠ ᠵᠣᠬᠢᠶᠠᠨ ᠪᠠᠶᠢᠭᠤᠯᠵᠤ ᠱᠠᠨᠳᠦ᠋ᠩ᠂ ᠬᠦᠢᠵᠸᠦ | ᠵᠡᠷᠭᠡ ᠭᠠᠵᠠᠷ ᠤᠨ ᠨᠠᠮ ᠤᠨ ᠡᠭᠦᠷ ᠤᠨ ᠳᠠᠭᠠᠭᠤᠯᠤᠨ ᠡᠷᠭᠢᠯᠡᠬᠦ ᠬᠤᠷᠰᠢᠶᠠᠵᠢᠯ ᠤᠨ ᠲᠤᠷᠰᠢᠯᠭ᠎ᠠ ᠠᠷᠭ᠎ᠠ ᠬᠢᠳᠡᠯ ᠢ ᠲᠣᠭᠤᠷᠢᠨ ᠦᠵᠡᠵᠦ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠨᠠᠮ ᠤᠨ ᠪᠠᠶᠢᠭᠤᠯᠤᠯᠲᠠ ᠬᠢᠭᠡᠳ ᠠᠵᠤ ᠦᠢᠯᠡᠰ ᠤᠨ ᠬᠥᠭᠵᠢᠯᠲᠡ ᠶᠢᠨ ᠨᠡᠶᠢᠯᠡᠯ ᠴᠡᠭ ᠢ ᠬᠠᠶᠢᠨ ᠰᠦᠪᠡᠭᠴᠢᠯᠡᠵᠦ᠂ | ᠨᠠᠮ ᠤᠨ ᠪᠠᠶᠢᠭᠤᠯᠤᠯᠲᠠ ᠪᠠᠷ ᠲᠥᠷᠥᠯ ᠵᠦᠢᠯ ᠢ ᠳᠠᠶᠢᠴᠢᠯᠠᠬᠤ᠂ ᠲᠥᠷᠥᠯ ᠵᠦᠢᠯ ᠢᠶᠠᠷ ᠳᠠᠪᠠᠯᠲᠠ ᠶᠢ ᠠᠬᠢᠭᠤᠯᠬᠤ ᠬᠥᠭᠵᠢᠯᠲᠡ ᠶᠢᠨ ᠪᠠᠶᠢᠳᠠᠯ ᠢ ᠪᠣᠶ ᠪᠣᠯᠭᠠᠪᠠ᠃ | | ᠬᠤᠪᠢ ᠣᠷᠣᠭᠤᠯᠤᠭᠴᠢ ᠶᠢ ᠨᠡᠮᠡᠭᠳᠡᠭᠦᠯᠵᠦ ᠢᠲᠡᠭᠡᠯ ᠵᠣᠷᠢᠭ ᠢᠶᠠᠨ ᠬᠥᠪᠴᠢᠯᠡᠨ ᠨᠡᠶᠢᠯᠡᠮᠡᠯ ᠬᠦᠴᠦᠨ ᠢᠶᠠᠨ ᠨᠢᠭᠲᠠᠷᠠᠭᠤᠯᠪᠠ᠃ ᠬᠠᠶᠢᠯᠠᠰᠤᠲᠠᠶ ᠭᠠᠴᠠᠭᠠᠨ ᠤ | ᠨᠠᠮ ᠤᠨ ᠡᠭᠦᠷ ᠨᠢ ᠥᠪᠡᠷᠮᠢᠴᠡ ᠠᠮᠢ ᠠᠬᠤᠶ ᠶᠢᠨ ᠣᠷᠴᠢᠨ ᠲᠣᠭᠤᠷᠢᠨ᠂ ᠦᠨᠳᠦᠰᠦᠲᠡᠨ ᠤ ᠰᠣᠶᠣᠯ᠂ ᠠᠷᠠᠳ ᠤᠨ ᠵᠠᠩ ᠦᠢᠯᠡ ᠵᠡᠷᠭᠡ ᠵᠢᠭᠤᠯᠴᠢᠯᠠᠯ ᠤᠨ ᠡᠬᠢ | ᠪᠠᠶᠠᠯᠢᠭ ᠲᠤ ᠰᠠᠭᠤᠷᠢᠯᠠᠨ᠂ ᠬᠠᠮᠲᠤ ᠨᠡᠶᠢᠲᠡ ᠠᠴᠠ ᠪᠠᠯᠠ ᠣᠷᠣᠭᠤᠯᠬᠤ᠂ ᠬᠤᠪᠢ ᠴᠤᠭᠯᠠᠭᠤᠯᠵᠤ ᠪᠠᠯᠠ ᠴᠤᠭᠯᠠᠭᠤᠯᠬᠤ᠂ ᠠᠵᠤ ᠠᠬᠤᠶᠢᠯᠠᠯ ᠠᠴᠠ ᠳᠡᠮᠵᠢᠬᠦ | ᠬᠡᠯᠪᠡᠷᠢ ︵ᠡᠭᠦᠨ ᠳᠤ ᠮᠠᠯᠴᠢᠳ ᠪᠠᠯᠠ ᠮᠥᠩᠭᠦ᠂ ᠡᠳ᠋ ᠬᠥᠷᠥᠩᠭᠡ᠂ ᠬᠥᠳᠡᠯᠮᠦᠷᠢ ᠬᠦᠴᠦ ᠵᠡᠷᠭᠡ ᠪᠠᠷ ᠬᠤᠪᠢ ᠣᠷᠣᠨ᠎ᠠ︶ ᠶᠢ ᠠᠪᠴᠣ᠂ ᠮᠠᠯᠴᠢᠨ ᠠᠶᠢᠯ ᠤᠨ | ᠪᠠᠶᠠᠰᠤᠯ᠂ ᠲᠠᠷᠢᠶᠠᠯᠠᠩ ᠮᠠᠯ ᠠᠵᠤ ᠠᠬᠤᠶ ᠶᠢᠨ ᠲᠤᠰᠬᠠᠶ ᠬᠤᠷᠰᠢᠶᠠᠯ ᠢ ᠳᠠᠭᠠᠭᠤᠯᠤᠨ ᠡᠷᠭᠢᠯᠡᠵᠦ᠂ ᠮᠠᠯᠴᠢᠨ ᠡᠷᠦᠬᠡ ᠶᠢ ᠳᠠᠶᠢᠴᠢᠯᠠᠨ ᠬᠡᠪᠴᠢᠶᠡᠵᠢᠭᠰᠡᠨ | ᠡᠵᠡᠩᠨᠡᠯᠲᠡ ᠶᠢ ᠬᠥᠭᠵᠢᠭᠦᠯᠵᠦ᠂ ᠵᠢᠭᠤᠯᠴᠢᠯᠠᠯ ᠤᠨ ᠶᠡᠷᠦᠩᠬᠡᠶᠢᠯᠡᠭᠰᠡᠨ ᠴᠢᠨᠠᠷᠲᠠᠶ ᠦᠢᠯᠡᠴᠢᠯᠡᠬᠡᠨ ᠤ ᠠᠵᠤ ᠦᠢᠯᠡᠰ ᠢ ᠪᠠᠶᠢᠭᠤᠯᠵᠤ᠂ ᠤᠯᠠᠮᠵᠢᠯᠠᠯᠲᠤ ᠮᠣᠩᠭᠤᠯ | ᠬᠤᠭᠤᠯᠠ᠂ ᠴᠠᠭᠠᠨ ᠢᠳᠡᠭᠡ ᠦᠢᠯᠡᠳᠴᠦ ᠪᠣᠷᠣᠯᠠᠭᠤᠯᠬᠤ ᠵᠡᠷᠭᠡ ᠪᠠᠷ ᠭᠤᠤᠯ ᠪᠣᠯᠭᠠᠵᠤ᠂ ︽ᠨᠢᠭᠡ ᠡᠳᠦᠷ ᠤᠨ ᠵᠢᠭᠤᠯᠴᠢᠯᠠᠯ︾᠂ ︽ᠣᠶᠢᠷ᠎ᠠ ᠲᠡᠭᠦᠷᠭᠡ ᠶᠢᠨ | ᠵᠢᠭᠤᠯᠴᠢᠯᠠᠯ︾ ᠵᠡᠷᠭᠡ ᠬᠥᠳᠡᠭᠡ ᠲᠣᠰᠬᠤᠨ ᠤ ᠪᠢᠴᠢᠯ ᠵᠢᠭᠤᠯᠴᠢᠯᠠᠯ ᠢ ᠬᠦᠴᠦᠯᠡᠨ ᠪᠣᠶ ᠪᠣᠯᠭᠠᠵᠤ᠂ ᠬᠠᠲᠠᠨ ᠵᠢᠷᠤᠭ ᠢ ᠰᠣᠨᠢᠷᠬᠠᠵᠤ᠂ ᠠᠮᠲᠠᠲᠤ ᠢᠳᠡᠭᠡᠨ᠂ | ᠠᠷᠠᠳ ᠤᠨ ᠣᠷᠣᠨ ᠰᠠᠭᠤᠴᠠ ᠵᠡᠷᠭᠡ ᠲᠠᠯ᠎ᠠ ᠨᠤᠲᠤᠭ ᠤᠨ ᠲᠣᠭᠤᠷᠢᠨ ᠵᠤᠭᠠᠴᠠᠬᠤ ᠲᠥᠷᠥᠯ ᠵᠦᠢᠯ ᠢ ᠡᠳ᠋ᠯᠡᠵᠦ᠂ ᠲᠣᠰ ᠭᠠᠴᠠᠭᠠᠨ ᠤ ᠬᠠᠮᠲᠤ ᠶᠢᠨ ᠠᠵᠤ | ᠠᠬᠤᠶ ᠶᠢᠨ ᠬᠥᠭᠵᠢᠨ ᠪᠤᠵᠠᠭᠠᠶᠢᠷᠬᠠᠤ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠪᠡ᠃ | |