︽95 ᠣᠨ ᠠᠴᠠ ᠬᠤᠶᠢᠰᠢ ᠲᠦᠷᠦᠭᠰᠡᠨ︾ ᠣᠶᠤᠲᠠᠨ ᠨᠤᠲᠤᠭ ᠲᠠᠭᠠᠨ ᠬᠠᠷᠢᠵᠤ ᠭᠤᠸᠠ ᠶᠢᠨ ᠲᠠᠷᠢᠶᠠᠴᠢᠨ ᠪᠣᠯᠪᠠ
ᠨᠡᠶᠢᠲᠡᠯᠡᠭᠰᠡᠨ ᠴᠠᠭ᠄
2023/4/18
      ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠤᠭᠰᠠᠨ ᠠᠴᠠ ᠮᠠᠰᠢ ᠤᠯᠠᠨ ᠬᠥᠮᠦᠨ ᠬᠥᠳᠡᠭᠡ ᠲᠣᠰᠬᠤᠨ ᠳᠤ ᠬᠦᠷᠴᠦ ᠦᠢᠯᠡᠰ ᠪᠤᠰᠬᠠᠬᠤ ᠳᠤ ᠥᠷᠭᠡᠨ ᠠᠭᠤᠳᠠᠮ ᠣᠷᠣᠨ ᠵᠠᠢ ᠶᠢ ᠨᠡᠭᠡᠭᠡᠨ ᠥᠭᠴᠦ᠂ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠨᠢ ᠤᠯᠠᠮ ᠠᠴᠠ ᠤᠯᠠᠨ ᠵᠠᠯᠠᠭᠤᠴᠤᠳ ᠤᠨ ᠰᠣᠩᠭᠤᠯᠲᠠ ᠪᠣᠯᠪᠠ᠃      ᠤᠷᠠᠳ ᠤᠨ ᠡᠮᠦᠨᠡᠲᠦ ᠬᠤᠰᠢᠭᠤᠨ ᠤ ᠮᠤᠨᠠ ᠠᠭᠤᠯᠠ ᠪᠠᠯᠭᠠᠰᠤᠨ ᠤ ᠯᠢᠶᠠᠨ ᠭᠤᠸᠠᠩ ᠲᠣᠰᠬᠤᠨ ᠤ ︽95 ᠣᠨ ᠠᠴᠠ ᠰᠡᠭᠦᠯᠡᠷ ᠲᠦᠷᠦᠭᠰᠡᠨ︾ ᠬᠡᠦᠬᠡᠨ ᠶᠤᠸᠠᠨ ᠬᠤᠩ ᠬᠤᠳᠠ ᠶᠢᠨ ᠢᠶᠠᠨ ᠳᠠᠪᠠᠭᠤᠯᠢᠭ ᠨᠥᠬᠦᠴᠡᠯ ᠪᠠ ᠠᠵᠢᠯ ᠢᠶᠠᠨ ᠬᠠᠶᠠᠵᠤ᠂ ᠨᠤᠲᠤᠭ ᠲᠠᠭᠠᠨ ᠬᠠᠷᠢᠵᠤ ᠭᠤᠸᠠ ᠶᠢᠨ ᠲᠠᠷᠢᠶᠠᠴᠢᠨ ᠪᠤᠯᠵᠤ᠂ ᠬᠥᠳᠡᠭᠡ ᠨᠤᠲᠤᠭ ᠤᠨ ᠰᠢᠨ᠎ᠡ ᠠᠮᠢᠳᠤᠷᠠᠯ ᠢᠶᠠᠨ ᠡᠬᠢᠯᠡᠭᠦᠯᠪᠡ᠃      ︽ᠶᠡᠭᠡ ᠰᠤᠷᠭᠠᠭᠤᠯᠢ ᠲᠡᠭᠦᠰᠦᠭᠰᠡᠨ ᠤ ᠳᠠᠷᠠᠭ᠎ᠠ ᠪᠢ ᠭᠠᠳᠠᠨ᠎ᠠ ᠬᠡᠳᠦᠨ ᠵᠢᠯ ᠠᠵᠢᠯᠯᠠᠪᠠ᠂ ᠨᠢᠳᠤᠨᠤᠨ ᠨᠤᠲᠤᠭ ᠤᠨ ᠢᠶᠠᠨ ᠲᠦᠬᠦᠭᠡᠷᠤᠮᠵᠢᠳᠤ ᠲᠠᠷᠢᠶᠠᠯᠠᠩ ᠤᠨ ᠬᠥᠭᠵᠢᠯᠲᠡ ᠮᠠᠰᠢ ᠰᠠᠶᠢᠨ ᠭᠡᠵᠦ ᠰᠣᠨᠣᠰᠤᠭᠠᠳ ᠪᠢ ᠠᠪᠤ ᠡᠵᠢ ᠪᠠᠨ ᠬᠠᠪᠰᠤᠷᠤᠨ  ᠠᠮᠲᠠᠲᠤ ᠬᠡᠮᠬᠡ ᠶᠢᠨ ᠠᠵᠤ ᠦᠢᠯᠡᠰ ᠢ ᠡᠵᠡᠩᠨᠡᠬᠦ ᠪᠠᠷ ᠲᠣᠭᠲᠠᠵᠠᠶ᠃ ᠣᠳᠣ ᠶᠢᠨ ᠲᠠᠷᠢᠶᠠᠯᠠᠩ ᠤᠨ ᠲᠠᠷᠢᠮᠠᠯ ᠤᠨ ᠣᠯᠠᠩᠬᠢ ᠨᠢ ᠪᠦᠷ ᠮᠧᠬᠠᠨᠢᠭᠵᠢᠯᠲᠠ ᠶᠢ ᠪᠡᠶᠡᠯᠡᠭᠦᠯᠵᠦ᠂ ᠬᠠᠷᠢᠵᠤ ᠢᠷᠡᠭᠡᠳ ᠭᠤᠸᠠ ᠲᠠᠷᠢᠬᠤ ᠨᠢ ᠪᠠᠰᠠ ᠨᠡᠯᠢᠶᠡᠳ ᠠᠮᠠᠷᠬᠠᠨ᠂ ᠦᠷ᠎ᠡ ᠠᠰᠢᠭ ᠪᠠ ᠢᠷᠡᠭᠡᠳᠦᠶ ᠪᠦᠷ ᠨᠡᠯᠢᠶᠡᠳ ᠰᠠᠶᠢᠨ ᠪᠠᠶᠢᠨ᠎ᠠ︾ ᠭᠡᠵᠦ ᠶᠤᠸᠠᠨ ᠬᠤᠩ ᠬᠡᠯᠡᠨ᠎ᠡ᠃      ᠶᠤᠸᠠᠨ ᠬᠤᠩ ᠡᠨᠡ ᠵᠢᠯ 83 ᠬᠦᠯᠡᠮᠵᠢ ᠡᠵᠡᠩᠨᠡᠵᠦ᠂ 107 ᠮᠦ ᠶᠢᠨ ᠠᠮᠲᠠᠲᠤ ᠬᠡᠮᠬᠡ ᠲᠠᠷᠢᠬᠤ ᠪᠠᠷ ᠪᠠᠶᠢᠨ᠎ᠠ᠃ ᠡᠨᠡ ᠬᠤᠶᠠᠷ ᠡᠳᠦᠷ᠂ ᠲᠡᠷᠡ ᠡᠳᠦᠷ ᠪᠦᠷᠢ 40 ᠰᠢᠬᠠᠮ ᠭᠷᠠᠳᠦ᠋ᠰ ᠤᠨ ᠬᠦᠯᠡᠮᠵᠢ ᠳᠤ ᠰᠠᠭᠤᠵᠤ᠂ ᠠᠵᠢᠯᠴᠢᠳ ᠲᠠᠢ ᠬᠠᠮᠲᠤ ᠬᠥᠳᠡᠯᠮᠦᠷᠢᠯᠡᠵᠦ᠂ ᠲᠡᠭᠡᠭᠡᠵᠦ ᠪᠠᠭᠤᠯᠭᠠᠬᠤ᠂ ᠵᠦᠭᠡᠭᠡᠪᠦᠷᠢᠯᠡᠬᠦ᠂ ᠵᠠᠶᠢᠯᠠᠬᠤ᠂ ᠰᠢᠷᠣᠢ ᠳᠠᠷᠤᠬᠤ ᠳᠤ ᠣᠷᠤᠯᠴᠠᠵᠤ᠂ ᠠᠵᠢᠯ ᠪᠣᠯᠭᠠᠨ ᠳᠠᠭᠠᠨ ᠴᠠᠭᠠᠷᠠᠭᠰᠠᠨ ᠬᠥᠮᠦᠨ ᠰᠢᠭ ᠪᠠᠶᠢᠯ᠎ᠠ᠃ ᠣᠲᠣ ᠲᠡᠷᠡ ᠨᠢᠭᠡ ᠲᠠᠯ᠎ᠠ ᠪᠠᠷ ᠬᠡᠷᠬᠢᠨ ᠰᠢᠨᠵᠢᠯᠡᠬᠦ ᠤᠬᠠᠭᠠᠨᠴᠢ ᠪᠦᠭᠡᠳ ᠥᠨᠳᠥᠷ ᠪᠦᠲᠦᠮᠵᠢᠲᠡᠶ ᠪᠠᠷ ᠲᠠᠷᠢᠶ᠎ᠠ ᠳᠠᠷᠢᠬᠤ ᠶᠢ ᠰᠤᠷᠤᠯᠴᠠᠵᠤ᠂ ᠨᠥᠭᠦᠭᠡ ᠲᠠᠯ᠎ᠠ ᠪᠠᠷ ᠪᠠᠰᠠ ᠣᠬᠤᠷ ᠸᠢᠳᠢᠣ᠋ ᠪᠠᠷ ᠰᠡᠭᠦᠳᠡᠷᠯᠡᠬᠦ᠂ ᠨᠠᠶᠢᠷᠠᠭᠤᠯᠬᠤ ᠶᠢ ᠰᠤᠷᠴᠤ᠂ ᠰᠦᠯᠵᠢᠶᠡᠨ ᠤ ᠬᠦᠴᠦᠨ ᠳᠤ ᠲᠦᠰᠢᠭᠯᠡᠨ ᠲᠤᠬᠠᠶ ᠶᠢᠨ ᠭᠠᠵᠠᠷ ᠤᠨ ᠠᠮᠲᠠᠲᠤ ᠬᠡᠮᠬᠡ ᠶᠢᠨ ᠨᠠᠷᠠᠲᠤ ᠲᠡᠮᠳᠡᠭ ᠢ ᠡᠭᠦᠳᠬᠦ ᠶᠢ ᠬᠦᠰᠡᠵᠦ ᠪᠠᠶᠢᠪᠠ᠃ ᠡᠶᠢᠮᠦ ᠶᠠᠭᠠᠷᠠᠦ ᠰᠢᠨ᠎ᠡ ᠲᠠᠷᠢᠶᠠᠴᠢᠨ ᠤ ᠠᠮᠢᠳᠤᠷᠠᠯ ᠨᠢ ᠲᠡᠭᠦᠨ ᠤ ᠡᠳᠦᠷ ᠪᠦᠷᠢ ᠶᠢᠨ ᠠᠮᠢᠳᠤᠷᠠᠯ ᠢ ᠲᠡᠭᠦᠯᠳᠡᠷ ᠮᠥᠷᠲᠡᠭᠡᠨ ᠪᠠᠶᠠᠷᠲᠠᠶ  ᠪᠣᠯᠭᠠᠭᠰᠠᠨ ᠪᠠᠶᠢᠨ᠎ᠠ᠃     ᠡᠨᠡ ᠬᠡᠰᠡᠭ ᠬᠤᠭᠤᠴᠠᠭᠠᠨ ᠳᠤ ᠭᠤᠸᠠ ᠶᠢᠨ ᠴᠢᠬᠢ ᠶᠢ ᠰᠢᠯᠵᠢᠭᠦᠯᠦᠨ ᠵᠠᠶᠢᠯᠠᠵᠤ ᠪᠠᠶᠢᠨ᠎ᠠ᠂ ᠶᠤᠸᠠᠨ ᠬᠤᠩ ᠡᠳᠦᠷ ᠪᠦᠷᠢ 40 ᠭᠠᠷᠤᠢ ᠲᠣᠰᠬᠤᠨ ᠤ ᠠᠷᠠᠳ ᠢ ᠬᠥᠯᠥᠰᠥᠯᠡᠵᠦ᠂ ᠴᠠᠯᠢᠩ  ᠢ ᠨᠢ ᠡᠳᠦᠷ  ᠲᠤ ᠪᠤᠳᠤᠵᠤ᠂  ᠤᠯᠠᠨ ᠲᠦᠮᠡᠨ ᠢ ᠢᠯᠡᠭᠦᠦ ᠨᠢᠭᠡ ᠬᠤᠪᠢ ᠣᠷᠣᠯᠭ᠎ᠠ ᠲᠠᠢ  ᠪᠣᠯᠭᠠᠪᠠ᠃ ᠶᠤᠸᠠᠨ ᠬᠤᠩ ᠥᠪᠡᠷ ᠢᠶᠠᠨ ᠦᠰᠦᠨ ᠪᠤᠶᠢᠵᠢᠬᠤ ᠶᠢᠨ ᠵᠡᠷᠭᠡ ᠪᠠᠷ ᠡᠷᠬᠢᠨ ᠲᠣᠭᠤᠷᠢᠨ ᠤ ᠲᠣᠰᠬᠤᠨ ᠤ ᠠᠷᠠᠳ ᠢ ᠲᠠᠶᠢᠴᠢᠯᠠᠨ ᠤᠢᠢᠷ᠎ᠠ ᠬᠠᠪᠢ ᠳᠠᠭᠠᠨ ᠬᠥᠯᠥᠰᠥᠨ ᠠᠵᠢᠯ ᠬᠢᠯᠭᠡᠵᠦ ᠣᠷᠣᠯᠭ᠎ᠠ ᠶᠢ ᠨᠢ ᠨᠡᠮᠡᠭᠳᠡᠭᠦᠯᠵᠦ᠂ ᠠᠵᠤ ᠦᠢᠯᠡᠰ  ᠢᠶᠠᠨ ᠬᠦᠰᠡᠯ ᠡᠷᠡᠮᠡᠯᠵᠡᠯ ᠪᠢᠯᠬᠠᠮ᠎ᠠ ᠴᠣᠭᠴᠠᠯᠠᠵᠤ ᠪᠠᠶᠢᠯ᠎ᠠ᠃     ︽ᠠᠮᠲᠠᠲᠤ ᠬᠡᠮᠬᠡ ᠪᠣᠯᠪᠠᠰᠤᠷᠠᠬᠤ ᠦᠶ᠎ᠡ ᠳᠤ ᠪᠢ ᠪᠠᠰᠠ ᠨᠢᠭᠡ ᠪᠦᠯᠦᠭ ᠲᠣᠰᠬᠤᠨ ᠤ ᠠᠷᠠᠳ ᠢ ᠬᠥᠯᠥᠰᠥᠯᠡᠵᠦ  ᠲᠡᠭᠦᠯᠭᠡᠨ᠎ᠡ᠃ ᠡᠭᠦᠨ ᠤ ᠬᠠᠮᠲᠤ᠂ ᠰᠦᠯᠵᠢᠶᠡᠨ ᠤ ᠲᠠᠪᠴᠠᠩ ᠢ ᠠᠰᠢᠭᠯᠠᠨ᠂ ᠣᠬᠤᠷ ᠸᠢᠳᠢᠣ᠋᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠪᠣᠷᠤᠯᠠᠭᠤᠯᠬᠤ ᠵᠡᠷᠭᠡ ᠠᠷᠭ᠎ᠠ ᠬᠡᠯᠪᠡᠷᠢ ᠶᠢ ᠠᠰᠢᠭᠯᠠᠨ᠂ ᠮᠠᠨ ᠤ ᠠᠮᠲᠠᠲᠤ ᠬᠡᠮᠬᠡ ᠶᠢᠨ ᠲᠥᠷᠥᠯ ᠲᠡᠮᠳᠡᠭ ᠢᠶᠠᠨ ᠳᠡᠯᠭᠡᠷᠡᠭᠦᠯᠵᠦ᠂ ᠪᠣᠷᠣᠯᠠᠭᠤᠯᠭ᠎ᠠ ᠶᠢᠨ ᠵᠠᠮ ᠢᠶᠠᠨ ᠤᠯᠠᠮ ᠨᠢᠭᠡ ᠠᠯᠬᠤᠮ ᠥᠷᠭᠡᠳᠬᠡᠨ᠂ ᠦᠷ᠎ᠡ ᠠᠰᠢᠭ ᠢᠶᠠᠨ ᠨᠡᠮᠡᠭᠳᠡᠭᠦᠯᠬᠦ ᠶᠢᠨ ᠤᠯᠠᠮ ᠠᠴᠠ ᠨᠠᠩ ᠣᠯᠠᠨ ᠲᠣᠰᠬᠤᠨ ᠤ ᠠᠷᠠᠳ ᠢ ᠳᠠᠶᠢᠴᠢᠯᠠᠨ ᠡᠨᠡ ᠬᠦ ᠤᠨᠴᠠᠯᠢᠬᠳᠤ ᠠᠵᠤ ᠦᠢᠯᠡᠰ ᠲᠤ ᠲᠦᠰᠢᠭᠯᠡᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠬᠦᠰᠡᠵᠦ ᠪᠠᠶᠢᠨ᠎ᠠ︾ ᠭᠡᠵᠦ ᠶᠤᠸᠠᠨ ᠬᠤᠩ ᠬᠡᠯᠡᠪᠡ᠃     ᠭᠠᠵᠠᠷ ᠰᠢᠷᠣᠢ ᠤᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠵᠤ᠂ ᠡᠯᠪᠡᠭ ᠬᠤᠷᠢᠶᠠᠯᠲᠠ ᠣᠯᠵᠤ ᠣᠷᠣᠯᠭ᠎ᠠ ᠪᠠᠨ ᠨᠡᠮᠡᠭᠳᠡᠭᠦᠯᠬᠦ ᠵᠣᠷᠢᠯᠭ᠎ᠠ ᠳᠤ ᠬᠦᠷᠬᠦ ᠶᠢᠨ ᠲᠥᠯᠥᠭᠡ᠂ ᠶᠤᠸᠠᠨ ᠬᠤᠩ ᠪᠠᠰᠠ ᠠᠮᠲᠠᠲᠤ ᠬᠡᠮᠬᠡ ᠲᠡᠭᠦᠵᠦ ᠪᠠᠷᠠᠭᠰᠠᠨ ᠤ ᠳᠠᠷᠠᠭ᠎ᠠ ᠯᠠᠵᠤᠤ ᠲᠠᠷᠢᠬᠤ ᠪᠠᠷ ᠲᠥᠯᠥᠪᠯᠡᠵᠦ  ᠪᠠᠶᠢᠨ᠎ᠠ᠃ ︽ᠲᠡᠷᠡ ᠦᠶ᠎ᠡ ᠳᠤ ᠦᠨ᠎ᠡ ᠬᠠᠩᠰᠢ ᠨᠢ ᠰᠠᠶᠢᠨ ᠪᠣᠯ ᠰᠢᠭᠤᠳ ᠪᠣᠷᠣᠯᠠᠭᠤᠯᠵᠤ ᠭᠠᠷᠭᠠᠨ᠎ᠠ᠂ ᠬᠡᠷᠪᠡ ᠦᠨ᠎ᠡ ᠨᠢ ᠰᠠᠨᠠᠭᠠᠨ ᠳᠤ ᠬᠥᠷᠬᠦ ᠥᠬᠡᠶ ᠪᠣᠯ ᠨᠢᠳᠤᠨᠤᠨ ᠵᠢᠯ ᠤᠨ ᠡᠴᠦᠰ ᠲᠤ ᠪᠢᠳᠡ ᠪᠠᠰᠠ 3000 ᠭᠠᠷᠤᠶ ᠪᠣᠰᠤᠭ᠎ᠠ ᠳᠥᠷᠪᠡᠯᠵᠢᠨ ᠮᠧᠲᠷ ᠤᠨ  ᠭᠦᠢᠲᠡᠨ ᠰᠣᠷᠭᠤᠭ ᠬᠥᠮᠥᠷᠭᠡ ᠪᠠᠶᠢᠭᠤᠯᠪᠠ᠃ ᠯᠠᠵᠤᠤ ᠶᠢ ᠬᠠᠳᠠᠭᠠᠯᠠᠵᠤ᠂ ᠣᠷᠭᠢᠯ ᠢ ᠵᠥᠷᠢᠭᠦᠯᠦᠨ ᠵᠠᠬ᠎ᠠ ᠳᠡᠯᠭᠡᠭᠦᠷ ᠲᠤ ᠭᠠᠷᠭᠠᠵᠤ᠂ ᠠᠰᠢᠭ ᠣᠷᠣᠯᠭ᠎ᠠ ᠶᠢ ᠨᠡᠮᠡᠭᠳᠡᠭᠦᠯᠦᠨ᠎ᠡ︾  ᠭᠡᠵᠦ ᠶᠤᠸᠠᠨ ᠬᠤᠩ ᠲᠦᠯᠦᠪᠯᠡᠵᠦ  ᠪᠠᠶᠢᠨ᠎ᠠ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ