ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠳᠤᠭᠤᠶᠢᠯᠠᠩ ᠬᠤᠪᠢᠶᠠᠵᠤ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠢ ᠬᠢᠨᠠᠨ ᠵᠥᠪᠯᠡᠵᠡᠢ  ᠰᠦᠨ ᠱᠤᠤ ᠴᠧᠩ  ᠸᠠᠩ ᠯᠢ ᠰᠢᠶᠠ ᠦᠭᠡ ᠬᠡᠯᠡᠪᠡ
ᠨᠡᠶᠢᠲᠡᠯᠡᠭᠰᠡᠨ ᠴᠠᠭ᠄
2023/3/9
      3 ᠰᠠᠷ᠎ᠠ ᠶᠢᠨ 7 ᠤ ᠦᠳᠡ ᠶᠢᠨ ᠡᠮᠦᠨ᠎ᠡ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠳᠤ ᠣᠷᠣᠯᠴᠠᠵᠤ ᠪᠠᠶᠢᠭ᠎ᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠭᠦᠮ ᠰᠠᠭᠤᠭ᠎ᠠ ᠭᠠᠵᠠᠷ ᠲᠠᠭᠠᠨ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠬᠢᠵᠦ᠂ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠢ ᠬᠢᠨᠠᠨ ᠵᠥᠪᠯᠡᠪᠡ᠃       ᠲᠥᠯᠥᠭᠡᠯᠡᠭᠴᠢᠳ ᠤᠨ ᠪᠦᠯᠭᠦᠮ ᠤᠨ ᠳᠠᠷᠤᠭ᠎ᠠ ᠰᠦᠨ ᠱᠤᠤ ᠴᠧᠩ᠂ ᠪᠦᠯᠭᠦᠮ ᠤᠨ ᠳᠡᠳ᠋ ᠳᠠᠷᠤᠭ᠎ᠠ ᠸᠠᠩ ᠯᠢ ᠰᠢᠶᠠ ᠬᠤᠷᠠᠯ ᠳᠤ ᠣᠷᠣᠯᠴᠠᠬᠰᠠᠨ ᠪᠥᠭᠡᠳ ᠦᠭᠡ ᠬᠡᠯᠡᠵᠦ᠂ ᠪᠦᠯᠭᠦᠮ ᠤᠨ ᠳᠡᠳ᠋ ᠳᠠᠷᠤᠭ᠎ᠠ ᠯᠢᠨ ᠱᠤᠤ ᠴᠦᠨ᠂ ᠶᠠᠩ ᠶᠢᠨ ᠲᠣᠰ ᠲᠣᠰ ᠲᠥᠯᠥᠭᠡᠯᠡᠭᠴᠢᠳ ᠤᠨ ᠳᠤᠭᠤᠶᠢᠯᠠᠩ ᠬᠤᠪᠢᠶᠠᠭᠰᠠᠨ ᠬᠤᠷᠠᠯ ᠢ ᠡᠷᠭᠢᠯᠡᠭᠰᠡᠨ ᠪᠥᠭᠡᠳ ᠦᠭᠡ ᠬᠡᠯᠡᠪᠡ᠃ ᠶᠡᠭᠡ ᠬᠤᠷᠠᠯ ᠤᠨ ᠬᠠᠤᠯᠢ ᠶᠢᠨ ᠲᠥᠰᠥᠯ ᠤᠨ ᠳᠤᠭᠤᠶᠢᠯᠠᠩ᠂ ᠲᠣᠪᠴᠢ ᠮᠡᠳᠡᠭᠡ ᠶᠢᠨ ᠳᠤᠭᠤᠶᠢᠯᠠᠩ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠨ ᠰᠠᠨᠠᠯ ᠢ ᠰᠣᠨᠣᠰᠴᠠᠢ᠃       ᠰᠦᠨ ᠱᠤᠤ ᠴᠧᠩ ᠲᠥᠯᠥᠭᠡᠯᠡᠭᠴᠢ᠂ ᠪᠢ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠢ ᠪᠦᠷᠢᠮᠦᠰᠦᠨ ᠵᠥᠪᠰᠢᠶᠡᠷᠡᠵᠦ ᠪᠠᠶᠢᠨ᠎ᠠ᠃ ᠲᠥᠰᠥᠯ ᠳᠤ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠬᠠᠤᠯᠢ ᠲᠣᠭᠲᠠᠭᠠᠬᠤ ᠠᠵᠢᠯ ᠤᠨ ᠦᠢᠯᠡᠳᠦᠯᠭᠡ ᠲᠤᠷᠰᠢᠯᠭ᠎ᠠ ᠶᠢᠨ ᠲᠣᠮᠣ ᠠᠮᠵᠢᠯᠲᠠ ᠶᠢ ᠲᠥᠪᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠬᠡᠷᠡᠭᠴᠡᠭᠡ ᠳᠤ ᠵᠣᠬᠢᠴᠠᠵᠤ᠂ ᠤᠯᠤᠰ ᠲᠥᠷᠥ ᠶᠢᠨ ᠴᠢᠭᠯᠡᠯ ᠲᠣᠳᠣᠷᠬᠠᠢ᠂ ᠵᠠᠰᠠᠪᠤᠷᠢ ᠣᠷᠣᠭᠤᠯᠤᠭᠰᠠᠨ ᠵᠦᠢᠯ ᠵᠤᠷᠪᠤᠰ ᠨᠢ ᠪᠣᠳᠠᠲᠠᠢ᠂ ᠳᠦᠷᠢᠮ ᠲᠣᠭᠲᠠᠴᠠ ᠨᠢ ᠠᠮᠢᠳᠤᠯᠢᠭ ᠪᠠᠶᠢᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠡᠨᠡ ᠬᠦ ᠬᠠᠮᠤᠭ ᠤᠨ ᠳᠡᠭᠡᠳᠦ ᠤᠯᠤᠰ ᠲᠥᠷᠥ ᠶᠢᠨ ᠵᠠᠷᠴᠢᠮ ᠢ ᠭᠦᠢᠴᠡᠳ ᠢᠯᠡᠷᠡᠭᠦᠯᠵᠦ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯ ᠪᠤᠯᠭᠠᠬᠤ ᠶᠢ ᠪᠠᠷᠢᠮᠲᠠᠯᠠᠬᠤ᠂ ᠥᠭᠡᠷᠡᠴᠢᠯᠡᠯᠲᠡ ᠨᠡᠭᠡᠭᠡᠯᠲᠡ ᠶᠢ ᠪᠠᠷᠢᠮᠲᠠᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠬᠤ ᠪᠠ ᠦᠨᠳᠦᠰᠦᠨ ᠬᠠᠤᠯᠢ ᠶᠣᠰᠣᠭᠠᠷ ᠬᠠᠤᠯᠢ ᠲᠣᠭᠲᠠᠭᠠᠵᠤ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠪᠠᠷᠢᠮᠲᠠᠯᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ ᠶᠢ ᠪᠠᠷᠢᠮᠲᠠᠯᠠᠬᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠠᠳᠠᠷᠠᠭᠤᠯᠬᠤ ᠵᠡᠷᠭᠡ ᠴᠢᠬᠤᠯᠠ ᠶᠡᠭᠡ ᠱᠠᠭᠠᠷᠳᠠᠯᠭ᠎ᠠ ᠶᠢ ᠭᠦᠢᠴᠡᠳ ᠢᠯᠡᠷᠡᠭᠦᠯᠵᠦ᠂ ᠬᠠᠤᠯᠢ ᠲᠣᠭᠲᠠᠭᠠᠬᠤ ᠠᠵᠢᠯ ᠤᠨ ᠲᠤᠬᠠᠢ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠬᠢᠨᠠᠨ ᠵᠥᠪᠯᠡᠵᠦ ᠪᠠᠲᠤᠯᠠᠭᠰᠠᠨ ᠤ ᠲᠠᠷᠠᠭ᠎ᠠ ᠬᠠᠤᠯᠢ ᠲᠣᠭᠲᠠᠭᠠᠬᠤ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠭᠦ᠂ ᠪᠦᠷᠢᠨ ᠲᠡᠭᠦᠯᠳᠡᠷ ᠬᠠᠤᠯᠢ ᠴᠠᠭᠠᠵᠠ ᠶᠢᠨ ᠵᠢᠷᠤᠮᠵᠢᠯ ᠤᠨ ᠰᠢᠰᠲ᠋ᠧᠮ ᠢ ᠲᠦᠷᠭᠡᠪᠴᠢᠯᠡᠨ ᠪᠤᠢ ᠪᠤᠯᠭᠠᠬᠤ᠂ ᠬᠠᠤᠯᠢᠵᠢᠯ ᠤᠨ ᠵᠠᠮ ᠳᠡᠭᠡᠷ᠎ᠡ ᠤᠯᠤᠰ ᠤᠨ ᠵᠠᠰᠠᠯᠲᠠ ᠶᠢᠨ ᠰᠢᠰᠲ᠋ᠧᠮ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠶᠡᠭᠡ ᠠᠬᠢᠭᠤᠯᠬᠤ ᠦᠢᠯᠡᠳᠦᠯ ᠦᠵᠡᠭᠦᠯᠭᠦ ᠨᠢ ᠯᠠᠪᠲᠠᠢ᠃ ᠲᠥᠰᠥᠯ ᠨᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠡᠷᠬᠡ ᠶᠢᠨ ᠬᠡᠪᠴᠢᠶ᠎ᠡ ᠪᠠ ᠲᠠᠰ ᠳᠠᠷᠠᠭᠠᠯᠠᠯ ᠢ ᠲᠡᠭᠦᠯᠳᠡᠷᠵᠢᠭᠦᠯᠵᠦ᠂ ᠣᠷᠣᠨ ᠨᠤᠲᠤᠭ ᠲᠤ ᠨᠠᠩ ᠶᠡᠭᠡ ᠬᠠᠤᠯᠢ ᠲᠣᠭᠲᠠᠭᠠᠬᠤ ᠣᠷᠣᠨ ᠵᠠᠢ ᠣᠯᠭᠤᠵᠤ᠂ ᠪᠢᠳᠡᠨ ᠤ ᠣᠷᠣᠨ ᠨᠤᠲᠤᠭ ᠤᠨ ᠬᠠᠤᠯᠢ ᠲᠣᠭᠲᠠᠭᠠᠬᠤ ᠪᠠᠷ ᠳᠠᠮᠵᠢᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠨᠠᠩ ᠰᠠᠶᠢᠲᠤᠷ ᠪᠠᠲᠤᠯᠠᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠭᠡᠵᠡᠢ᠃      ᠸᠠᠩ ᠯᠢ ᠰᠢᠶᠠ ᠲᠥᠯᠥᠭᠡᠯᠡᠭᠴᠢ᠂ ᠪᠦᠭᠦ ᠨᠠᠮ ᠪᠦᠭᠦ ᠤᠯᠤᠰ ᠢᠶᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠡᠭᠢᠯᠡᠯᠲᠡ ᠶᠢᠨ ᠵᠢᠯ ᠳᠤ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠨᠢ ᠶᠠᠭ ᠰᠠᠶᠢᠬᠠᠨ ᠴᠠᠭ ᠲᠠᠭᠠᠨ ᠲᠣᠬᠢᠷᠠᠵᠤ᠂ ᠮᠠᠰᠢ ᠴᠢᠬᠤᠯᠠ ᠶᠤᠮ᠂ ᠪᠢ ᠪᠦᠷᠢᠮᠦᠰᠦᠨ ᠵᠥᠪᠰᠢᠶᠡᠷᠡᠨ᠎ᠡ᠃ ᠵᠠᠰᠠᠪᠤᠷᠢ ᠣᠷᠣᠭᠤᠯᠬᠤ ᠲᠥᠰᠥᠯ ᠳᠤ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠪᠦᠭᠦ ᠶᠠᠪᠤᠴᠠ ᠶᠢᠨ ᠠᠷᠠᠳ ᠤᠨ ᠠᠷᠠᠳᠴᠢᠯᠠᠯ ᠤᠨ ᠴᠢᠬᠤᠯᠠ ᠶᠡᠭᠡ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠭᠡᠬᠦ ᠡᠨᠡ ᠬᠦ ᠦᠨᠳᠦᠰᠦᠨ ᠴᠢᠨᠠᠷᠲᠠᠢ ᠱᠠᠭᠠᠷᠳᠠᠯᠭ᠎ᠠ ᠶᠢ ᠲᠣᠪᠤᠶᠢᠯᠭᠠᠨ ᠢᠯᠡᠷᠡᠭᠦᠯᠵᠦ᠂ ᠦᠨᠳᠦᠰᠦᠨ ᠬᠠᠤᠯᠢ ᠶᠣᠰᠣᠭᠠᠷ ᠤᠯᠤᠰ ᠢᠶᠠᠨ ᠵᠠᠰᠠᠬᠤ᠂ ᠦᠨᠳᠦᠰᠦᠨ ᠬᠠᠤᠯᠢ ᠶᠣᠰᠣᠭᠠᠷ ᠬᠠᠤᠯᠢ ᠲᠣᠭᠲᠠᠭᠠᠬᠤ ᠴᠢᠬᠤᠯᠠ ᠱᠠᠭᠠᠷᠳᠠᠯᠭ᠎ᠠ ᠶᠢ ᠲᠣᠪᠤᠶᠢᠯᠭᠠᠨ ᠢᠯᠡᠷᠡᠭᠦᠯᠵᠦ᠂ ᠬᠠᠤᠯᠢᠵᠢᠯ ᠤᠨ ᠵᠠᠮ ᠳᠡᠭᠡᠷ᠎ᠡ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ ᠶᠢ ᠲᠣᠪᠤᠶᠢᠯᠭᠠᠨ ᠢᠯᠡᠷᠡᠭᠦᠯᠵᠡᠢ᠂ ᠪᠠᠲᠤᠯᠠᠭᠳᠠᠭᠰᠠᠨ ᠤ ᠲᠠᠷᠠᠭ᠎ᠠ ᠨᠠᠮ ᠤᠨ ᠵᠣᠷᠢᠯᠲᠠ ᠪᠠ ᠠᠷᠠᠳ ᠲᠦᠮᠡᠨ ᠤ ᠵᠣᠷᠢᠭ ᠰᠠᠨᠠᠭ᠎ᠠ ᠶᠢ ᠤᠯᠤᠰ ᠤᠨ ᠵᠣᠷᠢᠭ ᠰᠠᠨᠠᠭ᠎ᠠ ᠪᠣᠯᠭᠠᠨ ᠬᠤᠪᠢᠷᠠᠭᠤᠯᠬᠤ ᠶᠢ ᠪᠠᠲᠤᠯᠠᠬᠤ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠪᠠ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠲᠦᠮᠵᠢᠲᠡᠢ ᠬᠡᠷᠡᠭᠵᠢᠭᠦᠯᠬᠦ ᠶᠢ ᠪᠠᠲᠤᠯᠠᠬᠤ ᠳᠤ ᠲᠦᠢᠯ ᠤᠨ ᠴᠢᠬᠤᠯᠠ ᠦᠢᠯᠡᠳᠦᠯ ᠦᠵᠡᠭᠦᠯᠭᠦ ᠨᠢ ᠯᠠᠪᠲᠠᠢ ᠶᠤᠮ᠃ ᠥᠪᠥᠷ ᠮᠣᠩᠭᠤᠯ ᠤᠨ ᠵᠠᠰᠠᠭ ᠤᠨ ᠣᠷᠳᠣᠨ ᠤ ᠰᠢᠰᠲ᠋ᠧᠮ ᠤᠨ ᠬᠢᠨ ᠯᠠᠪᠲᠠᠢ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠶᠢ ᠴᠥᠬᠦᠷᠡᠰᠢ ᠦᠭᠡᠢ ᠪᠠᠷᠢᠮᠲᠠᠯᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠬᠠᠤᠯᠢ ᠲᠣᠭᠲᠠᠭᠠᠬᠤ ᠬᠠᠤᠯᠢ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠬᠠᠮᠰᠠᠷ ᠠᠴᠠ ᠪᠠᠨ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠳᠦᠷᠢᠮ ᠢᠶᠠᠷ ᠠᠰᠠᠭᠤᠳᠠᠯ ᠢ ᠪᠣᠳᠣᠯᠬᠢᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠤᠴᠢᠷ ᠶᠠᠪᠤᠳᠠᠯ ᠬᠢᠵᠦ᠂ ᠤᠬᠠᠮᠰᠠᠷ ᠠᠴᠠ ᠪᠠᠨ ᠰᠡᠳᠬᠢᠯ ᠳᠡᠭᠡᠨ ᠬᠠᠤᠯᠢ ᠲᠠᠢ᠂ ᠦᠭᠡ ᠭᠡᠯᠡᠭᠦ ᠳᠡᠭᠡᠨ ᠬᠠᠤᠯᠢ ᠳᠤ ᠨᠡᠶᠢᠴᠡᠭᠦᠯᠬᠦ᠂ ᠰᠡᠳᠭᠢᠭᠦ ᠳᠡᠭᠡᠨ ᠬᠠᠤᠯᠢ ᠳᠤ ᠨᠡᠶᠢᠴᠡᠭᠦᠯᠬᠦ᠂ ᠦᠢᠯᠡ ᠠᠵᠢᠯᠯᠠᠭ᠎ᠠ ᠳᠡᠭᠡᠷ᠎ᠡ ᠪᠠᠨ ᠬᠠᠤᠯᠢ ᠶᠢ ᠵᠢᠷᠤᠮᠯᠠᠬᠤ ᠶᠢ ᠪᠡᠶᠡᠯᠡᠭᠦᠯᠵᠦ᠂ ᠡᠷᠬᠡ ᠲᠡᠭᠰᠢ᠂ ᠵᠢᠱᠢᠵᠦ ᠪᠣᠯᠬᠤᠶᠢᠴᠠ ᠬᠠᠤᠯᠢᠵᠢᠯ ᠤᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠶ ᠪᠤᠯᠭᠠᠵᠤ᠂ ᠥᠪᠥᠷ ᠮᠣᠩᠭᠤᠯ ᠤᠨ ᠲᠠᠪᠤᠨ ᠶᠡᠭᠡ ᠡᠭᠦᠷᠭᠡ ᠪᠠᠨ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠪᠡ᠃      ᠯᠢ ᠪᠢᠨ᠂ ᠵᠧᠩ ᠬᠤᠩ ᠹᠠᠨ᠂ ᠢᠦᠢ ᠯᠢ ᠰᠢᠨ᠂ ᠵᠠᠩ ᠱᠤᠤ ᠴᠦᠨ᠂ ᠶᠠᠩ ᠽᠥᠩ ᠷᠧᠨ᠂ ᠯᠢ ᠶᠦᠩ ᠵᠢᠶᠦ᠋ᠨ᠂ ᠶᠠᠨ ᠬᠤᠩ ᠸᠧᠢ᠂ ᠵᠢᠢ ᠶᠦᠩ ᠴᠢᠶᠠᠨ᠂ ᠸᠠᠩ ᡁᠢ ᠫᠢᠩ᠂ ᠵᠠᠩ ᠷᠦᠢ᠂ ᠴᠢ ᠹᠧᠢ ᠶᠦᠨ᠂ ᠶᠠᠨ ᠬᠤᠩ ᠭᠤᠸᠠᠩ᠂ ᠭᠦᠩ ᠮᠢᠩ ᠵᠦ᠂ ᠭᠦᠸᠧ ᠳ᠋ᠡ ᠶᠦᠩ᠂ ᠵᠤᠤ ᠬᠤᠢ ᠵᠢᠶᠧ᠂ ᠰᠢᠩ ᠵᠢᠶᠧ ᠬᠤᠩ᠂ ᠰᠢᠤᠸᠠᠢ ᡁᠢ ᠯᠦᠩ᠂ ᠴᠧᠨ ᠠᠢ ᠰᠢᠤᠸᠠᠢ᠂ ᠸᠠᠩ ᠵᠤᠤ ᠮᠢᠩ᠂ ᠱᠢ ᠢᠦᠢ ᠳ᠋ᠦᠩ᠂ ᠮᠧᠩ ᠹᠠᠨ ᠶᠢᠩ᠂ ᠬᠤ᠋ ᠬᠠᠢ ᠵᠢᠤᠸᠠᠨ᠂ ᠳ᠋ᠦ᠋ ᠬᠤᠢ ᠯᠢᠶᠠᠩ᠂ ᠰᠦᠬᠡ᠂ ᠾᠧ ᠬᠠᠢ ᠳ᠋ᠦᠩ᠂ ᠸᠠᠩ ᠵᠧᠨ᠂ ᠸᠠᠩ ᠸᠠᠩ ᠱᠧᠩ᠂ ᠯᠥᠸᠧ ᠴᠢᠩ᠂ ᠦ᠋ ᠶᠢᠩ᠂ ᠦ᠋ ᠬᠠᠢ ᠵᠢᠶᠦ᠋ᠨ᠂ ᠮᠧᠩ ᠳ᠋ᠠ ᠶᠢᠩ᠂ ᠯᠢ ᠸᠧᠨ ᠯᠢᠩ᠂ ᠰᠦᠨ ᠶᠢᠩ᠂ ᠭᠦᠩ ᠰᠢᠤᠸᠠᠢ ᠹᠧᠩ᠂ ᠸᠠᠩ ᠼᠠᠢ ᠶᠦᠨ᠂ ᠵᠠᠩ ᠵᠢᠢ ᠰᠢᠨ᠂ ᠵᠢᠦᠢ ᠱᠤ᠋ ᠸᠧᠨ᠂ ᠵᠤᠸᠠᠩ ᠾᠧ᠂ ᠯᠢᠦ ᠶᠠᠨ ᠪᠢᠩ ᠵᠡᠷᠭᠡ ᠲᠥᠯᠥᠭᠡᠯᠡᠭᠴᠢ ᠤᠷᠢᠳ ᠬᠤᠵᠢᠳ ᠦᠭᠡ ᠬᠡᠯᠡᠪᠡ᠃ ᠲᠥᠯᠥᠭᠡᠯᠡᠭᠴᠢᠳ᠂ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠲᠥᠰᠥᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠬᠠᠤᠯᠢ ᠲᠣᠭᠲᠠᠭᠠᠬᠤ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠦᠨᠳᠦᠰᠦᠨ ᠬᠠᠤᠯᠢ ᠪᠠᠷ ᠭᠤᠣᠯ ᠪᠤᠯᠭᠠᠬᠰᠠᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠴᠠᠭᠠᠵᠠ ᠶᠢᠨ ᠰᠢᠰᠲ᠋ᠧᠮ ᠢ ᠲᠡᠭᠦᠯᠳᠡᠷᠵᠢᠭᠦᠯᠬᠦ ᠲᠤᠬᠠᠢ ᠴᠢᠬᠤᠯᠠ ᠱᠠᠭᠠᠷᠳᠠᠯᠭ᠎ᠠ ᠶᠢ ᠭᠦᠢᠴᠡᠳ ᠢᠯᠡᠷᠡᠭᠦᠯᠵᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠠᠤᠯᠢᠵᠢᠯ ᠤᠨ ᠬᠦᠴᠦᠲᠦ ᠪᠠᠲᠤᠯᠠᠭ᠎ᠠ ᠬᠠᠩᠭᠠᠬᠤ ᠨᠢ ᠯᠠᠪᠲᠠᠢ ᠭᠡᠵᠦ ᠰᠠᠨᠠᠯ ᠨᠢᠭᠡᠲᠡᠢ ᠦᠵᠡᠵᠡᠭᠡᠵᠡᠢ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ