ᠪᠠᠶᠠᠨᠬᠤᠸᠠ ᠪᠠᠯᠭᠠᠰᠤᠨ ᠤ ᠣᠯᠠᠨ ᠲᠦᠮᠡᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠤᠯᠠᠮ | ᠨᠢᠭᠡ ᠠᠯᠬᠤᠮ ᠴᠢᠩᠭᠠᠳᠬᠠᠵᠤ᠂ ᠠᠮᠤᠷ ᠲᠦᠪᠰᠢᠨ ᠡᠶ᠎ᠡ ᠵᠣᠬᠢᠴᠠᠯ ᠲᠠᠢ ᠨᠡᠶᠢᠭᠡᠮ ᠤᠨ ᠣᠷᠴᠢᠨ ᠲᠣᠭᠤᠷᠢᠨ ᠢ ᠪᠣᠶ ᠪᠣᠯᠭᠠᠵᠤ᠂ ᠥᠷᠭᠡᠨ ᠣᠯᠠᠨ ᠲᠦᠮᠡᠨ ᠤ ᠠᠰᠢᠭ | ᠲᠤᠰᠠ ᠶᠢ ᠦᠨᠡᠨ ᠬᠦ ᠬᠠᠮᠠᠭᠠᠯᠠᠬᠤ ᠶᠢᠨ ᠲᠥᠯᠥᠭᠡ 3 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨ᠎ᠠ᠂ ᠪᠠᠶᠠᠨᠬᠤᠸᠠ ᠪᠠᠯᠭᠠᠰᠤ ᠤᠷᠠᠳ ᠤᠨ ᠡᠮᠦᠨᠡᠲᠦ | ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢ ᠤᠷᠢᠵᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ ᠥᠭᠴᠦ ᠰᠡᠷᠭᠡᠶᠢᠯᠡᠬᠦ | ᠪᠣᠯᠪᠠᠰᠤᠷᠠᠭᠤᠯᠤᠯ ᠤᠨ ᠬᠤᠷᠠᠯ ᠡᠷᠭᠢᠯᠡᠪᠡ᠃ ᠪᠠᠶᠠᠨᠬᠤᠸᠠ ᠪᠠᠯᠭᠠᠰᠤᠨ ᠤ ᠪᠥᠬᠦ ᠤᠳᠤᠷᠢᠳᠬᠤ ᠺᠠᠳ᠋ᠷ᠂ ᠡᠯ᠎ᠡ ᠭᠠᠴᠠᠭ᠎ᠠ ᠲᠣᠰᠬᠤᠨ ᠤ ᠨᠠᠮ ᠤᠨ ᠡᠭᠦᠷ ᠤᠨ ᠱᠦᠵᠢ᠂ | ᠡᠳ᠋ ᠤᠨ ᠶᠠᠪᠤᠳᠠᠯ ᠤᠨ ᠠᠵᠢᠯᠲᠠᠨ᠂ ᠡᠯ᠎ᠡ ᠪᠠᠯᠭᠠᠰᠤᠨ ᠳᠤ ᠰᠠᠭᠤᠭ᠎ᠠ ᠨᠢᠭᠡᠴᠡ ᠶᠢᠨ ᠬᠠᠷᠢᠭᠤᠴᠠᠯᠭᠠᠲᠠᠨ ᠪᠣᠯᠪᠠᠰᠤᠷᠠᠯ ᠳᠤ ᠣᠷᠣᠯᠴᠠᠪᠠ᠃ | ᠬᠤᠷᠠᠯ ᠠᠴᠠ ᠤᠷᠠᠳ ᠤᠨ ᠡᠮᠦᠨᠡᠲᠦ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠺᠠᠩ ᠵᠢᠩ ᠴᠠᠭᠳᠠᠭ᠎ᠠ ᠤᠷᠢᠨ ᠠᠮᠢᠳᠤᠯᠢᠭ | ᠳᠦᠷᠰᠦᠯᠢᠭ ᠬᠡᠷᠡᠭ ᠤᠨ ᠵᠢᠱᠢᠶ᠎ᠡ ᠪᠠᠷ᠂ ᠣᠳᠣᠬᠠᠨ ᠤ ᠪᠠᠶᠢᠩᠭᠤ ᠲᠣᠬᠢᠶᠠᠯᠳᠤᠳᠠᠭ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠠᠷᠭ᠎ᠠ ᠪᠠᠷᠢᠯ ᠲᠠᠢ | ᠤᠶᠠᠯᠳᠤᠭᠤᠯᠤᠨ ᠵᠠᠳᠠᠯᠤᠯᠲᠠ ᠬᠢᠵᠦ᠂ ᠬᠡᠷᠡᠭ ᠢᠶᠠᠷ ᠬᠠᠤᠯᠢ ᠲᠠᠶᠢᠯᠪᠤᠷᠢᠯᠠᠵᠤ᠂ ᠮᠡᠬᠡᠯᠡᠯ ᠢ ᠰᠡᠷᠭᠡᠶᠢᠯᠡᠬᠦ ᠭᠤᠤᠯᠳᠠᠯᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠵᠤ᠂ | ᠥᠷᠭᠡᠨ ᠣᠯᠠᠨ ᠮᠠᠯᠴᠢᠨ ᠲᠠᠷᠢᠶᠠᠴᠢᠨ ᠢ ᠡᠳᠦᠷ ᠲᠤᠲᠤᠮ ᠤᠨ ᠠᠮᠢᠳᠤᠷᠠᠯ ᠳᠤᠮᠳᠠ ᠪᠠᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢᠶᠠᠨ ᠳᠡᠭᠡᠭᠰᠢᠯᠡᠭᠦᠯᠬᠦ | ᠬᠡᠷᠡᠭᠲᠡᠶ ᠭᠡᠵᠦ ᠰᠠᠨᠠᠭᠤᠯᠪᠠ᠃ | ᠡᠴᠦᠰ ᠲᠤ᠂ ᠪᠠᠶᠠᠨᠬᠤᠸᠠ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠭᠡᠰᠢᠭᠦᠨ ᠸᠠᠩ ᠶᠦᠩ ᠭᠠᠩ | ᠠᠴᠠ ᠬᠡᠯᠡᠭᠰᠡᠨ ᠨᠢ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠤᠣᠷ ᠬᠥᠨᠥᠭᠡᠯ ᠢ | ᠤᠯᠠᠮ ᠴᠢᠨᠠᠭᠰᠢᠳᠠ ᠲᠣᠳᠣᠷᠬᠠᠢ ᠲᠠᠨᠢᠬᠤ ᠬᠡᠷᠡᠭᠲᠡᠢ︔ ᠬᠤᠶᠠᠷ ᠲᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠡᠯ᠎ᠡ ᠭᠠᠴᠠᠭ᠎ᠠ ᠲᠣᠰᠬᠤᠨ᠂ | ᠪᠠᠯᠭᠠᠰᠤᠨ ᠳᠤ ᠰᠠᠭᠤᠭ᠎ᠠ ᠪᠠᠶᠢᠭᠤᠯᠭ᠎ᠠ ᠨᠢᠭᠡᠴᠢ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ | ᠬᠠᠤᠯᠢ︾ ᠶᠢᠨ ᠤᠬᠠᠭᠤᠯᠭ᠎ᠠ ᠶᠢᠨ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠣᠯᠠᠨ ᠲᠦᠮᠡᠨ ᠤ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠣᠯᠠᠨ | ᠲᠦᠮᠡᠨ ᠢ ᠬᠠᠤᠯᠢ ᠶᠢ ᠰᠤᠷᠴᠤ ᠮᠡᠳᠡᠬᠦ ᠬᠠᠤᠯᠢ ᠶᠢ ᠰᠠᠬᠢᠬᠤ ᠪᠣᠯᠭᠠᠵᠤ᠂ ᠪᠥᠬᠦ ᠪᠠᠯᠭᠠᠰᠤᠨ ᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠳᠤ ᠴᠣᠬᠢᠯᠲᠠ | ᠥᠭᠴᠦ ᠵᠠᠰᠠᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠪᠡ᠃ |