5 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ ᠬᠢᠯᠢ ᠶᠢᠨ ᠪᠣᠭᠤᠮᠲᠠ ᠪᠠᠷ ᠲᠦᠷᠭᠡᠨ ᠥᠩᠭᠡᠷᠡᠬᠦ ᠶᠢ ᠪᠥᠬᠦ ᠲᠠᠯ᠎ᠠ ᠪᠠᠷ ᠰᠡᠷᠭᠦᠭᠡᠨ᠎ᠡ
ᠨᠡᠶᠢᠲᠡᠯᠡᠭᠰᠡᠨ ᠴᠠᠭ᠄
2023/5/15
     ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠠᠴᠠ 11 ᠤ ᠡᠳᠦᠷ ᠠᠯᠪᠠᠨ ᠵᠠᠷ ᠨᠡᠶᠢᠲᠡᠯᠡᠵᠦ᠂ 2023 ᠣᠨ ᠤ 5 ᠳ᠋ᠤᠭᠠᠷ ᠰᠠᠷ᠎ᠠ ᠶᠢᠨ 15 ᠤ ᠡᠳᠦᠷ ᠠᠴᠠ ᠡᠬᠢᠯᠡᠨ ᠬᠢᠯᠢ ᠶᠢᠨ ᠪᠣᠭᠤᠮᠲᠠ ᠪᠠᠷ ᠲᠦᠷᠭᠡᠨ ᠥᠩᠭᠡᠷᠡᠬᠦ ᠶᠢ ᠪᠥᠬᠦ ᠲᠠᠯ᠎ᠠ ᠪᠠᠷ ᠰᠡᠷᠭᠦᠭᠡᠨ ᠬᠡᠷᠡᠭᠵᠢᠭᠦᠯᠵᠦ᠂ ᠳᠣᠲᠣᠷ᠎ᠠ ᠭᠠᠵᠠᠷ ᠤᠨ ᠰᠠᠭᠤᠭᠠᠯᠢ ᠠᠷᠠᠳ ᠤᠨ ᠰᠢᠶᠠᠩᠭᠠᠩ ᠣᠣᠮᠧᠨ ᠳᠤ ᠵᠢᠭᠤᠯᠴᠢᠯᠠᠬᠤ ᠪᠦᠯᠬᠦᠮ ᠨᠡᠶᠢᠲᠡ ᠶᠢᠨ ᠴᠣᠬᠤᠯᠠᠪᠤᠷᠢ ᠶᠢ ︽ᠪᠥᠬᠦ ᠤᠯᠤᠰ ᠲᠤ ᠨᠡᠶᠢᠳᠡᠮ ᠭᠦᠢᠴᠡᠳᠬᠡᠬᠦ︾ ᠵᠡᠷᠭᠡ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠳᠥᠷᠪᠡᠨ ᠵᠦᠢᠯ ᠤᠨ ᠲᠣᠬᠢᠷᠠᠭᠤᠯᠤᠨ ᠰᠢᠯᠢᠳᠡᠭᠵᠢᠭᠦᠯᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠪᠥᠬᠦ ᠲᠠᠯ᠎ᠠ ᠪᠠᠷ ᠰᠡᠷᠭᠦᠭᠡᠨ᠂ ᠳᠤᠮᠳᠠᠳᠤ ᠭᠠᠳᠠᠭᠠᠳᠤ ᠶᠢᠨ ᠬᠢᠯᠢ ᠪᠠᠷ ᠣᠷᠣᠵᠤ ᠭᠠᠷᠬᠤ ᠬᠥᠮᠥᠰ ᠤᠨ ᠶᠠᠪᠤᠯᠴᠠᠭ᠎ᠠ ᠶᠢ ᠤᠯᠠᠮ ᠨᠢᠭᠡ ᠠᠯᠬᠤᠮ ᠪᠠᠲᠤᠯᠠᠬᠤ ᠪᠠ ᠲᠥᠬᠦᠮ ᠦᠵᠡᠭᠦᠯᠵᠦ᠂ ᠦᠢᠯᠡᠴᠢᠯᠡᠭᠡᠨ ᠤ ᠭᠠᠳᠠᠭᠰᠢ ᠨᠡᠭᠡᠭᠡᠯᠲᠡ ᠬᠢᠬᠦ ᠶᠢ ᠠᠬᠢᠭᠤᠯᠬᠤ ᠪᠠᠷ ᠪᠣᠢ᠃      ᠬᠢᠯᠢ ᠶᠢᠨ ᠪᠣᠭᠤᠮᠲᠠ ᠪᠠᠷ ᠲᠦᠷᠭᠡᠨ ᠥᠩᠭᠡᠷᠡᠬᠦ ᠶᠢ ᠪᠥᠬᠦ ᠲᠠᠯ᠎ᠠ ᠪᠠᠷ ᠰᠡᠷᠭᠦᠭᠡᠨ᠎ᠡ᠃ 1 ᠳ᠋ᠦ᠋ᠭᠡᠷ ᠰᠠᠷ᠎ᠠ ᠶᠢᠨ 8 ᠤ ᠡᠳᠦᠷ ᠰᠢᠶᠠᠩᠭᠠᠩ ᠣᠣᠮᠧᠨ ᠲᠠᠢ ᠬᠥᠷᠰᠢᠯᠡᠵᠦ ᠪᠠᠶᠢᠭ᠎ᠠ ᠬᠢᠯᠢ ᠶᠢᠨ ᠪᠣᠭᠤᠮᠲᠠ ᠶᠢᠨ ᠪᠠᠶᠢᠴᠠᠭᠠᠯᠲᠠ ᠪᠠ ᠲᠦᠷᠭᠡᠨ ᠥᠩᠭᠡᠷᠡᠬᠦ ᠶᠢ ᠰᠡᠷᠭᠦᠭᠡᠭᠰᠡᠨ ᠰᠠᠭᠤᠷᠢᠨ ᠳᠡᠭᠡᠷ᠎ᠡ᠂ ᠬᠢᠵᠢᠭ ᠤᠨ ᠪᠠᠶᠢᠳᠠᠯ ᠠᠴᠠ ᠡᠮᠦᠨ᠎ᠡ ᠬᠡᠷᠡᠭᠵᠢᠭᠦᠯᠵᠦ ᠪᠠᠶᠢᠭᠰᠠᠨ ᠠᠷᠭ᠎ᠠ ᠪᠠ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠩ ᠤᠨ ᠫᠠᠰᠫᠣᠷᠲ᠂ ᠰᠢᠶᠠᠩᠭᠠᠩ ᠣᠣᠮᠧᠨ ᠳᠤ ᠢᠷᠡᠵᠦ ᠶᠠᠪᠤᠬᠤ ᠨᠡᠪᠲᠡᠷᠡᠬᠦ ᠦᠨᠡᠮᠯᠡᠯ᠂ ᠲᠠᠶᠢᠸᠠᠨ ᠳᠤ ᠢᠷᠡᠵᠦ ᠶᠠᠪᠤᠬᠤ ᠨᠡᠪᠲᠡᠷᠡᠬᠦ ᠦᠨᠡᠮᠯᠡᠯ᠂ ᠰᠢᠶᠠᠩᠭᠠᠩ ᠣᠣᠮᠧᠨ ᠤ ᠰᠠᠭᠤᠭᠠᠯᠢ ᠠᠷᠠᠳ ᠤᠨ ᠳᠣᠲᠣᠷ᠎ᠠ ᠭᠠᠵᠠᠷ ᠲᠤ ᠢᠷᠡᠵᠦ ᠶᠠᠪᠤᠬᠤ ᠨᠡᠪᠲᠡᠷᠡᠬᠦ ᠦᠨᠡᠮᠯᠡᠯ᠂ ᠲᠠᠶᠢᠸᠠᠨ ᠤ ᠰᠠᠭᠤᠭᠠᠯᠢ ᠠᠷᠠᠳ ᠤᠨ ᠡᠬᠡ ᠬᠠᠭᠤᠷᠠᠢ ᠳᠤ ᠢᠷᠡᠵᠦ ᠶᠠᠪᠤᠬᠤ ᠨᠡᠪᠲᠡᠷᠡᠬᠦ ᠦᠨᠡᠮᠯᠡᠯ ︵5 ᠵᠢᠯ ᠳᠤ ᠬᠦᠴᠦᠨ ᠲᠠᠢ︶᠂ ᠨᠢᠭᠡ ᠵᠢᠯ ᠳᠤ ᠣᠯᠠᠨ ᠤᠳᠠᠭ᠎ᠠ ᠬᠢᠯᠢ ᠪᠠᠷ ᠣᠷᠣᠵᠤ ᠭᠠᠷᠬᠤ ᠨᠡᠪᠲᠡᠷᠡᠬᠦ ᠦᠨᠡᠮᠯᠡᠯ ᠲᠠᠢ ᠳᠤᠮᠳᠠᠳᠤ ᠤᠯᠤᠰ ᠤᠨ ᠢᠷᠭᠡᠨ ︔ ᠭᠠᠳᠠᠭᠠᠳᠤ ᠶᠢᠨ ᠫᠠᠰᠫᠣᠷᠲ ᠪᠠ ᠭᠠᠳᠠᠭᠠᠳᠤ ᠶᠢᠨ ᠢᠷᠭᠡᠨ ᠤ ᠥᠨᠢᠳᠡ ᠣᠷᠣᠰᠢᠨ ᠰᠠᠭᠤᠬᠤ ᠦᠨᠡᠮᠯᠡᠯ᠂ ᠭᠠᠳᠠᠭᠠᠳᠤ ᠶᠢᠨ ᠡᠯᠧᠺᠳ᠋ᠷᠣᠨ ᠫᠠᠰᠫᠣᠷᠲ ᠵᠢᠴᠢ 6 ᠰᠠᠷ᠎ᠠ ᠠᠴᠠ ᠳᠡᠭᠡᠭᠰᠢ ᠣᠷᠣᠰᠢᠨ ᠰᠠᠭᠤᠬᠤ ᠵᠥᠪᠰᠢᠶᠡᠷᠡᠯ ᠲᠠᠢ ᠭᠠᠳᠠᠭᠠᠳᠤ ᠶᠢᠨ ᠢᠷᠭᠡᠨ︔ ᠲᠣᠭᠲᠠᠮᠠᠯ ᠬᠤᠭᠤᠴᠠᠭ᠎ᠠ ᠲᠠᠢ ᠪᠠᠷ ᠣᠯᠠᠨ ᠤᠯᠤᠰ ᠤᠨ ᠡᠭᠡᠯᠵᠢ ᠶᠢᠨ ᠨᠢᠰᠬᠡᠯ ᠳᠡᠭᠡᠷ᠎ᠡ ᠠᠵᠢᠯᠯᠠᠵᠤ ᠪᠠᠶᠢᠭ᠎ᠠ ᠳᠤᠮᠳᠠᠳᠤ ᠤᠯᠤᠰ ᠤᠨ ᠬᠠᠷᠢᠶᠠᠯᠠᠯ ᠲᠠᠢ ᠨᠢᠰᠦᠯᠲᠡ ᠶᠢᠨ ᠪᠠᠭ ᠤᠨ ᠠᠵᠢᠯᠲᠠᠨ ᠪᠠ ᠸᠢᠰᠠ ᠠᠪᠬᠤ ᠦᠭᠡᠢ ᠪᠠᠷ ᠬᠢᠯᠢ ᠳᠤ ᠣᠷᠣᠵᠤ ᠪᠣᠯᠬᠤ ᠡᠰᠡᠪᠡᠯ ᠨᠢᠭᠡᠨᠲᠡ 1 ᠵᠢᠯ ᠠᠴᠠ ᠳᠡᠭᠡᠭᠰᠢ ︵ᠪᠠᠭᠲᠠᠨ᠎ᠠ︶ ᠠᠶᠠᠨᠴᠢᠳ ᠤᠨ ᠦᠢᠯᠡᠴᠢᠯᠡᠭᠡᠨ ᠤ᠂ ᠲᠤᠰᠢᠶᠠᠯ ᠡᠭᠦᠷᠭᠡᠯᠡᠬᠦ ᠸᠢᠰᠠ ᠪᠤᠶᠤ ᠣᠷᠣᠰᠢᠨ ᠰᠠᠭᠤᠬᠤ ᠭᠡᠷᠡᠴᠢ ᠲᠡᠮᠳᠡᠭ ᠠᠪᠤᠭᠰᠠᠨ ᠭᠠᠳᠠᠭᠠᠳᠤ ᠤᠯᠤᠰ ᠤᠨ ᠬᠠᠷᠢᠶᠠᠯᠠᠯ ᠲᠠᠢ ᠨᠢᠰᠦᠯᠲᠡ ᠶᠢᠨ ᠪᠠᠭ ᠤᠨ ᠠᠵᠢᠯᠲᠠᠨ ᠬᠢᠯᠢ ᠶᠢᠨ ᠪᠠᠶᠢᠴᠠᠭᠠᠯᠲᠠ ᠶᠢᠨ ᠲᠦᠷᠭᠡᠨ ᠨᠡᠪᠲᠡᠷᠡᠬᠦ ᠵᠠᠮ ᠢᠶᠠᠷ ᠨᠡᠪᠲᠡᠷᠡᠵᠦ ᠪᠣᠯᠣᠨ᠎ᠠ᠃      ᠳᠣᠲᠣᠷ᠎ᠠ ᠭᠠᠵᠠᠷ ᠤᠨ ᠰᠠᠭᠤᠭᠠᠯᠢ ᠠᠷᠠᠳ ᠤᠨ ᠰᠢᠶᠠᠩᠭᠠᠩ ᠣᠣᠮᠧᠨ ᠳᠤ ᠵᠢᠭᠤᠯᠴᠢᠯᠠᠬᠤ ᠪᠦᠯᠬᠦᠮ ᠨᠡᠶᠢᠲᠡ ᠶᠢᠨ ᠴᠣᠬᠤᠯᠠᠪᠤᠷᠢ ᠶᠢ ︽ᠪᠥᠬᠦ ᠤᠯᠤᠰ ᠲᠤ ᠨᠡᠶᠢᠳᠡᠮ ᠭᠦᠢᠴᠡᠳᠬᠡᠬᠦ︾ ᠢ ᠬᠡᠷᠡᠭᠵᠢᠭᠦᠯᠬᠦ ᠶᠢ ᠪᠥᠬᠦ ᠲᠠᠯ᠎ᠠ ᠪᠠᠷ ᠰᠡᠷᠭᠦᠭᠡᠨ᠎ᠡ᠃ ᠳᠣᠲᠣᠷ᠎ᠠ ᠭᠠᠵᠠᠷ ᠤᠨ ᠰᠠᠭᠤᠭᠠᠯᠢ ᠠᠷᠠᠳ ᠪᠥᠬᠦ ᠤᠯᠤᠰ ᠤᠨ ᠳᠤᠷ᠎ᠠ ᠶᠢᠨ ᠨᠢᠭᠡᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠪᠠᠶᠢᠭᠤᠯᠤᠮᠵᠢ ᠳᠤ ᠰᠢᠶᠠᠩᠭᠠᠩ ᠣᠣᠮᠧᠨ ᠳᠤ ᠵᠢᠭᠤᠯᠴᠢᠯᠠᠬᠤ ᠪᠦᠯᠬᠦᠮ ᠨᠡᠶᠢᠲᠡ ᠶᠢᠨ ᠴᠣᠬᠤᠯᠠᠪᠤᠷᠢ ᠶᠢᠨ ᠭᠤᠶᠤᠴᠢᠯᠠᠯ ᠢᠶᠠᠨ ᠲᠤᠰᠢᠶᠠᠵᠤ ᠪᠣᠯᠣᠨ᠎ᠠ᠂ ᠭᠤᠶᠤᠴᠢᠯᠠᠬᠤ ᠭᠠᠷ ᠭᠦᠢᠴᠡᠳᠬᠡᠯ ᠨᠢ ᠡᠷᠦᠬᠡ ᠠᠮᠠ ᠶᠢᠨ ᠬᠠᠷᠢᠶᠠᠯᠠᠯ ᠤᠨ ᠪᠠᠶᠢᠭ᠎ᠠ ᠭᠠᠵᠠᠷ ᠲᠤ ᠭᠤᠶᠤᠴᠢᠯᠠᠬᠤ ᠭᠠᠷ ᠭᠦᠢᠴᠡᠳᠬᠡᠯ ᠲᠠᠢ ᠠᠳᠠᠯᠢᠬᠠᠨ᠃      ᠳᠣᠲᠣᠷ᠎ᠠ ᠭᠠᠵᠠᠷ ᠤᠨ ᠰᠠᠭᠤᠭᠠᠯᠢ ᠠᠷᠠᠳ ᠤᠨ ᠰᠢᠶᠠᠩᠭᠠᠩ ᠣᠣᠮᠧᠨ ᠣᠷᠣᠨ ᠳᠤ ᠣᠴᠢᠵᠤ ᠲᠦᠷᠦᠯ ᠰᠠᠳᠤᠨ ᠢᠶᠠᠨ ᠡᠷᠭᠢᠵᠦ ᠦᠵᠡᠬᠦ᠂ ᠠᠵᠢᠯᠯᠠᠬᠤ᠂ ᠰᠤᠷᠤᠯᠴᠠᠬᠤ ᠭᠡᠷᠡᠴᠢ ᠦᠨᠡᠮᠯᠡᠯ ᠭᠤᠶᠤᠴᠢᠯᠠᠬᠤ ᠶᠢ ︽ᠪᠥᠬᠦ ᠤᠯᠤᠰ ᠲᠤ ᠨᠡᠶᠢᠳᠡᠮ ᠭᠦᠢᠴᠡᠳᠬᠡᠬᠦ︾ ᠶᠢ ᠬᠡᠷᠡᠭᠵᠢᠭᠦᠯᠦᠨ᠎ᠡ᠃ ᠳᠣᠲᠣᠷ᠎ᠠ ᠭᠠᠵᠠᠷ ᠤᠨ ᠰᠠᠭᠤᠭᠠᠯᠢ ᠠᠷᠠᠳ ᠲᠥᠷᠥᠯ ᠰᠠᠳᠤᠨ ᠢᠶᠠᠨ ᠡᠷᠭᠢᠵᠦ ᠦᠵᠡᠬᠦ᠂ ᠠᠵᠢᠯᠯᠠᠬᠤ᠂ ᠰᠤᠷᠤᠯᠴᠠᠬᠤ ᠵᠢᠴᠢ ᠡᠮᠨᠡᠭᠦᠯᠬᠦ᠂ ᠵᠠᠷᠭᠤᠯᠳᠤᠬᠤ᠂ ᠡᠳ᠋ ᠬᠥᠷᠥᠩᠭᠡ ᠪᠠᠨ ᠰᠢᠢᠳᠪᠦᠷᠢᠯᠡᠬᠦ ᠵᠡᠷᠭᠡ ᠤᠴᠢᠷ ᠰᠢᠯᠲᠠᠭᠠᠨ ᠢᠶᠠᠷ ᠰᠢᠶᠠᠩᠭᠠᠩ ᠣᠣᠮᠧᠨ ᠣᠷᠣᠨ ᠳᠤ ᠣᠴᠢᠬᠤ ᠪᠠᠷ ᠲᠥᠯᠥᠪᠯᠡᠵᠦ ᠪᠠᠶᠢᠪᠠᠯ᠂ ᠪᠥᠬᠦ ᠤᠯᠤᠰ ᠤᠨ ᠳᠤᠷ᠎ᠠ ᠶᠢᠨ ᠨᠢᠭᠡᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠪᠠᠶᠢᠭᠤᠯᠤᠮᠵᠢ ᠳᠤ ᠭᠤᠶᠤᠴᠢᠯᠠᠬᠤ ᠤᠴᠢᠷ ᠰᠢᠯᠲᠠᠭᠠᠨ ᠲᠠᠢ ᠪᠠᠨ ᠬᠠᠷᠠᠭᠠᠯᠵᠠᠭᠰᠠᠨ ᠲᠥᠷᠥᠯ ᠰᠠᠳᠤᠨ ᠢᠶᠠᠨ ᠡᠷᠭᠢᠵᠦ ᠦᠵᠡᠬᠦ᠂ ᠲᠦᠷ ᠣᠷᠣᠰᠢᠨ ᠰᠠᠭᠤᠬᠤ ᠪᠠ ᠪᠤᠰᠤᠳ ᠭᠤᠷᠪᠠᠨ ᠲᠥᠷᠥᠯ ᠤᠨ ᠴᠣᠬᠤᠯᠠᠪᠤᠷᠢ ᠶᠢᠨ ᠭᠤᠶᠤᠴᠢᠯᠠᠯ ᠲᠤᠰᠢᠶᠠᠵᠤ ᠪᠣᠯᠣᠨ᠎ᠠ᠂ ᠭᠤᠶᠤᠴᠢᠯᠠᠬᠤ ᠭᠠᠷ ᠭᠦᠢᠴᠡᠳᠬᠡᠯ ᠨᠢ ᠡᠷᠦᠬᠡ ᠠᠮᠠ ᠶᠢᠨ ᠬᠠᠷᠢᠶᠠᠯᠠᠯ ᠤᠨ ᠪᠠᠶᠢᠭ᠎ᠠ ᠭᠠᠵᠠᠷ ᠲᠤ ᠭᠤᠶᠤᠴᠢᠯᠠᠬᠤ ᠭᠠᠷ ᠭᠦᠢᠴᠡᠳᠬᠡᠯ ᠲᠠᠢ ᠠᠳᠠᠯᠢᠬᠠᠨ᠃      ᠣᠣᠮᠧᠨ ᠳᠤ ᠰᠤᠷᠤᠯᠴᠠᠵᠤ ᠪᠠᠶᠢᠭ᠎ᠠ ᠳᠣᠲᠣᠷ᠎ᠠ ᠭᠠᠵᠠᠷ ᠤᠨ ᠰᠤᠷᠤᠭᠴᠢᠳ ᠤᠨ ᠲᠦᠷ ᠣᠷᠣᠰᠢᠨ ᠰᠠᠭᠤᠬᠤ ᠴᠣᠬᠤᠯᠠᠪᠤᠷᠢ ᠶᠢᠨ ᠬᠦᠴᠦᠨ ᠲᠠᠢ ᠬᠤᠭᠤᠴᠠᠭ᠎ᠠ ᠶᠢ ᠲᠣᠬᠢᠷᠠᠭᠤᠯᠤᠨ᠎ᠠ᠃ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠯᠢ ᠪᠠᠷ ᠣᠷᠣᠵᠤ ᠭᠠᠷᠬᠤ ᠶᠢ ᠬᠠᠮᠢᠶᠠᠷᠬᠤ ᠪᠠᠶᠢᠭᠤᠯᠤᠮᠵᠢ ᠠᠴᠠ ᠣᠣᠮᠧᠨ ᠤ ᠶᠡᠭᠡ ᠳᠡᠭᠡᠳᠦ ᠰᠤᠷᠭᠠᠭᠤᠯᠢ ᠳᠤ ᠰᠤᠷᠤᠯᠴᠠᠵᠤ ᠪᠠᠶᠢᠭ᠎ᠠ ᠳᠣᠲᠣᠷ᠎ᠠ ᠭᠠᠵᠠᠷ ᠤᠨ ᠰᠤᠷᠤᠭᠴᠢᠳ ᠲᠤ ᠣᠯᠭᠤᠬᠤ ᠲᠦᠷ ᠣᠷᠣᠰᠢᠨ ᠰᠠᠭᠤᠬᠤ ᠴᠣᠬᠤᠯᠠᠪᠤᠷᠢ ᠶᠢᠨ ᠬᠦᠴᠦᠨ ᠲᠠᠢ ᠬᠤᠭᠤᠴᠠᠭ᠎ᠠ ᠶᠢ ᠬᠠᠮᠤᠭ ᠤᠨ ᠤᠷᠳᠤ ᠳᠤ ᠪᠠᠨ 1 ᠵᠢᠯ ᠠᠴᠠ ᠬᠡᠲᠦᠷᠡᠬᠦ ᠦᠭᠡᠢ ᠪᠠᠶᠢᠭᠰᠠᠨ ᠢ ᠣᠣᠮᠧᠨ ᠳᠤ ᠰᠤᠷᠤᠯᠴᠠᠬᠤ ᠬᠤᠭᠤᠴᠠᠭ᠎ᠠ ᠲᠠᠢ ᠨᠢ ᠨᠢᠭᠡᠳᠦᠯᠲᠡᠢ ᠪᠣᠯᠭᠠᠬᠤ ᠪᠠᠷ ᠲᠣᠬᠢᠷᠠᠭᠤᠯᠪᠠ᠃      ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠤ ᠪᠠᠨ᠂ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠬᠢᠷᠠᠭᠤᠯᠤᠨ ᠰᠢᠯᠢᠳᠡᠭᠵᠢᠭᠦᠯᠦᠭᠰᠡᠨ ᠤ ᠳᠠᠷᠠᠭ᠎ᠠ᠂ ᠬᠢᠯᠢ ᠪᠠᠷ ᠣᠷᠣᠵᠤ ᠭᠠᠷᠬᠤ ᠬᠥᠮᠥᠰ ᠤᠨ ᠦᠨᠡᠮᠯᠡᠯ ᠠᠪᠴᠤ ᠪᠣᠭᠤᠮᠲᠠ ᠥᠩᠭᠡᠷᠡᠬᠦ ᠳᠤ ᠨᠠᠩ ᠲᠥᠬᠦᠮ ᠪᠣᠯᠣᠨ᠎ᠠ᠃ ᠲᠠᠷᠠᠭᠠᠴᠢ ᠶᠢᠨ ᠠᠯᠬᠤᠮ ᠳᠤ ᠠᠷᠠᠳ ᠣᠯᠠᠨ ᠤ ᠰᠢᠨ᠎ᠡ ᠬᠦᠰᠡᠯ ᠱᠠᠭᠠᠷᠳᠠᠯᠭ᠎ᠠ ᠳᠤ ᠦᠷᠭᠦᠯᠵᠢᠯᠡᠨ ᠢᠳᠡᠪᠬᠢᠲᠡᠢ ᠬᠠᠷᠢᠭᠤ ᠲᠤᠰᠬᠠᠯ ᠭᠠᠷᠭᠠᠵᠤ᠂ ᠨᠡᠭᠦᠳᠡᠯ ᠠᠷᠠᠳ ᠤᠨ ᠬᠠᠮᠢᠶᠠᠷᠤᠯᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠳᠤᠮᠳᠠᠳᠤ ᠭᠠᠳᠠᠭᠠᠳᠤ ᠶᠢᠨ ᠬᠢᠯᠢ ᠪᠠᠷ ᠣᠷᠣᠵᠤ ᠭᠠᠷᠬᠤ ᠬᠥᠮᠥᠰ ᠲᠤ ᠨᠠᠩ ᠴᠢᠨᠠᠷ ᠰᠠᠶᠢᠲᠠᠢ᠂ ᠥᠨᠳᠥᠷ ᠪᠦᠲᠦᠮᠵᠢᠲᠡᠢ᠂ ᠳᠥᠭᠦᠮ ᠳᠥᠲᠡ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠨ᠎ᠠ᠃ ᠣᠯᠠᠨ ᠨᠡᠶᠢᠲᠡ ᠪᠠᠷ ᠢᠶᠠᠨ ᠠᠯᠪᠠᠨ ᠵᠠᠷ ᠤᠨ ᠠᠭᠤᠯᠭ᠎ᠠ ᠶᠢ ᠤᠯᠠᠮ ᠨᠢᠭᠡ ᠠᠯᠬᠤᠮ ᠣᠶᠢᠯᠠᠭᠠᠬᠤ ᠶᠢ ᠬᠦᠰᠡᠪᠡᠯ᠂ ᠤᠯᠤᠰ ᠤᠨ ᠨᠡᠭᠦᠳᠡᠯ ᠠᠷᠠᠳ ᠤᠨ ᠬᠠᠮᠢᠶᠠᠷᠤᠯᠲᠠ ᠶᠢᠨ ᠲᠣᠪᠴᠢᠶ᠎ᠠ ᠶᠢᠨ 12367 ᠦᠢᠯᠡᠴᠢᠯᠡᠭᠡᠨ ᠤ ᠲᠠᠪᠴᠠᠩ ᠲᠠᠢ ᠬᠠᠷᠢᠯᠴᠠᠵᠤ ᠨᠠᠷᠢᠨ ᠯᠠᠪᠯᠠᠭ᠎ᠠ ᠠᠪᠴᠤ ᠪᠣᠯᠣᠨ᠎ᠠ ᠭᠡᠵᠡᠢ᠃    
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ