ᠲᠤᠭ᠎ᠠ ᠪᠦᠷᠢᠳᠬᠡᠯ ᠤᠨ ᠲᠣᠪᠴᠢᠶ᠎ᠠ
ᠨᠡᠶᠢᠲᠡᠯᠡᠭᠰᠡᠨ ᠴᠠᠭ᠄
2023/3/24
     ᠣᠷᠠᠳ ᠤᠨ ᠡᠮᠦᠨᠡᠲᠦ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ ᠪᠣᠯ ᠬᠤᠰᠢᠭᠤᠨ ᠤ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠪᠣᠯᠤᠨ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠶᠢ ᠭᠤᠤᠯᠴᠢᠯᠠᠨ ᠬᠠᠮᠢᠶᠠᠷᠬᠤ ᠡᠭᠦᠷᠭᠡ ᠴᠢᠳᠠᠪᠬᠢᠳᠣ ᠰᠠᠯᠠᠭ᠎ᠠ ᠮᠥᠴᠢᠷ ᠪᠣᠯᠤᠨ᠎ᠠ᠃      ᠨᠢᠭᠡ᠂ ᠭᠤᠤᠯ ᠡᠭᠦᠷᠭᠡ ᠬᠠᠷᠢᠭᠤᠴᠠᠯᠭ᠎ᠠ      ︵ᠨᠢᠭᠡ︶ ᠤᠯᠤᠰ ᠤᠨ ᠲᠤᠭ᠎ᠠ ᠪᠦᠷᠢᠳᠬᠡᠯ ᠤᠨ ᠠᠵᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠪᠠ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠵᠦ᠂ ᠲᠤᠭ᠎ᠠ ᠪᠦᠷᠢᠳᠬᠡᠯ ᠤᠨ ᠳᠦᠷᠢᠮ ᠪᠠ ᠲᠤᠭ᠎ᠠ ᠪᠦᠷᠢᠳᠬᠡᠯ ᠤᠨ ᠠᠷᠭ᠎ᠠ ᠶᠢᠨ ᠥᠭᠡᠷᠡᠴᠢᠯᠡᠯᠲᠡ ᠶᠢ ᠰᠤᠳᠤᠯᠤᠨ ᠠᠬᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠭᠲᠠᠭᠠᠭᠰᠠᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠭᠦᠷᠭᠡ ᠶᠢ ᠪᠡᠶᠡᠯᠡᠭᠦᠯᠦᠨ᠎ᠡ ︔ ᠲᠤᠭ᠎ᠠ ᠪᠦᠷᠢᠳᠬᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠵᠤ ᠬᠢᠨᠠᠯᠲᠠ ᠲᠠᠯᠪᠢᠵᠤ᠂ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃     ︵ᠬᠤᠶᠠᠷ︶ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠥᠭᠡᠷᠡᠴᠢᠯᠡᠯᠲᠡ ᠪᠠ ᠲᠤᠭ᠎ᠠ ᠪᠦᠷᠢᠳᠬᠡᠯ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠪᠡ ᠵᠢᠴᠢ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ︔ ᠪᠦᠬᠦ ᠬᠤᠰᠢᠭᠤᠨ ᠤ ᠲᠤᠭ᠎ᠠ ᠪᠦᠷᠢᠳᠬᠡᠯ ᠤᠨ ᠨᠢᠭᠡᠳᠦᠯᠲᠡᠶ ᠦᠨᠳᠦᠰᠦᠨ ᠳᠦᠷᠢᠮ ᠪᠣᠯᠤᠨ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢ ᠰᠤᠳᠤᠯᠤᠨ ᠲᠣᠭᠲᠠᠭᠠᠵᠤ᠂ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠰᠢᠰᠲ᠋ᠧᠮᠵᠢ ᠪᠣᠯᠤᠨ ᠲᠤᠭ᠎ᠠ ᠪᠦᠷᠢᠳᠬᠡᠯ ᠤᠨ ᠭᠦᠶ᠋ᠴᠡᠳᠬᠡᠯ ᠲᠣᠭᠠᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ᠃       ︵ᠭᠤᠷᠪᠠ︶ ᠪᠥᠬᠦ ᠬᠤᠰᠢᠭᠤᠨ ᠤ ᠲᠤᠭ᠎ᠠ ᠪᠦᠷᠢᠳᠬᠡᠯ ᠤᠨ ᠠᠵᠢᠯ ᠢ ᠵᠢᠯᠣᠭᠤᠳᠬᠤ ᠪᠠ ᠵᠣᠬᠢᠴᠠᠭᠤᠯᠵᠤ᠂ ᠪᠥᠬᠦ ᠬᠤᠰᠢᠭᠤᠨ ᠤ ᠴᠢᠨᠠᠷᠲᠠᠶ ᠬᠤᠰᠢᠭᠤᠨ ᠤ ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠲᠠ ᠶᠢᠨ ᠪᠠᠶᠢᠳᠠᠯ ᠤᠨ ᠨᠡᠶᠢᠳᠡᠮ ᠪᠠᠶᠢᠴᠠᠭᠠᠯᠲᠠ ᠵᠢᠴᠢ ᠬᠠᠮᠢᠶ᠎ᠠ ᠪᠦᠬᠦᠢ ᠲᠤᠰᠬᠠᠶ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ  ᠶᠢᠨ ᠲᠥᠯᠥᠪᠯᠡᠭᠡ᠂ ᠪᠠᠶᠢᠴᠠᠭᠠᠯᠲᠠ ᠶᠢᠨ ᠲᠥᠰᠦᠯ᠂ ᠬᠢᠨᠠᠨ ᠰᠢᠯᠭᠠᠵᠤ ᠦᠨᠡᠯᠡᠬᠦ ᠲᠥᠰᠦᠯ ᠵᠢᠴᠢ ᠦᠷ᠎ᠡ ᠳ᠋ᠦᠩ ᠢ ᠬᠢᠨᠠᠨ ᠬᠠᠷᠭᠤᠭᠤᠯᠣᠨ᠎ᠠ᠃   ︵ᠳᠥᠷᠪᠡ︶ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠥᠷᠥ ᠶᠢᠨ ᠪᠣᠳᠣᠯᠭ᠎ᠠ ᠲᠣᠭᠲᠠᠭᠠᠬᠤ᠂ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ ᠲᠤᠭ᠎ᠠ ᠪᠦᠷᠢᠳᠬᠡᠯ ᠤᠨ ᠮᠠᠲ᠋ᠧᠷᠢᠶᠠᠯ ᠬᠠᠩᠭᠠᠬᠤ ᠶᠢᠨ ᠬᠠᠮᠲᠤ ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠪᠣᠯᠤᠨ ᠨᠡᠶᠢᠭᠡᠮ ᠤᠨ ᠬᠥᠭᠵᠢᠯᠲᠡ ᠵᠡᠷᠭᠡ ᠪᠠᠶᠢᠳᠠᠯ ᠲᠤ ᠲᠤᠭ᠎ᠠ ᠪᠦᠷᠢᠳᠬᠡᠯ ᠤᠨ ᠵᠠᠳᠠᠯᠤᠯᠲᠠ ᠬᠢᠬᠦ᠂ ᠲᠤᠭ᠎ᠠ ᠪᠦᠷᠢᠳᠬᠡᠯ ᠤᠨ ᠲᠦᠰᠦᠭᠡᠯᠡᠯ᠂ ᠲᠤᠭ᠎ᠠ ᠪᠦᠷᠢᠳᠬᠡᠯ ᠤᠨ ᠬᠢᠨᠠᠨ ᠰᠢᠯᠭᠠᠵᠤ ᠦᠨᠡᠯᠡᠬᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ ᠬᠢᠬᠦ ᠪᠠ ᠬᠢᠨᠠᠯᠲᠠ ᠲᠠᠯᠪᠢᠬᠤ ᠶᠢ ᠬᠢᠵᠦ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠬᠢᠭᠡᠳ ᠲᠡᠭᠦᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠴᠢᠮᠡᠭᠡ ᠵᠠᠩᠬᠢ ᠪᠡ ᠠᠰᠠᠭᠤᠨ ᠯᠠᠪᠯᠠᠯᠲᠠ ᠰᠠᠨᠠᠯ ᠰᠠᠨᠠᠭᠤᠯᠭ᠎ᠠ ᠶᠢ ᠬᠠᠩᠭᠠᠨ᠎ᠠ᠃      ︵ᠲᠠᠪᠤ︶ ᠪᠦᠬᠦ ᠬᠤᠰᠢᠭᠤᠨ ᠤ ᠠᠵᠤ ᠠᠬᠤᠶ᠂ ᠨᠡᠶᠢᠭᠡᠮ᠂ ᠰᠢᠨᠵᠢᠯᠡᠬᠦ ᠤᠬᠠᠭᠠᠨ ᠮᠡᠷᠭᠡᠵᠢᠯ ᠤᠨ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠢᠭᠡᠳᠦᠯᠲᠡᠶ ᠴᠤᠭᠯᠠᠭᠤᠯᠣᠨ᠂ ᠡᠮᠬᠢᠳᠬᠡᠵᠦ᠂ ᠬᠢᠨᠠᠨ ᠲᠣᠭᠲᠠᠭᠠᠵᠤ᠂ ᠬᠠᠮᠢᠶᠠᠷᠴᠤ᠂ ᠨᠡᠶᠢᠲᠡᠯᠡᠨ᠂ ᠪᠦᠬᠦ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠠᠯᠪᠠᠨ ᠮᠡᠳᠡᠭᠡ ᠵᠢᠴᠢ ᠬᠤᠯᠪᠣᠭᠳᠠᠯ ᠪᠦᠬᠦᠢ ᠨᠡᠶᠢᠳᠡᠮ ᠪᠠᠶᠢᠴᠠᠭᠠᠯᠲᠠ ᠪᠣᠯᠤᠨ ᠲᠤᠰᠬᠠᠶ ᠪᠠᠶᠢᠴᠠᠭᠠᠯᠲᠠ ᠶᠢᠨ ᠠᠯᠪᠠᠨ ᠮᠡᠳᠡᠭᠡ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠨᠡᠶᠢᠭᠡᠮ ᠤᠨ ᠠᠵᠤ ᠠᠬᠤᠢ ᠶᠢᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠨᠡᠶᠢᠲᠡᠯᠡᠨ᠎ᠠ᠃      ︵ᠵᠢᠷᠭᠤᠭ᠎ᠠ︶ ᠪᠦᠬᠦ ᠬᠤᠰᠢᠭᠤᠨ ᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢᠨ ᠠᠦ᠋ᠲ᠋ᠣᠴᠢᠯᠠᠭᠰᠠᠨ ᠰᠢᠰᠲ᠋ᠧᠮ ᠪᠣᠯᠤᠨ ᠲᠤᠭ᠎ᠠ ᠪᠦᠷᠢᠳᠬᠡᠯ ᠤᠨ ᠳ᠋ᠠᠶᠢᠲ᠋ᠠ ᠬᠥᠮᠥᠷᠭᠡ ᠶᠢᠨ ᠰᠢᠰᠲ᠋ᠧᠮ ᠢ ᠪᠠᠶᠢᠭᠤᠯᠤᠨ ᠪᠦᠷᠢᠨᠰᠢᠭᠦᠯᠬᠦ ᠪᠡ ᠬᠠᠮᠢᠶᠠᠷᠴᠣ᠂ ᠡᠯ᠎ᠡ ᠱᠠᠲᠤᠨ ᠤ ᠦᠨᠳᠦᠰᠦᠨ ᠱᠠᠲᠤᠨ ᠤ ᠨᠢᠭᠡᠴᠢ ᠶᠢ ᠵᠢᠯᠣᠭᠤᠳᠤᠨ ᠲᠤᠭ᠎ᠠ ᠪᠦᠷᠢᠳᠬᠡᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠨ᠎ᠠ᠃     ︵ᠳᠣᠯᠤᠭ᠎ᠠ︶ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠦᠬᠦ ᠬᠤᠰᠢᠭᠤᠨ ᠤ ᠲᠤᠭ᠎ᠠ ᠪᠦᠷᠢᠳᠬᠡᠯ ᠤᠨ ᠲᠤᠰᠬᠠᠶ ᠮᠡᠷᠭᠡᠵᠢᠯ ᠤᠨ ᠬᠢᠷᠢ ᠭᠡᠮ ᠤᠨ ᠰᠢᠯᠭᠠᠯᠲᠠ ᠪᠣᠯᠤᠨ ᠲᠤᠰᠢᠶᠠᠯ ᠤᠨ ᠬᠢᠨᠠᠨ ᠲᠣᠭᠲᠠᠭᠠᠬᠤ ᠬᠤᠯᠪᠣᠭᠳᠠᠯ ᠪᠦᠬᠦᠢ ᠠᠵᠢᠯ ᠢ ᠳᠠᠭᠠᠭᠠᠴᠢᠯᠠᠨ ᠡᠷᠬᠢᠯᠡᠵᠦ᠂ ᠪᠦᠬᠦ ᠬᠤᠰᠢᠭᠤᠨ ᠤ ᠲᠤᠭ᠎ᠠ ᠪᠦᠷᠢᠳᠬᠡᠯ ᠤᠨ ᠰᠢᠨᠵᠢᠯᠡᠬᠦ ᠤᠬᠠᠭᠠᠨ ᠤ ᠰᠤᠳᠤᠯᠤᠯ᠂ ᠲᠤᠭ᠎ᠠ ᠪᠦᠷᠢᠳᠬᠡᠯ ᠤᠨ ᠬᠥᠮᠦᠵᠢᠯ ᠪᠣᠯᠤᠨ ᠲᠤᠭ᠎ᠠ ᠪᠦᠷᠢᠳᠬᠡᠯ ᠤᠨ ᠤᠬᠠᠭᠤᠯᠭ᠎ᠠ ᠶᠢᠨ ᠠᠵᠢᠯ ᠢ ᠵᠣᠬᠢᠶᠠᠨ ᠪᠠᠶᠢᠭᠤᠯᠣᠨ ᠣᠳᠣᠷᠢᠳᠣᠨ᠎ᠠ᠃     ︵ᠨᠠᠢᠮᠠ︶ ᠪᠦᠬᠦ ᠬᠤᠰᠢᠭᠤᠨ ᠤ ᠲᠤᠭ᠎ᠠ ᠪᠦᠷᠢᠳᠬᠡᠯ ᠤᠨ ᠨᠢᠭᠡᠴᠢ ᠶᠢ ᠳᠠᠩᠰᠠᠯᠠᠨ ᠲᠡᠮᠳᠡᠭᠯᠡᠬᠦ ᠪᠠ ᠲᠤᠭ᠎ᠠ ᠪᠦᠷᠢᠳᠬᠡᠯ ᠤᠨ ᠠᠵᠢᠯᠲᠠᠨ ᠢ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠭᠠᠬᠤ ᠠᠵᠢᠯ ᠢ ᠵᠣᠬᠢᠶᠠᠨ ᠪᠠᠶᠢᠭᠤᠯᠤᠨ ᠬᠠᠮᠢᠶᠠᠷᠤᠨ᠎ᠠ᠃      ︵ᠶᠢᠰᠦ︶ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠪᠠ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠰᠢᠶᠠᠭᠰᠠᠨ ᠪᠤᠰᠤᠳ ᠣᠴᠢᠷ ᠶᠠᠪᠤᠳᠠᠯ ᠢ ᠳᠠᠭᠠᠭᠠᠴᠢᠯᠠᠨ ᠡᠷᠬᠢᠯᠡᠨ᠎ᠠ᠃   
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ