ᠪᠠᠶᠠᠨᠬᠤᠸᠠ ᠪᠠᠯᠭᠠᠰᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠴᠦ ᠰᠡᠷᠭᠡᠶᠢᠯᠡᠬᠦ ᠬᠦᠳᠡᠯᠬᠡᠬᠡᠨ ᠦᠷᠨᠢᠬᠦᠯᠪᠡ
ᠨᠡᠶᠢᠲᠡᠯᠡᠭᠰᠡᠨ ᠴᠠᠭ᠄
2023/3/20
    ᠪᠠᠶᠠᠨᠬᠤᠸᠠ ᠪᠠᠯᠭᠠᠰᠤᠨ ᠤ ᠣᠯᠠᠨ ᠲᠦᠮᠡᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠨ᠂ ᠠᠮᠤᠷ ᠲᠦᠪᠰᠢᠨ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠵᠤ᠂ ᠥᠷᠭᠡᠨ ᠣᠯᠠᠨ ᠠᠷᠠᠳ ᠲᠦᠮᠡᠨ ᠤ ᠠᠰᠢᠭ ᠲᠤᠰᠠ ᠶᠢ ᠦᠨᠡᠨ ᠬᠦ ᠬᠠᠮᠠᠭᠠᠯᠠᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠲᠣᠰ ᠪᠠᠯᠭᠠᠰᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠴᠠᠭᠳᠠᠭ᠎ᠠ ᠶᠢ ᠤᠷᠢᠵᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠴᠦ ᠰᠡᠷᠭᠡᠶᠢᠯᠡᠬᠦ ᠬᠦᠳᠡᠯᠭᠡᠬᠡᠨ ᠦᠷᠨᠢᠭᠦᠯᠪᠡ᠃      ᠬᠦᠳᠡᠯᠭᠡᠭᠡᠨ ᠳᠤ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠺᠠᠩ ᠵᠢᠩ ᠴᠠᠭᠳᠠᠭ᠎ᠠ ᠠᠴᠠ ᠠᠮᠢᠳᠣᠯᠢᠭ ᠬᠡᠷᠡᠭ ᠤᠨ ᠵᠢᠱᠢᠶ᠎ᠡ ᠪᠠᠷ ᠣᠳᠣᠬᠠᠨ ᠤ ᠪᠠᠶᠢᠩᠭᠤ ᠲᠣᠬᠢᠶᠠᠯᠳᠤᠳᠠᠭ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠠᠷᠭ᠎ᠠ ᠪᠠᠷᠢᠯ ᠲᠠᠢ ᠤᠶᠠᠯᠳᠤᠭᠤᠯᠤᠨ ᠵᠠᠳᠠᠯᠤᠯᠲᠠ ᠬᠢᠵᠦ᠂ ᠮᠡᠬᠡᠯᠡᠯ ᠢ ᠰᠡᠷᠭᠡᠶᠢᠯᠡᠬᠦ ᠭᠤᠤᠯᠳᠠᠯᠭ᠎ᠠ ᠶᠢ ᠲᠠᠶᠢᠯᠪᠣᠷᠢᠯᠠᠨ᠂ ᠥᠷᠭᠡᠨ ᠣᠯᠠᠨ ᠮᠠᠯᠴᠢᠨ ᠲᠠᠷᠢᠶᠠᠴᠢᠨ ᠢ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠬᠦ ᠬᠡᠷᠡᠭᠲᠡᠶ ᠭᠡᠵᠦ ᠰᠠᠨᠠᠭᠤᠯᠪᠠ᠃     ᠲᠣᠰ ᠣᠳᠠᠭᠠᠨ ᠤ ᠬᠦᠳᠡᠯᠬᠡᠬᠡᠨ ᠢᠶᠠᠷ ᠲᠠᠮᠵᠢᠭᠤᠯᠤᠨ ᠪᠠᠶᠠᠨᠬᠤᠸᠠ ᠪᠠᠯᠭᠠᠰᠤᠨ ᠤ ᠣᠯᠠᠨ ᠲᠦᠮᠡᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠤᠣᠷ ᠬᠥᠨᠥᠭᠡᠯ ᠢ ᠤᠯᠠᠮ ᠴᠢᠨᠠᠭᠰᠢᠳᠠ ᠲᠣᠳᠣᠷᠬᠠᠢ ᠲᠠᠨᠢᠵᠤ᠂ ᠪᠠᠯᠭᠠᠰᠣᠨ ᠤ ᠺᠠᠳ᠋ᠷ ᠠᠵᠢᠯᠲᠠᠳ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠬᠠᠤᠯᠢ︾ ᠶᠢᠨ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠣᠯᠠᠨ ᠲᠦᠮᠡᠨ ᠤ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠣᠯᠠᠨ ᠲᠦᠮᠡᠨ ᠢ ᠬᠠᠤᠯᠢ ᠶᠢ ᠰᠤᠷᠴᠤ ᠬᠠᠤᠯᠢ ᠶᠢ ᠰᠠᠬᠢᠬᠤ ᠪᠣᠯᠭᠠᠵᠤ᠂ ᠪᠥᠬᠦ ᠪᠠᠯᠭᠠᠰᠤᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠴᠦ ᠰᠡᠷᠬᠡᠶᠢᠯᠡᠬᠦ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠵᠣᠷᠢᠪᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ