ᠣᠶᠢᠷ᠎ᠠ ᠳᠤ᠂ ᠰᠤᠷᠪᠤᠯᠵᠢᠯᠠᠭᠴᠢ ᠤᠷᠠᠳ ᠤᠨ ᠡᠮᠦᠨᠡᠲᠦ ᠬᠤᠰᠢᠭᠤᠨ ᠤ ᠮᠢᠩᠭᠠᠨ ᠪᠠᠯᠭᠠᠰᠤᠨ ᠤ ᠷᠦᠢ ᠵᠢᠩ ᠺᠠᠶ ᠲᠠᠷᠢᠶᠠᠯᠠᠩ ᠮᠠᠯ ᠠᠵᠤ ᠠᠬᠤᠶ ᠶᠢᠨ | ᠨᠡᠭᠡᠭᠡᠨ ᠬᠥᠭᠵᠢᠭᠦᠯᠬᠦ ᠬᠢᠵᠠᠭᠠᠷᠲᠤ ᠺᠣᠮᠫᠠᠨᠢ ᠶᠢᠨ ᠢᠳᠡᠰᠢᠨ ᠮᠥᠭᠦ ᠳᠠᠷᠢᠬᠤ ᠬᠦᠯᠡᠮᠵᠢ ᠳᠤ ᠬᠦᠷᠬᠦ ᠳᠤ᠂ ᠠᠵᠢᠯᠴᠢᠳ ᠤᠨ ᠵᠠᠷᠢᠮ ᠨᠢ ᠬᠥᠮᠦᠵᠢᠭᠦᠯᠬᠦ ᠰᠠᠭᠤᠷᠢ | ᠲᠠᠯᠪᠢᠵᠤ᠂ ᠵᠠᠷᠢᠮ ᠨᠢ ᠮᠥᠭᠦ ᠶᠢᠨ ᠦᠷ᠎ᠡ ᠰᠠᠴᠤᠵᠤ᠂ ᠮᠠᠰᠢ ᠶᠠᠭᠠᠷᠠᠯᠲᠠᠢ ᠠᠵᠢᠯᠯᠠᠵᠤ ᠪᠠᠶᠢᠬᠤ ᠶᠢ ᠬᠠᠷᠠᠯ᠎ᠠ ᠃ | | | | | ︽ᠤᠯᠠᠭᠠᠨ ᠨᠠᠷᠠᠰᠤᠨ ᠤ ᠴᠢᠰᠤᠨ ᠡᠪᠡᠷ ᠤᠨ ᠤᠷᠭᠤᠬᠤ ᠦᠶᠡᠯᠡᠯ ᠨᠢ ᠨᠢᠭᠡ ᠰᠠᠷ᠎ᠠ ᠠᠴᠠ ᠲᠠᠪᠢᠨ ᠡᠳᠦᠷ ᠪᠠᠶᠢᠳᠠᠭ᠂ ᠣᠲᠣ ᠳᠠᠷᠢᠵᠤ ᠪᠠᠶᠢᠭ᠎ᠠ ᠡᠨᠡ | ᠪᠦᠯᠦᠭ ᠪᠣᠯ ᠵᠢᠷᠭᠤᠭᠠᠨ ᠰᠠᠷ᠎ᠠ ᠳᠤ ᠵᠠᠬ᠎ᠠ ᠳᠡᠯᠭᠡᠭᠦᠷ ᠲᠤ ᠭᠠᠷᠬᠤ ᠪᠣᠯᠤᠨ᠎ᠠ﹀﹀ ᠭᠡᠵᠦ ᠮᠡᠷᠭᠡᠵᠢᠯᠲᠡᠨ ᠵᠢᠶᠠᠩ ᠭᠤᠸᠠᠩ ᠰᠢᠶᠠᠩ ᠬᠡᠯᠡᠪᠡ᠃ | ᠤᠯᠠᠭᠠᠨ ᠨᠠᠷᠠᠰᠤᠨ ᠤ ᠴᠢᠰᠤᠨ ᠡᠪᠡᠷ ᠢ ᠪᠠᠰᠠ ᠪᠦᠮᠪᠦᠷᠢᠬᠡᠨ ᠨᠦᠮᠦᠷᠭᠡᠲᠦ ᠮᠥᠭᠦ ᠭᠡᠳᠡᠭ᠂ ᠭᠤᠤᠯ ᠭᠠᠷᠤᠯᠲᠠ ᠶᠢᠨ ᠣᠷᠣᠨ ᠨᠢ ᠡᠮᠦᠨᠡᠲᠦ ᠣᠷᠣᠨ ᠳᠤ | ᠪᠠᠶᠢᠵᠤ᠂ ᠥᠩᠭᠡ ᠨᠢ ᠦᠵᠡᠰᠬᠦᠯᠡᠩ᠂ ᠮᠢᠬ᠎ᠠ ᠨᠢ ᠵᠥᠭᠡᠯᠡᠨ᠂ ᠠᠮᠲᠠ ᠨᠢ ᠰᠣᠷᠭᠤᠭ᠂ ᠰᠢᠮ᠎ᠡ ᠲᠡᠵᠢᠭᠡᠯ ᠡᠯᠪᠡᠭ᠂ ᠬᠥᠮᠦᠨ ᠤ ᠪᠡᠶ᠎ᠡ ᠳᠤ ᠳᠤᠲᠠᠭᠳᠠᠵᠤ ᠪᠣᠯᠤᠰᠢ | ᠥᠬᠡᠶ ᠣᠯᠠᠨ ᠵᠦᠢᠯ ᠤᠨ ᠪᠣᠳᠠᠰ ᠠᠭᠤᠯᠵᠤ᠂ ᠰᠢᠮ᠎ᠡ ᠲᠡᠵᠢᠭᠡᠯ ᠡᠷᠡᠭᠦᠯ ᠮᠡᠨᠳᠦ ᠶᠢ ᠬᠠᠮᠠᠭᠠᠯᠠᠬᠤ ᠨᠡᠯᠢᠶᠡᠳ ᠥᠨᠳᠥᠷ ᠦᠨ᠎ᠡ ᠥᠷᠲᠡᠭ ᠲᠠᠢ᠂ ᠵᠠᠬ᠎ᠠ ᠳᠡᠯᠭᠡᠭᠦᠷ | ᠳᠡᠭᠡᠷ᠎ᠡ ᠮᠠᠰᠢ ᠬᠦᠷᠢᠶᠡᠯᠡᠯ ᠲᠠᠢ ᠪᠠᠶᠢᠳᠠᠭ᠃ ᠤᠯᠠᠭᠠᠨ ᠨᠠᠷᠠᠰᠤᠨ ᠤ ᠴᠢᠰᠤᠨ ᠡᠪᠡᠷ ᠤᠨ ᠲᠠᠷᠢᠮᠠᠯ ᠨᠢ ᠡᠷᠳᠡᠨᠢ ᠰᠢᠰᠢ᠂ ᠨᠡᠷᠡᠨ ᠬᠤᠸᠠᠷ ᠵᠡᠷᠭᠡ ᠬᠠᠶᠠᠭᠳᠠᠮᠠᠯ | ᠲᠠᠷᠢᠮᠠᠯ ᠤᠨ ᠡᠰᠢ ᠰᠦᠷᠡᠯ ᠢ ᠰᠢᠭᠤᠳ ᠪᠦᠲᠦᠮᠵᠢᠲᠡᠶ ᠠᠰᠢᠭᠯᠠᠨ ᠳᠠᠷᠢᠵᠤ ᠤᠷᠭᠤᠭᠤᠯᠤᠭᠠᠳ᠂ ᠳᠠᠷᠢᠬᠤ ᠥᠪᠡᠷ ᠤᠨ ᠥᠷᠲᠡᠭ ᠨᠢ ᠳᠤᠤᠷ᠎ᠠ᠂ ᠠᠰᠢᠭ | ᠣᠯᠵᠠᠪᠤᠷᠢ ᠨᠢ ᠶᠡᠭᠡ ᠪᠠᠶᠢᠳᠠᠭ᠃ ᠡᠭᠦᠨ ᠤ ᠬᠠᠮᠲᠤ᠂ ᠲᠡᠭᠦᠭᠰᠡᠨ ᠤ ᠳᠠᠷᠠᠭ᠎ᠠ ᠦᠯᠡᠳᠡᠭᠡᠭᠰᠡᠨ ᠪᠠᠺᠲ᠋ᠧᠷᠢ ᠶᠢᠨ ᠰᠢᠷᠬᠡᠭ ᠢ ᠪᠠᠰᠠ ᠲᠤᠬᠠᠶ ᠶᠢᠨ ᠭᠠᠵᠠᠷ ᠲᠤᠨᠢ ᠪᠤᠯᠠᠵᠤ | ᠂ ᠲᠠᠷᠢᠮᠠᠯ ᠤᠨ ᠥᠰᠥᠯᠲᠡ ᠶᠢᠨ ᠰᠢᠮ᠎ᠡ ᠲᠡᠵᠢᠭᠡᠯ ᠤᠨ ᠪᠦᠷᠢᠯᠳᠦᠬᠦᠨ ᠪᠣᠯᠭᠠᠵᠤ᠂ ᠣᠷᠴᠢᠯ ᠠᠰᠢᠭᠯᠠᠯᠲᠠ ᠶᠢ ᠪᠡᠶᠡᠯᠡᠭᠦᠯᠵᠦ ᠪᠣᠯᠤᠨ᠎ᠠ᠃ ᠡᠨᠡ ᠵᠢᠯ᠂ ᠷᠦᠢ ᠵᠢᠩ ᠺᠠᠢ | ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠠᠩᠬ᠎ᠠ ᠤᠳᠠᠭ᠎ᠠ 460 ᠮᠦ ᠤᠯᠠᠭᠠᠨ ᠨᠠᠷᠠᠰᠤᠨ ᠤ ᠴᠢᠰᠤᠨ ᠡᠪᠡᠷ | ᠲᠤᠷᠰᠢᠨ ᠲᠠᠷᠢᠪᠠ᠃ | | | | | ︽ᠵᠢᠱᠢᠯᠲᠡ ᠪᠠᠷ ᠨᠢᠭᠡ ᠮᠥ ᠦᠢᠯᠡᠳᠭᠦᠨ ᠤ ᠥᠷᠲᠡᠭ ᠨᠢ 5000 ᠵᠢᠩ ᠪᠠᠶᠢᠵᠤ᠂ ᠮᠥ ᠪᠦᠷᠢ ᠶᠢᠨ ᠣᠷᠣᠯᠭ᠎ᠠ ᠨᠢ ᠪᠠᠷᠤᠭ 7 ᠲᠦᠮᠡᠨ ᠲᠥᠭᠦᠷᠢᠭ ᠣᠷᠴᠢᠮ | ᠬᠥᠷᠬᠦ ᠪᠣᠯᠤᠨ᠎ᠠ᠃ ᠴᠠᠭ ᠵᠥᠷᠢᠭᠦᠯᠦᠨ ᠪᠤᠰᠤᠳ ᠲᠠᠷᠢᠮᠠᠯ ᠤᠨ ᠣᠷᠣᠨ ᠳᠤ ᠤᠯᠠᠭᠠᠨ ᠨᠠᠷᠠᠰᠤᠨ ᠤ ᠴᠢᠰᠤᠨ ᠡᠪᠡᠷ ᠲᠠᠷᠢᠪᠠᠯ ᠵᠠᠬ᠎ᠠ ᠳᠡᠯᠭᠡᠭᠦᠷ ᠤᠨ ᠬᠤᠭᠤᠰᠣᠨ ᠢ | ᠨᠥᠬᠦᠪᠥᠷᠢᠯᠡᠵᠦ ᠪᠣᠯᠤᠨ᠎ᠠ᠂ ᠣᠳᠣ ᠨᠢᠭᠡᠨᠲᠡ ᠬᠠᠮᠢᠶ᠎ᠠ ᠪᠦᠬᠦᠢ ᠪᠣᠷᠣᠯᠠᠭᠤᠯᠭ᠎ᠠ ᠶᠢᠨ ᠵᠠᠬᠢᠶᠠᠯᠠᠭ᠎ᠠ ᠲᠠᠢ ᠪᠣᠯᠵᠠᠶ᠂ ᠬᠤᠳᠠᠯᠳᠤᠬᠤ ᠠᠴᠠ ᠵᠣᠪᠠᠭ᠋ᠤ ᠦᠭᠡᠢ﹀﹀ ᠭᠡᠵᠦ | ᠺᠣᠮᠫᠠᠨᠢ ᠶᠢᠨ ᠬᠠᠷᠢᠭᠤᠴᠠᠯᠭᠠᠲᠠᠨ ᠴᠢᠨ ᠯᠸᠢ ᠬᠡᠯᠡᠬᠦ ᠳᠡᠭᠡᠨ᠂ ︽ᠵᠠᠯᠭᠠᠮᠵᠢ ᠲᠠᠷᠢᠮᠠᠯ ᠤᠨ ᠰᠠᠭᠤᠷᠢᠨ ᠭᠠᠵᠠᠷ ᠨᠢ ᠦᠢᠯᠡᠳᠪᠦᠷᠢᠯᠡᠯ ᠤᠨ ᠲᠥᠬᠦᠭᠡᠷᠦᠮᠵᠢ ᠶᠢᠨ | ᠨᠥᠬᠦᠴᠡᠯ ᠢᠶᠠᠨ ᠤᠯᠠᠮ ᠨᠢᠭᠡ ᠠᠯᠬᠤᠮ ᠰᠠᠶᠢᠵᠢᠷᠠᠭᠤᠯᠵᠤ᠂ ᠳᠠᠷᠢᠬᠤ ᠲᠠᠯᠠᠪᠠᠶ ᠪᠠᠨ ᠥᠷᠭᠡᠳᠬᠡᠨ᠂ ᠲᠠᠷᠢᠮᠠᠯ ᠤᠨ ᠦᠷ᠎ᠡ ᠠᠰᠢᠭ ᠢᠶᠠᠨ ᠲᠠᠰᠤᠷᠠᠯᠲᠠ ᠥᠬᠡᠶ | ᠳᠡᠭᠡᠭᠰᠢᠯᠡᠭᠦᠯᠬᠦ ᠪᠣᠯᠤᠨ᠎ᠠ︾ ᠭᠡᠪᠡ ᠃ | ᠤᠯᠠᠭᠠᠨ ᠨᠠᠷᠠᠰᠤᠨ ᠤ ᠴᠢᠰᠤᠨ ᠡᠪᠡᠷ ᠲᠠᠷᠢᠬᠤ᠂ ᠠᠷᠴᠢᠯᠠᠬᠤ ᠠᠴᠠ ᠬᠤᠷᠢᠶᠠᠬᠤ ᠬᠦᠷᠲᠡᠯ᠎ᠡ᠂ ᠶᠡᠭᠡ ᠬᠡᠮᠵᠢᠶᠡᠨ ᠤ ᠠᠵᠢᠯᠴᠢᠨ ᠬᠡᠷᠡᠭᠰᠡᠨ᠎ᠡ᠃ ᠤᠯᠠᠭᠠᠨ | ᠨᠠᠷᠠᠰᠤᠨ ᠤ ᠴᠢᠰᠤᠨ ᠡᠪᠡᠷ ᠤᠨ ᠠᠵᠤ ᠦᠢᠯᠡᠰ ᠢ ᠬᠥᠭᠵᠢᠭᠦᠯᠬᠦ ᠨᠢ ᠪᠠᠰᠠ ᠣᠶᠢᠷ᠎ᠠ ᠬᠠᠪᠢ ᠶᠢᠨ ᠣᠯᠠᠨ ᠲᠦᠮᠡᠨ ᠳᠤ ᠶᠡᠭᠡ ᠬᠡᠮᠵᠢᠶᠡᠨ ᠤ ᠠᠵᠢᠯ ᠤᠨ ᠪᠠᠶᠢᠷᠢ | ᠬᠠᠩᠭᠠᠵᠤ᠂ ᠲᠣᠰᠬᠤᠨ ᠤ ᠠᠷᠠᠳ ᠤᠨ ᠲᠠᠷᠢᠶ᠎ᠠ ᠲᠠᠷᠢᠬᠤ ᠪᠠ ᠠᠵᠢᠯ ᠬᠢᠬᠦ ᠬᠤᠶᠠᠷ ᠢ ᠰᠠᠭᠠᠲᠠᠭᠠᠬᠤ ᠥᠬᠡᠶ ᠪᠠᠶᠢᠬᠤ ᠶᠢ ᠪᠡᠶᠡᠯᠡᠭᠦᠯᠪᠡ᠃ ᠡᠭᠦᠨ ᠤ ᠬᠠᠮᠲᠤ᠂ 460 | ᠮᠥ ᠤᠯᠠᠭᠠᠨ ᠨᠠᠷᠠᠰᠤᠨ ᠤ ᠴᠢᠰᠤᠨ ᠡᠪᠡᠷ ᠳᠠᠷᠢᠪᠠᠯ᠂ ᠪᠠᠰᠠ ᠲᠤᠬᠠᠶ ᠶᠢᠨ ᠭᠠᠵᠠᠷ ᠤᠨ ᠲᠠᠷᠢᠶᠠᠴᠢᠨ ᠡᠷᠦᠬᠡ ᠶᠢᠨ 15000 ᠮᠥ ᠬᠠᠶᠠᠭᠳᠠᠮᠠᠯ ᠲᠠᠷᠢᠶᠠᠯᠠᠩ ᠤᠨ | ᠡᠰᠢ ᠰᠦᠷᠡᠯ ᠢ ᠪᠦᠲᠦᠮᠵᠢᠲᠡᠶ ᠠᠰᠢᠭᠯᠠᠵᠤ᠂ ᠡᠰᠢ ᠰᠦᠷᠡᠯ ᠤᠨ ᠲᠠᠷᠢᠶᠠᠨ ᠠᠴᠠ ᠰᠠᠯᠭᠠᠬᠤ ᠠᠰᠠᠭᠤᠳᠠᠯ ᠢ ᠰᠢᠢᠳᠪᠦᠷᠢᠯᠡᠬᠦ ᠪᠣᠯᠤᠨ᠎ᠠ᠃ | | | | | ︽ᠲᠠᠷᠠᠭᠠᠴᠢ ᠶᠢᠨ ᠠᠯᠬᠤᠮ ᠳᠤ᠂ ᠬᠡᠷᠪᠡ ᠦᠷ᠎ᠡ ᠠᠰᠢᠭ ᠰᠠᠶᠢᠨ ᠪᠣᠯ᠂ ᠪᠢᠳᠡ ᠡᠷᠬᠢᠨ ᠲᠣᠭᠤᠷᠢᠨ ᠤ ᠰᠤᠯᠠ ᠲᠠᠯᠪᠢᠵᠤ ᠪᠠᠶᠢᠭ᠎ᠠ ᠬᠦᠯᠡᠮᠵᠢ ᠶᠢ ᠭᠦᠢᠴᠡᠳ | ᠠᠰᠢᠭᠯᠠᠬᠤ ᠪᠠᠷ ᠪᠠᠶᠢᠨ᠎ᠠ᠂ ᠨᠢᠭᠡ ᠳᠤ᠂ ᠬᠠᠮᠲᠤᠷᠠᠯᠴᠠᠬᠤ ᠵᠠᠭᠪᠤᠷ ᠢ ᠠᠪᠴᠤ᠂ ᠲᠠᠷᠢᠶᠠᠴᠢᠨ ᠡᠷᠦᠬᠡ ᠬᠦᠯᠡᠮᠵᠢ ᠬᠠᠩᠭᠠᠵᠤ᠂ ᠺᠣᠮᠫᠠᠨᠢ ᠮᠡᠷᠭᠡᠵᠢᠯ᠂ ᠲᠦᠭᠦᠬᠡᠶ | ᠮᠠᠲ᠋ᠧᠷᠢᠶᠠᠯ᠂ ᠮᠥᠭᠦ ᠶᠢᠨ ᠦᠷ᠎ᠡ ᠬᠠᠩᠭᠠᠵᠤ᠂ ᠠᠰᠢᠭ ᠣᠷᠣᠯᠭ᠎ᠠ ᠶᠢ ᠬᠠᠷᠢᠴᠠᠯ ᠶᠣᠰᠣᠭᠠᠷ ᠬᠤᠪᠢᠳᠠᠨ᠎ᠠ᠃ ᠬᠤᠶᠠᠷ ᠲᠤ᠂ ᠲᠠᠷᠢᠶᠠᠴᠢᠨ ᠡᠷᠦᠬᠡ ᠳᠠᠷᠢᠬᠤ᠂ | ᠺᠣᠮᠫᠠᠨᠢ ᠠᠴᠠ ᠮᠡᠷᠭᠡᠵᠢᠯ ᠬᠠᠩᠭᠠᠬᠤ ᠵᠢᠴᠢ ᠪᠣᠷᠣᠯᠠᠭᠤᠯᠬᠤ ᠠᠷᠭ᠎ᠠ ᠵᠠᠮ ᠢᠶᠠᠷ ᠤᠯᠠᠭᠠᠨ ᠨᠠᠷᠠᠰᠤᠨ ᠤ ᠴᠢᠰᠤᠨ ᠡᠪᠡᠷ ᠢ ᠤᠨᠴᠠᠯᠢᠬᠳᠤ ᠠᠵᠤ ᠦᠢᠯᠡᠰ ᠪᠣᠯᠭᠠᠨ | ᠴᠣᠭᠴᠠᠯᠠᠵᠤ᠂ ᠲᠠᠷᠢᠶᠠᠴᠢᠳ ᠢ ᠬᠠᠮᠲᠤ ᠪᠠᠷ ᠴᠢᠨᠡᠭᠡᠯᠢᠭᠵᠢᠬᠦ ᠵᠠᠮ ᠢᠶᠠᠷ ᠵᠠᠮᠨᠠᠭᠤᠯᠤᠨ᠎ᠠ ︾ ᠭᠡᠵᠦ ᠴᠢᠨ ᠯᠸᠢ ᠬᠡᠯᠡᠨ᠎ᠡ᠃ |