| ᠣᠶᠢᠷ᠎ᠠ ᠶᠢᠨ ᠬᠤᠭᠤᠴᠠᠭᠠᠨ ᠳᠤ᠂ ᠤᠷᠠᠳ ᠤᠨ ᠡᠮᠦᠨᠡᠲᠦ ᠬᠤᠰᠢᠭᠤᠨ ᠤ ᠪᠠᠶᠠᠨᠬᠤᠸᠠ ᠪᠠᠯᠭᠠᠰᠤ᠂ ᠰᠠᠭᠠᠳᠠᠭ ᠰᠤᠮᠤ᠂ ᠡᠷᠳᠡᠨᠢᠪᠤᠯᠠᠭ ᠰᠤᠮᠤᠨ ᠤ ᠲᠠᠯ᠎ᠠ | ᠨᠤᠲᠤᠭ ᠲᠤ ᠬᠤᠷᠣᠬᠠᠢ ᠶᠢᠨ ᠭᠠᠮᠰᠢᠭ ᠡᠬᠦᠰᠴᠣ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠡᠪᠳᠡᠯᠡᠭᠡ ᠳᠤ ᠣᠴᠠᠷᠠᠪᠠ ᠃ | ᠬᠤᠷᠣᠬᠠᠢ ᠶᠢᠨ ᠬᠥᠨᠥᠭᠡᠯ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠳᠤ ᠤᠴᠠᠷᠠᠭᠤᠯᠬᠤ ᠬᠤᠣᠷ ᠬᠥᠨᠥᠭᠡᠯ ᠢ ᠪᠠᠭᠠᠰᠬᠠᠬᠤ ᠪᠠ | ᠬᠢᠵᠠᠭᠠᠷᠯᠠᠬᠤ ᠶᠢᠨ ᠲᠥᠯᠥᠭᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠣᠶᠢᠷ᠎ᠠ ᠶᠢᠨ ᠬᠤᠭᠤᠴᠠᠭᠠᠨ ᠳᠤ ᠪᠥᠬᠦ ᠬᠤᠰᠢᠭᠤᠨ ᠤ ᠬᠡᠪᠴᠢᠶᠡᠨ ᠳᠠᠬᠢ | ᠨᠤᠲᠤᠭ ᠪᠡᠯᠴᠢᠭᠡᠷ ᠤᠨ ᠬᠤᠷᠣᠬᠠᠢ ᠶᠢᠨ ᠬᠥᠨᠥᠭᠡᠯ ᠡᠭᠦᠰᠦᠭᠰᠡᠨ ᠣᠷᠣᠨ ᠪᠦᠰᠡ ᠳᠤ ᠡᠮ ᠢᠶᠠᠷ ᠬᠤᠷᠣᠬᠠᠢ ᠶᠢ ᠤᠰᠠᠳᠬᠠᠬᠤ ᠠᠵᠢᠯ ᠥᠷᠨᠢᠭᠦᠯᠬᠦ ᠪᠠᠷ ᠲᠣᠭᠲᠠᠪᠠ᠂ | ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠰᠡᠷᠭᠡᠶᠢᠯᠡᠨ ᠵᠠᠰᠠᠬᠤ ᠴᠠᠭ᠄ 2023 ᠣᠨ ᠤ 5 ᠰᠠᠷ᠎ᠠ ᠶᠢᠨ 14 ᠤ ᠡᠳᠦᠷ ᠠᠴᠠ 5 ᠰᠠᠷ᠎ᠠ ᠶᠢᠨ 22 ᠤᠨ ᠡᠳᠦᠷ ᠪᠣᠯᠲᠠᠯ᠎ᠠ | ᠬᠤᠶᠠᠷ᠂ ᠡᠮ ᠤᠨ ᠨᠡᠷᠡᠶᠢᠳᠦᠯ᠄ ᠠᠮᠢᠳᠤ ᠪᠣᠳᠠᠰ ᠤᠨ ᠨᠠᠶᠢᠷᠠᠯᠭ᠎ᠠ ᠲᠠᠢ ᠡᠮ | ᠭᠤᠷᠪᠠ᠂ ᠡᠮ ᠤᠨ ᠲᠠᠯᠪᠢᠬᠤ ᠭᠠᠵᠠᠷ᠄ ᠪᠠᠶᠠᠨᠬᠤᠸᠠ ᠪᠠᠯᠭᠠᠰᠤ ᠶᠢᠨ ᠴᠠᠭᠠᠨᠬᠠᠳᠠ ᠭᠠᠴᠠᠭ᠎ᠠ᠂ ᠰᠠᠭᠠᠳᠠᠭ ᠰᠤᠮᠤ ᠶᠢᠨ ᠰᠠᠭᠠᠳᠠᠭ ᠭᠠᠴᠠᠭ᠎ᠠ᠂ ᠬᠠᠶᠢᠯᠠᠰᠤᠲᠠᠢ | ᠭᠠᠴᠠᠭ᠎ᠠ᠂ ᠡᠷᠳᠡᠨᠢᠪᠤᠯᠠᠭ ᠰᠤᠮᠤ ᠶᠢᠨ ᠠᠷᠴᠠ ᠭᠠᠴᠠᠭ᠎ᠠ᠂ ᠬᠦᠨᠬᠤᠳᠳᠤᠭ ᠭᠠᠴᠠᠭ᠎ᠠ ᠶᠢᠨ ᠬᠡᠪᠴᠢᠶᠡᠨ ᠳᠠᠬᠢ ᠬᠤᠷᠣᠬᠠᠢ ᠶᠢᠨ ᠭᠠᠮᠰᠢᠭ ᠡᠭᠦᠰᠦᠭᠰᠡᠨ ᠭᠠᠵᠠᠷ ᠲᠤ | ᠃ | ᠳᠥᠷᠪᠡ᠂ ᠥᠷᠭᠡᠨ ᠣᠯᠠᠨ ᠮᠠᠯᠴᠢᠨ ᠲᠠᠷᠢᠶᠠᠴᠢᠨ ᠵᠢᠴᠢ ᠮᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠤᠰᠠᠳᠠ᠂ ᠰᠡᠷᠭᠡᠶᠢᠯᠡᠨ ᠵᠠᠰᠠᠬᠤ ᠬᠤᠭᠤᠴᠠᠭᠠᠨ ᠳᠤ | ᠳᠣᠣᠷᠠᠬᠢ ᠲᠣᠭᠲᠠᠭᠠᠯ ᠤᠳ ᠢ ᠴᠢᠩᠭ᠎ᠠ ᠵᠢᠷᠤᠮᠯᠠᠬᠤ ᠬᠡᠷᠡᠭᠲᠡᠢ᠄ | 1. ᠡᠮ ᠰᠠᠴᠣᠭᠰᠠᠨ 20 ᠡᠳᠦᠷ ᠤᠨ ᠳᠣᠲᠣᠷ᠎ᠠ᠂ ᠡᠮ ᠰᠠᠴᠣᠭᠰᠠᠨ ᠣᠷᠣᠨ ᠳᠤ ᠮᠠᠯ ᠬᠠᠷᠢᠭᠤᠯᠬᠤ ᠪᠤᠶᠤ ᠬᠥᠮᠥᠨ ᠤ ᠠᠵᠢᠯᠯᠠᠭ᠎ᠠ ᠶᠢ ᠪᠠᠭᠠᠰᠬᠠᠵᠤ᠂ | ᠬᠥᠮᠥᠨ ᠮᠠᠯ ᠬᠤᠣᠷᠳᠠᠭᠳᠠᠬᠤ ᠬᠡᠷᠡᠭ ᠭᠠᠷᠬᠤ ᠠᠴᠠ ᠵᠠᠶᠢᠯᠠᠰᠬᠢᠬᠤ ᠬᠡᠷᠡᠭᠲᠡᠢ᠃ | 2. ᠬᠤᠯᠪᠤᠭᠳᠠᠯ ᠪᠦᠬᠦᠢ ᠰᠤᠮᠤ ᠪᠠᠯᠭᠠᠰᠤ᠂ ᠭᠠᠴᠠᠭ᠎ᠠ ᠲᠣᠰᠬᠤᠨ ᠨᠤᠭᠤᠳ ᠲᠤᠬᠠᠢ ᠶᠢᠨ ᠭᠠᠵᠠᠷ ᠤᠨ ᠮᠠᠯᠴᠢᠨ ᠲᠠᠷᠢᠶᠠᠴᠢᠳ ᠢ ᠤᠬᠠᠭᠤᠯᠤᠨ ᠳᠠᠶᠢᠴᠢᠯᠠᠵᠤ | ᠬᠤᠷᠣᠬᠠᠢ ᠤᠰᠠᠳᠬᠠᠬᠤ ᠠᠵᠢᠯ ᠳᠤ ᠢᠳᠡᠪᠬᠢᠲᠡᠢ ᠬᠠᠮᠵᠢᠯᠴᠠᠭᠤᠯᠬᠤ ᠶᠢᠨ ᠬᠠᠮᠲᠤ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠡᠯᠡᠰᠦᠨ ᠰᠣᠩᠭᠢᠨ᠎ᠠ᠂ | ᠭᠠᠰᠢᠭᠤᠨ ᠨᠣᠭᠤᠭ᠎ᠠ ᠵᠡᠷᠭᠡ ᠶᠢ ᠢᠳᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ | ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2023 ᠣᠨ ᠤ 5 ᠰᠠᠷ᠎ᠠ ᠶᠢᠨ 12 | | |