︽ᠬᠤᠶᠠᠷ ᠢ ᠬᠦᠩᠭᠡᠷᠡᠭᠦᠯᠬᠦ︾ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠬᠦ ᠶᠢᠨ ᠲᠥᠯᠥᠭᠡ᠂ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠭᠤᠯᠤᠯ ᠢ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ᠰᠢᠨᠵᠢᠯᠡᠭᠡᠨ ᠤ ᠲᠥᠷᠥᠯ ᠤᠨ ᠪᠣᠯᠪᠠᠰᠤᠷᠠᠭᠤᠯᠤᠯ ᠤᠨ ︽ | ᠳᠠᠯᠳᠠ ᠪᠠᠷ ᠣᠨᠳᠣᠣᠰᠢᠭᠰᠠᠨ︾ ᠲᠣᠭᠲᠠᠭᠠᠯ ᠠᠴᠠ ᠵᠥᠷᠢᠴᠡᠨ ᠬᠢᠴᠢᠶᠡᠯ ᠡᠬᠢᠯᠡᠬᠦ ᠶᠢ ᠴᠢᠩᠭ᠎ᠠ ᠰᠡᠷᠭᠡᠶᠢᠯᠡᠨ᠂ ᠰᠢᠨᠵᠢᠯᠡᠭᠡᠨ ᠤ ᠪᠤᠰᠤ ᠲᠥᠷᠥᠯ ᠤᠨ | ᠪᠣᠯᠪᠠᠰᠤᠷᠠᠭᠤᠯᠤᠯ ᠤᠨ ᠠᠵᠢᠯᠯᠠᠭ᠎ᠠ ᠶᠢ ᠪᠥᠬᠦ ᠲᠠᠯ᠎ᠠ ᠪᠠᠷ ᠵᠢᠷᠤᠮᠵᠢᠭᠤᠯᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠠᠤᠯᠢ | ᠲᠣᠭᠲᠠᠭᠠᠯ ᠳᠤ ᠨᠡᠶᠢᠴᠡᠭᠦᠯᠦᠨ ᠡᠵᠡᠩᠨᠡᠬᠦ ᠶᠢ ᠬᠥᠲᠥᠯᠦᠨ ᠵᠢᠯᠤᠭᠤᠳᠴᠦ᠂ ᠥᠷᠭᠡᠨ ᠣᠯᠠᠨ ᠰᠤᠷᠤᠭᠴᠢ ᠪᠣᠯᠤᠨ ᠭᠡᠷ ᠤᠨ ᠠᠬᠠᠮᠠᠳ ᠤᠨ ᠬᠠᠤᠯᠢ ᠶᠣᠰᠣᠨ ᠤ ᠡᠷᠬᠡ | ᠠᠰᠢᠭ ᠢ ᠦᠨᠡᠨᠬᠦ ᠬᠠᠮᠠᠭᠠᠯᠠᠵᠤ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ᠵᠡᠷᠭᠡ ᠠᠷᠪᠠᠨ ᠬᠤᠶᠠᠷ ᠰᠠᠯᠠᠭ᠎ᠠ ᠮᠥᠴᠢᠷ ᠤᠨ ︽ᠰᠢᠨᠵᠢᠯᠡᠭᠡᠨ ᠤ | ᠲᠥᠷᠥᠯ ᠤᠨ ᠨᠢᠭᠤᠭᠳᠠᠮᠠᠯ ᠣᠨᠳᠣᠣᠰᠢᠭᠰᠠᠨ ᠪᠣᠯᠪᠠᠰᠤᠷᠠᠭᠤᠯᠤᠯ ᠢ ᠰᠡᠷᠭᠡᠶᠢᠯᠡᠵᠦ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠰᠠᠨᠠᠯ︾ ᠂ | ᠰᠤᠷᠭᠠᠨ ᠬᠥᠮᠦᠵᠢᠯ ᠤᠨ ᠶᠠᠮᠤᠨ ᠤ ︽2023 ᠣᠨ ᠤ ᠡᠪᠦᠯ ᠤᠨ ᠠᠮᠠᠷᠠᠯᠲᠠ ᠶᠢᠨ ᠬᠤᠭᠤᠴᠠᠭᠠᠨ ᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠢ ᠵᠠᠰᠠᠬᠤ | ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠪᠠ ᠥᠪᠡᠷᠲᠡᠭᠡᠨ ᠵᠠᠰᠠᠬᠤ ᠣᠷᠣᠨ ᠤ ︽ᠡᠪᠦᠯ ᠤᠨ ᠠᠮᠠᠷᠠᠯᠲᠠ ᠶᠢᠨ ᠬᠤᠭᠤᠴᠠᠭᠠᠨ ᠤ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠢ ᠵᠠᠰᠠᠬᠤ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠤᠨ ᠵᠣᠷᠢᠭ ᠰᠠᠨᠠᠭ᠎ᠠ ᠶᠣᠰᠣᠭᠠᠷ᠂ | ᠰᠤᠷᠭᠠᠨ ᠬᠥᠮᠦᠵᠢᠯ ᠤᠨ ᠲᠣᠪᠴᠢᠶ᠎ᠠ ᠰᠤᠳᠤᠯᠤᠨ ᠲᠣᠭᠲᠠᠭᠠᠭᠰᠠᠨ ᠨᠢ᠂ ᠪᠦᠬᠦ ᠬᠤᠰᠢᠭᠤᠨ ᠤ ᠬᠡᠪᠴᠢᠶᠡᠨ ᠳᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ | ᠪᠠᠶᠢᠭᠤᠯᠤᠮᠵᠢ ᠶᠢᠨ ᠵᠠᠰᠠᠯᠲᠠ ᠶᠢ ᠥᠷᠨᠢᠭᠦᠯᠦᠨ᠎ᠡ᠃ ᠡᠳᠦᠭᠡ ᠬᠤᠯᠪᠣᠭᠳᠠᠯ ᠪᠥᠬᠦᠶ ᠤᠴᠢᠷ ᠢ ᠳᠤᠤᠷᠠᠬᠢ ᠮᠡᠲᠦ ᠵᠠᠷᠯᠠᠶ᠎ᠠ᠄ | ᠨᠢᠭᠡ᠂ ᠵᠠᠰᠠᠬᠤ ᠠᠭᠤᠯᠭ᠎ᠠ | 1 . ᠰᠢᠨᠵᠢᠯᠡᠭᠡᠨ ᠤ ᠲᠥᠷᠥᠯ ᠤᠨ ᠨᠢᠭᠤᠭᠳᠠᠮᠠᠯ ᠣᠨᠳᠣᠣᠰᠢᠭᠰᠠᠨ ᠪᠣᠯᠪᠠᠰᠤᠷᠠᠭᠤᠯᠤᠯ ᠢ ᠴᠢᠩᠭ᠎ᠠ ᠪᠠᠶᠢᠴᠠᠭᠠᠨ᠎ᠠ᠃ ᠰᠠᠭᠤᠭᠠᠯᠢ ᠠᠷᠠᠳ ᠤᠨ ᠠᠰᠠᠷ᠂ | ᠪᠠᠭᠤᠳᠠᠯ᠂ ᠺᠣᠹᠧ ᠶᠢᠨ ᠮᠤᠬᠤᠯᠠᠭ᠂ ᠬᠤᠳᠠᠯᠳᠤᠭᠠᠨ ᠤ ᠶᠠᠪᠤᠳᠠᠯ ᠤᠨ ᠠᠰᠠᠷ᠂ ᠲᠦᠷᠢᠶᠡᠰᠦᠨ ᠭᠡᠷ ᠲᠠᠬᠢ ᠦᠨᠡᠮᠯᠡᠯ ᠦᠭᠡᠶ ᠪᠠᠶᠢᠭᠤᠯᠤᠮᠵᠢ ᠲᠣᠭᠲᠠᠭᠠᠯ ᠠᠴᠠ | ᠵᠥᠷᠢᠴᠡᠨ ᠪᠣᠯᠪᠠᠰᠤᠷᠠᠭᠤᠯᠤᠯ ᠦᠷᠨᠢᠭᠦᠯᠦᠭᠰᠡᠨ︔ ᠳᠡᠭᠡᠳᠦ ᠲᠠᠰ ᠤᠨ ᠬᠡᠷ ᠤᠨ ᠪᠠᠭᠰᠢ᠂ ᠳᠡᠭᠡᠳᠦ ᠲᠠᠰ ᠤᠨ ᠠᠰᠠᠷᠠᠭᠴᠢ᠂ ᠦᠰᠦᠨ ᠪᠤᠶᠢᠵᠢᠯᠲᠠ ᠶᠢᠨ ᠬᠠᠨᠢ | ᠪᠠᠭᠰᠢ᠂ ︽ᠨᠢᠭᠡ ᠳᠤ ᠨᠢᠭᠡ︾ ᠬᠡᠷ ᠤᠨ ᠶᠠᠪᠤᠳᠠᠯ ᠤᠨ ᠦᠢᠯᠡᠴᠢᠯᠡᠭᠡ ᠵᠡᠷᠭᠡ ᠨᠡᠷ᠎ᠡ ᠪᠠᠷ ᠲᠣᠭᠲᠠᠭᠠᠯ ᠠᠴᠠ ᠵᠥᠷᠢᠴᠡᠨ ᠪᠣᠯᠪᠠᠰᠤᠷᠠᠯ ᠦᠷᠨᠢᠭᠦᠯᠦᠭᠰᠡᠨ︔ | ᠰᠢᠨᠵᠢᠯᠡᠭᠡᠨ ᠤ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠲᠣᠭᠲᠠᠭᠠᠯ ᠠᠴᠠ ᠵᠥᠷᠢᠴᠡᠨ ᠰᠢᠨᠵᠢᠯᠡᠭᠡᠨ ᠤ ᠲᠥᠷᠥᠯ ᠤᠨ | ᠪᠣᠯᠪᠠᠰᠤᠷᠠᠭᠤᠯᠤᠯ ᠦᠷᠨᠢᠭᠦᠯᠦᠭᠰᠡᠨ︔ ︽ᠨᠠᠶᠢᠳᠠᠨ ᠬᠠᠮᠢᠶᠠᠷᠤᠭᠤᠯᠬᠤ ᠠᠩᠭᠢ︾ ︽ ᠴᠡᠴᠡᠷᠯᠢᠭ ᠪᠠᠭ᠎ᠠ ᠰᠤᠷᠭᠠᠭᠤᠯᠢ ᠶᠢ ᠵᠣᠯᠭᠠᠭᠤᠯᠬᠤ︾ ︽ᠪᠠᠭ᠎ᠠ | ᠰᠤᠷᠭᠠᠭᠤᠯᠢ ᠠᠴᠠ ᠠᠩᠬ᠎ᠠ ᠳᠤᠮᠳᠠᠳᠤ ᠳᠤ ᠳᠡᠪᠰᠢᠬᠦ︾ ︽ᠠᠩᠬ᠎ᠠ ᠳᠤᠮᠳᠠᠳᠤ ᠠᠴᠠ ᠥᠨᠳᠥᠷ ᠳᠤᠮᠳᠠᠳᠤ ᠳᠤ ᠳᠡᠪᠰᠢᠬᠦ︾ ᠵᠡᠷᠭᠡ ᠨᠡᠷ᠎ᠡ ᠪᠠᠷ ᠲᠣᠭᠲᠠᠭᠠᠯ ᠠᠴᠠ | ᠵᠥᠷᠢᠴᠡᠨ ᠰᠢᠨᠵᠢᠯᠡᠭᠡᠨ ᠤ ᠲᠥᠷᠥᠯ ᠤᠨ ᠪᠣᠯᠪᠠᠰᠤᠷᠠᠭᠤᠯᠤᠯ ᠦᠷᠨᠢᠭᠦᠯᠦᠭᠰᠡᠨ︔ ᠰᠦᠯᠵᠢᠶᠡᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠲᠣᠭᠲᠠᠭᠠᠯ ᠠᠴᠠ | ᠵᠥᠷᠢᠴᠡᠨ ᠰᠦᠯᠵᠢᠶᠡᠨ ᠳᠡᠭᠡᠷᠡᠬᠢ ᠪᠣᠯᠪᠠᠰᠤᠷᠠᠭᠤᠯᠤᠯ ᠦᠷᠨᠢᠭᠦᠯᠦᠭᠰᠡᠨ᠃ | 2 . ᠰᠢᠨᠵᠢᠯᠡᠭᠡᠨ ᠤ ᠪᠤᠰᠤ ᠲᠥᠷᠥᠯ ᠤᠨ ᠪᠣᠯᠪᠠᠰᠤᠷᠠᠭᠤᠯᠤᠯ ᠢ ᠵᠢᠷᠤᠮᠵᠢᠭᠤᠯᠤᠨ᠎ᠠ᠃ ᠲᠣᠬᠢᠷᠠᠭᠤᠯᠬᠤ ᠪᠠᠷᠢᠮᠵᠢᠶ᠎ᠠ ᠳᠤ ᠨᠡᠶᠢᠴᠡᠬᠦ ᠥᠬᠡᠶ᠂ ᠭᠡᠷᠡᠴᠢ | ᠦᠨᠡᠮᠯᠡᠯ ᠨᠢ ᠪᠦᠷᠢᠨ ᠪᠣᠰᠤ᠂ ᠨᠢᠭᠡ ᠯᠡ ᠤᠳᠠᠭ᠎ᠠ ᠳᠡᠭᠡᠷ᠎ᠡ ᠬᠤᠷᠢᠶᠠᠨ ᠠᠪᠬᠤ ᠴᠠᠭ ᠨᠢ 3 ᠰᠠᠷ᠎ᠠ ᠪᠤᠶᠤ 60 ᠬᠢᠴᠢᠶᠡᠯ ᠤᠨ ᠴᠠᠭ ᠢ 5000 ᠲᠥᠭᠦᠷᠢᠭ ᠠᠴᠠ | ᠳᠠᠪᠠᠭᠰᠠᠨ ᠤ ᠱᠠᠭᠠᠷᠳᠠᠯᠭ᠎ᠠ ᠶᠢ ᠥᠯᠥ ᠪᠡᠶᠡᠯᠡᠭᠦᠯᠦᠭᠰᠡᠨ ᠰᠢᠨᠵᠢᠯᠡᠭᠡᠨ ᠤ ᠲᠥᠷᠥᠯ ᠤᠨ ᠪᠤᠰᠤ ᠪᠣᠯᠪᠠᠰᠤᠷᠠᠭᠤᠯᠤᠯ ᠤᠨ ᠪᠠᠶᠢᠭᠤᠯᠤᠮᠵᠢ︔ ᠲᠣᠭᠲᠠᠭᠠᠯ ᠶᠣᠰᠣᠭᠠᠷ | ᠦᠨ᠎ᠡ ᠬᠠᠩᠰᠢ ᠶᠢ ᠢᠯᠡ ᠬᠠᠳᠠᠬᠤ ᠥᠬᠡᠶ᠂ ᠦᠨ᠎ᠡ ᠬᠠᠩᠰᠢ ᠶᠢᠨ ᠮᠡᠬᠡᠯᠡᠯ ᠬᠢᠬᠦ ᠂ ᠬᠤᠳᠠᠯ ᠬᠠᠭᠤᠷᠮᠠᠭ ᠢᠶᠠᠷ ᠤᠬᠠᠭᠤᠯᠬᠤ᠂ ᠬᠡᠷᠡᠭᠯᠡᠭᠡ ᠶᠢ ᠬᠥᠲᠥᠯᠥᠨ | ᠳᠠᠭᠠᠭᠤᠯᠬᠤ᠂ ᠵᠠᠪᠰᠢᠶᠠᠨ ᠢ ᠳᠠᠯᠢᠮᠳᠠᠭᠤᠯᠤᠨ ᠮᠠᠭᠤ ᠰᠠᠨᠠᠭ᠎ᠠ ᠪᠠᠷ ᠦᠨ᠎ᠡ ᠥᠰᠬᠡᠬᠦ᠂ ᠲᠣᠭᠲᠠᠭᠠᠯ ᠠᠴᠠ ᠵᠥᠷᠢᠴᠡᠨ ᠬᠢᠴᠢᠶᠡᠯ ᠤᠨ ᠴᠠᠭ ᠢ ᠬᠢᠮᠳᠠ ᠪᠠᠷ | ᠪᠣᠷᠣᠯᠠᠭᠤᠯᠬᠤ ᠂ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠰᠢᠨᠵᠢᠯᠡᠭᠡᠨ ᠤ ᠲᠥᠷᠥᠯ ᠤᠨ ᠪᠤᠰᠤ ᠪᠣᠯᠪᠠᠰᠤᠷᠠᠭᠤᠯᠤᠯ ᠤᠨ ᠪᠠᠶᠢᠭᠤᠯᠤᠮᠵᠢ︔ ︽ | ᠬᠤᠶᠠᠷ ᠨᠠᠷ᠎ᠡ︾ ᠪᠠᠷ ᠨᠡᠷᠡᠶᠢᠳᠦᠭᠰᠡᠨ᠂ ᠬᠡᠯᠪᠡᠷᠢ ᠶᠢ ᠨᠢ ᠥᠭᠡᠷᠡᠲᠦᠭᠦᠯᠦᠨ ᠰᠦᠢᠳᠭᠡᠯ ᠬᠤᠷᠢᠶᠠᠭᠰᠠᠨ᠂ ᠬᠢᠨᠠᠯᠲᠠ ᠬᠠᠮᠢᠶᠠᠷᠤᠯᠲᠠ ᠠᠴᠠ ᠵᠠᠶᠢᠯᠠᠭᠰᠠᠨ | ᠰᠢᠨᠵᠢᠯᠡᠭᠡᠨ ᠤ ᠲᠥᠷᠥᠯ ᠤᠨ ᠪᠤᠰᠤ ᠪᠣᠯᠪᠠᠰᠤᠷᠠᠭᠤᠯᠤᠯ ᠤᠨ ᠪᠠᠶᠢᠭᠤᠯᠤᠮᠵᠢ ᠃ | 3 . ᠤᠷᠠᠯᠢᠭ ᠤᠨ ᠰᠢᠯᠭᠠᠯᠲᠠ ᠶᠢᠨ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠵᠠᠰᠠᠯᠲᠠ ᠶᠢ ᠴᠢᠩᠭᠠᠳᠬᠠᠨ᠎ᠠ᠃ ᠬᠢᠷᠢ ᠬᠡᠮ ᠨᠢ ᠪᠦᠷᠢᠨ ᠪᠤᠰᠤ᠂ ᠬᠢᠨᠠᠯᠲᠠ | ᠬᠠᠮᠢᠶᠠᠷᠤᠯᠲᠠ ᠨᠢ ᠪᠦᠷᠢᠨ ᠪᠤᠰᠤ᠂ ᠨᠥᠬᠦᠴᠡᠯ ᠨᠢ ᠲᠣᠳᠣᠷᠬᠠᠶ ᠪᠤᠰᠤ᠂ ᠰᠦᠢᠳᠭᠡᠯ ᠬᠡᠲᠦ ᠥᠨᠳᠥᠷ ᠬᠤᠷᠢᠶᠠᠵᠤ ᠪᠠᠶᠢᠭ᠎ᠠ ᠤᠷᠠᠯᠢᠭ ᠤᠨ ᠰᠢᠯᠭᠠᠯᠲᠠ ᠶᠢᠨ | ᠪᠣᠯᠪᠠᠰᠤᠷᠠᠭᠤᠯᠤᠯ ᠳᠤ ᠵᠠᠰᠠᠯᠲᠠ ᠬᠢᠨ᠎ᠠ᠃ | ᠬᠤᠶᠠᠷ᠂ ᠵᠠᠰᠠᠬᠤ ᠠᠷᠭ᠎ᠠ ᠬᠡᠮᠵᠢᠶ᠎ᠡ | 1 . ︽ᠡᠳᠦᠷ ᠤᠨ ᠪᠠᠶᠢᠴᠠᠭᠠᠯᠲᠠ + ᠰᠥᠨᠢ ᠶᠢᠨ ᠪᠠᠶᠢᠴᠠᠭᠠᠯᠲᠠ︾ ︽ᠬᠠᠮᠲᠤᠷᠠᠨ ᠪᠠᠶᠢᠴᠠᠭᠠᠬᠤ + ᠰᠤᠭᠤᠴᠢᠨ ᠪᠠᠶᠢᠴᠠᠭᠠᠬᠤ︾ ᠵᠡᠷᠭᠡ ᠠᠷᠭ᠎ᠠ ᠮᠠᠶ᠋ᠢᠭ ᠢ | ᠠᠪᠴᠤ᠂ ᠨᠡᠶᠢᠭᠡᠮ ᠲᠣᠭᠤᠷᠢᠭ ᠵᠡᠷᠭᠡ ︽ᠬᠤᠶᠠᠷ ᠢ ᠬᠦᠩᠭᠡᠷᠡᠭᠦᠯᠬᠦ︾ ᠨᠡᠶᠢᠭᠡᠮ ᠤᠨ ᠬᠢᠨᠠᠯᠲᠠ ᠲᠠᠯᠪᠢᠭᠴᠢ ᠶᠢᠨ ᠬᠦᠴᠦᠨ ᠢ ᠭᠦᠢᠴᠡᠳ ᠳᠠᠶᠢᠴᠢᠯᠠᠨ᠂ | ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠤᠤᠷ ᠲᠠᠲᠠᠬᠤ ᠮᠠᠶ᠋ᠢᠭ ᠤᠨ ᠲᠣᠭᠤᠷᠢᠨ ᠪᠠᠶᠢᠴᠠᠭᠠᠯᠲᠠ ᠥᠷᠨᠢᠭᠦᠯᠵᠦ᠂ ᠥᠨᠴᠥᠭ ᠪᠤᠯᠤᠩ | ᠥᠬᠡᠶ᠂ ᠪᠦᠬᠦᠨ ᠢ ᠬᠠᠮᠤᠷᠬᠤ᠂ ᠪᠠᠯᠠᠶ ᠣᠷᠣᠨ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ | 2 . ᠢᠯᠡᠴᠢᠯᠡᠨ ᠮᠡᠳᠡᠭᠦᠯᠬᠦ ᠳ᠋ᠢᠶᠠᠩᠬᠤᠸᠠ᠂ ᠲᠠᠪᠴᠠᠩ ᠪᠣᠯᠤᠨ ᠡᠯᠧᠺᠲᠷᠤᠨ ᠰᠢᠤᠳᠠᠨ ᠬᠠᠶᠢᠷᠴᠠᠭ ᠤᠨ ᠮᠡᠳᠡᠭᠡ ᠵᠠᠩᠭᠢ ᠶᠢ ᠳᠠᠬᠢᠨᠲᠠ ᠨᠡᠶᠢᠲᠡᠯᠡᠵᠦ᠂ | ᠰᠦᠪᠡᠭᠴᠢ ᠶᠢ ᠢᠯᠡᠴᠢᠯᠡᠨ ᠮᠡᠳᠡᠭᠦᠯᠬᠦ ᠪᠠ ᠣᠯᠬᠤ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠣᠯᠠᠨ ᠲᠦᠮᠡᠨ ᠤ ᠬᠢᠨᠠᠯᠲᠠ ᠲᠠᠯᠪᠢᠬᠤ ᠳᠤ ᠣᠷᠣᠯᠴᠠᠬᠤ | ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠦᠨ᠂ ᠠᠰᠠᠭᠤᠳᠠᠯ ᠤᠨ ᠰᠦᠪᠡᠭᠴᠢ ᠶᠢ ᠴᠠᠭ ᠲᠤᠬᠠᠶ ᠳᠤᠨᠢ ᠬᠢᠨᠠᠨ ᠪᠠᠶᠢᠴᠠᠭᠠᠵᠤ ᠰᠢᠢᠳᠪᠦᠷᠢᠯᠡᠨ᠂ ᠰᠢᠢᠳᠪᠦᠷᠢᠯᠡᠭᠰᠡᠨ | ᠦᠷ᠎ᠡ ᠳ᠋ᠦᠩ ᠢ ᠪᠤᠰᠢᠭᠤ ᠲᠦᠷᠭᠡᠨ ᠨᠡᠶᠢᠭᠡᠮ ᠳᠤ ᠨᠡᠶᠢᠲᠡᠯᠡᠨ᠎ᠡ᠃ | 3 . ᠭᠡᠷ ᠤᠨ ᠠᠬᠠᠮᠠᠳ ᠲᠤ ᠨᠢᠭᠡ ᠬᠤᠪᠢ ᠵᠠᠬᠢᠳᠠᠯ᠂ ᠸᠢᠴᠠᠲ᠂ ᠤᠬᠠᠭᠤᠯᠤᠨ ᠲᠠᠶᠢᠯᠪᠤᠷᠢᠯᠠᠬᠤ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ | ᠥᠷᠭᠡᠨ ᠣᠯᠠᠨ ᠭᠡᠷ ᠤᠨ ᠠᠬᠠᠮᠠᠳ ᠢ ᠬᠥᠲᠥᠯᠥᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠰᠤᠷᠭᠠᠨ ᠬᠥᠮᠦᠵᠢᠯ ᠤᠨ ᠦᠵᠡᠯᠲᠡ᠂ ᠴᠢᠳᠠᠪᠤᠷᠢᠲᠠᠨ ᠪᠣᠯᠬᠤ | ᠦᠵᠡᠯᠲᠡ ᠲᠠᠢ ᠪᠣᠯᠭᠠᠵᠤ᠂ ᠲᠣᠭᠲᠠᠭᠠᠯ ᠠᠴᠠ ᠵᠥᠷᠢᠴᠡᠭᠰᠡᠨ ᠰᠢᠨᠵᠢᠯᠡᠭᠡᠨ ᠤ ᠲᠥᠷᠥᠯ ᠤᠨ ᠪᠣᠯᠪᠠᠰᠤᠷᠠᠭᠤᠯᠤᠯ ᠳᠤ ᠣᠷᠣᠯᠴᠠᠬᠤ ᠶᠢ ᠰᠠᠨᠠᠭᠠᠴᠢᠯᠠᠭ᠎ᠠ ᠠᠴᠠ ᠪᠠᠨ | ᠲᠡᠪᠴᠢᠵᠦ᠂ ᠰᠢᠨᠵᠢᠯᠡᠭᠡᠨ ᠤ ᠪᠤᠰᠤ ᠲᠥᠷᠥᠯ ᠤᠨ ᠪᠣᠯᠪᠠᠰᠤᠷᠠᠭᠤᠯᠤᠯ ᠢ ᠵᠦᠶ ᠵᠣᠬᠢᠰᠲᠠᠶ ᠪᠠᠷ ᠰᠣᠩᠭᠤᠭᠤᠯᠤᠨ᠎ᠠ᠃ | 4 . ᠵᠠᠰᠠᠯᠲᠠ ᠳᠤᠮᠳᠠ ᠠᠵᠢᠯ ᠳᠤ ᠪᠠᠶᠢᠭ᠎ᠠ ᠪᠠᠭᠰᠢ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠳᠤ ᠲᠤᠰᠢᠶᠠᠯ ᠬᠠᠪᠰᠤᠷᠭᠠᠵᠤ | ᠪᠠᠶᠢᠬᠤ ᠶᠢ ᠣᠯᠵᠤ ᠮᠡᠳᠡᠪᠡᠯ᠂ ᠬᠠᠤᠯᠢ ᠰᠠᠬᠢᠯᠭ᠎ᠠ ᠶᠣᠰᠣᠭᠠᠷ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ | ᠭᠤᠷᠪᠠ᠂ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ | ᠲᠣᠭᠲᠠᠭᠠᠯ ᠠᠴᠠ ᠵᠥᠷᠢᠴᠡᠭᠰᠡᠨ ᠰᠢᠨᠵᠢᠯᠡᠭᠡᠨ ᠤ ᠰᠠᠯᠠᠭ᠎ᠠ ᠶᠢᠨ ᠲᠥᠷᠥᠯ ᠤᠨ ᠪᠣᠯᠪᠠᠰᠤᠷᠠᠭᠤᠯᠤᠯ ᠤᠨ ᠢᠯᠡᠴᠢᠯᠡᠨ ᠮᠡᠳᠡᠭᠦᠯᠬᠦ ᠤᠲᠠᠰᠤ᠄ | ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠤ ᠢᠯᠡᠴᠢᠯᠡᠨ ᠮᠡᠳᠡᠭᠦᠯᠬᠦ ᠤᠲᠠᠰᠤ᠄ 0478—3606623 3606611᠃ ᠢᠯᠡᠴᠢᠯᠡᠨ | ᠮᠡᠳᠡᠭᠦᠯᠬᠦ ᠰᠢᠤᠳᠠᠨ ᠤ ᠬᠠᠶᠢᠷᠴᠠᠭ᠄ wqqczjg@163.com | ᠬᠤᠰᠢᠭᠤᠨ ᠤ ᠵᠠᠬ᠎ᠠ ᠳᠠᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ᠄0478—7939919 | ᠲᠣᠭᠲᠠᠭᠠᠯ ᠠᠴᠠ ᠵᠦᠷᠢᠴᠡᠭᠰᠡᠨ ᠰᠢᠨᠵᠢᠯᠡᠭᠡᠨ ᠤ ᠲᠦᠷᠦᠯ ᠤᠨ ᠪᠣᠰᠤ ᠪᠣᠯᠪᠠᠰᠦᠷᠠᠯ ᠤᠨ ᠢᠯᠡᠴᠢᠯᠡᠨ ᠮᠡᠳᠡᠭᠦᠯᠬᠦ ᠤᠲᠠᠰᠤ᠄ | ᠬᠤᠰᠢᠭᠤᠨ ᠤ ᠰᠤᠶᠤᠯ ᠵᠢᠭᠤᠯᠴᠢᠯᠠᠯ ᠤᠨ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ᠄ 0478—3248508᠂ ᠢᠯᠡᠴᠢᠯᠡᠨ ᠮᠡᠳᠡᠭᠦᠯᠬᠦ | ᠰᠢᠤᠳᠠᠨ ᠤ ᠬᠠᠶᠢᠷᠴᠠᠭ᠄ wqqysk@163.com | ᠬᠤᠰᠢᠭᠤᠨ ᠤ ᠲᠠᠷᠢᠶᠠᠯᠠᠩ ᠰᠢᠨᠵᠢᠯᠡᠬᠦ ᠤᠬᠠᠭᠠᠨ ᠤ ᠲᠣᠪᠴᠢᠶ᠎ᠠ ᠶᠢᠨ ᠢᠯᠡᠴᠢᠯᠡᠨ ᠮᠡᠳᠡᠭᠦᠯᠬᠦ ᠤᠲᠠᠰᠤ᠄ 0478—3248982᠂ ᠢᠯᠡᠴᠢᠯᠡᠨ ᠮᠡᠳᠡᠭᠦᠯᠬᠦ | ᠰᠢᠤᠳᠠᠨ ᠤ ᠬᠠᠶᠢᠷᠴᠠᠭ᠄ wqqkjj@163.com | | ᠤᠷᠠᠳ ᠤᠨ ᠡᠮᠦᠨᠡᠲᠦ ᠬᠤᠰᠢᠭᠤᠨ ᠤ ᠰᠤᠷᠭᠠᠨ ᠬᠦᠮᠦᠵᠢᠯ ᠤᠨ ᠲᠣᠪᠴᠢᠶ᠎ᠠ | 2023 ᠣᠨ ᠤ1 ᠰᠠᠷ᠎ᠠ ᠶᠢᠨ 30 ᠤ ᠡᠳᠦᠷ | |