ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠡᠯᠴᠢᠭᠡᠷᠯᠡᠭᠦᠯᠬᠦ ᠶᠢ ᠴᠠᠭᠠᠵᠠᠯᠠᠵᠤ ᠪᠡᠯᠴᠢᠭᠡᠷ ᠢ ᠰᠡᠷᠭᠦᠭᠡᠬᠦ ᠬᠢᠭᠡᠳ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠴᠢᠩᠭᠠᠳᠬᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2023/4/21
      ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ  ᠨᠠᠶᠢᠳᠠᠪᠤᠷᠢᠵᠢᠭᠤᠯᠵᠤ᠂ ᠠᠮᠢ ᠠᠬᠤᠶ ᠶᠢ ᠤᠷᠢᠳ ᠢᠶᠠᠷ  ᠪᠣᠳᠤᠯᠬᠢᠯᠠᠨ ᠪᠣᠬᠢᠷᠲᠤᠯ ᠦᠭᠡᠢ ᠬᠥᠭᠵᠢᠭᠦᠯᠬᠦ ᠶᠢ  ᠪᠠᠷᠢᠮᠲᠠᠯᠠᠵᠤ᠂ ᠤᠢ ᠰᠢᠭᠤᠢ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠬᠠᠮᠠᠭᠠᠯᠠᠨ  ᠠᠰᠢᠭᠯᠠᠵᠤ᠂ ᠪᠦᠬᠦ ᠬᠤᠰᠢᠭᠤᠨ ᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ  ᠪᠠᠬᠢᠵᠢᠭᠦᠯᠦᠨ᠂ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ  ᠤᠨ ᠨᠤᠲᠤᠭ ᠪᠡᠯᠴᠢᠭᠡᠷ  ᠤᠨ ᠬᠠᠤᠯᠢ︾ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠥᠷᠢᠮ︾ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠦᠨᠳᠦᠰᠦᠨ ᠨᠤᠲᠤᠭ ᠪᠡᠯᠴᠢᠭᠡᠷ   ᠤᠨ ᠬᠠᠮᠠᠭᠠᠯᠠᠯᠲᠠ ᠶᠢᠨ ᠲᠥᠷᠢᠮ︾ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠮᠠᠯ ᠪᠡᠯᠴᠢᠭᠡᠷ  ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠲᠥᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ  ᠢ ᠦᠨᠳᠦᠰᠦᠯᠡᠨ᠂ ᠤᠷᠠᠳ ᠤᠨ ᠡᠮᠦᠨᠡᠲᠦ ᠬᠤᠰᠢᠭᠤᠨ ᠤ ᠪᠡᠯᠴᠢᠭᠡᠷᠯᠡᠭᠦᠯᠬᠦ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠠᠵᠢᠯ ᠤᠨ ᠱᠠᠭᠠᠷᠳᠠᠯᠭ᠎ᠠ ᠶᠣᠰᠣᠭᠠᠷ᠂ ᠡᠳᠦᠭᠡ ᠬᠤᠯᠪᠣᠭᠳᠠᠯ ᠪᠥᠬᠦᠶ ᠤᠴᠢᠷ ᠢ ᠳᠤᠤᠷᠠᠬᠢ ᠮᠡᠲᠦ  ᠵᠠᠷᠯᠠᠶ᠎ᠠ᠄        ᠨᠢᠭᠡ ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠰᠡᠷᠭᠦᠭᠡᠬᠦ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠠᠵᠢᠯ ᠤᠨ ᠬᠠᠷᠢᠭᠤᠴᠠᠯᠭ᠎ᠠ ᠶᠢᠨ ᠭᠤᠤᠯ ᠴᠣᠭᠴᠠ ᠮᠥᠨ᠂ ᠲᠣᠰ ᠬᠠᠷᠢᠶ᠎ᠠ ᠣᠷᠣᠨ ᠤ ᠳᠣᠲᠣᠷᠠᠬᠢ ᠪᠡᠯᠴᠢᠭᠡᠷᠯᠡᠭᠦᠯᠬᠦ ᠶᠢ ᠴᠠᠭᠠᠵᠠᠯᠠᠬᠤ ᠪᠡᠯᠴᠢᠭᠡᠷ ᠰᠡᠷᠭᠦᠭᠡᠬᠦ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠠᠵᠢᠯ ᠢ ᠪᠣᠳᠠᠲᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠭᠤᠤᠯ ᠤᠳᠤᠷᠢᠳᠤᠯᠭ᠎ᠠ ᠬᠠᠷᠢᠭᠤᠴᠠᠬᠤ ᠲᠦᠷᠢᠮ ᠢ ᠬᠡᠷᠡᠭᠵᠢᠭᠦᠯᠦᠨ᠎ᠡ᠃ ᠡᠯ᠎ᠡ ᠰᠤᠮᠤ ᠪᠠᠯᠭᠠᠰᠤ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠠᠵᠢᠯ ᠤᠨ ᠱᠠᠭᠠᠷᠳᠠᠯᠭ᠎ᠠ ᠶᠣᠰᠣᠭᠠᠷ ᠭᠠᠴᠠᠭ᠎ᠠ ᠲᠣᠰᠬᠤᠨ ᠢ ᠵᠣᠬᠢᠶᠠᠨ ᠪᠠᠶᠢᠭᠤᠯᠵᠤ ᠮᠠᠯᠵᠢᠬᠤ ᠲᠠᠷᠢᠶᠠᠯᠠᠬᠤ ᠡᠷᠦᠬᠡ ᠲᠠᠢ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠬᠠᠷᠢᠭᠤᠴᠠᠯᠭ᠎ᠠ ᠶᠢᠨ ᠪᠢᠴᠢᠭ ᠲᠣᠭᠲᠠᠬᠤ ᠬᠡᠷᠡᠭᠲᠡᠶ︔ ᠲᠠᠷᠢᠶᠠᠯᠠᠬᠤ ᠮᠠᠯᠵᠢᠬᠤ ᠡᠷᠦᠬᠡ ᠶᠢ ᠬᠠᠪᠰᠤᠷᠤᠨ ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠪᠣᠯᠤᠨ ᠪᠡᠯᠴᠢᠭᠡᠷ ᠥᠨᠵᠢᠭᠦᠯᠬᠦ ᠬᠤᠭᠤᠴᠠᠭᠠᠨ ᠳᠤ ᠡᠪᠡᠰᠦ ᠪᠣᠷᠳᠤᠭ᠎ᠠ  ᠭᠦᠢᠴᠡᠳ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ︔ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠥᠷᠭᠡᠨ ᠣᠯᠠᠨ ᠲᠦᠮᠡᠨ ᠤ ᠣᠶᠢᠲᠤ ᠭᠠᠵᠠᠷ᠂ ᠨᠤᠲᠤᠭ ᠪᠡᠯᠴᠢᠭᠡᠷ ᠢ ᠬᠠᠮᠠᠭᠠᠯᠠᠬᠤ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠶ︔ ᠣᠶ ᠰᠢᠭᠤᠶ ᠨᠤᠲᠤᠭ ᠪᠡᠯᠴᠢᠭᠡᠷ ᠢ ᠡᠪᠳᠡᠬᠦ᠂ ᠡᠪᠡᠰᠦ ᠪᠡᠯᠴᠢᠭᠡᠷ ᠢ ᠡᠪᠳᠡᠬᠦ ᠵᠡᠷᠭᠡ ᠣᠶ ᠰᠢᠭᠤᠶ ᠨᠤᠲᠤᠭ ᠪᠡᠯᠴᠢᠭᠡᠷ ᠢ ᠡᠪᠳᠡᠬᠦ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠡᠷᠡᠰ ᠴᠣᠬᠢᠯᠲᠠ ᠥᠭᠴᠦ  ᠰᠢᠢᠳᠪᠦᠷᠢᠯᠡᠬᠦ ᠬᠡᠷᠡᠭᠲᠡᠶ᠃      ᠬᠤᠶᠠᠷ᠂ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠶᠢᠨ ᠬᠠᠮᠢᠶᠠᠷᠴᠤ ᠬᠠᠮᠠᠭᠠᠯᠠᠬᠤ ᠡᠭᠦᠷᠭᠡ ᠶᠢ ᠭᠠᠴᠠᠭ᠎ᠠ ᠲᠣᠰᠬᠤᠨ ᠢ ᠳᠠᠭᠠᠭᠠᠴᠢᠯᠠᠭᠰᠠᠨ ᠺᠠᠳ᠋ᠷ ᠪᠠ ᠣᠶ ᠰᠢᠭᠤᠶ ᠬᠠᠮᠠᠭᠠᠯᠠᠭᠴᠢ ︵ᠡᠪᠡᠰᠦ ᠬᠠᠮᠢᠶᠠᠷᠤᠭᠴᠢ︶ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠲᠤᠤᠷᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠣᠶ ᠰᠢᠭᠤᠶ ᠬᠠᠮᠠᠭᠠᠯᠠᠭᠴᠢ ︵ᠡᠪᠡᠰᠦ ᠬᠠᠮᠢᠶᠠᠷᠤᠭᠴᠢ︶ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠮᠢᠶᠠᠷᠴᠤ ᠬᠠᠮᠠᠭᠠᠯᠠᠬᠤ ᠡᠭᠦᠷᠭᠡ ᠶᠢ ᠬᠢᠨᠠᠮᠠᠭᠠᠶ ᠭᠦᠢᠴᠡᠳᠬᠡᠬᠦ ᠬᠡᠷᠡᠭᠲᠡᠶ᠃ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠣᠷᠣᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠪᠣᠯᠤᠨ ᠪᠡᠯᠴᠢᠭᠡᠷ ᠥᠨᠵᠢᠭᠦᠯᠬᠦ ᠬᠤᠭᠤᠴᠠᠭᠠᠨ ᠳᠤ ᠮᠠᠯᠵᠢᠬᠤ ᠵᠢᠴᠢ ᠪᠡᠯᠴᠢᠭᠡᠷ ᠤᠨ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠪᠠᠶᠢᠳᠠᠯ ᠢ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠴᠠᠭ ᠲᠤᠬᠠᠶ ᠳᠤᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃      ᠭᠤᠷᠪᠠ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠡᠯ᠎ᠡ ᠰᠤᠮᠤ  ᠪᠠᠯᠭᠠᠰᠤ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠵᠣᠬᠢᠶᠠᠨ ᠪᠠᠶᠢᠭᠤᠯᠵᠤ ᠵᠣᠬᠢᠴᠠᠭᠤᠯᠬᠤ᠂ ᠡᠪᠡᠰᠦ ᠪᠣᠷᠳᠤᠭ᠎ᠠ ᠨᠥᠭᠡᠴᠡᠯᠡᠬᠦ᠂ ᠬᠢᠵᠢᠭ ᠡᠪᠡᠳᠴᠢᠨ ᠢ ᠰᠡᠷᠭᠡᠶᠢᠯᠡᠨ ᠵᠠᠰᠠᠬᠤ ᠵᠢᠴᠢ ᠮᠡᠷᠭᠡᠵᠢᠯ ᠤᠨ ᠵᠢᠯᠣᠭᠤᠳᠣᠯᠭ᠎ᠠ ᠵᠡᠷᠭᠡ ᠠᠵᠢᠯ ᠢ ᠰᠠᠶᠢᠲᠤᠷ ᠬᠢᠵᠦ᠂ ᠣᠶ ᠰᠢᠭᠤᠶ ᠡᠪᠡᠰᠦ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ᠂ ᠰᠠᠬᠢᠯᠭ᠎ᠠ ᠪᠠᠲᠤ ᠪᠠᠶᠢᠴᠠᠭᠠᠬᠤ᠂ ᠬᠢᠨᠠᠨ ᠪᠤᠳᠤᠬᠤ᠂ ᠡᠳ᠋ ᠤᠨ ᠵᠠᠰᠠᠭ ᠵᠡᠷᠭᠡ ᠰᠠᠯᠠᠭ᠎ᠠ ᠮᠥᠴᠢᠷ ᠬᠠᠮᠲᠤᠷᠠᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠰᠢᠮᠳᠠᠭᠤᠯᠤᠨ ᠪᠠᠶᠢᠴᠠᠭᠠᠵᠤ ᠵᠢᠯᠣᠭᠤᠳᠬᠤ ᠠᠵᠢᠯ ᠢ ᠥᠷᠨᠢᠭᠦᠯᠵᠦ᠂ ᠪᠥᠬᠦ ᠬᠤᠰᠢᠭᠤᠨ ᠤ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠬᠠᠮᠢᠶᠠᠷᠤᠯᠲᠠ ᠶᠢᠨ ᠠᠵᠢᠯ ᠢ ᠰᠢᠮᠳᠠᠭᠤᠯᠤᠨ ᠪᠠᠶᠢᠴᠠᠭᠠᠬᠤ ᠬᠡᠷᠡᠭᠲᠡᠶ᠃      ᠳᠥᠷᠪᠡ᠂ ᠡᠷᠳᠡᠨᠢᠪᠤᠯᠠᠭ ᠰᠤᠮᠤ᠂  ᠰᠠᠭᠠᠳᠠᠭ ᠰᠤᠮᠤ᠂ ᠪᠠᠶᠠᠨᠬᠤᠸᠠ ᠪᠠᠯᠭᠠᠰᠤ ᠪᠣᠯ ᠮᠠᠯᠵᠢᠬᠤ ᠶᠢ ᠴᠠᠭᠠᠵᠠᠯᠠᠬᠤ ᠣᠷᠣᠨ ᠮᠥᠨ᠂ ᠮᠠᠯᠵᠢᠬᠤ ᠶᠢ ᠴᠠᠭᠠᠵᠠᠯᠠᠬᠤ ᠣᠷᠣᠨ ᠳᠤ ᠴᠥᠮ ᠮᠠᠯᠵᠢᠬᠤ ᠶᠢ ᠴᠠᠭᠠᠵᠠᠯᠠᠬᠤ᠂ ᠮᠠᠯ ᠰᠦᠷᠦᠭ ᠢ ᠬᠠᠰᠢᠶᠠᠯᠠᠨ ᠲᠡᠵᠢᠭᠡᠬᠦ ᠶᠢ ᠬᠡᠷᠡᠭᠵᠢᠭᠦᠯᠦᠨ᠎ᠡ᠃     ᠲᠠᠪᠤ᠂ ᠪᠠᠭ᠎ᠠ ᠰᠢᠭᠡᠲᠡᠶ ᠪᠠᠯᠭᠠᠰᠤ᠂ ᠶᠡᠭᠡ ᠰᠢᠭᠡᠲᠡᠶ ᠪᠠᠯᠭᠠᠰᠤ᠂ ᠮᠢᠩᠭᠠᠨ ᠪᠠᠯᠭᠠᠰᠤ᠂ ᠰᠤᠳᠠᠯ ᠤᠨ ᠬᠤᠳᠳᠤᠭ ᠪᠠᠯᠭᠠᠰᠤ ᠪᠣᠯ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠪᠣᠯᠤᠨ᠎ᠠ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠡᠪᠡᠰᠦ ᠪᠡᠯᠴᠢᠭᠡᠷ ᠢᠶᠠᠷ ᠮᠠᠯ ᠰᠦᠷᠦᠭ ᠢ ᠲᠣᠭᠲᠠᠭᠠᠬᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠶᠢ ᠬᠡᠷᠡᠭᠵᠢᠭᠦᠯᠦᠨ᠎ᠡ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠬᠠᠪᠤᠷ ᠤᠨ ᠤᠯᠠᠷᠢᠯ ᠤᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ ᠳᠠᠬᠢ ᠰᠡᠯᠭᠦᠨ ᠮᠠᠯᠵᠢᠬᠤ ᠠᠵᠢᠯ ᠢ ᠥᠷᠨᠢᠭᠦᠯᠵᠦ᠂ ᠮᠠᠯᠵᠢᠬᠤ ᠶᠢ ᠵᠣᠭᠰᠣᠭᠠᠬᠤ ᠬᠤᠭᠤᠴᠠᠭᠠᠨ ᠳᠤ ᠰᠡᠯᠭᠦᠨ ᠮᠠᠯᠵᠢᠬᠤ ᠣᠷᠣᠨ ᠳᠤ ᠪᠡᠯᠴᠢᠭᠡᠷᠯᠡᠭᠦᠯᠬᠦ ᠶᠢ ᠪᠦᠬᠦ ᠲᠠᠯ᠎ᠠ ᠪᠠᠷ ᠴᠠᠭᠠᠵᠠᠯᠠᠵᠤ᠂ ᠮᠠᠯᠵᠢᠬᠤ ᠡᠷᠦᠬᠡ ᠳᠤ ᠬᠤᠯᠪᠣᠭᠳᠠᠪᠠᠯ ᠡᠯ᠎ᠡ ᠵᠦᠢᠯ ᠤᠨ ᠪᠡᠯᠡᠳᠬᠡᠯ ᠠᠵᠢᠯ ᠢ ᠤᠷᠢᠳᠴᠢᠯᠠᠨ ᠰᠠᠶᠢᠲᠤᠷ ᠬᠢᠵᠦ᠂ ᠳᠡᠭᠡᠳᠦ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤ᠂ ᠭᠠᠴᠠᠭᠠᠨ ᠤ ᠬᠢᠨᠠᠯᠲᠠ ᠬᠠᠮᠢᠶᠠᠷᠤᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠬᠦ ᠬᠡᠷᠡᠭᠲᠡᠶ᠃ ᠪᠡᠯᠴᠢᠭᠡᠷᠯᠡᠭᠦᠯᠬᠦ ᠶᠢ ᠵᠣᠭᠰᠣᠭᠠᠬᠤ ᠴᠠᠭ ᠤᠨ ᠬᠢᠵᠠᠭᠠᠷ ᠢ ᠮᠠᠨ ᠤ ᠬᠤᠰᠢᠭᠤᠨ ᠤ ᠡᠪᠡᠰᠦ ᠪᠡᠯᠴᠢᠭᠡᠷ ᠤᠨ ᠲᠥᠷᠥᠯ ᠬᠡᠯᠪᠡᠷᠢ᠂ ᠬᠤᠷ᠎ᠠ ᠲᠣᠨᠣᠳᠠᠰᠤ ᠶᠢᠨ ᠬᠡᠮᠵᠢᠶ᠎ᠡ᠂ ᠠᠭᠠᠷ ᠤᠨ ᠳᠤᠯᠠᠭᠠᠨ ᠵᠢᠴᠢ ᠪᠡᠯᠴᠢᠭᠡᠷ ᠡᠪᠡᠰᠦ ᠨᠣᠭᠤᠭᠠᠷᠠᠭᠰᠠᠨ ᠪᠠᠶᠢᠳᠠᠯ ᠢ ᠦᠨᠳᠦᠰᠦᠯᠡᠨ᠂ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠪᠡᠯᠴᠢᠭᠡᠷᠯᠡᠭᠦᠯᠬᠦ ᠶᠢ ᠵᠣᠭᠰᠣᠭᠠᠬᠤ ᠴᠠᠭ ᠢ 4 ᠰᠠᠷ᠎ᠠ ᠶᠢᠨ 10 ᠤ ᠡᠳᠦᠷ ᠠᠴᠠ 5 ᠰᠠᠷ᠎ᠠ ᠶᠢᠨ 31 ᠤ ᠡᠳᠦᠷ᠂ ᠨᠡᠶᠢᠲᠡ 52 ᠡᠳᠦᠷ ᠭᠡᠵᠦ ᠲᠣᠭᠲᠠᠭᠠᠪᠠ᠃      ᠵᠢᠷᠭᠤᠭ᠎ᠠ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠳᠤ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠭᠰᠠᠨ ᠨᠣᠷᠮ᠎ᠠ ᠨᠢ 15 % ᠶᠢ ᠳᠠᠪᠠᠭᠰᠠᠨ ᠪᠤᠶᠤ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠵᠢᠴᠢ ᠪᠡᠯᠴᠢᠭᠡᠷ ᠰᠡᠷᠭᠦᠭᠡᠬᠦ ᠬᠤᠭᠤᠴᠠᠭᠠᠨ ᠳᠤ ᠬᠤᠶᠠᠷ ᠤᠳᠠᠭ᠎ᠠ ᠠᠴᠠ ᠳᠡᠭᠡᠭᠰᠢ ᠰᠤᠯᠠ ᠮᠠᠯᠯᠠᠭᠰᠠᠨ ᠪᠠᠶᠢᠪᠠᠯ᠂ ᠲᠤᠬᠠᠶ ᠶᠢᠨ ᠵᠢᠯ ᠤᠨ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠪᠠᠯᠠ ᠮᠥᠩᠭᠦ ᠶᠢ ᠰᠠᠭᠤᠯᠭᠠᠨ ᠲᠣᠷᠭᠠᠬᠤ ᠶᠢᠨ ᠬᠠᠮᠲᠤ ᠬᠠᠤᠯᠢ ᠶᠣᠰᠣᠭᠠᠷ ᠪᠠᠶᠢᠴᠠᠭᠠᠨ  ᠰᠢᠢᠳᠪᠦᠷᠢᠯᠡᠨ᠎ᠡ᠃ ᠰᠠᠭᠤᠯᠭᠠᠨ  ᠲᠣᠷᠭᠠᠭᠰᠠᠨ ᠪᠠᠯᠠ ᠮᠥᠩᠭᠦ ᠶᠢ ᠬᠤᠰᠢᠭᠤᠨ ᠤ ᠣᠶ ᠰᠢᠭᠤᠶ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠠᠴᠠ ᠨᠤᠲᠤᠭ ᠪᠡᠯᠴᠢᠭᠡᠷ ᠤᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠶᠢᠨ ᠠᠵᠢᠯ ᠳᠤ ᠨᠢᠭᠡᠳᠦᠯᠲᠡᠶ ᠲᠥᠯᠥᠪᠯᠡᠨ ᠬᠡᠷᠡᠭᠯᠡᠨ᠎ᠡ᠃    ᠳᠣᠯᠤᠭ᠎ᠠ᠂ ᠨᠤᠲᠤᠭ ᠪᠡᠯᠴᠢᠭᠡᠷ ᠤᠨ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠤᠰᠤᠳ ᠲᠥᠷᠥ ᠶᠢᠨ ᠪᠠᠶᠢᠭᠤᠯᠤᠯᠭ᠎ᠠ ᠶᠢᠨ ᠠᠵᠢᠯᠲᠠᠨ ᠳᠤ ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ ᠰᠢᠭᠤᠳ ᠬᠠᠷᠢᠭᠤᠴᠠᠵᠤ ᠪᠠᠶᠢᠭ᠎ᠠ ᠭᠤᠣᠯᠴᠢᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠳᠤ ᠬᠠᠤᠯᠢ ᠶᠣᠰᠣᠭᠠᠷ ᠰᠢᠢᠳᠭᠡᠯ ᠣᠯᠭᠤᠨ᠎ᠠ︔ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ ︵ᠨᠢᠭᠡ︶ ᠪᠡᠯᠴᠢᠭᠡᠷᠯᠡᠭᠦᠯᠬᠦ ᠶᠢ ᠴᠠᠭᠠᠵᠠᠯᠠᠵᠤ ᠰᠡᠯᠭᠦᠨ ᠮᠠᠯᠵᠢᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠬᠠᠤᠯᠢ ᠶᠣᠰᠣᠭᠠᠷ  ᠭᠦᠢᠴᠡᠳᠭᠡᠭᠰᠡᠨ ᠥᠬᠡᠶ︔ ︵ᠬᠤᠶᠠᠷ︶ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠣᠯᠵᠤ ᠮᠡᠳᠡᠭᠡᠳ ᠪᠠᠶᠢᠴᠠᠭᠠᠨ ᠰᠢᠢᠳᠪᠦᠷᠢᠯᠡᠭᠰᠡᠨ ᠦᠭᠡᠢ ᠪᠤᠶᠤ ᠪᠠᠶᠢᠴᠠᠭᠠᠨ ᠰᠢᠢᠳᠪᠦᠷᠢᠯᠡᠭᠰᠡᠨ ᠨᠢ ᠢᠯᠡᠳᠲᠡ ᠵᠤᠬᠢᠰ ᠦᠭᠡᠢ ᠪᠣᠯᠤᠭᠰᠠᠨ︔ ︵ᠭᠤᠷᠪᠠ︶ ᠠᠯᠪᠠᠨ ᠲᠤᠰᠢᠶᠠᠯ ᠳᠠᠭᠠᠨ ᠠᠯᠮᠠᠶᠢᠷᠠᠨ ᠣᠰᠣᠯᠳᠠᠭᠰᠠᠨ᠂ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠭᠰᠡᠨ᠂ ᠭᠤᠶᠠᠴᠢᠯᠠᠨ ᠬᠠᠤᠯᠢ ᠶᠣᠰᠣ ᠶᠢ ᠵᠥᠷᠢᠴᠡᠭᠰᠡᠨ ᠪᠤᠰᠤᠳ  ᠦᠢᠯᠡ ᠠᠵᠢᠯᠯᠠᠭ᠎ᠠ ᠲᠠᠢ ᠪᠠᠶᠢᠬᠤ᠃      ᠨᠠᠢᠮᠠ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠰᠤᠮᠤ ᠪᠠᠯᠭᠠᠰᠤ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠵᠤ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠬᠠᠤᠯᠢ ᠬᠡᠷᠡᠭᠵᠢᠭᠦᠯᠬᠦ ᠠᠵᠢᠯᠲᠠᠨ ᠢ ᠰᠦᠷᠳᠡᠭᠦᠯᠬᠦ᠂ ᠬᠠᠷᠰᠢᠯᠠᠬᠤ᠂ ᠵᠣᠳᠣᠬᠤ᠂ ᠬᠠᠷᠢᠭᠤ ᠠᠪᠬᠤ ᠦᠵᠡᠭᠳᠡᠯ ᠳᠤ ᠴᠠᠭ ᠲᠤᠬᠠᠶ ᠳᠤᠨᠢ ᠣᠷᠣᠯᠴᠠᠵᠤ᠂ ᠬᠠᠤᠯᠢ ᠶᠣᠰᠣᠭᠠᠷ ᠴᠢᠩᠭ᠎ᠠ ᠵᠠᠯᠬᠠᠭᠠᠨ ᠰᠢᠢᠳᠭᠡᠵᠦ᠂ ᠰᠢᠭᠦᠬᠦ ᠬᠤᠷᠢᠶ᠎ᠠ ᠠᠴᠠ ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷ ᠮᠠᠯ ᠢ ᠲᠡᠩᠴᠡᠭᠦᠷᠢ ᠲᠠᠢ ᠪᠠᠶᠢᠯᠭᠠᠬᠤ ᠠᠵᠢᠯ ᠤᠨ ᠳᠤᠮᠳᠠ ᠡᠭᠦᠰᠦᠭᠰᠡᠨ ᠡᠯ᠎ᠡ ᠲᠥᠷᠥᠯ ᠤᠨ ᠬᠡᠷᠡᠭ ᠢ ᠴᠠᠭ ᠲᠤᠬᠠᠶ ᠳᠤᠨᠢ ᠰᠢᠭᠦᠨ ᠰᠢᠢᠳᠪᠦᠷᠢᠯᠡᠬᠦ ᠬᠡᠷᠡᠭᠲᠡᠶ᠃     ᠶᠢᠰᠦ᠂ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠶ ᠨᠡᠪᠲᠡᠷᠡᠭᠦᠯᠵᠦ᠂ ᠢᠯᠡᠴᠢᠯᠡᠨ ᠮᠡᠳᠡᠭᠦᠯᠬᠦ ᠳ᠋ᠢᠶᠠᠩᠬᠤᠸᠠ  ᠨᠡᠶᠢᠲᠡᠯᠡᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠵᠤ ᠂ ᠬᠤᠯᠠᠭᠠᠶᠢᠯᠠᠨ ᠮᠠᠯᠵᠢᠬᠤ  ᠦᠢᠯᠡ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠮᠡᠳᠡᠭᠦᠯᠬᠦ ᠶᠢ ᠬᠦᠯᠢᠶᠡᠵᠤ ᠠᠪᠤᠨ᠎ᠠ᠂ 24 ᠴᠠᠭ ᠢᠶᠠᠷ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ  ᠳ᠋ᠢᠶᠠᠩᠬᠤᠸᠠ᠄ 0478 — 3606256᠃                                                                     ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                   2023 ᠣᠨ ᠤ 4 ᠰᠠᠷ᠎ᠠ ᠶᠢᠨ 14 ᠤ ᠡᠳᠦᠷ
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ