ᠬᠤᠭᠤᠴᠠᠭ᠎ᠠ ᠦᠩᠭᠡᠷᠡᠭᠰᠡᠨ ᠲᠠᠷᠢᠶᠠᠨ ᠡᠮ ᠢ ᠬᠡᠷᠡᠭᠯᠡᠵᠦ ᠪᠣᠯᠤᠨ᠎ᠠ ᠤᠤ
ᠨᠡᠶᠢᠲᠡᠯᠡᠭᠰᠡᠨ ᠴᠠᠭ᠄
2023/4/18
     ︽ᠬᠤᠭᠤᠴᠠᠭ᠎ᠠ ᠦᠩᠭᠡᠷᠡᠭᠰᠡᠨ ᠲᠠᠷᠢᠶᠠᠨ ᠡᠮ︾ ᠨᠢ ︽ᠬᠠᠭᠤᠷᠮᠠᠭ ᠲᠠᠷᠢᠶᠠᠨ ᠡᠮ︾ ᠪᠣᠶᠣ ︽ᠴᠢᠨᠠᠷ ᠮᠠᠭᠤ ᠲᠠᠷᠢᠶᠠᠨ ᠡᠮ︾ ᠪᠢᠰᠢ᠂ ᠡᠶᠢᠮᠦ ᠠᠴᠠ ᠲᠠᠰᠤᠷᠬᠠᠢ ᠬᠡᠷᠡᠭᠯᠡᠵᠦ ᠪᠣᠯᠬᠤ ᠦᠭᠡᠢ ᠪᠢᠰᠢ᠃ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠬᠤᠶᠢᠨ᠎ᠠ ᠰᠢᠨᠵᠢᠯᠡᠬᠦ ᠤᠬᠠᠭᠠᠨᠴᠢ ᠬᠡᠷᠡᠭᠯᠡᠯᠲᠡ ᠶᠢᠨ ᠠᠷᠭ᠎ᠠ ᠪᠠᠷ ᠣᠯᠠᠩᠬᠢ ᠬᠤᠭᠤᠴᠠᠭ᠎ᠠ ᠦᠩᠭᠡᠷᠡᠭᠰᠡᠨ ᠲᠠᠷᠢᠶᠠᠨ ᠡᠮ ᠨᠢ ᠮᠦᠨ ᠴᠦ ᠵᠣᠬᠢᠬᠤ ᠬᠡᠷᠡᠭᠯᠡᠭᠡᠨ ᠤ ᠦᠨ᠎ᠡ ᠦᠷᠳᠡᠭ ᠲᠠᠢ ᠶᠤᠮ᠃ ᠮᠠᠨ ᠤ ᠤᠯᠤᠰ ᠤᠨ ︽ᠲᠠᠷᠢᠶᠠᠨ ᠡᠮ ᠤᠨ ᠬᠠᠮᠢᠶᠠᠷᠤᠯᠲᠠ ᠶᠢᠨ ᠳᠦᠷᠢᠮ︾ ᠶᠢᠨ 23 ᠳ᠋ᠤᠭᠠᠷ ᠵᠣᠷᠪᠤᠰ ᠲᠤ ᠲᠣᠭᠲᠠᠭᠠᠭᠰᠠᠨ ᠢᠶᠠᠷ ︽ᠪᠦᠲᠦᠭᠡᠭᠳᠡᠭᠦᠨ ᠤ ᠶᠠᠰᠤ ᠴᠢᠨᠠᠷ ᠢ ᠪᠠᠲᠤᠯᠠᠭᠰᠠᠨ ᠬᠤᠭᠤᠴᠠᠭ᠎ᠠ ᠠᠴᠠ ᠦᠩᠭᠡᠷᠡᠭᠰᠡᠨ ᠲᠠᠷᠢᠶᠠᠨ ᠡᠮ ᠤᠨ ᠪᠦᠲᠦᠭᠡᠭᠳᠡᠭᠦᠨ ᠢ ᠮᠤᠵᠢ ᠶᠢᠨ ᠳᠡᠰ ᠠᠴᠠ ᠳᠡᠭᠡᠭᠰᠢ ᠠᠷᠠᠳ ᠤᠨ ᠵᠠᠰᠠᠭ ᠤᠨ ᠣᠷᠳᠤᠨ ᠤ ᠭᠤᠣᠯᠯᠠᠨ ᠬᠠᠮᠢᠶᠠᠷᠴᠤ ᠰᠠᠯᠠᠭ᠎ᠠ ᠮᠦᠴᠢᠷ ᠲᠤ ᠬᠠᠷᠢᠶᠠᠯᠠᠭᠳᠠᠬᠤ ᠲᠠᠷᠢᠶᠠᠨ ᠡᠮ ᠢ ᠰᠢᠯᠭᠠᠨ ᠲᠣᠭᠲᠠᠭᠠᠬᠤ ᠪᠠᠶᠢᠭᠤᠯᠤᠮᠵᠢ ᠶᠢᠨ ᠰᠢᠯᠭᠠᠨ ᠪᠠᠶᠢᠴᠠᠭᠠᠯᠲᠠ ᠪᠠᠷ ᠳᠠᠮᠵᠢᠵᠤ᠂ ᠪᠠᠷᠢᠮᠵᠢᠶ᠎ᠠ ᠳᠤ ᠨᠡᠶᠢᠴᠡᠭᠰᠡᠨ ᠪᠣᠯ ᠲᠣᠭᠲᠠᠭᠰᠠᠨ ᠬᠤᠭᠤᠴᠠᠭᠠᠨ ᠳᠤ ᠪᠣᠷᠤᠯᠠᠭᠤᠯᠵᠤ ᠪᠣᠯᠤᠨ᠎ᠠ᠃ ᠭᠡᠪᠡᠴᠦ ᠳᠡᠭᠡᠷ᠎ᠡ ᠨᠢ ᠡᠷᠬᠡᠪᠰᠢ ︿ᠬᠤᠭᠤᠴᠠᠭ᠎ᠠ ᠦᠩᠭᠡᠷᠡᠭᠰᠡᠨ ᠲᠠᠷᠢᠶᠠᠨ ᠡᠮ﹀ ᠭᠡᠰᠡᠨ ᠲᠣᠲᠤᠷᠬᠠᠶᠢᠯᠠᠯᠲᠠ ᠪᠠᠶᠢᠬᠤ ᠬᠡᠷᠡᠭᠲᠡᠢ ᠪᠦᠭᠡᠳ ᠬᠡᠷᠡᠭᠯᠡᠬᠦ ᠠᠷᠭ᠎ᠠ ᠬᠡᠮᠵᠢᠶ᠎ᠡ ᠪᠠᠶᠢᠪᠠᠯ ᠵᠤᠬᠢᠨ᠎ᠠ︾᠃ ᠰᠢᠯᠭᠠᠨ ᠪᠠᠶᠢᠴᠠᠭᠠᠭᠠᠳ ᠪᠠᠷᠢᠮᠵᠢᠶ᠎ᠠ ᠳᠤ ᠨᠡᠶᠢᠴᠡᠬᠦ ᠦᠭᠡᠢ ᠬᠤᠭᠤᠴᠠᠭ᠎ᠠ ᠦᠩᠭᠡᠷᠡᠭᠰᠡᠨ ᠲᠠᠷᠢᠶᠠᠨ ᠡᠮ ᠢ ᠮᠠᠨ ᠤ ᠤᠯᠤᠰ ᠤᠨ ︽ᠲᠠᠷᠢᠶᠠᠨ ᠡᠮ ᠤᠨ ᠬᠠᠮᠢᠶᠠᠷᠤᠯᠲᠠ ᠶᠢᠨ ᠳᠦᠷᠢᠮ︾ ᠶᠢᠨ 39 ᠳ᠋ᠦ᠋ᠭᠡᠷ ᠵᠣᠷᠪᠤᠰ ᠤᠨ ᠲᠣᠭᠲᠠᠭᠠᠯ ᠢᠶᠠᠷ ︽ᠬᠠᠭᠤᠷᠮᠠᠭ ᠲᠠᠷᠢᠶᠠᠨ ᠡᠮ᠂ ᠴᠢᠨᠠᠷ ᠮᠠᠭᠤ ᠲᠠᠷᠢᠶᠠᠨ ᠡᠮ᠂ ᠬᠤᠭᠤᠴᠠᠭ᠎ᠠ ᠦᠩᠭᠡᠷᠡᠭᠰᠡᠨ ᠬᠡᠷᠡᠭᠯᠡᠭᠡᠨ ᠠᠴᠠ ᠭᠠᠷᠭᠠᠭᠰᠠᠨ ᠲᠠᠷᠢᠶᠠᠨ ᠡᠮ᠂ ᠴᠠᠭᠠᠵᠠᠯᠠᠭᠰᠠᠨ ᠲᠠᠷᠢᠶᠠᠨ ᠡᠮ᠂ ᠬᠠᠶᠠᠭᠳᠠᠮᠠᠯ ᠲᠠᠷᠢᠶᠠᠨ ᠡᠮ ᠤᠨ ᠪᠣᠭᠤᠯᠲᠠ ᠪᠠ ᠪᠣᠰᠤᠳ ᠲᠠᠷᠢᠶᠠᠨ ᠡᠮ ᠠᠭᠤᠯᠤᠭᠰᠠᠨ ᠬᠠᠶᠠᠭᠳᠠᠮᠠᠯ ᠪᠤᠳᠠᠰ ᠢᠶᠠᠷ ᠰᠢᠢᠳᠪᠦᠷᠢᠯᠡᠵᠦ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ᠂ ᠬᠠᠤᠯᠢ ᠳᠦᠷᠢᠮ ᠤᠨ ᠬᠠᠮᠢᠶ᠎ᠠ ᠪᠦᠬᠦᠢ ᠲᠣᠭᠲᠠᠭᠠᠯ ᠶᠣᠰᠤᠭᠠᠷ᠂ ᠣᠷᠴᠢᠨ ᠲᠤᠭᠤᠷᠢᠨ ᠢ ᠪᠣᠬᠢᠷᠳᠤᠭᠤᠯᠬᠤ ᠠᠴᠠ ᠰᠡᠷᠭᠡᠶᠢᠯᠡᠨ᠎ᠡ︾ ᠭᠡᠵᠡᠢ᠃    
ᠢᠷᠡᠯᠲᠡ᠄ ᠭᠡᠭᠡᠨᠬᠠᠰ ᠤᠨ ᠨᠠᠶᠢᠷᠠᠭᠤᠯᠤᠭᠰᠠᠨ ︽ᠲᠠᠷᠢᠶᠠᠨ ᠡᠮ ᠬᠡᠷᠡᠭᠯᠡᠬᠦ ᠠᠰᠠᠭᠤᠯᠲᠠ ᠬᠠᠷᠢᠭᠤᠯᠲᠠ︾ ᠭᠡᠬᠦ ᠨᠤᠮ