ᠬᠦᠲᠦᠴᠢ ᠠᠵᠤ ᠠᠬᠤᠶᠢᠯᠠᠯ ︽ᠲᠦᠷᠦᠭᠦᠴᠢ ᠭᠠᠯᠠᠭᠤ︾ ᠶᠢᠨ ᠦᠢᠯᠡᠳᠦᠯ ᠢ ᠪᠠᠳᠠᠷᠠᠭᠤᠯᠵᠤ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠥᠭᠵᠢᠯᠲᠡ ᠶᠢ  ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2023/3/29
     ᠣᠶᠢᠷ᠎ᠠ ᠶᠢᠨ ᠵᠢᠯ ᠠᠴᠠ ᠨᠠᠭᠠᠰᠢ᠂ ᠡᠯᠧᠺᠲᠷᠣᠨ ᠬᠤᠳᠠᠯᠳᠤᠭᠠᠨ ᠤ ᠠᠵᠢᠯ ᠲᠥᠷᠥᠯ ᠤᠨ ᠲᠦᠷᠭᠡᠨ ᠬᠥᠭᠵᠢᠯᠲᠡ ᠶᠢ ᠳᠠᠭᠠᠯᠳᠤᠨ᠂ ᠤᠯᠠᠮ ᠠᠴᠠ ᠤᠯᠠᠨ ᠬᠤᠪᠢ ᠬᠥᠮᠥᠨ ᠪᠠ ᠠᠵᠤ ᠠᠬᠤᠶᠢᠯᠠᠯ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ︽ᠶᠡᠭᠡ ᠴᠡᠷᠢᠭ︾ ᠲᠤ ᠣᠷᠣᠯᠴᠠᠵᠤ᠂ ᠤᠷᠠᠳ ᠤᠨ ᠡᠮᠦᠨᠡᠲᠦ ᠬᠤᠰᠢᠭᠤᠨ ᠳᠤ ᠪᠠᠰᠠ ᠨᠢᠭᠡ ᠪᠦᠯᠦᠭ ᠰᠢᠯᠢᠳᠡᠭ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠴᠣᠯᠭᠤᠷᠠᠨ ᠭᠠᠷᠪᠠ᠃ ᠥᠪᠥᠷ ᠮᠣᠩᠭᠤᠯ ᠤᠨ ᠶᠢᠨ ᠹᠦ᠋ ᠲᠠᠩ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠭᠦᠸᠧ ᠬᠦᠢ ᠵᠢᠶᠦ᠋ᠨ ᠪᠣᠯ ᠳᠠᠷᠤᠢ ᠲᠡᠳᠡᠨ ᠤ ᠳᠣᠲᠣᠷᠠᠬᠢ ᠨᠢᠭᠡ ᠨᠢ ᠪᠣᠯᠣᠨ᠎ᠠ᠂ ᠲᠡᠷᠡ ᠪᠣᠯ ᠬᠤᠰᠢᠭᠤᠨ ᠤ ᠳᠣᠲᠣᠷᠠᠬᠢ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠳᠠᠭᠠᠭᠤᠯᠤᠭᠴᠢ ᠪᠣᠯᠬᠤ ᠪᠠᠷ ᠪᠠᠷᠠᠬᠤ ᠦᠭᠡᠢ ᠪᠠᠰᠠ ᠰᠢᠭᠡᠲᠡᠢ  ᠤᠨ ᠬᠠᠰ  ᠤᠨ  ᠳᠡᠯᠭᠡᠷᠡᠭᠦᠯᠦᠭᠴᠢ ᠪᠣᠯᠣᠨ᠎ᠠ᠃

直播佘太翠1.jpg

  ᠭᠦᠸᠧ ᠬᠦᠶ ᠵᠢᠶᠦ᠋ᠨ ᠰᠤᠷᠪᠤᠯᠵᠢᠯᠠᠭᠴᠢ ᠳᠤ ᠬᠡᠯᠡᠬᠦ ᠳᠡᠭᠡᠨ᠂ ᠣᠳᠣᠬᠠᠨ ᠳᠤ ᠺᠣᠮᠫᠠᠨᠢ ᠳᠤ ᠨᠡᠶᠢᠲᠡ 3 ᠭᠤᠣᠯ ᠨᠡᠪᠲᠡᠷᠡᠭᠦᠯᠦᠭᠴᠢ ᠲᠠᠢ᠂ ᠲᠡᠳᠡ ᠴᠥᠮ 

ᠲᠣᠰᠬᠠᠢ ᠪᠣᠯᠪᠠᠰᠤᠷᠠᠯ ᠬᠢᠭᠡᠳ ᠰᠠᠶ᠋ᠢ ᠠᠵᠢᠯ ᠤᠨ ᠪᠠᠶᠢᠷᠢᠨ ᠳᠤ ᠭᠠᠷᠤᠭᠰᠠᠨ ᠶᠤᠮ ᠃   ᠲᠡᠳᠡᠨ ᠳᠤ ᠰᠢᠭᠡᠲᠡᠢ ᠶᠢᠨ ᠬᠠᠰ ᠤᠨ ᠢᠷᠡᠯᠲᠡ᠂ ᠲᠡᠦᠬᠡ ᠰᠣᠶᠣᠯ᠂

ᠣᠨᠴᠠᠯᠢᠭ᠂ ᠲᠥᠷᠥᠯ ᠵᠦᠢᠯ ᠵᠡᠷᠭᠡ ᠲᠠᠯ᠎ᠠ ᠠᠴᠠ ᠣᠨᠣᠯ ᠤᠨ ᠵᠢᠭᠠᠨ ᠰᠤᠷᠭᠠᠯᠲᠠ ᠬᠢᠵᠦ᠂ ᠪᠠᠰᠠ ᠰᠢᠭᠤᠳ ᠨᠡᠪᠲᠡᠷᠡᠭᠦᠯᠬᠦ ᠪᠢᠴᠢᠭ ᠮᠠᠲ᠋ᠧᠷᠢᠶᠠᠯ᠂  ᠠᠩᠬᠠᠷᠤᠯ ᠢ

ᠲᠠᠲᠠᠬᠤ᠂ ᠡᠵᠡᠩᠨᠡᠬᠦ᠂ ᠪᠠᠷᠠᠭ᠎ᠠ  ᠪᠣᠷᠤᠯᠠᠭᠤᠯᠬᠤ ᠤᠷ᠎ᠠ ᠮᠡᠷᠭᠡᠵᠢᠯ ᠵᠡᠷᠭᠡ ᠲᠠᠯ᠎ᠠ ᠠᠴᠠ ᠪᠣᠳᠠᠲᠠᠢ ᠠᠵᠢᠯᠯᠠᠭ᠎ᠠ ᠶᠠᠪᠤᠭᠳᠠᠭᠤᠯᠵᠤ᠂ ᠣᠳᠣ ᠨᠢᠭᠡᠨᠲᠡ ᠮᠠᠰᠢ

ᠪᠣᠯᠪᠠᠰᠤᠷᠠᠩᠭᠤᠢ ᠰᠢᠭᠤᠳ ᠨᠡᠪᠲᠡᠷᠡᠭᠦᠯᠭᠡ  ᠶᠢᠨ ᠪᠦᠯᠬᠦᠮ  ᠢ ᠵᠣᠬᠢᠶᠠᠨ ᠪᠠᠶᠢᠭᠤᠯᠤᠭᠰᠠᠨ ᠪᠠᠶᠢᠨ᠎ᠠ ᠭᠡᠵᠡᠢ᠃

     ︽ᠪᠢᠳᠠ ᠬᠠᠮᠤᠭ ᠠᠩᠬᠠᠨ ᠳᠠᠭᠠᠨ ᠶᠡᠭᠡ ᠰᠢᠭᠡᠲᠡᠢ  ᠪᠠᠯᠭᠠᠰᠤᠨ ᠳᠤ ᠪᠣᠳᠠᠲᠤ ᠴᠣᠭᠴᠠ ᠶᠢᠨ ᠳᠡᠯᠭᠡᠭᠦᠷ ᠬᠢᠵᠦ  ᠰᠢᠭᠡᠲᠡᠢ ᠶᠢᠨ ᠬᠠᠰ ᠬᠤᠳᠠᠯᠳᠤᠵᠤ ᠪᠠᠶᠢᠪᠠ᠂

2019 ᠣᠨ ᠠᠴᠠ ᠡᠬᠢᠯᠡᠨ ᠰᠦᠯᠵᠢᠶᠡᠨ ᠳᠡᠭᠡᠷ᠎ᠡ ᠠᠴᠠ ᠪᠠᠷᠠᠭ᠎ᠠ ᠪᠤᠷᠤᠯᠠᠭᠤᠯᠵᠤ ᠡᠬᠢᠯᠡᠪᠡ᠂ ᠰᠦᠯᠵᠢᠶᠡᠨ ᠳᠡᠭᠡᠷ᠎ᠡ  ᠪᠣᠷᠤᠯᠠᠭᠤᠯᠬᠤ ᠨᠢ  ᠰᠢᠭᠡᠲᠡᠢ ᠤᠨ ᠬᠠᠰ ᠢ

ᠪᠦᠬᠦ ᠤᠯᠤᠰ ᠲᠤ ᠳᠡᠯᠭᠡᠷᠡᠭᠦᠯᠵᠦ᠂ ᠠᠰᠢᠭ ᠣᠯᠵᠠᠪᠤᠷᠢ ᠨᠢ ᠴᠦ ᠪᠣᠳᠠᠲᠤ ᠴᠣᠭᠴᠠ ᠶᠢᠨ ᠳᠡᠯᠭᠡᠭᠦᠷ ᠠᠴᠠ ᠬᠤᠯᠠ ᠥᠨᠳᠥᠷ ᠪᠣᠯᠵᠠᠢ︾ ᠭᠡᠵᠦ ᠭᠦᠸᠧ ᠬᠦᠢ

ᠵᠢᠶᠦ᠋ᠨ ᠬᠡᠯᠡᠨ᠎ᠡ᠃

     ᠭᠦᠸᠧ ᠬᠦᠶ ᠵᠢᠶᠦ᠋ᠨ 2019 ᠣᠨ ᠠᠴᠠ ᠡᠬᠢᠯᠡᠨ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠳᠤ ᠣᠷᠣᠯᠴᠠᠵᠤ᠂ ᠣᠳᠣ ᠨᠢᠭᠡᠨᠲᠡ ᠭᠤᠷᠪᠠᠨ

ᠵᠠᠭᠤ ᠭᠠᠷᠤᠢ ᠲᠦᠮᠡᠨ ᠬᠦᠷᠢᠶᠡᠯᠡᠭᠴᠢ ᠲᠠᠢ ᠭᠤᠣᠯ ᠨᠡᠪᠲᠡᠷᠡᠭᠦᠯᠦᠭᠴᠢ ᠪᠣᠯᠵᠠᠢ᠃ ᠲᠤᠬᠠᠢ ᠶᠢᠨ ᠭᠠᠵᠠᠷ ᠤᠨ ︽ᠰᠦᠯᠵᠢᠶᠡᠨ ᠤ  ᠴᠤᠤᠲᠠᠨ︾ ᠪᠣᠯᠤᠭᠰᠠᠨ ᠤ

ᠳᠠᠷᠠᠭ᠎ᠠ᠂ ᠲᠡᠷᠡ ᠪᠠᠰᠠ ᠰᠢᠭᠤᠳ ᠨᠡᠪᠲᠡᠷᠡᠭᠦᠯᠭᠡ ᠶᠢᠨ ᠪᠦᠯᠬᠦᠮ ᠢ ᠢᠳᠡᠪᠬᠢᠲᠡᠢ ᠳᠠᠭᠠᠭᠤᠯᠤᠨ ᠤᠷᠠᠳ ᠤᠨ ᠡᠮᠦᠨᠡᠲᠦ ᠬᠤᠰᠢᠭᠤᠨ ᠤ ᠯᠠᠵᠤᠤ᠂ ᠲᠠᠷᠪᠤᠰ ᠵᠡᠷᠭᠡ

ᠰᠢᠯᠢᠳᠡᠭ ᠲᠠᠷᠢᠶᠠᠯᠠᠩ ᠤᠨ ᠪᠦᠲᠦᠭᠡᠭᠳᠡᠬᠦᠨ ᠢ ᠰᠢᠭᠤᠳ ᠨᠡᠪᠲᠡᠷᠡᠭᠦᠯᠦᠨ ᠪᠣᠷᠣᠯᠠᠭᠤᠯᠵᠤ᠂ ᠪᠠᠰᠠ ᠶᠡᠭᠡ ᠰᠢᠬᠡᠲᠡᠢ ᠪᠠᠯᠭᠠᠰᠤ ᠶᠢᠨ ᠰᠠᠨ ᠹᠧᠨ ᠽᠢ ᠲᠣᠰᠬᠤᠨ ᠤ ᠵᠠᠭᠤ

ᠭᠠᠷᠤᠢ ᠲᠣᠰᠬᠤᠨ ᠤ ᠠᠷᠠᠳ ᠢ ᠳᠠᠭᠠᠭᠤᠯᠤᠨ ᠰᠢᠭᠡᠲᠡᠢ ᠤᠨ ᠬᠠᠰ ᠵᠠᠰᠠᠯ ᠵᠢᠮᠰᠡᠭ᠂ ᠦᠵᠡᠮᠦᠷᠢ ᠶᠢᠨ ᠡᠳ᠋ ᠵᠡᠷᠭᠡ ᠬᠠᠰ ᠡᠳ᠋ᠰᠢᠭᠦᠯᠦᠭᠰᠡᠨ ᠪᠦᠲᠦᠭᠡᠭᠳᠡᠬᠦᠨ ᠢ

ᠰᠢᠭᠤᠳ ᠨᠠᠪᠲᠠᠷᠡᠭᠦᠯᠵᠦ᠂ ᠰᠠᠨ ᠹᠧᠨ ᠽᠢ ᠲᠣᠰᠬᠤᠨ ᠤ ᠠᠷᠠᠳ ᠢ ᠭᠡᠷ ᠠᠴᠠ ᠪᠠᠨ ᠭᠠᠷᠬᠤ ᠦᠭᠡᠢ ᠪᠠᠷ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ

ᠪᠡᠶᠡᠯᠡᠭᠦᠯᠦᠭᠰᠡᠨ ᠪᠥᠭᠡᠳ ᠤᠷᠠᠳ ᠤᠨ ᠡᠮᠦᠨᠡᠲᠦ ᠬᠤᠰᠢᠭᠤᠨ ᠤ ᠰᠢᠯᠢᠳᠡᠭ ᠪᠦᠲᠦᠭᠡᠭᠳᠡᠬᠦᠨ ᠪᠣᠯᠣᠨ ᠭᠠᠵᠠᠷ ᠣᠷᠣᠨ ᠤ ᠲᠦᠷᠦᠯ ᠲᠡᠮᠳᠡᠭ ᠢ ᠣᠶᠢᠯᠠᠭᠠᠬᠤ

ᠨᠤᠷᠮ᠎ᠠ ᠶᠢ ᠥᠷᠭᠡᠳᠬᠡᠵᠦ᠂ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠢᠯᠡᠳᠦᠯ ᠦᠵᠡᠭᠦᠯᠵᠡᠢ᠃

直播佘太翠2.jpg

     ᠣᠳᠣᠬᠠᠨ ᠳᠤ᠂ ᠪᠥᠬᠦ ᠬᠤᠰᠢᠭᠤᠨ ᠤ ᠡᠯᠧᠺᠲᠷᠣᠨ ᠬᠤᠳᠠᠯᠳᠤᠭ᠎ᠠ ᠶᠢ ᠰᠢᠭᠤᠳ ᠨᠡᠪᠲᠡᠷᠡᠭᠦᠯᠬᠦ ᠭᠤᠣᠯ ᠨᠡᠪᠲᠡᠷᠡᠭᠦᠯᠦᠭᠴᠢ ᠪᠠᠷᠤᠭ 2000 ᠭᠠᠷᠤᠢ ᠬᠥᠮᠥᠨ᠂

ᠡᠯᠧᠺᠲᠷᠣᠨ ᠬᠤᠳᠠᠯᠳᠤᠭ᠎ᠠ ᠶᠢᠨ ᠬᠠᠮᠢᠶ᠎ᠠ ᠪᠦᠬᠦᠢ ᠠᠵᠢᠯᠲᠠᠨ 10000 ᠰᠢᠬᠠᠮ ᠪᠠᠶᠢᠨ᠎ᠠ᠃ ᠬᠤᠰᠢᠭᠤᠨ ᠤ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ

ᠡᠯᠧᠺᠲᠷᠣᠨ ᠬᠤᠳᠠᠯᠳᠤᠭᠠᠨ ᠤ ᠶᠠᠪᠤᠳᠠᠯ ᠢ ᠶᠡᠬᠡᠪᠡᠷ ᠬᠥᠭᠵᠢᠭᠦᠯᠵᠦ᠂ ᠰᠢᠶᠠᠨ ᠤ ᠬᠡᠪᠴᠢᠶᠡᠨ ᠤ ᠠᠵᠤ ᠦᠢᠯᠡᠰ ᠤᠨ ᠳᠠᠪᠠᠭᠤᠯᠢᠭ ᠢ ᠪᠠᠳᠠᠷᠠᠭᠤᠯᠤᠨ᠂ ᠭᠦᠸᠧ ᠬᠦᠶ

ᠵᠢᠶᠦ᠋ᠨ ᠰᠢᠭ ᠡᠯᠧᠺᠲᠷᠣᠨ ᠬᠤᠳᠠᠯᠳᠤᠭᠠᠨ ᠤ ᠴᠢᠳᠠᠪᠤᠷᠢᠲᠠᠨ ᠢ ᠨᠠᠩ ᠣᠯᠠᠨ ᠢᠯᠡᠷᠡᠭᠦᠯᠬᠦ ᠶᠢᠨ ᠲᠥᠯᠥᠭᠡ᠂ 2023 ᠣᠨ ᠳᠤ 1000 ᠭᠠᠷᠤᠢ ᠬᠥᠮᠥᠨ ᠳᠤ

ᠪᠦᠯᠦᠭ ᠬᠤᠪᠢᠶᠠᠨ 10 ᠬᠤᠭᠤᠴᠠᠭᠠᠨ ᠤ ᠡᠯᠧᠺᠲᠷᠣᠨ ᠬᠤᠳᠠᠯᠳᠤᠭᠠᠨ ᠤ ᠪᠣᠯᠪᠠᠰᠤᠷᠠᠭᠤᠯᠤᠯ ᠤᠨ ᠬᠢᠴᠢᠶᠡᠯ ᠡᠷᠭᠢᠯᠡᠵᠦ᠂ ᠰᠢᠨ᠎ᠡ ᠵᠠᠭᠤᠴᠢᠯᠠᠭᠤᠷ ᠤᠨ ᠰᠡᠭᠦᠳᠡᠷᠯᠡᠨ

ᠨᠠᠶᠢᠷᠠᠭᠤᠯᠬᠤ ᠭᠤᠣᠯᠳᠠᠯᠭ᠎ᠠ᠂ ᠬᠠᠷᠠᠭᠠᠨ ᠳᠠᠪᠲᠠᠮᠵᠢ ᠶᠢᠨ ᠬᠠᠯᠠᠮᠰᠢᠯ᠂ ᠣᠬᠤᠷ ᠬᠠᠷᠠᠭᠠᠨ ᠳᠠᠪᠲᠠᠮᠵᠢ ᠪᠠ ᠰᠢᠭᠤᠳ ᠨᠡᠪᠲᠡᠷᠡᠭᠦᠯᠭᠡ ᠶᠢᠨ ᠠᠩᠬᠠᠷᠬᠤ ᠵᠦᠢᠯᠡᠰ᠂

ᠬᠡᠷᠬᠢᠨ ᠪᠡᠯᠡᠨ ᠵᠣᠭᠤᠰ ᠪᠣᠯᠭᠠᠬᠤ ᠵᠡᠷᠭᠡ ᠮᠡᠳᠡᠯᠭᠡ ᠶᠢᠨ ᠲᠣᠭᠤᠷᠢᠨ ᠳᠤ ᠪᠣᠯᠪᠠᠰᠤᠷᠠᠯ ᠬᠢᠬᠦ ᠪᠠᠷ ᠲᠥᠯᠥᠪᠯᠡᠵᠦ ᠪᠣᠶ᠃ ᠡᠭᠦᠨ ᠤ ᠬᠠᠮᠲᠤ᠂ ᠡᠯᠧᠺᠲᠷᠣᠨ

ᠬᠤᠳᠠᠯᠳᠤᠭᠠᠨ ᠤ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠡᠯ᠎ᠡ ᠭᠠᠵᠠᠷ ᠲᠤ ᠣᠴᠢᠭᠤᠯᠤᠨ ᠰᠣᠯᠢᠯᠴᠠᠭᠤᠯᠤᠨ ᠰᠤᠷᠤᠯᠴᠠᠭᠤᠯᠵᠤ᠂ ᠡᠯᠧᠺᠲᠷᠣᠨ ᠬᠤᠳᠠᠯᠳᠤᠭᠠᠨ ᠤ

ᠠᠵᠢᠯ ᠡᠷᠭᠢᠯᠡᠭᠰᠡᠳ ᠤᠨ ᠴᠢᠳᠠᠪᠤᠷᠢ ᠪᠠ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠯᠧᠺᠲᠷᠣᠨ ᠬᠤᠳᠠᠯᠳᠤᠭᠠᠨ ᠤ ᠠᠵᠤ  ᠦᠢᠯᠡᠰ ᠤᠨ

ᠲᠠᠰᠤᠷᠠᠯᠲᠠ ᠥᠬᠡᠶ ᠬᠥᠭᠵᠢᠨ ᠪᠤᠵᠠᠭᠠᠶᠢᠷᠬᠠᠤ ᠶᠢ ᠠᠬᠢᠭᠤᠯᠤᠨ᠎ᠠ᠃

直播佘太翠3.jpg

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ