ᠥᠷᠭᠡᠨ ᠤᠯᠠᠨ ᠵᠠᠮ ᠬᠠᠷᠢᠯᠴᠠᠭᠠᠨ ᠤ ᠣᠷᠣᠯᠴᠠᠭᠰᠠᠳ᠄ | ᠤᠷᠠᠳ ᠤᠨ ᠡᠮᠦᠨᠡᠲᠦ ᠬᠤᠰᠢᠭᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠬᠦᠨᠵᠡᠬᠡᠢ ᠠᠬᠢᠭᠤᠯᠬᠤ ᠶᠢᠨ ᠲᠤᠰᠠᠳᠠ᠂ ᠴᠠᠬᠢᠯᠭᠠᠨ | ᠬᠥᠳᠡᠯᠭᠡᠭᠦᠷᠲᠦ ᠲᠡᠷᠭᠡ ᠶᠢᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠡᠯ᠎ᠡ ᠵᠦᠢᠯ ᠤᠨ ᠡᠮᠬᠢ ᠵᠠᠮᠪᠠᠷᠠᠭ᠎ᠠ ᠦᠬᠡᠢ ᠦᠵᠡᠭᠳᠡᠯ ᠳᠤ ᠴᠢᠩᠭ᠎ᠠ ᠴᠣᠬᠢᠯᠲᠠ | ᠥᠭᠴᠦ᠂ ᠴᠠᠬᠢᠯᠭᠠᠨ ᠬᠥᠳᠡᠯᠭᠡᠭᠦᠷᠲᠦ ᠲᠡᠷᠭᠡ ᠠᠴᠠ ᠪᠣᠯᠤᠭᠰᠠᠨ ᠵᠠᠮ ᠬᠠᠷᠢᠯᠴᠠᠭᠠᠨ ᠤ ᠠᠳᠡᠯ ᠢ ᠤᠯᠠᠮ ᠨᠢᠭᠡ ᠠᠯᠬᠤᠮ ᠪᠠᠭᠠᠰᠬᠠᠨ᠂ ᠬᠤᠲᠠ ᠶᠢᠨ | ᠲᠣᠭᠤᠷᠢᠭ ᠤᠨ ᠵᠠᠮ ᠨᠡᠪᠲᠡᠷᠡᠯᠭᠡ ᠶᠢᠨ ᠡᠮᠬᠢ ᠵᠢᠷᠤᠮ ᠢ ᠰᠢᠯᠢᠳᠡᠭᠵᠢᠭᠦᠯᠦᠨ ᠬᠤᠲᠠ ᠶᠢᠨ ᠪᠦᠬᠦᠶᠢᠯᠡ ᠴᠣᠭᠴᠠ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠶᠢᠨ | ᠲᠣᠰᠠᠳᠠ᠂ ᠤᠷᠠᠳ ᠤᠨ ᠡᠮᠦᠨᠡᠲᠦ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ 5 ᠰᠠᠷ᠎ᠠ ᠶᠢᠨ 16 ᠤ ᠡᠳᠦᠷ ᠠᠴᠠ ᠡᠬᠢᠯᠡᠨ᠂ ᠪᠥᠬᠦ | ᠬᠤᠰᠢᠭᠤᠨ ᠤ ᠴᠠᠬᠢᠯᠭᠠᠨ ᠬᠥᠳᠡᠯᠭᠡᠭᠦᠷᠲᠦ ᠲᠡᠷᠭᠡ ᠶᠢᠨ ᠬᠠᠤᠯᠢ ᠶᠢ ᠵᠥᠷᠢᠴᠡᠨ ᠵᠠᠮ ᠡᠵᠡᠯᠡᠨ ᠳᠤᠷ᠎ᠠ ᠪᠠᠷ ᠢᠶᠠᠨ ᠵᠣᠭᠰᠣᠬᠤ᠂ ᠲᠣᠭᠲᠠᠭᠠᠯ ᠶᠣᠰᠣᠭᠠᠷ ᠶᠠᠪᠤᠬᠤ ᠦᠭᠡᠢ | ᠂ ᠠᠮᠤᠷ ᠲᠦᠪᠰᠢᠨ ᠤ ᠳᠤᠭᠤᠯᠠᠭ᠎ᠠ ᠵᠡᠭᠦᠭᠰᠡᠨ ᠦᠭᠡᠢ ᠵᠡᠷᠭᠡ ᠬᠠᠤᠯᠢ ᠶᠢ ᠵᠥᠷᠢᠴᠡᠭᠰᠡᠨ ᠦᠶᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠵᠤ᠂ ᠠᠮᠤᠷ | ᠲᠦᠪᠰᠢᠨ᠂ ᠪᠣᠯᠪᠠᠰᠤᠨ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠪᠠᠷ ᠪᠠᠶᠢᠨ᠎ᠠ᠃ | ᠠᠳᠡ᠂ ᠤᠷᠠᠳ ᠤᠨ ᠡᠮᠦᠨᠡᠲᠦ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠥᠷᠭᠡᠨ ᠤᠯᠠᠨ ᠴᠠᠬᠢᠯᠭᠠᠨ ᠬᠥᠳᠡᠯᠭᠡᠭᠦᠷᠲᠦ | ᠮᠠᠰᠢᠨ ᠲᠡᠷᠭᠡᠨ ᠤ ᠵᠢᠯᠣᠭᠤᠴᠢ ᠶᠢ ᠶᠠᠪᠤᠵᠤ ᠰᠠᠭᠤᠬᠤ ᠳᠠᠭᠠᠨ ᠡᠷᠬᠡᠪᠰᠢ ᠪᠣᠯᠪᠠᠰᠤᠨ ᠢᠶᠠᠷ ᠬᠠᠤᠯᠢ ᠶᠢ ᠰᠠᠬᠢᠵᠤ᠂ ᠡᠮᠬᠢ ᠵᠢᠷᠤᠮ ᠲᠠᠢ ᠪᠠᠷ ᠲᠡᠷᠭᠡ ᠪᠠᠨ ᠵᠣᠭᠰᠣᠭᠠᠵᠤ᠂ | ᠠᠮᠤᠷ ᠲᠦᠪᠰᠢᠨ ᠤ ᠳᠤᠭᠤᠯᠠᠭ᠎ᠠ ᠪᠠᠨ ᠰᠠᠶᠢᠲᠤᠷ ᠵᠡᠭᠦᠵᠦ᠂ ᠠᠮᠢ ᠨᠠᠰᠤᠨ ᠤ ︽ᠬᠤᠷᠢᠭ᠎ᠠ ᠱᠤᠭᠤᠮ︾ ᠢ ᠰᠠᠬᠢᠵᠤ᠂ ᠪᠣᠯᠪᠠᠰᠤᠨ ᠬᠤᠳᠠ ᠶᠢ ᠬᠠᠮᠲᠤᠪᠠᠷ | ᠴᠣᠭᠴᠠᠯᠠᠵᠤ᠂ ᠪᠣᠯᠪᠠᠰᠤᠨ ᠵᠠᠮ ᠢ ᠬᠠᠮᠲᠤᠪᠠᠷ ᠡᠳ᠋ᠯᠡᠬᠦ ᠶᠢ ᠬᠦᠰᠡᠵᠦ ᠪᠠᠶᠢᠨ᠎ᠠ︕ | ᠤᠷᠠᠳ ᠤᠨ ᠡᠮᠦᠨᠡᠲᠦ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | 2023 ᠣᠨ ᠤ 5 ᠰᠠᠷ᠎ᠠ ᠶᠢᠨ 15 |