ᠰᠢᠶᠦ᠋ᠩ ᠱᠸᠦ ᠵᠢᠶᠦ᠋ᠨ᠄ ᠪᠣᠷᠣᠲᠣᠬᠤᠶ ᠶᠢᠨ ᠰᠠᠶᠢᠨ ᠭᠤᠯᠢᠷ ᠢ ᠦᠢᠯᠡᠳᠪᠦᠷᠢᠯᠡᠨ᠎ᠡ
ᠨᠡᠶᠢᠲᠡᠯᠡᠭᠰᠡᠨ ᠴᠠᠭ᠄
2023/4/4
     ᠬᠠᠪᠤᠷ ᠤᠨ ᠭᠤᠷᠪᠠᠨ ᠰᠠᠷ᠎ᠠ ᠪᠤᠯ ᠬᠦᠷᠦᠰᠦ ᠰᠢᠷᠤᠢ ᠤᠶᠠᠷᠠᠨ ᠭᠡᠰᠴᠦ᠂ ᠲᠦᠮᠡᠨ ᠪᠤᠳᠠᠰ ᠠᠮᠢᠵᠢᠷᠠᠨ ᠰᠡᠷᠭᠦᠳᠡᠭ ᠰᠠᠶᠢᠬᠠᠨ ᠤᠯᠠᠷᠢᠯ ᠪᠤᠯᠤᠨ᠎ᠠ᠂ ᠮᠦᠨ ᠴᠦ ᠪᠤᠷᠤᠳᠤᠬᠤᠢ ᠤᠷᠤᠨ ᠤ ᠪᠤᠭᠤᠲᠠᠢ ᠲᠠᠷᠢᠬᠤ ᠬᠠᠮᠤᠭ ᠤᠨ ᠲᠤᠬᠢᠷᠠᠮᠵᠢᠲᠡᠢ ᠤᠯᠠᠷᠢᠯ ᠶᠤᠮᠰᠠᠨ᠃3 ᠰᠠᠷ᠎ᠠ ᠶᠢᠨ 2 ᠤᠨ ᠡᠳᠦᠷ᠂ ᠬᠠᠩᠭᠢᠨ ᠬᠤᠶᠢᠲᠤ ᠬᠤᠰᠢᠭᠤᠨ ᠤ ᠲᠤᠸᠠᠨ ᠵᠢᠶᠧ ᠪᠠᠯᠭᠠᠰᠤ  ᠶᠢᠨ ᠮᠢᠨ ᠵᠢᠶᠡᠨ ᠲᠤᠰᠬᠤᠨ ᠳᠤ ᠬᠦᠷᠬᠦ ᠳᠤ᠂ ᠲᠠᠷᠢᠶᠠᠨ ᠭᠠᠵᠠᠷ ᠲᠤ ᠶᠡᠭᠡ ᠪᠠᠭ᠎ᠠ ᠲᠠᠷᠢᠮᠠᠯ ᠤᠨ ᠮᠠᠰᠢᠨ ᠰᠦᠯᠵᠢᠯᠳᠦᠨ᠂ ᠲᠠᠷᠢᠶᠠᠴᠢᠳ ᠪᠤᠭᠤᠳᠠᠢ ᠪᠠᠨ ᠲᠠᠷᠢᠭᠠᠳ ᠶᠠᠭᠠᠷᠠᠯᠳᠤᠵᠤ᠂ ᠬᠦᠳᠡᠯᠮᠦᠷᠢᠴᠢᠨ ᠠᠷᠠᠳ ᠤᠨ ᠬᠦᠳᠡᠯᠮᠦᠷᠢ  ᠶᠢᠨ ᠰᠠᠶᠢᠬᠠᠨ ᠵᠢᠷᠤᠭ ᠢ ᠦᠨᠡᠨ ᠮᠦᠨ ᠢᠶᠠᠷ ᠨᠢ ᠵᠢᠷᠤᠭᠯᠠᠨ᠎ᠠ᠃     ︽ᠡᠨᠡ ᠵᠢᠯ ᠪᠢ 100 ᠭᠠᠷᠤᠢ ᠮᠦ ᠲᠠᠷᠢᠶᠠᠨ ᠭᠠᠵᠠᠷ ᠲᠠᠭᠠᠨ ᠪᠦᠷ ᠪᠤᠭᠤᠲᠠᠢ ᠲᠠᠷᠢᠬᠤ ᠪᠠᠷ ᠪᠤᠢ᠃ ᠮᠠᠨ ᠤ ᠲᠠᠷᠢᠭᠰᠠᠨ ᠪᠤᠭᠤᠲᠠᠢ ᠶᠢ ᠨᠤᠳᠤᠭ ᠤᠨ ᠰᠠᠶᠢᠨ ᠠᠵᠤ ᠠᠬᠤᠶᠢᠯᠠᠯ ᠤᠷᠢᠳ ᠢᠶᠠᠷ ᠵᠠᠬᠢᠶᠠᠯᠠᠭ᠎ᠠ ᠲᠤᠭᠳᠠᠵᠤ ᠬᠤᠷᠢᠶᠠᠯᠳᠠ ᠠᠪᠤᠭᠰᠠᠨ ᠤ ᠲᠠᠷᠠᠭ᠎ᠠ ᠰᠢᠭᠤᠳ ᠠᠪᠴᠢᠬᠠᠳᠠᠭ ᠪᠤᠯᠬᠤᠷ ᠪᠤᠷᠤᠯᠠᠭᠤᠯᠭ᠎ᠠ ᠶᠢᠨ ᠤᠴᠢᠷ ᠲᠤ ᠰᠠᠨᠠᠭ᠎ᠠ ᠵᠤᠪᠠᠭ᠋ᠤ ᠬᠡᠷᠡᠭ ᠦᠭᠡᠢ᠃ ᠲᠡᠷᠡ ᠮᠦᠷᠲᠡᠭᠡᠨ ᠺᠤᠮᠫᠠᠨᠢ ᠢᠢᠨ ᠵᠢᠯ ᠪᠦᠷᠢ ᠶᠢᠨ ᠬᠤᠷᠢᠶᠠᠨ ᠠᠪᠬᠤ ᠦᠨ᠎ᠡ ᠬᠠᠩᠰᠢ ᠨᠢ ᠵᠠᠬ᠎ᠠ ᠲᠡᠯᠭᠡᠭᠦᠷ ᠤᠨ ᠦᠨ᠎ᠡ ᠠᠴᠠ ᠦᠨᠳᠦᠷ ᠪᠠᠶᠢᠳᠠᠭ᠂ ᠡᠨᠡ ᠨᠢ ᠪᠢᠲᠡᠨ ᠤ ᠤᠷᠤᠯᠭ᠎ᠠ ᠶᠢᠨ ᠨᠡᠮᠡᠭᠳᠡᠯ ᠳᠤ ᠴᠦ ᠪᠠᠳᠤᠯᠠᠭ᠎ᠠ ᠬᠠᠩᠭᠠᠪᠠ︾ ᠭᠡᠵᠦ ᠮᠢᠨ ᠵᠢᠶᠠᠨ ᠲᠤᠰᠬᠤᠨ ᠤ ᠬᠤᠶᠠᠳᠤᠭᠠᠷ ᠲᠤᠭᠤᠶᠢᠯᠠᠩ ᠤᠨ ᠲᠠᠷᠢᠶᠠᠴᠢᠨ ᠪᠢᠶᠠᠨ ᠡᠯ ᠷᠦᠢ ᠪᠤᠭᠤᠳᠠᠢ ᠲᠠᠷᠢᠬᠤ  ᠶᠢᠨ ᠲᠠᠭᠠᠤ ᠰᠤᠷᠪᠤᠯᠵᠢᠯᠠᠭᠴᠢ ᠳᠤ ᠶᠠᠷᠢᠨ᠎ᠠ᠃     ᠪᠢᠶᠠᠨ ᠡᠯ ᠷᠦᠢ ᠶᠢᠨ ᠶᠠᠷᠢᠵᠤ ᠪᠠᠶᠢᠭ᠎ᠠ ᠨᠤᠳᠤᠭ ᠤᠨ ᠰᠠᠶᠢᠨ ᠠᠵᠤ ᠠᠬᠤᠶᠢᠯᠠᠯ ᠪᠤᠯ ᠬᠠᠩᠭᠢᠨ ᠬᠤᠶᠢᠲᠤ ᠬᠤᠰᠢᠭᠤᠨ ᠤ ᠳ᠋ᠠ ᠹᠠ ᠭᠦᠩ ᠭᠤᠯᠢᠷ ᠤᠨ ᠬᠢᠵᠠᠭᠠᠷᠲᠤ ᠺᠤᠮᠫᠠᠨᠢ ᠪᠤᠯᠤᠨ᠎ᠠ᠃ ᠺᠤᠮᠫᠠᠨᠢ ᠶᠢᠨ ᠶᠡᠷᠦᠩᠭᠡᠢ ᠲᠠᠭᠠᠭᠠᠮᠠᠯ ᠰᠢᠶᠦ᠋ᠩ ᠱᠸᠦ ᠵᠢᠶᠦ᠋ᠨ ᠤᠤᠯ ᠳᠠᠭᠠᠨ ᠲᠠᠷᠢᠶᠠᠴᠢᠨ ᠪᠠᠶᠢᠵᠤ᠂ ᠰᠡᠬᠦᠯᠡᠷ ᠨᠢ ᠠᠵᠤ ᠠᠬᠤᠶᠢᠯᠠᠯ ᠡᠷᠬᠢᠯᠡᠨ ᠠᠭᠠᠵᠢᠮ ᠢᠶᠠᠷ ᠬᠤᠯᠠ ᠤᠶᠢᠷ᠎ᠠ ᠳᠠᠭᠠᠨ ᠨᠡᠷᠡᠳᠠᠢ ᠠᠵᠤ ᠠᠬᠤᠶᠢᠯᠠᠯᠲᠠᠨ ᠪᠤᠯᠵᠠᠢ᠃ ᠲᠤᠰ ᠺᠣᠮᠫᠠᠨᠢ ᠴᠠᠭᠠᠨ ᠭᠤᠯᠢᠷ ᠪᠤᠯᠪᠠᠰᠤᠷᠠᠭᠤᠯᠤᠨ ᠦᠢᠯᠡᠳᠪᠤᠷᠢᠯᠡᠬᠦ ᠳᠡᠭᠡᠨ ᠴᠦᠮ ᠲᠤᠬᠠᠶ ᠶᠢᠨ ᠭᠠᠵᠠᠷ ᠤᠨ ᠲᠠᠷᠢᠶᠠᠴᠢᠳ ᠤᠨ ᠲᠠᠷᠢᠵᠤ ᠬᠤᠷᠢᠶᠠᠭᠰᠠᠨ ᠴᠢᠨᠠᠷ ᠰᠠᠶᠢᠲᠠᠶ ᠪᠤᠭᠤᠳᠠᠶ ᠶᠢ ᠬᠡᠷᠡᠭᠯᠡᠵᠤ ᠪᠤᠢ᠃ ᠨᠤᠲᠤᠭ ᠤᠰᠤᠨ ᠤ ᠲᠠᠷᠢᠶᠠᠴᠢᠳ ᠲᠠᠭᠠᠨ ᠠᠰᠢᠭ ᠬᠦᠷᠲᠡᠭᠡᠬᠦ ᠶᠢᠨ ᠲᠥᠯᠥᠭᠡ᠂ ᠰᠢᠶᠦ᠋ᠩ ᠱᠸᠦ ᠵᠢᠶᠦ᠋ᠨ ᠺᠤᠮᠫᠠᠨᠢ ᠶᠢᠨ ᠢᠶᠠᠨ 5 ᠲᠦᠮᠡᠨ ᠮᠦ ᠪᠤᠭᠤᠳᠠᠢ ᠶᠢᠨ ᠰᠠᠭᠤᠷᠢᠨ ᠢᠶᠠᠨ ᠲᠤᠸᠠᠨ ᠵᠢᠶᠧ ᠪᠠᠯᠭᠠᠰᠤᠨ ᠳᠤ ᠪᠠᠶᠢᠭᠤᠯᠤᠭᠰᠠᠨ ᠪᠥᠭᠡᠳ ᠪᠠᠯᠭᠠᠰᠤᠨ ᠤ ᠵᠠᠰᠠᠭ ᠤᠨ ᠣᠷᠳᠣᠨ ᠯᠤᠭ᠎ᠠ ᠴᠢᠨᠠᠷ ᠰᠠᠶᠢᠲᠠᠢ ᠪᠤᠭᠤᠳᠠᠢ ᠬᠤᠳᠠᠯᠳᠤᠨ ᠠᠪᠬᠤ ᠭᠡᠷ᠎ᠡ ᠲᠣᠭᠲᠠᠵᠤ᠂ ᠪᠦᠬᠦ ᠪᠠᠯᠭᠠᠰᠤᠨ ᠤ 3000 ᠭᠠᠷᠤᠢ ᠲᠠᠷᠢᠶᠠᠯᠠᠬᠤ ᠡᠷᠦᠬᠡ ᠶᠢᠨ ᠪᠤᠭᠤᠳᠠᠢ ᠶᠢᠨ ᠪᠣᠷᠣᠯᠠᠭᠤᠯᠭ᠎ᠠ ᠢᠢᠨ ᠠᠰᠠᠭᠤᠳᠠᠯ ᠢ ᠪᠦᠳᠦᠮᠵᠢᠳᠠᠢ ᠰᠶᠢᠳᠪᠤᠷᠢᠯᠡᠪᠡ᠃ ᠲᠡᠷᠡ ᠮᠦᠷᠳᠡᠬᠡᠨ ᠬᠤᠳᠠᠯᠳᠤᠨ ᠠᠪᠬᠤ ᠦᠨ᠎ᠡ ᠬᠠᠩᠰᠢ ᠶᠢ ᠪᠤᠰᠤᠳ ᠭᠠᠵᠠᠷ ᠤᠨ ᠬᠢ ᠠᠴᠠ ᠺᠢᠯᠦᠭᠷᠠᠮ ᠪᠦᠷᠢ ᠳᠡᠭᠡᠨ 5 ᠮᠥᠩᠭᠦ ᠥᠨᠳᠥᠷ ᠪᠠᠶᠢᠯᠭᠠᠵᠤ᠂ ᠪᠥᠬᠦ ᠪᠠᠯᠭᠠᠰᠤᠨ ᠤ ᠲᠠᠷᠢᠶᠠᠴᠢᠳ ᠤᠨ ᠣᠷᠣᠯᠭ᠎ᠠ ᠶᠢ ᠵᠢᠯ ᠪᠦᠷᠢ 100 ᠲᠦᠮᠡᠨ ᠲᠥᠭᠦᠷᠢᠭ ᠨᠡᠮᠡᠭᠳᠡᠬᠦᠯᠵᠤ ᠪᠠᠶᠢᠨ᠎ᠠ᠃ ᠲᠤᠰ ᠺᠤᠮᠫᠠᠨᠢ ᠲᠠᠷᠢᠶᠠᠴᠢᠳ ᠤᠨ ᠪᠤᠭᠤᠳᠠᠢ ᠶᠢ ᠬᠤᠳᠠᠯᠳᠤᠨ ᠠᠪᠬᠤ ᠳᠠᠭᠠᠨ ᠪᠠᠷᠢᠨ ᠲᠤᠤᠷ᠎ᠠ ᠨᠢ ᠪᠡᠯᠡᠨ ᠵᠣᠭᠤᠰ ᠢᠶᠠᠷ ᠲᠠᠰᠤᠯᠤᠨ ᠪᠤᠳᠤᠵᠤ᠂ ᠲᠠᠷᠢᠶᠠᠴᠢᠳ ᠤᠨ ᠪᠤᠭᠤᠳᠠᠢ ᠬᠤᠳᠠᠯᠳᠤᠭᠰᠠᠨ ᠵᠣᠭᠤᠰ ᠢ ᠶᠡᠷᠦ ᠠᠴᠠ ᠱᠡᠭᠡᠯᠡᠵᠦ ᠥᠷᠢᠲᠦᠳᠡᠭ ᠦᠭᠡᠢ ᠪᠤᠯᠬᠤᠷ ᠲᠠᠷᠢᠶᠠᠯᠠᠬᠤ ᠡᠷᠦᠬᠡ  ᠶᠢᠨ ᠪᠤᠭᠤᠳᠠᠢ ᠲᠠᠷᠢᠬᠤ ᠢᠳᠡᠪᠬᠢᠵᠢᠯ ᠢ ᠶᠡᠭᠡ ᠪᠠᠷ ᠳᠡᠭᠡᠭᠰᠢᠯᠡᠭᠦᠯᠵᠤ᠂ ᠲᠤᠬᠠᠢ ᠶᠢᠨ ᠭᠠᠵᠠᠷ ᠤᠨ ᠪᠤᠭᠤᠳᠠᠢ  ᠶᠢᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠭᠰᠠᠨ ᠪᠠᠶᠢᠨ᠎ᠠ᠃ ᠤᠳᠤ ᠳ᠋ᠠ ᠹᠠ ᠭᠦᠩ ᠺᠣᠮᠫᠠᠨᠢ ᠳᠤ 60 ᠭᠠᠷᠤᠶ ᠠᠵᠢᠯᠴᠢᠨ ᠲᠠᠢ ᠪᠠᠶᠢᠵᠤ᠂ ᠪᠦᠷ ᠬᠥᠳᠡᠭᠡ ᠲᠣᠰᠬᠤᠨ ᠤ ᠦᠯᠡᠬᠦᠤ ᠬᠥᠳᠡᠯᠮᠦᠷᠢ ᠬᠦᠴᠦ ᠪᠤᠯᠬᠤ ᠶᠤᠮ᠃ ᠺᠣᠮᠫᠠᠨᠢ ᠶᠢᠨ ᠬᠥᠭᠵᠢᠯᠳᠠ ᠨᠢ ᠡᠷᠬᠢᠨ ᠲᠣᠭᠤᠷᠢᠨ ᠤ ᠲᠣᠰᠬᠤᠨ ᠤ ᠦᠯᠡᠭᠦᠦ ᠬᠥᠳᠡᠯᠮᠦᠷᠢ ᠬᠦᠴᠦᠨ ᠳᠤ ᠠᠵᠢᠯ ᠣᠯᠭᠤᠬᠤ ᠠᠰᠠᠭᠤᠳᠠᠯ ᠢ ᠴᠦ ᠰᠶᠢᠳᠪᠦᠷᠢᠯᠡᠵᠦ᠂ ᠺᠣᠮᠫᠠᠨᠢ ᠢᠢᠨ ᠠᠵᠢᠯᠴᠢᠳ ᠤᠨ ᠰᠠᠷ᠎ᠠ ᠶᠢᠨ ᠴᠠᠯᠢᠩ ᠳᠤᠮᠳᠠᠴᠢ ᠪᠠᠷ 3000 ᠲᠥᠭᠦᠷᠢᠭ ᠢ ᠲᠠᠪᠠᠵᠤ᠂ ᠲᠤᠬᠠᠶ ᠶᠢᠨ ᠭᠠᠵᠠᠷ ᠤᠨ ᠠᠳᠠᠯᠢ ᠲᠥᠷᠥᠯ ᠤᠨ ᠠᠵᠤ ᠠᠬᠤᠶᠢᠯᠠᠯ ᠤᠨ ᠬᠢ ᠠᠴᠠ ᠪᠦᠷ ᠲᠠᠪᠠᠪᠠ᠃     ᠳ᠋ᠠ ᠹᠠ ᠭᠦᠩ ᠺᠣᠮᠫᠠᠨᠢ ᠲᠧᠭᠨᠢᠭ ᠮᠡᠷᠭᠡᠵᠢᠯ᠂ ᠪᠦᠳᠦᠬᠡᠭᠳᠡᠬᠦᠨ ᠤ ᠶᠠᠰᠤ ᠴᠢᠨᠠᠷ᠂ ᠠᠵᠤ ᠠᠬᠤᠶᠢᠯᠠᠯ ᠤᠨ ᠬᠠᠮᠢᠶᠠᠷᠤᠯᠲᠠ ᠶᠢ ᠴᠢᠬᠤᠯᠠᠴᠢᠯᠠᠨ ᠠᠳᠬᠤᠭᠰᠠᠨ ᠠᠴᠠ ᠮᠠᠰᠢ ᠰᠠᠶᠢᠨ ᠦᠷ᠎ᠡ ᠠᠰᠢᠭ ᠣᠯᠵᠠᠢ᠃ ᠤᠳᠤ ᠲᠤᠰ ᠺᠣᠮᠫᠠᠨᠢ ᠡᠳᠦᠷ ᠲᠤ 170 ᠲᠣᠨ ᠪᠤᠭᠤᠳᠠᠢ ᠪᠤᠯᠪᠠᠰᠤᠷᠠᠭᠤᠯᠬᠤ ᠴᠠᠭᠠᠨ ᠭᠤᠯᠢᠷ ᠤᠨ ᠦᠢᠯᠡᠳᠪᠦᠷᠢᠯᠡᠯ ᠤᠨ ᠱᠤᠭᠤᠮ ᠲᠠᠢ ᠪᠤᠯᠵᠤ᠂ ᠪᠦᠬᠦ ᠦᠢᠯᠡᠳᠪᠦᠷᠢᠯᠡᠯ ᠤᠨ ᠶᠠᠪᠤᠴᠠ ᠳᠤ ᠺᠣᠮᠫᠢᠦ᠋ᠲ᠋ᠧᠷ ᠤᠨ ᠡᠵᠡᠮᠰᠢᠯ ᠬᠠᠮᠢᠶᠠᠷᠤᠯᠲᠠ ᠶᠢ ᠪᠡᠶᠡᠯᠡᠭᠦᠯᠵᠦ᠂ ᠵᠢᠯ ᠳᠤ 5 ᠲᠦᠮᠡᠨ ᠲᠣᠨ ᠭᠤᠯᠢᠷ ᠪᠤᠯᠪᠠᠰᠤᠷᠠᠭᠤᠯᠤᠨ ᠦᠢᠯᠡᠳᠪᠤᠷᠢᠯᠡᠵᠤ ᠦᠢᠯᠡᠳᠬᠦᠨ ᠤ ᠦᠷᠲᠡᠭ ᠨᠢ 3000 ᠲᠦᠮᠡᠨ ᠲᠥᠭᠦᠷᠢᠭ ᠢ ᠲᠠᠪᠠᠵᠤ᠂ ᠪᠦᠲᠦᠭᠡᠭᠳᠡᠬᠦᠨ ᠨᠢ ᠪᠦᠬᠦ ᠤᠯᠤᠰ ᠤᠨ 20 ᠭᠠᠷᠤᠢ ᠶᠡᠭᠡ ᠳᠤᠮᠳᠠ ᠬᠤᠲᠠ ᠵᠢᠴᠢ ᠬᠠᠩᠭᠢᠨ ᠬᠤᠶᠢᠲᠤ ᠬᠤᠰᠢᠭᠤᠨ ᠤ ᠡᠷᠬᠢᠨ ᠲᠣᠭᠤᠷᠢᠨ ᠤ ᠭᠠᠵᠠᠷ ᠣᠷᠣᠨ ᠳᠤ ᠪᠣᠷᠣᠯᠠᠭᠤᠯᠭ᠎ᠠ ᠰᠠᠶᠢᠲᠠᠢ ᠪᠠᠶᠢᠨ᠎ᠠ᠃ ᠲᠤᠰ ᠺᠣᠮᠫᠠᠨᠢ ᠤᠷᠢᠳ ᠬᠤᠵᠢᠳ ᠦᠪᠡᠷᠳᠡᠬᠡᠨ ᠵᠠᠰᠠᠬᠤ ᠣᠷᠣᠨ ᠤ ᠠᠮᠤ ᠲᠣᠰᠣ ᠪᠣᠯᠪᠠᠰᠤᠷᠠᠭᠤᠯᠬᠤ 20 ᠬᠦᠴᠦᠷᠬᠡᠭ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠮᠠᠯ ᠠᠵᠤ ᠠᠬᠤᠶ ᠲᠠᠷᠢᠶᠠᠯᠠᠩ ᠤᠨ ᠠᠵᠤ ᠦᠢᠯᠡᠰᠵᠢᠯᠳᠠ ᠶᠢᠨ ᠭᠤᠤᠯᠳᠠᠯᠭ᠎ᠠ ᠲᠠᠢ ᠳᠠᠭᠠᠭᠤᠯᠤᠬᠴᠢ ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠳᠠᠭᠠᠭᠤᠯᠤᠭᠴᠢ ᠠᠵᠤ ᠠᠬᠤᠶᠢᠯᠠᠯ᠂ 2016 ᠣᠨ ᠤ ᠳᠤᠮᠳᠠᠳᠤ ᠤᠯᠤᠰ ᠤᠨ ᠲᠦᠷᠤᠯ ᠲᠡᠮᠳᠡᠭᠲᠦ ᠢᠳᠡᠭᠡᠨ ᠤ ᠮᠠᠲ᠋ᠧᠷᠢᠶᠠᠯ ᠤᠨ ᠠᠵᠤ ᠠᠬᠤᠶᠢᠯᠠᠯ ᠢᠶᠠᠷ ᠦᠨᠡᠯᠡᠭᠳᠡᠵᠠᠢ᠃ ᠺᠣᠮᠫᠠᠨᠢ ᠢᠢᠨ ᠪᠦᠲᠦᠭᠡᠭᠳᠡᠬᠦᠨ ᠨᠢ 2018 ᠣᠨ ᠤ ᠳᠤᠮᠳᠠᠳᠤ ᠤᠯᠤᠰ ᠤᠨ ᠶᠠᠰᠤ ᠴᠢᠨᠠᠷ ᠤᠨ ᠰᠦᠯᠵᠢᠶ᠎ᠡ ᠶᠢᠨ ︽ᠶᠠᠰᠤ ᠴᠢᠨᠠᠷ ᠤᠨ ᠬᠤᠰᠢᠭᠤᠴᠢ  ᠶᠢᠨ ᠦᠵᠡᠭᠦᠯᠭᠡ ᠶᠢᠨ ᠪᠦᠲᠦᠭᠡᠭᠳᠡᠬᠦᠨ︾ ᠢᠶᠠᠷ ᠰᠤᠩᠭᠤᠭᠳᠠᠨ᠂ 2019 ᠣᠨ ᠤ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠪᠣᠬᠢᠷᠲᠤᠯ ᠥᠬᠡᠶ ᠢᠳᠡᠭᠡᠨ ᠤ ᠦᠵᠡᠰᠬᠦᠯᠡᠩ ᠤᠨ ᠠᠯᠲᠠᠨ ᠱᠠᠩᠨᠠᠯ ᠢ ᠬᠦᠷᠳᠡᠵᠤ᠂ ᠺᠣᠮᠫᠠᠨᠢ  ᠶᠢᠨ ᠳᠠᠩᠰᠠᠯᠠᠭᠤᠯᠤᠭᠰᠠᠨ ︽ᠳ᠋ᠠ ᠹᠠ ᠬᠥᠩ︾ ᠲᠠᠸᠠᠷ ᠤᠨ ᠲᠡᠮᠳᠡᠭ ᠨᠢ ᠥᠪᠡᠷᠲᠡᠭᠡᠨ ᠵᠠᠰᠠᠬᠤ ᠣᠷᠣᠨ ᠤ ᠨᠠᠷᠠᠲᠤ ᠲᠠᠸᠠᠷ ᠤᠨ ᠲᠡᠮᠳᠡᠭ ᠢᠶᠠᠷ ᠦᠨᠡᠯᠡᠭᠳᠡᠭᠰᠡᠨ ᠪᠠᠶᠢᠨ᠎ᠠ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ