ᠨᠠᠷᠠᠨ ᠬᠤᠸᠠᠷ ᠢᠶᠠᠷ ᠪᠣᠷᠳᠤᠭ᠎ᠠ ᠬᠢᠵᠦ ᠮᠠᠯ ᠲᠡᠵᠢᠭᠡᠪᠡᠯ ᠲᠠᠷᠭᠤ ᠨᠡᠮᠡᠭᠳᠡᠨ᠎ᠡ
ᠨᠡᠶᠢᠲᠡᠯᠡᠭᠰᠡᠨ ᠴᠠᠭ᠄
2023/4/28
      ᠨᠠᠷᠠᠨ ᠬᠤᠸᠠᠷ ᠤᠨ ᠦᠷ᠎ᠡ ᠶᠢ ᠨᠢ ᠠᠪᠤᠭᠰᠠᠨ ᠴᠡᠴᠡᠭ ᠤᠨ ᠰᠠᠭᠤᠳᠠᠯ ᠨᠢ ᠲᠦᠢᠯ ᠤᠨ ᠰᠠᠶᠢᠨ ᠮᠠᠯ ᠲᠡᠵᠢᠭᠡᠪᠦᠷᠢ ᠶᠢᠨ ᠲᠡᠵᠢᠭᠡᠯ ᠪᠣᠷᠳᠤᠭ᠎ᠠ ᠪᠤᠯᠳᠠᠭ᠃ ᠨᠠᠷᠠᠨ ᠬᠤᠸᠠᠷ ᠤᠨ ᠴᠡᠴᠡᠭ ᠤᠨ ᠰᠠᠭᠤᠳᠠᠯ ᠳᠤ ᠪᠦᠳᠦᠭᠦᠯᠢᠭ ᠤᠭᠤᠷᠠᠭ ᠤᠨ ᠠᠭᠤᠯᠤᠭᠳᠠᠴᠠ 7% ~ 9%᠂ ᠪᠦᠳᠦᠭᠦᠯᠢᠭ ᠥᠭᠡᠬᠦ 6.5% ~ 10.5%᠂ ᠪᠦᠳᠦᠭᠦᠯᠢᠭ ᠰᠢᠷᠬᠡᠭᠯᠢᠭ 17.7%᠂ ᠠᠽᠣᠲ ᠦᠭᠡᠢ ᠨᠠᠪᠴᠢᠮᠡᠭᠡᠢ ᠪᠣᠳᠠᠰ 43.9%᠂ ᠵᠢᠮᠢᠰ ᠤᠨ ᠴᠠᠪᠠᠤ 2.4% ~ 3%᠂ ᠡᠭᠦᠨ ᠳᠤ ᠪᠦᠳᠦᠭᠦᠯᠢᠭ ᠤᠭᠤᠷᠠᠭ ᠬᠢᠭᠡᠳ ᠠᠽᠣᠲ ᠦᠭᠡᠢ ᠨᠠᠪᠴᠢᠮᠡᠭᠡᠢ ᠪᠣᠳᠠᠰ ᠤᠨ ᠠᠭᠤᠯᠤᠭᠳᠠᠴᠠ ᠨᠢ ᠠᠮᠤ ᠪᠤᠳᠠᠭ᠎ᠠ ᠳᠠᠬᠢ ᠠᠭᠤᠯᠤᠭᠳᠠᠴᠠ ᠲᠠᠢ ᠪᠠᠶᠢᠳᠠᠭ᠃ ᠨᠠᠷᠠᠨ ᠬᠤᠸᠠᠷ ᠤᠨ ᠴᠡᠴᠡᠭ ᠤᠨ ᠰᠠᠭᠤᠳᠠᠯ ᠢᠶᠠᠷ ᠬᠢᠭᠰᠡᠨ ᠲᠠᠯᠬ᠎ᠠ ᠪᠣᠷᠳᠤᠭ᠎ᠠ ᠶᠢᠨ ᠵᠠᠭᠤᠨ ᠺᠢᠯᠦᠭᠷᠠᠮ ᠪᠦᠷᠢ ᠶᠢᠨ ᠰᠢᠮ᠎ᠡ ᠲᠡᠵᠢᠭᠡᠯ ᠤᠨ ᠤᠶᠢᠷᠳᠡᠭ ᠨᠢ 60 ~ 66 ᠺᠢᠯᠦᠭᠷᠠᠮ ᠡᠷᠳᠡᠨᠢ ᠰᠢᠰᠢ ᠪᠤᠶᠤ 70 ~ 80 ᠺᠢᠯᠦᠭᠷᠠᠮ ᠠᠷᠪᠠᠢ ᠵᠡᠷᠭᠡ ᠨᠠᠷᠢᠯᠢᠭ ᠪᠣᠷᠳᠤᠭ᠎ᠠ ᠶᠢᠨ ᠰᠢᠮ᠎ᠡ ᠲᠡᠵᠢᠭᠡᠯ ᠤᠨ ᠦᠷᠳᠡᠭ ᠲᠠᠢ ᠠᠳᠠᠯᠢᠬᠠᠨ᠃ ᠨᠠᠷᠠᠨ ᠬᠤᠸᠠᠷ ᠤᠨ ᠴᠡᠴᠡᠭ ᠤᠨ ᠰᠠᠭᠤᠳᠠᠯ ᠢ ᠪᠠᠰᠠ ᠨᠣᠭᠤᠭᠠᠨ ᠢᠶᠠᠷ ᠳᠠᠷᠤᠰᠢᠭᠤᠯᠵᠤ ᠪᠣᠯᠣᠨ᠎ᠠ᠂ ᠨᠣᠭᠤᠭᠠᠨ ᠢᠶᠠᠷ ᠳᠠᠷᠤᠰᠢᠭᠤᠯᠤᠭᠰᠠᠨ ᠨᠠᠷᠠᠨ ᠬᠤᠸᠠᠷ ᠤᠨ ᠴᠡᠴᠡᠭ ᠤᠨ ᠰᠠᠭᠤᠳᠠᠯ ᠨᠢ ᠲᠦᠢᠯ ᠤᠨ ᠰᠠᠶᠢᠬᠠᠨ ᠦᠨᠦᠷ ᠲᠠᠢ᠂ ᠮᠠᠯ ᠲᠡᠵᠢᠭᠡᠪᠦᠷᠢ ᠳᠤᠩ ᠢᠳᠡᠬᠦ ᠳᠤᠷᠠᠲᠠᠢ ᠪᠠᠶᠢᠳᠠᠭ᠃ ᠨᠠᠷᠠᠨ ᠬᠤᠸᠠᠷ ᠤᠨ ᠴᠡᠴᠡᠭ ᠤᠨ ᠰᠠᠭᠤᠳᠠᠯ ᠳᠤ ᠶᠡᠭᠡ ᠬᠡᠮᠵᠢᠶᠡᠨ ᠤ ᠺᠠᠯᠼᠠᠯᠢᠬ ᠪᠣᠳᠠᠰ ᠪᠣᠯᠣᠨ ᠨᠡᠯᠢᠶᠡᠳ ᠠᠷᠪᠢᠨ ᠵᠢᠮᠢᠰ ᠤᠨ ᠰᠢᠬᠢᠷ ᠠᠭᠤᠯᠤᠭᠳᠠᠬᠤ ᠪᠣᠯᠬᠤᠷ᠂ ᠲᠥᠯ ᠮᠠᠯ ᠪᠣᠯᠣᠨ ᠭᠡᠭᠡᠯ ᠲᠠᠢ ᠡᠬᠡ ᠮᠠᠯ ᠢ ᠲᠡᠵᠢᠭᠡᠬᠦ ᠳᠤ ᠶᠡᠭᠡ ᠲᠣᠬᠢᠷᠠᠮᠵᠢᠲᠠᠢ᠃ ᠬᠡᠷᠪᠡ ᠨᠠᠷᠠᠨ ᠬᠤᠸᠠᠷ ᠤᠨ ᠴᠡᠴᠡᠭ ᠤᠨ ᠰᠠᠭᠤᠳᠠᠯ ᠢᠶᠠᠷ ᠭᠠᠭ᠋ᠠᠢ ᠲᠡᠵᠢᠭᠡᠪᠡᠯ ᠭᠠᠭ᠋ᠠᠢ ᠲᠠᠷᠭᠤᠯᠠᠬᠤ ᠨᠢ ᠬᠤᠷᠳᠤᠨ ᠪᠥᠭᠡᠳ ᠪᠣᠷᠳᠣᠭᠠᠨ ᠠᠮᠤ ᠶᠢ ᠠᠷᠪᠢᠯᠠᠨ᠂ ᠭᠠᠭ᠋ᠠᠢ ᠲᠡᠵᠢᠭᠡᠬᠦ ᠥᠪᠡᠷ ᠤᠨ ᠦᠷᠳᠡᠭ ᠢ ᠪᠠᠭᠠᠰᠬᠠᠵᠤ ᠠᠰᠢᠭ ᠨᠢ ᠶᠡᠭᠡ ᠪᠠᠶᠢᠳᠠᠭ᠃    
ᠢᠷᠡᠯᠲᠡ᠄ ᠰᠢᠯᠢ ᠶᠢᠨ ᠭᠤᠣᠯ ᠠᠢᠮᠠᠭ ᠤᠨ ᠵᠠᠬᠢᠷᠭ᠎ᠠ