ᠰᠢ ᠶᠢᠨ ᠫᠢᠩ ᠷᠦᠸᠠᠨᠳᠠ ᠳᠤ ᠰᠢᠷᠦᠭᠦᠨ ᠪᠣᠷᠣᠭᠠᠨ ᠤ ᠭᠠᠮᠰᠢᠭ ᠪᠣᠯᠤᠭᠰᠠᠨ ᠲᠤᠬᠠᠢ ᠷᠦᠸᠠᠨᠳᠠ ᠶᠢᠨ ᠶᠡᠷᠦᠩᠬᠡᠶᠢᠯᠡᠭᠴᠢ ᠺᠠᠵᠢᠶᠠᠮᠸᠢ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2023/5/15
      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 9 ᠤ ᠴᠠᠬᠢᠯᠭᠠᠨ ᠮᠡᠳᠡᠭᠡ  5 ᠰᠠᠷ᠎ᠠ ᠶᠢᠨ 8 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠦᠸᠠᠨᠳᠠ ᠳᠤ ᠰᠢᠷᠦᠭᠦᠨ ᠪᠣᠷᠣᠭᠠᠨ ᠤ ᠭᠠᠮᠰᠢᠭ ᠪᠣᠯᠤᠭᠰᠠᠨ ᠲᠤᠬᠠᠢ ᠷᠦᠸᠠᠨᠳᠠ ᠶᠢᠨ ᠶᠡᠷᠦᠩᠬᠡᠶᠢᠯᠡᠭᠴᠢ ᠺᠠᠵᠢᠶᠠᠮᠸᠢ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ᠃      ᠰᠢ ᠶᠢᠨ ᠫᠢᠩ᠂ ᠣᠶᠢᠷ᠎ᠠ ᠶᠢᠨ ᠡᠳᠦᠷ ᠷᠦᠸᠠᠨᠳᠠ ᠶᠢᠨ ᠤᠯᠠᠨ ᠭᠠᠵᠠᠷ ᠰᠢᠷᠦᠭᠦᠨ ᠪᠣᠷᠣᠭᠠᠨ ᠤ ᠭᠠᠮᠰᠢᠭ ᠲᠤ ᠲᠠᠭᠠᠷᠢᠬᠳᠠᠵᠤ᠂ ᠬᠥᠮᠥᠨ ᠬᠠᠷ᠎ᠠ ᠬᠦᠨᠳᠦ ᠨᠣᠴᠢᠲᠠᠢ ᠦᠬᠦᠵᠦ ᠰᠢᠷᠬᠠᠲᠤᠭᠰᠠᠨ ᠪᠠ ᠡᠳ᠋ ᠬᠥᠷᠥᠩᠭᠡ ᠶᠢᠨ ᠬᠤᠬᠢᠷᠠᠯ ᠭᠠᠷᠴᠠᠢ᠂ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ᠂ ᠠᠳᠡᠭᠰᠡᠳ ᠢ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠠᠳᠡᠭᠰᠡᠳ ᠤᠨ ᠭᠡᠷ ᠪᠦᠯᠢ᠂ ᠰᠢᠷᠬᠠᠲᠤᠭᠰᠠᠳ ᠪᠣᠯᠣᠨ ᠭᠠᠮᠰᠢᠭᠳᠠᠭᠰᠠᠨ ᠣᠷᠣᠨ ᠤ ᠠᠷᠠᠳ ᠲᠦᠮᠡᠨ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ᠃ ᠷᠦᠸᠠᠨᠳᠠ ᠯᠠᠪᠲᠠᠢ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠭᠡᠷ ᠣᠷᠣᠨ ᠢᠶᠠᠨ ᠳᠠᠭᠢᠨ ᠪᠠᠶᠢᠭᠤᠯᠬᠤ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ