ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
ᠨᠡᠶᠢᠲᠡᠯᠡᠭᠰᠡᠨ ᠴᠠᠭ᠄
2023/4/27
        ᠨᠢᠭᠡ᠂ ᠪᠠᠶᠢᠭᠤᠯᠭ᠎ᠠ ᠶᠢᠨ ᠲᠣᠪᠴᠢ ᠲᠠᠨᠢᠯᠴᠠᠭᠤᠯᠭ᠎ᠠ       ᠤᠷᠠᠳ ᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠷᠠᠳ ᠤᠨ ᠡᠮᠦᠨᠡᠲᠦ ᠬᠤᠰᠢᠭᠤᠨ ᠤ ᠮᠤᠨᠠ ᠠᠭᠤᠯᠠ ᠪᠠᠯᠭᠠᠰᠤᠨ ᠤ ᠮᠢᠨ ᠱᠧᠩ ᠵᠠᠮ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠲᠣᠮᠣ ᠠᠰᠠᠷ ᠲᠤ ᠪᠠᠶᠢᠷᠢᠯᠠᠵᠤ᠂ ᠨᠡᠶᠢᠲᠡ 16 ᠲᠠᠰᠤᠯᠭ᠎ᠠ ᠠᠯᠪᠠᠨ ᠬᠡᠷ ᠲᠠᠢ᠂ 1111 ᠲᠡᠭᠰᠢ ᠳᠥᠷᠪᠡᠯᠵᠢᠨ ᠮᠧᠲᠷ ᠲᠠᠯᠠᠪᠠᠶ ᠲᠠᠢ᠂ ᠪᠠᠶᠢᠭᠤᠯᠤᠮᠵᠢ ᠶᠢᠨ ᠰᠢᠨᠵᠢ ᠴᠢᠨᠠᠷ ᠨᠢ ᠵᠠᠰᠠᠭ ᠵᠠᠬᠢᠷᠭᠠᠨ ᠤ ᠨᠢᠭᠡᠴᠢ ᠳᠤ ᠬᠠᠷᠢᠶᠠᠯᠠᠭᠳᠠᠵᠤ᠂ ᠣᠷᠣᠨ ᠲᠤᠭ᠎ᠠ ᠶᠢᠨ ᠠᠵᠢᠯᠲᠠᠨ ᠢ 24 ᠬᠥᠮᠦᠨ ᠢᠶᠠᠷ ᠬᠢᠨᠠᠨ ᠲᠣᠭᠲᠠᠭᠠᠪᠠ᠂ ᠡᠭᠦᠨ ᠳᠤ ᠵᠠᠰᠠᠭ ᠵᠠᠬᠢᠷᠭᠠᠨ ᠤ ᠣᠷᠣᠨ ᠲᠤᠭ᠎ᠠ ᠲᠠᠢ 20 ᠬᠥᠮᠦᠨ᠂ ᠵᠠᠰᠠᠭ ᠵᠠᠬᠢᠷᠭᠠᠨ ᠤ ᠦᠢᠯᠡᠴᠢᠯᠡᠬᠡᠨ ᠤ ᠠᠵᠢᠯᠲᠠᠨ 4 ᠬᠥᠮᠦᠨ ᠪᠣᠶ᠂ 2019 ᠣᠨ ᠤ 4 ᠰᠠᠷ᠎ᠠ ᠳᠤ ᠤᠷᠠᠳ ᠤᠨ ᠡᠮᠦᠨᠡᠲᠦ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠢᠩᠬᠢᠨᠢ ᠪᠠᠷ ᠪᠠᠶᠢᠭᠤᠯᠤᠭᠳᠠᠪᠠ᠃        ᠬᠤᠶᠠᠷ᠂ ᠨᠢᠭᠡᠴᠡ ᠶᠢᠨ ᠭᠤᠤᠯ ᠡᠭᠦᠷᠭᠡ ᠬᠠᠷᠢᠭᠤᠴᠠᠯᠭ᠎ᠠ :       ︵ᠨᠢᠭᠡ︶ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ  ᠦᠢᠯᠡᠰ ᠤᠨ ᠬᠥᠭᠵᠢᠯᠲᠡ ᠶᠢᠨ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠲᠣᠭᠲᠠᠭᠠᠯ ᠲᠥᠷᠥ ᠶᠢᠨ ᠪᠣᠳᠣᠯᠭ᠎ᠠ ᠶᠢ ᠲᠤᠭᠤᠰᠢᠭᠤᠯᠤᠨ ᠨᠠᠶᠢᠳᠠᠪᠤᠷᠢᠵᠢᠭᠤᠯᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ᠂ ᠲᠥᠯᠥᠪᠵᠢᠭᠦᠯᠭᠡ ᠶᠢ ᠰᠤᠳᠤᠯᠤᠨ ᠲᠣᠭᠲᠠᠭᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠲᠡᠩᠴᠡᠭᠦᠷᠢᠰᠢᠭᠦᠯᠬᠦ᠂ ᠨᠡᠶᠢᠳᠡᠮ ᠠᠰᠢᠭ ᠬᠦᠷᠲᠡᠭᠡᠬᠦ᠂ ᠳᠥᠭᠦᠮ ᠳᠥᠲᠡᠵᠢᠭᠦᠯᠬᠦ ᠪᠠ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ  ᠬᠡᠷᠡᠭᠵᠢᠬᠦᠯᠦᠨ᠎ᠡ᠃      ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠴᠢᠭᠯᠡᠯᠲᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠢᠶᠠᠷᠬᠤ ᠪᠠ ᠡᠷᠭᠢᠯᠡᠬᠦ ᠶᠢ ᠰᠠᠯᠭᠠᠬᠤ ᠶᠢ ᠠᠬᠢᠭᠤᠯᠤᠨ᠂ ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠲᠦᠷᠢᠮ ᠢ ᠪᠦᠷᠢᠨᠰᠢᠬᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠠᠬᠢᠭᠤᠯᠬᠤ ᠳᠤ ᠭᠤᠤᠯ ᠴᠣᠭᠴᠠ ᠶᠢᠨ ᠣᠯᠠᠨ ᠡᠰᠢᠵᠢᠭᠰᠡᠨ᠂ ᠬᠠᠩᠭᠠᠭᠰᠠᠨ ᠠᠷᠭ᠎ᠠ ᠮᠠᠶ᠋ᠢᠭ ᠨᠢ ᠣᠯᠠᠨ ᠶᠠᠩᠵᠤ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ  ᠬᠡᠷᠡᠭᠵᠢᠬᠦᠯᠦᠨ᠎ᠡ᠃      ︵ᠭᠤᠷᠪᠠ︶ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠯᠥᠪᠵᠢᠭᠦᠯᠭᠡ ᠵᠢᠴᠢ ᠬᠦᠨᠳᠦ ᠨᠣᠴᠢᠲᠠᠢ ᠬᠤᠣᠷ ᠬᠥᠨᠥᠭᠡᠯ ᠢ ᠲᠣᠭᠲᠠᠭᠠᠨ ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠦᠨ᠎ᠡ᠃      ︵ᠳᠥᠷᠪᠡ︶  ᠬᠥᠮᠦᠨ ᠠᠮᠠ ᠶᠢᠨ ᠨᠠᠰᠤᠵᠢᠯ ᠢ ᠠᠷᠭᠠᠴᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠬᠤ ᠳᠤ ᠣᠷᠣᠯᠴᠠᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ ᠃      ︵ᠲᠠᠪᠤ︶ ᠤᠯᠤᠰ ᠪᠣᠯᠤᠨ ᠥᠪᠡᠷᠲᠡᠭᠡᠨ ᠵᠠᠰᠠᠬᠤ ᠣᠷᠣᠨ ᠤ ᠡᠮ ᠤᠨ ᠲᠥᠷᠥ ᠶᠢᠨ ᠪᠣᠳᠣᠯᠭ᠎ᠠ ᠪᠣᠯᠤᠨ ᠦᠨᠳᠦᠰᠦᠨ ᠡᠮ ᠤᠨ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃      ︵ᠵᠢᠷᠭᠤᠭ᠎ᠠ︶ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠡᠷᠬᠢᠯᠡᠭᠰᠡᠨ ᠠᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠤᠨ ᠡᠷᠡᠭᠦᠯ ᠬᠠᠮᠠᠭᠠᠯᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠷᠢᠭᠤᠴᠠᠨ᠎ᠠ᠃       ︵ᠳᠣᠯᠤᠭ᠎ᠠ︶ ᠡᠮᠴᠢᠯᠡᠭᠡᠨ ᠤ ᠪᠠᠶᠢᠭᠤᠯᠤᠮᠵᠢ ᠪᠣᠯᠤᠨ ᠡᠮᠴᠢᠯᠡᠭᠡᠨ ᠤ ︵ᠦᠢᠯᠡᠴᠢᠯᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠶᠢᠨ ᠬᠢᠨᠠᠯᠲᠠ ᠲᠠᠯᠪᠢᠵᠤ ᠬᠡᠷᠡᠭᠵᠢᠭᠦᠯᠬᠦ ᠶᠢ ᠬᠠᠷᠢᠭᠤᠴᠠᠨ᠂ ᠡᠮᠴᠢᠯᠡᠭᠡᠨ ᠤ ᠦᠢᠯᠡᠴᠢᠯᠡᠬᠡᠨ ᠢ ᠦᠨᠡᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ ᠰᠢᠰᠲ᠋ᠧᠮᠵᠢ ᠶᠢ ᠪᠠᠶᠢᠭᠤᠯᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠬᠢᠷᠢ ᠬᠡᠮ ᠤᠨ ᠪᠠᠷᠢᠮᠵᠢᠶ᠎ᠠ ᠶᠢ ᠲᠣᠭᠲᠠᠭᠠᠬᠤ ᠪᠠ ᠬᠡᠷᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠵᠢᠷᠤᠮᠵᠢᠯ᠂ ᠪᠠᠷᠢᠮᠵᠢᠶ᠎ᠠ ᠪᠣᠯᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠡᠷᠭᠢᠯᠡᠬᠦ ᠲᠦᠷᠢᠮ ᠪᠣᠯᠤᠨ ᠦᠢᠯᠡᠴᠢᠯᠠᠬᠡᠨ ᠤ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃       ︵ᠨᠠᠢᠮᠠ︶ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠬᠥᠮᠦᠨ ᠠᠮᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠥᠷᠨᠢᠭᠦᠯᠦᠨ᠂ ᠬᠥᠮᠦᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠲᠥᠯᠥᠪᠯᠡᠭᠡᠲᠦ ᠦᠷᠡᠵᠢᠯ ᠤᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃      ︵ᠶᠢᠰᠦ︶ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠡᠩᠬᠡ ᠶᠢᠨ ᠦᠢᠯᠡᠴᠢᠯᠡᠭᠡᠨ ᠤ ᠰᠢᠰᠲ᠋ᠧᠮᠵᠢ ᠪᠠ ᠶᠡᠷᠦᠩᠬᠡᠶ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠵᠢᠯᠣᠭᠤᠳᠴᠤ᠂ ᠡᠷᠡᠭᠦᠯ ᠬᠠᠮᠠᠭᠠᠯᠠᠯ ᠡᠷᠡᠭᠦᠯ ᠡᠩᠬᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃       ︵ᠠᠷᠪᠠ︶ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ᠂ ᠡᠷᠳᠡᠮ ᠰᠢᠨᠵᠢᠯᠡᠭᠡᠨ᠂ ᠰᠣᠶᠣᠯ ᠵᠢᠴᠢ ᠬᠠᠮᠢᠶ᠎ᠠ ᠪᠥᠬᠦᠶ ᠠᠵᠤ ᠦᠶ᠋ᠯᠡᠰ ᠤᠨ ᠥᠭᠡᠷᠡᠴᠢᠯᠡᠯᠲᠡ ᠬᠥᠭᠵᠢᠯᠲᠡ ᠬᠢᠭᠡᠳ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠪᠠᠲᠤᠯᠠᠬᠤ ᠪᠠ ᠠᠬᠢᠭᠤᠯᠵᠤ ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃       ︵ᠠᠷᠪᠠᠨ ᠨᠢᠭᠡ︶ ᠪᠦᠬᠦ ᠬᠤᠰᠢᠭᠤᠨ ᠤ ᠴᠢᠬᠤᠯᠠ ᠬᠤᠷᠠᠯ ᠬᠢᠭᠡᠳ ᠴᠢᠬᠤᠯᠠ ᠶᠡᠭᠡ ᠠᠵᠢᠯᠯᠠᠭ᠎ᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠡᠭᠦᠷᠭᠡᠯᠡᠨ᠎ᠡ᠃       ︵ᠠᠷᠪᠠᠨ ᠬᠤᠶᠠᠷ︶ ᠪᠥᠬᠦ ᠬᠤᠰᠢᠭᠤᠨ ᠤ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ᠃      ︵ᠠᠷᠪᠠᠨ ᠭᠤᠷᠪᠠ︶ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ