ᠡᠩ ᠤᠨ ᠦᠶ᠎ᠡ ᠳᠠᠬᠢ ᠮᠠᠯ ᠤᠨ ᠬᠠᠯᠳᠠᠪᠤᠷᠢᠲᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ
ᠨᠡᠶᠢᠲᠡᠯᠡᠭᠰᠡᠨ ᠴᠠᠭ᠄
2023/4/12
    ⒈ ᠠᠷᠠᠳᠴᠢᠯᠠᠯᠲᠠ ᠬᠠᠮᠢᠶᠠᠷᠤᠯᠲᠠ ᠶᠢ ᠴᠢᠩᠭᠠᠳᠬᠠᠨ ᠡᠷᠡᠭᠦᠯ ᠬᠠᠮᠠᠭᠠᠯᠠᠯ᠂ ᠠᠷᠢᠭᠤᠳᠬᠠᠬᠤ ᠠᠵᠢᠯ ᠢ ᠰᠠᠶᠢᠨ ᠬᠢᠵᠦ ᠮᠠᠯ ᠤᠨ ᠪᠡᠶ᠎ᠡ ᠶᠢᠨ ᠡᠰᠡᠷᠭᠦᠴᠡᠬᠦ ᠬᠦᠴᠦ ᠶᠢ ᠳᠡᠭᠡᠭᠰᠢᠯᠡᠭᠦᠯᠦᠨ᠂ ︽ᠥᠪᠡᠷᠲᠡᠭᠡᠨ ᠦᠷᠡᠵᠢᠭᠦᠯᠵᠦ ᠥᠪᠡᠷᠲᠡᠭᠡᠨ ᠠᠷᠠᠴᠢᠯᠠᠬᠤ︾ ᠵᠠᠷᠴᠢᠮ ᠢ ᠪᠠᠷᠢᠮᠲᠠᠯᠠᠵᠤ᠂ ᠡᠪᠡᠳᠴᠢᠨ ᠬᠢᠵᠢᠭ ᠤᠨ ᠬᠠᠯᠳᠠᠪᠤᠷᠢᠯᠠᠬᠤ ᠶᠢ ᠪᠠᠭᠠᠰᠬᠠᠬᠤ ᠬᠡᠷᠡᠭᠲᠡᠢ᠃     ⒉ ᠲᠣᠭᠲᠠᠭᠰᠠᠨ ᠬᠤᠭᠤᠴᠠᠭᠠᠨ ᠳᠤ ᠡᠭᠡᠯᠢᠯᠡᠭᠡ ᠶᠢᠨ ᠲᠠᠷᠢᠯᠭ᠎ᠠ ᠪᠠ ᠨᠥᠬᠦᠪᠦᠷᠢ ᠲᠠᠷᠢᠯᠭ᠎ᠠ ᠬᠢᠬᠦ ᠲᠥᠯᠥᠪᠯᠡᠭᠡ ᠲᠣᠭᠲᠠᠭᠠᠵᠤ ᠬᠡᠷᠡᠭᠵᠢᠭᠦᠯᠦᠨ᠎ᠡ᠃     ⒊ ᠠᠷᠢᠭᠤᠳᠬᠠᠬᠤ᠂ ᠬᠤᠷᠣᠬᠠᠢ ᠪᠠ ᠬᠤᠯᠤᠭᠠᠨ᠎ᠠ ᠶᠢ ᠤᠰᠠᠳᠬᠠᠬᠤ ᠠᠵᠢᠯ ᠢ ᠰᠠᠶᠢᠨ ᠬᠢᠵᠦ ᠪᠠᠭᠠᠰᠤ ᠰᠢᠭᠡᠰᠦ ᠶᠢ ᠨᠢ ᠠᠶᠤᠯ ᠦᠭᠡᠢ ᠰᠢᠢᠳᠪᠦᠷᠢᠯᠡᠨ᠎ᠡ᠃     ⒋ ᠤᠯᠤᠰ ᠤᠨ ᠬᠢᠯᠢ ᠶᠢᠨ ᠬᠢᠵᠢᠭ ᠤᠨ ᠪᠠᠶᠢᠴᠠᠭᠠᠯᠲᠠ᠂ ᠵᠠᠮ ᠬᠠᠷᠢᠯᠴᠠᠭᠠᠨ ᠤ ᠬᠢᠵᠢᠭ ᠤᠨ ᠪᠠᠶᠢᠴᠠᠭᠠᠯᠲᠠ᠂ ᠵᠠᠬ᠎ᠠ ᠳᠡᠯᠭᠡᠭᠦᠷ ᠤᠨ ᠬᠢᠵᠢᠭ ᠤᠨ ᠪᠠᠶᠢᠴᠠᠭᠠᠯᠲᠠ ᠵᠡᠷᠭᠡ ᠠᠵᠢᠯ ᠢ ᠨᠠᠷᠢᠨ ᠬᠢᠨᠠᠮᠠᠭᠠᠢ ᠬᠢᠵᠦ᠂ ᠬᠠᠯᠳᠠᠪᠤᠷᠢ ᠶᠢᠨ ᠡᠬᠢ ᠶᠢ ᠴᠠᠭ ᠲᠤᠬᠠᠢ ᠳᠤ ᠨᠢ ᠮᠡᠳᠡᠵᠤ ᠤᠰᠠᠳᠬᠠᠬᠤ ᠬᠡᠷᠡᠭᠲᠡᠢ᠃     ⒌ ᠡᠯ᠎ᠡ ᠭᠠᠵᠠᠷ ᠤᠨ ᠮᠠᠯ ᠡᠮᠨᠡᠯᠭᠡ ᠶᠢᠨ ᠪᠠᠶᠢᠭᠤᠯᠭ᠎ᠠ ᠲᠤᠬᠠᠢ ᠶᠢᠨ ᠭᠠᠵᠠᠷ ᠤᠨ ᠡᠪᠡᠳᠴᠢᠨ ᠬᠢᠵᠢᠭ ᠤᠨ ᠲᠠᠷᠬᠠᠯᠲᠠ ᠶᠢ ᠰᠤᠳᠤᠯᠤᠨ᠂ ᠵᠡᠷᠭᠡᠯᠡᠳᠡᠭᠡ ᠣᠷᠣᠨ ᠢ ᠵᠣᠬᠢᠶᠠᠨ ᠪᠠᠶᠢᠭᠤᠯᠵᠤ᠂ ᠮᠠᠯ ᠤᠨ ᠬᠠᠯᠳᠠᠪᠤᠷᠢᠲᠤ ᠡᠪᠡᠳᠴᠢᠨ ᠢ ᠬᠤᠯᠪᠤᠭᠠᠯᠠᠨ ᠰᠡᠷᠭᠡᠶᠢᠯᠡᠵᠦ᠂ ᠡᠳᠡᠭᠡᠷ ᠡᠪᠡᠳᠴᠢᠨ ᠢ ᠲᠥᠯᠥᠪᠯᠡᠭᠡ ᠲᠠᠢ ᠪᠠᠷ ᠤᠰᠠᠳᠬᠠᠬᠤ ᠪᠠ ᠬᠢᠵᠠᠭᠠᠷᠯᠠᠬᠤ᠂ ᠭᠠᠳᠠᠨ᠎ᠠ ᠠᠴᠠ ᠡᠪᠡᠳᠴᠢᠨ ᠬᠢᠵᠢᠭ ᠣᠷᠣᠵᠤ ᠢᠷᠡᠬᠦ ᠶᠢ ᠰᠡᠷᠭᠡᠶᠢᠯᠡᠨ᠎ᠡ᠃   
ᠢᠷᠡᠯᠲᠡ᠄ ᠦᠦᠰᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ