ᠣᠶᠢᠷ᠎ᠠ ᠳᠤ᠂ ᠪᠠᠶᠠᠨᠨᠠᠭᠤᠷ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ 2022 ᠣᠨ ᠤ ᠪᠥᠬᠦ ᠬᠤᠲᠠ ᠶᠢᠨ ︽ᠲᠡᠷᠢᠭᠦᠨ ᠤ ᠬᠠᠮᠲᠤ︾᠂ | ︽ᠰᠢᠯᠢᠳᠡᠭ ᠰᠢᠭᠦᠬᠦ ᠲᠤᠰᠢᠶᠠᠯᠲᠠᠨ︾᠂ ︽ᠬᠡᠷᠡᠭ ᠰᠢᠢᠳᠪᠦᠷᠢᠯᠡᠭᠰᠡᠨ ᠵᠢᠱᠢᠶᠡᠴᠢ︾᠂ ︽ᠲᠡᠷᠢᠭᠦᠨ ᠤ ᠬᠤᠪᠢ ᠬᠥᠮᠦᠨ︾ ᠵᠡᠷᠭᠡ ᠢᠷᠠᠭᠤ ᠠᠯᠳᠠᠷ ᠢ | ᠰᠢᠯᠭᠠᠷᠠᠭᠤᠯᠤᠨ ᠭᠠᠷᠭᠠᠪᠠ᠃ ᠡᠭᠦᠨ ᠳᠤ ᠣᠷᠠᠳ ᠤᠨ ᠡᠮᠦᠨᠡᠲᠤ ᠬᠤᠰᠢᠭᠤᠨ ᠤ ᠰᠢᠬᠦᠬᠦ ᠬᠤᠷᠢᠶᠠᠨ ᠤ ᠶᠡᠭᠡ ᠰᠢᠭᠡᠲᠡᠢ ᠰᠢᠭᠦᠬᠦ ᠲᠢᠩᠬᠢᠮ᠂ ᠪᠠᠭᠠᠲᠤᠷ᠂ ᠯᠢ ᠬᠤᠶ᠂ | ᠱᠧᠩ ᠭᠤᠸᠠᠩ ᠴᠢᠤᠸᠠᠨ ᠵᠡᠷᠭᠡ ᠲᠠᠪᠤᠨ ᠠᠵᠢᠯᠲᠠᠨ ᠪᠠ ᠬᠠᠮᠲᠤ ᠨᠡᠶᠢᠲᠡ ᠲᠣᠰ ᠢᠷᠠᠭᠤ ᠠᠯᠳᠠᠷ ᠢ ᠭᠥᠷᠳᠡᠪᠡ᠃ | ᠪᠠᠭᠠᠲᠤᠷ 1991 ᠣᠨ ᠤ 8 ᠰᠠᠷ᠎ᠠ ᠳᠤ ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠰᠢᠭᠦᠬᠦ ᠬᠤᠷᠢᠶᠠᠨ ᠳᠤ ᠠᠵᠢᠯᠯᠠᠵᠤ᠂ 1995 ᠣᠨ ᠳᠤ | ᠲᠤᠰᠠᠯᠠᠬᠤ ᠰᠢᠭᠦᠭᠴᠢ᠂ 2002 ᠣᠨ ᠳᠤ ᠳᠡᠳ᠋ ᠰᠠᠯᠠᠭᠠᠨ ᠤ ᠲᠠᠰ ᠤᠨ ᠰᠢᠭᠦᠭᠴᠢ᠂ 2004 ᠣᠨ ᠳᠤ ᠪᠠᠶᠠᠨᠬᠤᠸᠠ ᠰᠢᠭᠦᠬᠦ ᠲᠢᠩᠬᠢᠮ ᠤᠨ ᠳᠡᠳ᠋ ᠳᠠᠷᠤᠭ᠎ᠠ᠂ | 2010 ᠣᠨ ᠠᠴᠠ 2019 ᠣᠨ ᠤ 3 ᠰᠠᠷ᠎ᠠ ᠪᠣᠯᠲᠠᠯ᠎ᠠ ᠰᠢ ᠰᠢᠶᠤᠤ ᠵᠣᠣ ᠶᠢᠨ ᠰᠢᠭᠦᠬᠦ ᠲᠢᠩᠬᠢᠮ ᠤᠨ ᠳᠠᠷᠤᠭ᠎ᠠ ᠪᠠᠶᠢᠪᠠ᠃ 2019 ᠣᠨ ᠤ 3 ᠰᠠᠷ᠎ᠠ ᠠᠴᠠ | ᠤᠳᠤ ᠪᠣᠯᠲᠠᠯ᠎ᠠ ᠰᠢᠨ ᠠᠨ ᠤ ᠠᠷᠠᠳ ᠤᠨ ᠰᠢᠭᠦᠬᠦ ᠲᠢᠩᠬᠢᠮ ᠤᠨ ᠳᠠᠷᠤᠭ᠎ᠠ᠂ ᠳᠥᠷᠪᠡᠳᠦᠭᠡᠷ ᠳᠡᠰ ᠤᠨ ᠳᠡᠭᠡᠳᠦ ᠵᠡᠷᠭᠡ ᠶᠢᠨ ᠰᠢᠭᠦᠭᠴᠢ ᠶᠢᠨ ᠲᠤᠰᠢᠶᠠᠯ ᠢ | ᠬᠠᠷᠢᠭᠤᠴᠠᠪᠠ᠃ ᠲᠡᠷᠡ ᠠᠵᠢᠯ ᠳᠤ ᠭᠠᠷᠣᠭᠰᠠᠨ ᠭᠤᠴᠢᠭᠠᠳ ᠵᠢᠯ ᠤᠨ ᠲᠣᠷᠰᠢ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠡᠮᠦᠨ᠎ᠡ ᠹᠷᠣᠨᠲ ᠲᠤ | ᠲᠡᠮᠡᠴᠡᠭᠰᠡᠭᠡᠷ ᠢᠷᠡᠵᠡᠶ᠃ ᠤᠳᠠᠭᠠᠨ ᠵᠢᠯ ᠤᠨ ᠦᠨᠳᠦᠰᠦᠨ ᠱᠠᠲᠤᠨ ᠤ ᠠᠵᠢᠯ ᠨᠢ ᠲᠡᠭᠦᠨ ᠳᠤ ᠠᠷᠠᠳ ᠤᠨ ᠰᠡᠳᠬᠢᠯ᠂ ᠠᠷᠠᠳ ᠤᠨ ᠰᠠᠨᠠᠭ᠎ᠠ ᠶᠢ ᠣᠶᠢᠯᠠᠭᠠᠭᠤᠯᠵᠤ᠂ | ᠵᠥᠷᠢᠴᠡᠯ ᠵᠠᠭᠤᠷᠠᠯᠳᠤᠭᠠᠨ ᠢ ᠴᠠᠭ ᠲᠤᠬᠠᠢ ᠳᠤᠨᠢ ᠪᠦᠲᠦᠮᠵᠢᠲᠡᠢ ᠰᠢᠢᠳᠪᠦᠷᠢᠯᠡᠳᠡᠭ ᠣᠪᠣᠷ ᠢ ᠲᠠᠰᠬᠠᠯᠵᠢᠭᠤᠯᠵᠠᠢ᠃ | ᠪᠠᠭᠠᠲᠣᠷ ᠬᠡᠷᠡᠭ ᠤᠨ ᠪᠠᠶᠢᠳᠠᠯ ᠪᠤᠳᠤᠯᠢᠶᠠᠨᠲᠠᠢ᠂ ᠬᠦᠨᠳᠦ ᠶᠡᠭᠡ ᠪᠤᠶᠤ ︽ᠣᠨᠣᠪᠴᠢᠲᠠᠢ ᠰᠢᠢᠳᠪᠦᠷᠢᠯᠡᠵᠦ ᠳᠡᠶᠢᠯᠬᠦ ᠦᠭᠡᠢ︾ ᠬᠡᠷᠡᠭ ᠲᠣᠬᠢᠶᠠᠯᠳᠤᠬᠤ | ᠦᠶ᠎ᠡ ᠳᠤ᠂ ᠦᠷᠭᠦᠯᠵᠢ ᠨᠣᠮ ᠪᠢᠴᠢᠭ ᠂ ᠬᠡᠷᠡᠭ ᠤᠨ ᠵᠢᠱᠢᠶ᠎ᠠ ᠶᠢ ᠡᠷᠢᠵᠦ᠂ ᠨᠡᠷ᠎ᠡ ᠲᠦᠷᠦ ᠲᠠᠢ ᠰᠢᠭᠦᠭᠴᠢ ᠲᠤᠰᠢᠶᠠᠯᠲᠠᠨ ᠲᠠᠢ ᠰᠠᠨᠠᠯ ᠢᠶᠠᠨ ᠰᠣᠯᠢᠯᠴᠠᠵᠤ᠂ | ᠵᠥᠪᠯᠡᠯᠭᠡ ᠠᠪᠴᠤ᠂ ᠬᠡᠷᠡᠭ ᠤᠨ ᠲᠠᠰᠤᠯᠤᠨ ᠲᠣᠭᠲᠠᠭᠠᠯᠲᠠ ᠶᠢᠨ ᠵᠥᠪ ᠲᠥᠰᠦᠯ ᠢ ᠢᠳᠡᠪᠬᠢᠲᠡᠢ ᠡᠷᠢᠯᠬᠢᠯᠡᠳᠡᠭ᠃ ᠲᠡᠷᠡ ᠡᠶᠢᠨᠬᠦ ᠬᠠᠷᠢᠭᠤᠴᠠᠯᠭᠠᠲᠣ ᠰᠡᠳᠬᠢᠯᠭᠡ | ᠪᠠᠷ ᠠᠵᠢᠯᠯᠠᠳᠠᠭ ᠪᠣᠯᠬᠤᠷ 2020 ᠣᠨ ᠠᠴᠠ 2021 ᠣᠨ ᠪᠣᠯᠲᠠᠯ᠎ᠠ᠂ ᠡᠯ᠎ᠡ ᠲᠥᠷᠥᠯ ᠤᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠬᠡᠷᠡᠭ ᠢ ᠨᠡᠶᠢᠲᠡ | 958 ᠬᠤᠪᠢ ᠰᠢᠭᠦᠨ ᠲᠠᠭᠤᠰᠬᠠᠵᠤ᠂ ᠰᠢᠭᠦᠵᠦ ᠳᠠᠭᠤᠰᠬᠠᠭᠰᠠᠨ ᠨᠣᠷᠮ᠎ᠠ ᠨᠢ 95.21 % ᠳᠤ ᠬᠦᠷᠴᠦ᠂ 2021 ᠣᠨ ᠳᠤ 364 ᠬᠡᠷᠡᠭ ᠢ ᠰᠢᠭᠦᠨ | ᠳᠠᠭᠤᠰᠬᠠᠵᠤ᠂ ᠰᠢᠭᠦᠵᠦ ᠳᠠᠭᠤᠰᠬᠠᠭᠰᠠᠨ ᠨᠣᠷᠮ᠎ᠠ 96.43 % ᠳᠤ ᠬᠦᠷᠴᠦ᠂ 2022 ᠣᠨ ᠳᠤ 289 ᠬᠡᠷᠡᠭ ᠢ ᠰᠢᠭᠦᠨ ᠳᠠᠭᠤᠰᠬᠠᠵᠤ᠂ ᠰᠢᠭᠦᠨ | ᠳᠠᠭᠤᠰᠬᠠᠭᠰᠠᠨ ᠨᠣᠷᠮ᠎ᠠ 97.58 % ᠳᠤ ᠬᠦᠷᠪᠡ᠃ ᠦᠨᠳᠦᠰᠦᠨ ᠱᠠᠲᠤᠨ ᠤ ᠠᠷᠠᠳ ᠤᠨ ᠰᠢᠭᠦᠬᠦ ᠲᠢᠩᠬᠢᠮ ᠤᠨ ᠰᠢᠭᠦᠭᠴᠢ ᠪᠣᠯᠤᠭᠰᠠᠨ ᠤ ᠬᠤᠪᠢ ᠳᠤ᠂ | ᠲᠡᠷᠡ ᠠᠷᠠᠳ ᠲᠦᠮᠡᠨ ᠢ ᠭᠡᠬᠦᠳᠡᠭ ᠴᠡᠭᠡᠵᠢᠨ ᠳᠡᠭᠡᠨ ᠪᠠᠭᠲᠠᠭᠠᠵᠤ᠂ ᠠᠵᠢᠯ ᠤᠨ ᠳᠤᠮᠳᠠ ᠲᠣᠬᠢᠶᠠᠯᠳᠤᠭᠰᠠᠨ ᠵᠠᠷᠢᠮ ᠭᠡᠷ ᠪᠦᠯᠢ ᠶᠢᠨ ᠪᠤᠶᠤ ᠬᠥᠷᠰᠢ | ᠵᠡᠷᠭᠡᠯᠡᠳᠡᠭᠡ ᠶᠢᠨ ᠬᠤᠭᠤᠷᠣᠨᠳᠣᠬᠢ ᠵᠥᠷᠢᠴᠡᠯ ᠵᠠᠭᠤᠷᠠᠯᠳᠤᠭᠠᠨ ᠢ ᠦᠷᠭᠦᠯᠵᠢ ᠬᠠᠮᠲᠣ ᠠᠵᠢᠯᠲᠠᠨ ᠲᠠᠢ ᠪᠠᠨ ᠦᠳᠡ ᠶᠢᠨ ᠠᠮᠠᠷᠠᠯᠲᠠ ᠪᠤᠶᠤ ᠤᠷᠤᠢ ᠶᠢᠨ ᠠᠵᠢᠯ | ᠪᠠᠭᠤᠭᠰᠠᠨ ᠴᠠᠭ ᠢ ᠠᠰᠢᠭᠯᠠᠨ᠂ ᠲᠤᠬᠠᠢ ᠶᠢᠨ ᠬᠥᠮᠦᠨ ᠤ ᠭᠡᠷ ᠲᠤ ᠪᠤᠶᠤ ᠲᠠᠷᠢᠶᠠᠨ ᠭᠠᠵᠠᠷ ᠲᠤ ᠣᠴᠢᠵᠤ ᠡᠶᠡᠳᠡᠭᠦᠯᠬᠦ ᠠᠵᠢᠯ ᠬᠢᠳᠡᠭ᠃ ᠲᠡᠳᠡᠨ ᠤ ᠬᠦᠯᠢᠴᠡᠩᠭᠦᠢ | ᠂ ᠨᠠᠷᠢᠨ ᠨᠢᠮᠪᠠᠢ ᠡᠶᠡᠳᠡᠭᠦᠯᠬᠦ ᠪᠠᠷ ᠲᠠᠮᠵᠢᠨ᠂ ᠬᠡᠮᠬᠡᠷᠡᠬᠦ ᠰᠢᠬᠠᠭᠰᠠᠨ ᠡᠳᠦᠢ ᠲᠡᠳᠦᠢ ᠭᠡᠷ ᠪᠦᠯᠢ ᠶᠢ ᠢᠳᠬᠠᠨ ᠡᠪᠰᠡᠭᠦᠯᠵᠦ᠂ ᠨᠢᠭᠡ ᠪᠦᠯᠦᠭ ᠬᠥᠷᠰᠢ ᠵᠡᠷᠭᠡᠯᠡᠳᠡᠭᠡ | ᠵᠢᠴᠢ ᠭᠠᠵᠠᠷ ᠰᠢᠷᠣᠢ ᠶᠢᠨ ᠵᠠᠭᠤᠷᠠᠯᠳᠤᠭᠠᠨ ᠢ ᠴᠠᠭ ᠲᠤᠬᠠᠢ ᠳᠤᠨᠢ ᠰᠢᠢᠳᠪᠦᠷᠢᠯᠡᠵᠦ᠂ ︽ᠬᠡᠷᠡᠭ ᠢ ᠳᠠᠭᠤᠰᠬᠠᠵᠤ᠂ ᠤᠴᠢᠷ ᠶᠠᠪᠤᠳᠠᠯ ᠢ ᠰᠢᠢᠳᠪᠦᠷᠢᠯᠡᠵᠦ᠂ | ᠬᠥᠮᠦᠨ ᠤ ᠨᠠᠶᠢᠷᠠᠮᠳᠠᠭᠤ︾ ᠪᠠᠶᠢᠬᠤ ᠰᠠᠶᠢᠨ ᠰᠠᠶᠢᠬᠠᠨ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠶᠢ ᠪᠡᠶᠡᠯᠡᠬᠦᠯᠳᠡᠭ ᠪᠠᠶᠢᠨ᠎ᠠ᠃ | | | | | ᠠᠵᠢᠯ ᠳᠤ ᠭᠠᠷᠣᠭᠰᠠᠨ ᠠᠴᠠ ᠨᠠᠰᠢ᠂ ᠪᠠᠭᠠᠲᠤᠷ ᠨᠠᠮ ᠤᠨ ᠭᠡᠰᠢᠭᠦᠨ ᠪᠠ ᠰᠢᠭᠦᠭᠴᠢ ᠶᠢᠨ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠡᠯ᠎ᠡ ᠵᠦᠢᠯ ᠤᠨ | ᠲᠣᠭᠲᠠᠭᠠᠯ ᠢ ᠢᠮᠠᠭᠲᠠ ᠴᠢᠩᠭ᠎ᠠ ᠵᠢᠷᠤᠮᠯᠠᠵᠤ᠂ ᠠᠷᠠᠳ ᠤᠨ ᠰᠢᠭᠦᠭᠴᠢ ᠶᠢᠨ ᠠᠵᠢᠯ ᠮᠡᠷᠭᠡᠵᠢᠯ ᠤᠨ ᠶᠣᠰᠣ ᠮᠣᠷᠠᠯ ᠢ ᠬᠢᠴᠢᠶᠡᠩᠭᠦ᠋ᠢᠯᠡᠨ ᠵᠢᠷᠣᠮᠯᠠᠳᠠᠭ᠃ ᠥᠪᠡᠷ ᠤᠨ | ᠲᠤᠬᠠᠶᠢᠯᠠᠭᠰᠠᠨ ᠠᠵᠢᠯ ᠲᠦᠷᠦᠯ ᠤᠨ ᠳᠣᠲᠣᠷᠠᠬᠢ ᠪᠠ ᠠᠵᠢᠯ ᠤᠨ ᠭᠠᠳᠠᠨᠠᠬᠢ ᠦᠢᠯᠡ ᠠᠵᠢᠯᠯᠠᠭ᠎ᠠ ᠪᠠᠨ ᠴᠠᠭ ᠢᠮᠠᠭᠲᠠ ᠬᠢᠵᠠᠭᠠᠷᠯᠠᠵᠤ᠂ ᠬᠤᠪᠢ ᠶᠢᠨ ᠠᠰᠢᠭ | ᠲᠤᠰᠠ ᠶᠢ ᠬᠥᠭᠡᠭᠡᠴᠡᠯᠳᠦᠬᠦ ᠦᠭᠡᠢ᠂ ᠨᠠᠶᠢᠷ ᠲᠠᠯ᠎ᠠ ᠬᠠᠷᠠᠵᠤ ᠬᠠᠤᠯᠢ ᠴᠠᠭᠠᠵᠠ ᠶᠢ ᠭᠠᠵᠢᠭᠤᠳᠠᠭᠤᠯᠬᠤ ᠦᠭᠡᠢ᠂ ᠬᠠᠤᠯᠢ ᠶᠣᠰᠣᠭᠠᠷ ᠲᠥᠪ ᠭᠤᠣᠯᠴᠢ ᠪᠠᠷ ᠬᠠᠤᠯᠢ | ᠪᠠᠷᠢᠬᠤ ᠶᠢ ᠬᠠᠮᠠᠭᠠᠯᠠᠳᠠᠭ ᠪᠠᠶᠢᠨ᠎ᠠ᠃ ᠡᠳᠦᠷ ᠲᠤᠲᠤᠮ ᠤᠨ ᠠᠵᠢᠯ ᠳᠤᠮᠳᠠ᠂ ᠲᠡᠷᠡ ᠪᠠᠰᠠ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ | ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠬᠦᠢᠴᠡᠳᠭᠡᠭᠦ ᠶᠢ ᠣᠨᠴᠠᠭᠠᠶᠢᠯᠠᠨ ᠠᠩᠬᠠᠷᠴᠤ᠂ ᠠᠵᠢᠯᠲᠠᠨ ᠢᠶᠠᠨ ᠦᠷᠭᠦᠯᠵᠢ ᠵᠣᠬᠢᠶᠠᠨ ᠪᠠᠶᠢᠭᠤᠯᠤᠨ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠪᠢᠴᠢᠭ ᠮᠠᠲ᠋ᠧᠷᠢᠶᠠᠯ᠂ ᠨᠣᠮ ᠪᠢᠴᠢᠭ ᠵᠡᠷᠭᠡ ᠶᠢ ᠰᠤᠷᠤᠯᠴᠠᠭᠤᠯᠵᠤ᠂ ᠲᠢᠩᠬᠢᠮ ᠤᠨ ᠺᠠᠳ᠋ᠷ ᠴᠠᠭᠳᠠᠭ᠎ᠠ ᠶᠢ | ᠰᠤᠷᠤᠯᠴᠠᠯᠭ᠎ᠠ ᠪᠠᠨ ᠴᠢᠩᠭᠠᠳᠬᠠᠵᠤ᠂ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠲᠣᠰ ᠪᠡᠶ᠎ᠡ ᠶᠢᠨ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠠᠩᠬᠠᠷᠬᠤ ᠶᠢ | ᠱᠠᠭᠠᠷᠳᠠᠳᠠᠭ᠃ ᠲᠡᠭᠦᠨ ᠤ ᠳᠠᠭᠠᠭᠤᠯᠤᠭᠰᠠᠨ ᠰᠢᠭᠦᠬᠦ ᠲᠢᠩᠬᠢᠮ ᠤᠨ ᠺᠠᠳ᠋ᠷ ᠴᠠᠭᠳᠠᠭ᠎ᠠ ᠶᠢᠨ ᠡᠩᠨᠡᠭᠡᠨ ᠳᠤ ᠣᠲᠣ ᠪᠣᠯᠲᠠᠯ᠎ᠠ ᠬᠠᠤᠯᠢ ᠴᠠᠭᠠᠵᠠ ᠰᠠᠬᠢᠯᠭ᠎ᠠ ᠪᠠᠲᠤ ᠶᠢ | ᠵᠥᠷᠢᠴᠡᠭᠰᠡᠨ ᠦᠢᠯᠡ ᠠᠵᠢᠯᠯᠠᠭ᠎ᠠ ᠨᠢᠭᠡ ᠴᠦ ᠭᠠᠷᠤᠭᠰᠠᠨ ᠥᠬᠡᠶ᠂ ᠠᠷᠠᠳ ᠤᠨ ᠰᠢᠭᠦᠬᠦ ᠲᠢᠩᠬᠢᠮ ᠤᠨ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ | ᠳᠦᠷᠰᠦ ᠪᠠᠶᠢᠳᠠᠯ ᠢ ᠢᠮᠠᠭᠲᠠ ᠬᠠᠳᠠᠭᠠᠯᠠᠭᠰᠠᠭᠠᠷ ᠢᠷᠡᠵᠡᠶ᠃ | | | | | ᠲᠡᠭᠦᠨ ᠤ ᠬᠠᠤᠯᠢ ᠴᠠᠭᠠᠵᠠ ᠶᠢᠨ ᠰᠢᠭᠦᠨ ᠲᠠᠰᠤᠯᠬᠤ ᠦᠢᠯᠡᠰ ᠲᠤ ᠪᠠᠨ ᠬᠠᠶᠢᠷᠠᠲᠠᠢ᠂ ᠠᠵᠢᠯ ᠦᠢᠯᠡᠰ ᠢᠶᠠᠨ ᠳᠡᠭᠡᠳᠦᠯᠡᠵᠦ᠂ ᠴᠢᠷᠮᠠᠶᠢᠨ ᠠᠵᠢᠯᠯᠠᠵᠤ᠂ | ᠥᠪᠡᠷ ᠤᠨ ᠰᠢᠨᠲᠠᠷᠠᠰᠢ ᠦᠭᠡᠢ ᠴᠢᠷᠮᠠᠶᠢᠯᠭ᠎ᠠ ᠪᠣᠯᠤᠨ ᠰᠠᠶᠢᠨ ᠰᠠᠶᠢᠬᠠᠨ ᠬᠡᠪ ᠪᠣᠯᠪᠠᠰᠤᠷᠠᠯ ᠢᠶᠠᠷ ᠢᠶᠠᠨ ᠨᠢᠭᠡᠨ ᠨᠠᠮ ᠤᠨ ᠭᠡᠰᠢᠭᠦᠨ ᠰᠢᠭᠦᠭᠴᠢ ᠶᠢᠨ ᠬᠡᠬᠦᠳᠡᠭ | ᠴᠡᠭᠡᠵᠢᠨ ᠳᠡᠭᠡᠨ ᠶᠡᠭᠡ ᠲᠠᠯ᠎ᠠ ᠶᠢ ᠪᠠᠭᠲᠠᠭᠠᠵᠤ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠵᠤ᠂ ᠠᠷᠠᠳ ᠤᠨ ᠲᠥᠯᠥᠭᠡ ᠬᠠᠤᠯᠢ ᠪᠠᠷᠢᠬᠤ ᠳᠤᠮᠳᠠ ᠤᠭ | ᠰᠠᠨᠠᠭ᠎ᠠ ᠪᠠᠨ ᠦᠢᠯᠡᠳᠦᠯᠭᠡᠵᠢᠭᠦᠯᠵᠦ᠂ ᠲᠥᠪ ᠭᠤᠣᠯᠴᠢ ᠪᠠᠷ ᠬᠠᠤᠯᠢ ᠪᠠᠷᠢᠬᠤ ᠳᠤᠮᠳᠠ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠰᠢᠯᠢᠳᠡᠭ ᠵᠠᠩ ᠴᠢᠨᠠᠷ ᠢ ᠢᠯᠡᠷᠡᠭᠦᠯᠵᠠᠢ | ᠃ |