ᠣᠶᠢᠷ᠎ᠠ ᠳᠤ ᠳᠡᠭᠷᠢ ᠶᠡᠭᠡ ᠬᠦᠢᠳᠡᠷᠡᠵᠦ᠂ ᠴᠠᠰᠤ ᠪᠣᠷᠣᠭᠠᠨ ᠣᠷᠣᠵᠦ᠂ ᠰᠢᠷᠦᠬᠦᠨ ᠰᠢᠭᠤᠷᠭ᠎ᠠ ᠰᠢᠭᠤᠷᠠᠭᠰᠠᠨ ᠠᠴᠠ ᠮᠠᠯ ᠠᠵᠤ ᠠᠬᠤᠢ ᠳᠤ ᠮᠠᠰᠢ ᠠᠰᠢᠭ | ᠦᠭᠡᠢ ᠨᠥᠯᠥᠭᠡ ᠪᠤᠯᠤᠬᠰᠠᠨ ᠪᠠᠶᠢᠨ᠎ᠠ᠃ ᠡᠨᠡ ᠪᠠᠶᠢᠳᠠᠯ ᠳᠤ ᠴᠢᠭᠯᠡᠭᠦᠯᠦᠨ ᠬᠥᠳᠡᠭᠡ ᠠᠵᠦ ᠠᠬᠤᠢ ᠬᠦᠳᠡᠭᠡ ᠲᠤᠰᠬᠤᠨ ᠤ ᠶᠠᠮᠤᠨ ︽ᠮᠠᠯ ᠠᠵᠤ ᠠᠬᠤᠢ ᠶᠢᠨ | ᠬᠠᠳᠠᠭᠤ ᠰᠢᠷᠦᠭᠦᠨ ᠵᠤᠳ ᠲᠠᠢ ᠴᠠᠭ ᠠᠭᠠᠷ ᠢ ᠠᠷᠭᠠᠴᠠᠬᠤ ᠮᠡᠷᠭᠡᠵᠢᠯ ᠤᠨ ᠵᠢᠯᠤᠭᠤᠳᠣᠮᠵᠢ︾ ᠶᠢ ᠨᠡᠶᠢᠲᠡᠯᠡᠯ᠎ᠡ᠃ | ᠦᠭᠡᠷ᠎ᠡ ᠪᠠᠷ ᠬᠡᠯᠡᠪᠡᠯ᠂ ᠮᠠᠯ ᠤᠨᠤᠭᠠᠨ ᠤ ᠬᠠᠰᠢᠶ᠎ᠠ ᠰᠠᠷᠠᠪᠴᠢ᠂ ᠬᠡᠪᠳᠡᠷᠢ ᠶᠢ ᠳᠣᠯᠠᠭᠠᠯᠠᠨ ᠵᠠᠰᠠᠨ᠎ᠠ᠃ ᠣᠰᠣᠭᠤᠵᠦ ᠬᠥᠯᠳᠡᠬᠦ ᠠᠴᠠ ᠰᠡᠷᠭᠡᠶᠢᠯᠡᠬᠦ ᠠᠵᠢᠯ ᠢ | ᠰᠠᠶᠢᠲᠣᠷ ᠬᠢᠨ᠎ᠡ᠃ ᠲᠡᠵᠢᠭᠡᠨ ᠠᠷᠠᠴᠢᠯᠠᠬᠤ ᠬᠠᠮᠢᠶᠠᠷᠤᠯᠲᠠ ᠶᠢ ᠴᠢᠩᠭᠠᠳᠬᠠᠨ᠎ᠠ᠃ ᠮᠠᠯᠵᠢᠬᠤ ᠣᠷᠣᠨ ᠳᠤ ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠨ᠂ ᠡᠪᠡᠰᠦ | ᠪᠣᠷᠳᠤᠭ᠎ᠠ ᠶᠢᠨ ᠨᠥᠭᠡᠴᠡᠯᠡᠯᠲᠡ ᠪᠠ ᠲᠤᠲᠠᠭᠳᠠᠵᠤ ᠪᠠᠶᠢᠭ᠎ᠠ ᠪᠠᠶᠢᠳᠠᠯ ᠢ ᠣᠨᠣᠪᠴᠢᠲᠠᠶ ᠡᠵᠡᠮᠰᠢᠨ᠎ᠠ᠃ ᠦᠢᠯᠡᠳᠪᠦᠷᠢᠯᠡᠵᠦ ᠪᠣᠷᠣᠯᠠᠭᠤᠯᠬᠤ ᠶᠢ ᠤᠶᠠᠯᠳᠤᠭᠤᠯᠬᠤ | ᠠᠵᠢᠯ ᠢ ᠡᠷᠴᠢᠮᠳᠠᠢ ᠬᠢᠨ᠎ᠡ᠃ ᠮᠠᠯ ᠠᠮᠢᠳᠠᠨ ᠤ ᠬᠢᠵᠢᠭ ᠢ ᠰᠡᠷᠬᠡᠶᠢᠯᠡᠬᠦ ᠠᠵᠢᠯ ᠢ ᠰᠠᠶᠢᠲᠣᠷ ᠠᠳᠬᠤᠨ᠎ᠠ᠃ |