ᠣᠶᠢᠷ᠎ᠠ ᠶᠢᠨ ᠡᠳᠦᠷ᠂ ᠮᠠᠯᠴᠢᠨ ᠦᠷᠡᠨᠲᠤᠶᠠᠭ᠎ᠠ ᠬᠤᠪᠢ ᠪᠠᠷ ᠢᠶᠠᠨ ᠬᠠᠷᠪᠤᠭᠠᠨ ᠤ ᠤᠷᠤᠯᠳᠤᠭᠠᠨ ᠵᠣᠬᠢᠶᠠᠨ ᠪᠠᠶᠢᠭᠤᠯᠤᠨ ᠥᠷᠨᠢᠭᠦᠯᠵᠦ᠂ ᠨᠤᠲᠤᠭ ᠤᠨ | ᠲᠦᠮᠡᠨ ᠤ ᠪᠠᠨ ᠰᠣᠶᠣᠯ ᠤᠨ ᠠᠮᠢᠳᠤᠷᠠᠯ ᠢ ᠨᠢ ᠪᠠᠶᠠᠯᠢᠭᠵᠢᠭᠤᠯᠤᠭᠰᠠᠨ ᠪᠠᠶᠢᠨ᠎ᠠ᠃ | ᠦᠷᠡᠨᠲᠤᠶᠠᠭ᠎ᠠ ᠪᠣᠯ ᠡᠷᠳᠡᠨᠢᠪᠤᠯᠠᠭ ᠰᠤᠮᠤᠨ ᠤ ᠪᠠᠶᠠᠨᠬᠤᠸᠠ ᠬᠠᠴᠠᠭᠠᠨ ᠤ ᠮᠡᠯᠴᠢᠨ ᠶᠤᠮ᠃ 2015 ᠣᠨ ᠳᠤ ᠨᠤᠲᠤᠭ ᠤᠨ ᠢᠶᠠᠨ ᠨᠠᠭᠠᠳᠤᠮ ᠤᠨ ᠬᠤᠷᠠᠯ | ᠳᠤ ︿ᠨᠠᠭᠠᠳᠴᠤ ᠦᠵᠡᠶ᠎ᠡ﹀ ᠭᠡᠰᠡᠨ ᠪᠣᠳᠣᠯ ᠪᠠᠷ ᠬᠠᠷᠪᠤᠭᠠᠨ ᠤ ᠤᠷᠤᠯᠳᠤᠭᠠᠨ ᠳᠤ ᠣᠷᠣᠯᠴᠠᠵᠤ᠂ ᠰᠠᠨᠠᠭᠠᠨ ᠠᠴᠠ ᠭᠠᠳᠠᠭᠤᠷ ᠲᠠᠰ ᠲᠤ ᠣᠷᠣᠭᠰᠠᠨ ᠠᠴᠠ | ᠬᠤᠶᠢᠰᠢ ᠡᠨᠡᠬᠦ ᠡᠷ᠎ᠡ ᠶᠢᠨ ᠭᠤᠷᠪᠠᠨ ᠨᠠᠭᠠᠳᠤᠮ ᠤᠨ ᠨᠢᠭᠡ ᠪᠤᠯᠬᠤ ᠬᠠᠷᠪᠤᠭ᠎ᠠ ᠳᠤ ᠳᠤᠷ᠎ᠠ ᠪᠠᠬ᠎ᠠ ᠲᠠᠢ ᠪᠣᠯᠵᠤ᠂ ᠬᠤᠯᠠ ᠣᠶᠢᠷ᠎ᠠ ᠶᠢᠨ ᠨᠠᠭᠠᠳᠤᠮ ᠳᠤ ᠣᠯᠠᠨᠳᠠ | ᠣᠷᠣᠯᠴᠠᠵᠤ ᠠᠪᠢᠶᠠᠰ ᠢᠶᠠᠨ ᠭᠠᠶᠢᠬᠠᠭᠤᠯᠵᠤ ᠶᠠᠪᠤᠨ᠂ 2022 ᠣᠨ ᠳᠤ ︽ᠨᠢᠭᠡᠳᠦᠭᠡᠷ ᠳᠠᠰ ᠤᠨ ᠰᠢᠭᠦᠭᠴᠢ︾ ᠶᠢᠨ ᠦᠨᠡᠮᠯᠡᠯ ᠢ ᠠᠮᠵᠢᠯᠲᠠ ᠲᠠᠢ | ᠰᠢᠯᠭᠠᠭᠤᠯᠵᠤ᠂ ︽ᠲᠠᠷᠠᠭᠠᠴᠢ ᠪᠠᠷ ᠪᠢ ᠪᠠᠰᠠ ᠬᠠᠷᠪᠤᠭᠠᠨ ᠤ ᠤᠷᠤᠯᠳᠤᠭᠠᠨ ᠵᠣᠬᠢᠶᠠᠨ ᠪᠠᠶᠢᠭᠤᠯᠵᠤ᠂ ᠨᠡᠩ ᠣᠯᠠᠨ ᠬᠥᠮᠥᠰ ᠢ ᠣᠷᠣᠯᠴᠠᠭᠤᠯᠵᠤ᠂ ᠤᠯᠠᠮᠵᠢᠯᠠᠯᠲᠤ | ᠨᠠᠭᠠᠳᠤᠮ ᠢᠶᠠᠨ ᠨᠡᠩ ᠣᠯᠠᠨ ᠬᠥᠮᠥᠰ ᠲᠤ ᠮᠡᠳᠡᠭᠦᠯᠵᠦ ᠶᠠᠪᠤᠬᠤ ᠰᠠᠨᠠᠭᠠᠲᠠᠢ︾ ᠭᠡᠵᠦ ᠰᠣᠷᠪᠤᠯᠵᠢᠯᠠᠬᠴᠢ ᠳᠤ ᠶᠠᠷᠢᠵᠤ ᠪᠢᠯᠡ᠃ | | | | | ᠬᠡᠳᠦᠨ ᠵᠢᠯ ᠤᠨ ᠡᠪᠡᠳᠴᠢᠨ ᠬᠢᠵᠢᠭ ᠵᠢᠴᠢ ᠪᠤᠰᠤᠳ ᠤᠴᠢᠷ ᠶᠠᠪᠤᠳᠠᠯ ᠢᠶᠠᠷ ᠰᠢᠯᠲᠠᠭᠠᠯᠠᠭᠳᠠᠵᠤ᠂ ᠶᠡᠭᠡ ᠪᠠᠭ᠎ᠠ ᠨᠠᠭᠠᠳᠤᠮ ᠳᠤ ᠣᠷᠣᠯᠴᠠᠵᠤ ᠳᠡᠶᠢᠯᠦᠭᠡ | ᠦᠭᠡᠢ ᠮᠥᠷᠲᠡᠭᠡᠨ ᠤᠷᠤᠯᠳᠤᠭᠠᠨ ᠵᠣᠬᠢᠶᠠᠨ ᠪᠠᠶᠢᠭᠤᠯᠵᠤ ᠴᠢᠳᠠᠭ᠎ᠠ ᠦᠭᠡᠢ ᠦᠷᠡᠨᠲᠤᠶᠠᠭ᠎ᠠ᠂ ᠡᠨᠡ ᠵᠢᠯ ᠤᠨ ᠬᠠᠪᠤᠷ ᠤᠨ ᠶᠠᠭᠠᠷᠠᠤ ᠴᠠᠭ ᠲᠤ ᠲᠣᠬᠢᠶᠠᠯᠳᠤᠭᠤᠯᠤᠨ | ᠪᠠᠭ᠎ᠠ ᠬᠡᠪᠴᠢᠶᠡᠨ ᠤ ᠬᠠᠷᠪᠤᠭᠠᠨ ᠤ ᠤᠷᠤᠯᠳᠤᠭᠠᠨ ᠵᠣᠬᠢᠶᠠᠨ ᠪᠠᠶᠢᠭᠤᠯᠵᠤ ᠪᠠᠶᠠᠨᠬᠤᠸᠠ ᠪᠠᠯᠭᠠᠰᠤᠨ ᠤ ᠠᠭᠤᠢ ᠶᠢᠨ ᠭᠤᠣᠯ ᠭᠠᠴᠠᠭᠠᠨ ᠳᠤ ᠶᠠᠪᠤᠭᠳᠠᠭᠤᠯᠤᠭᠰᠠᠨ | ᠪᠠᠶᠢᠨ᠎ᠠ᠃ | | | | | | | | ᠤᠷᠤᠯᠳᠤᠭᠠᠨ ᠳᠤ ᠨᠡᠶᠢᠲᠡ ᠬᠤᠷᠢᠭᠠᠳ ᠬᠥᠮᠥᠨ ᠣᠷᠣᠯᠴᠠᠵᠤ᠂ ᠡᠷᠡᠭᠲᠡᠢ ᠶᠢᠨ 20 ᠮᠧᠲᠷ ᠤᠨ ᠤᠷᠤᠯᠳᠤᠭᠠᠨ ᠪᠠ ᠡᠮᠡᠭᠲᠡᠢ ᠶᠢᠨ 15 ᠮᠧᠲᠷ ᠤᠨ | ᠤᠷᠤᠯᠳᠤᠭᠠᠨ ᠭᠡᠵᠦ ᠬᠤᠶᠠᠷ ᠳᠤᠭᠤᠶᠢᠯᠠᠩ ᠬᠤᠪᠢᠶᠠᠵᠤ᠂ ᠭᠤᠷᠪᠠᠨ ᠡᠭᠡᠯᠵᠢ ᠪᠠᠷ ᠶᠠᠪᠤᠭᠳᠠᠭᠤᠯᠪᠠ᠃ ᠤᠷᠤᠯᠳᠤᠭᠠᠨ ᠤ ᠡᠴᠦᠰ ᠲᠤ ᠡᠷᠡᠭᠲᠡᠢ ᠶᠢᠨ ᠳᠤᠭᠤᠶᠢᠯᠠᠩ | ᠳᠤ ᠬᠦᠰᠡᠯᠲᠦ᠂ ᠡᠮᠡᠭᠲᠡᠢ ᠶᠢᠨ ᠲᠤᠭᠤᠶᠢᠯᠠᠩ ᠳᠤ ᠦᠷᠡᠨᠲᠤᠶᠠᠭ᠎ᠠ ᠲᠤᠰ ᠲᠤᠰ ᠲᠡᠷᠢᠭᠦᠨ ᠪᠠᠶᠢᠷᠢᠨ ᠳᠤ ᠲᠣᠳᠣᠷᠠᠭᠰᠠᠨ ᠪᠠᠶᠢᠨ᠎ᠠ᠃ | | | | | ᠤᠷᠤᠯᠳᠤᠭᠠᠨ ᠨᠢ ᠬᠡᠲᠦᠶᠢᠪᠡᠷ ᠬᠠᠭᠠᠰᠬᠠᠨ ᠡᠳᠦᠷ ᠢᠶᠠᠷ ᠶᠠᠪᠤᠭᠳᠠᠭᠰᠠᠨ ᠴᠤ ᠨᠤᠲᠤᠭ ᠤᠨ ᠣᠯᠠᠨ ᠤ ᠢᠳᠡᠪᠬᠢᠲᠡᠢ ᠣᠷᠣᠯᠴᠠᠯᠠᠭᠠ ᠪᠠᠷ ᠬᠥᠭᠵᠢᠶᠡᠨ ᠲᠠᠢ | ᠰᠠᠶᠢᠬᠠᠨ ᠶᠠᠪᠤᠭᠳᠠᠵᠤ᠂ ᠲᠠᠰ ᠲᠤ ᠣᠷᠣᠭᠰᠠᠨ ᠪᠥᠬᠦᠨ ᠳᠤ ᠱᠠᠩᠨᠠᠯ ᠭᠠᠷᠳᠠᠭᠤᠯᠵᠤ᠂ ᠣᠷᠤᠯᠴᠠᠭᠰᠠᠨ ᠪᠥᠬᠦᠨ ᠳᠤ ᠳᠤᠷᠠᠰᠬᠠᠯ ᠤᠨ ᠪᠣᠳᠠᠰ ᠪᠡᠯᠭᠡᠯᠡᠨ᠂ ᠮᠠᠯᠴᠢᠨ | ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠠᠶᠢᠨ᠎ᠠ᠃ | ᠲᠡᠷᠡ ᠲᠠᠷᠠᠭᠠᠴᠢ ᠪᠠᠷ ᠡᠶᠢᠮᠦᠷᠭᠦ ᠤᠷᠤᠯᠳᠤᠭᠠᠨ ᠢ ᠦᠷᠭᠦᠯᠵᠢ ᠶᠢᠨ ᠴᠢᠨᠠᠷᠲᠠᠢ ᠵᠣᠬᠢᠶᠠᠨ ᠪᠠᠶᠢᠭᠤᠯᠵᠤ ᠥᠷᠨᠢᠭᠦᠯᠦᠨ᠂ ᠪᠠᠰᠠ ᠬᠠᠷᠪᠤᠭᠠᠨ ᠤ ᠨᠡᠶᠢᠭᠡᠮᠯᠢᠭ | ᠪᠠᠶᠢᠭᠤᠯᠤᠨ᠎ᠠ ᠭᠡᠵᠦ ᠢᠲᠡᠭᠡᠯ ᠳᠦᠭᠦᠷᠡᠩ ᠶᠠᠷᠢᠵᠤ ᠪᠠᠶᠢᠯ᠎ᠠ᠃ | | | | | |