ᠯᠢ ᠴᠢᠶᠠᠩ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠵᠤ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ | ᠬᠤᠷᠠᠯ ᠳᠤ ᠣᠷᠣᠯᠴᠠᠵᠠᠢ | | | | | | | | | | 5 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠾᠧᠪᠧᠢ ᠳᠤ ᠰᠢᠨᠵᠢᠯᠡᠨ ᠪᠠᠶᠢᠴᠠᠭᠠᠭᠰᠠᠨ ᠪᠥᠭᠡᠳ ᠪᠡᠭᠡᠵᠢᠩ ᠲᠢᠶᠠᠨᠵᠢᠨ ᠾᠧᠪᠧᠢ ᠶᠢᠨ | ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠵᠢᠷᠤᠭ ᠪᠣᠯ 12 ᠤᠨ ᠦᠳᠡ ᠶᠢᠨ ᠬᠤᠶᠢᠨ᠎ᠠ᠂ ᠰᠢ ᠶᠢᠨ | ᠫᠢᠩ ᠱᠢ ᠵᠢᠶᠠ ᠵᠤᠸᠠᠩ ᠬᠤᠲᠠ ᠳᠤ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠱᠧᠨ ᠬᠤᠩ ᠰᠡᠭᠦᠳᠡᠷᠯᠡᠪᠡ | | | | | 5 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠾᠧᠪᠧᠢ ᠳᠤ ᠰᠢᠨᠵᠢᠯᠡᠨ ᠪᠠᠶᠢᠴᠠᠭᠠᠭᠰᠠᠨ ᠪᠥᠭᠡᠳ ᠪᠡᠭᠡᠵᠢᠩ ᠲᠢᠶᠠᠨᠵᠢᠨ ᠾᠧᠪᠧᠢ ᠶᠢᠨ | ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠵᠢᠷᠤᠭ ᠪᠣᠯ 11 ᠤ ᠦᠳᠡ ᠶᠢᠨ ᠡᠮᠦᠨ᠎ᠡ᠂ ᠰᠢ ᠶᠢᠨ | ᠫᠢᠩ ᠼᠠᠩᠵᠸᠦ ᠬᠤᠲᠠ ᠶᠢᠨ ᠬᠤᠸᠠᠩ ᠬᠤᠸᠠ ᠬᠤᠲᠠ ᠶᠢᠨ ᠵᠢᠦᠴᠧᠩ ᠪᠠᠯᠭᠠᠰᠤᠨ ᠤ ᠰᠢᠶᠠᠨ ᠵᠤᠸᠠᠩ ᠲᠣᠭᠤᠷᠢᠭ ᠤᠨ ᠬᠠᠭᠤᠷᠠᠢ ᠬᠤᠵᠢᠷᠯᠢᠭ ᠭᠠᠵᠠᠷ ᠤᠨ | ᠪᠤᠭᠤᠳᠠᠢ ᠶᠢᠨ ᠲᠠᠷᠢᠶ᠎ᠠ ᠪᠠᠷ ᠰᠢᠨᠵᠢᠯᠡᠨ ᠪᠠᠶᠢᠴᠠᠭᠠᠬᠤ ᠳᠠᠭᠠᠨ ᠲᠠᠷᠢᠮᠠᠯ ᠤᠨ ᠡᠷᠦᠭᠡ᠂ ᠲᠠᠷᠢᠶᠠᠯᠠᠩ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠲᠠᠢ ᠳᠣᠲᠣᠨᠣ ᠪᠠᠷ | ᠰᠠᠨᠠᠯ ᠢᠶᠠᠨ ᠰᠣᠯᠢᠯᠴᠠᠵᠤ ᠪᠠᠶᠢᠭ᠎ᠠ ᠨᠢ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠶᠢᠨ ᠪᠦᠸᠧ ᠭᠦ᠋ ᠰᠡᠭᠦᠳᠡᠷᠯᠡᠪᠡ | | ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ | ᠰᠢ ᠶᠢᠨ ᠫᠢᠩ ᠣᠶᠢᠷ᠎ᠠ ᠳᠤ ᠾᠧᠪᠧᠢ ᠳᠤ ᠰᠢᠨᠵᠢᠯᠡᠨ ᠪᠠᠶᠢᠴᠠᠭᠠᠵᠤ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ | ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ | ᠬᠦᠴᠦᠨ ᠢᠶᠠᠨ ᠪᠠᠲᠤᠯᠠᠵᠤ᠂ ᠠᠵᠠ ᠲᠣᠭᠢᠶᠠᠯ ᠢ ᠠᠳᠬᠤᠬᠤ᠂ ᠥᠷᠢᠰᠦᠯᠳᠦᠭᠡᠨ ᠢ ᠠᠷᠭᠠᠴᠠᠭᠠᠬᠤ᠂ ᠬᠢᠮᠤᠷᠠᠯ ᠢ ᠠᠷᠢᠯᠭᠠᠬᠤ᠂ ᠠᠵᠠ ᠲᠣᠭᠢᠶᠠᠯ ᠢ ᠪᠤᠢ ᠪᠣᠯᠭᠠᠬᠤ | ᠴᠢᠳᠠᠪᠤᠷᠢ ᠪᠠᠨ ᠴᠢᠩᠭᠠᠳᠬᠠᠵᠤ᠂ ᠬᠥᠭᠵᠢᠯᠲᠡ ᠪᠣᠯᠣᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠨᠡᠩ ᠢᠯᠡᠭᠦᠦ ᠡᠷᠡᠮᠡᠬᠡᠶᠢᠯᠡᠨ ᠲᠡᠮᠡᠴᠡᠵᠦ ᠵᠢᠳᠬᠦᠯ | ᠴᠢᠷᠮᠠᠶᠢᠯᠭ᠎ᠠ ᠭᠠᠷᠭᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠡᠯ᠎ᠡ ᠵᠦᠢᠯ ᠤᠨ ᠠᠵᠢᠯ ᠢᠶᠠᠨ ᠠᠬᠢᠭᠤᠯᠵᠤ᠂ ᠪᠡᠭᠡᠵᠢᠩ ᠲᠢᠶᠠᠨᠵᠢᠨ ᠾᠧᠪᠧᠢ ᠶᠢᠨ | ᠬᠠᠮᠵᠢᠯᠴᠠᠨ ᠬᠥᠭᠵᠢᠬᠦ ᠶᠢ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠭᠠᠵᠤ᠂ ᠪᠡᠭᠡᠵᠢᠩ ᠲᠢᠶᠠᠨᠵᠢᠨ ᠾᠧᠪᠧᠢ ᠶᠢ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠤᠷᠢᠳ ᠢᠶᠠᠷ ᠬᠡᠷᠡᠭᠵᠢᠭᠦᠯᠬᠦ ᠣᠷᠣᠨ᠂ ᠵᠢᠱᠢᠶ᠎ᠡ ᠦᠵᠡᠭᠦᠯᠭᠦ ᠣᠷᠣᠨ ᠪᠣᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ | ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ | ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ | ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ | ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ | ᠶᠠᠷᠢᠯᠴᠠᠬᠤ ᠬᠤᠷᠠᠯ ᠳᠤ ᠣᠷᠣᠯᠴᠠᠪᠠ᠃ | 5 ᠰᠠᠷ᠎ᠠ ᠶᠢᠨ 11 ᠠᠴᠠ 12 ᠤᠨ ᠡᠳᠦᠷ ᠪᠤᠯᠲᠠᠯ᠎ᠠ᠂ ᠰᠢ ᠶᠢᠨ ᠫᠢᠩ ᠾᠧᠪᠧᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠨᠢᠢ ᠶᠤᠸᠠᠢ ᠹᠧᠩ᠂ | ᠮᠤᠵᠢ ᠶᠢᠨ ᠳᠠᠷᠤᠭ᠎ᠠ ᠸᠠᠩ ᠵᠧᠩ ᠫᠦ᠋ ᠶᠢᠨ ᠪᠠᠷ᠎ᠠ ᠪᠤᠯᠣᠯᠭ᠎ᠠ ᠲᠠᠢ ᠪᠠᠷ ᠤᠷᠢᠳ ᠬᠤᠵᠢᠳ ᠼᠠᠩᠵᠸᠦ᠂ ᠱᠢ ᠵᠢᠶᠠ ᠵᠤᠸᠠᠩ ᠵᠡᠷᠭᠡ ᠭᠠᠵᠠᠷ ᠲᠤ ᠬᠦᠷᠴᠦ᠂ ᠬᠥᠳᠡᠭᠡ | ᠲᠣᠰᠬᠤᠨ᠂ ᠭᠠᠷᠠᠮ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠵᠡᠷᠭᠡ ᠳᠤ ᠭᠦᠨᠵᠡᠭᠡᠶᠢᠷᠡᠨ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠵᠦ | ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ | 11 ᠤ ᠦᠳᠡ ᠶᠢᠨ ᠡᠮᠦᠨ᠎ᠡ᠂ ᠰᠢ ᠶᠢᠨ ᠫᠢᠩ ᠼᠠᠩᠵᠸᠦ ᠬᠤᠲᠠ ᠳᠤ ᠬᠦᠷᠴᠦ᠂ ᠬᠤᠸᠠᠩ ᠬᠤᠸᠠ ᠬᠤᠲᠠ ᠶᠢᠨ ᠵᠢᠦᠴᠧᠩ ᠪᠠᠯᠭᠠᠰᠤᠨ ᠤ ᠰᠢᠶᠠᠨ ᠵᠤᠸᠠᠩ | ᠲᠣᠭᠤᠷᠢᠭ ᠤᠨ ᠬᠠᠭᠤᠷᠠᠢ ᠬᠤᠵᠢᠷᠯᠢᠭ ᠭᠠᠵᠠᠷ ᠤᠨ ᠪᠤᠭᠤᠳᠠᠢ ᠶᠢᠨ ᠲᠠᠷᠢᠶ᠎ᠠ ᠪᠠᠷ ᠰᠢᠨᠵᠢᠯᠡᠨ ᠪᠠᠶᠢᠴᠠᠭᠠᠵᠤ᠂ ᠬᠤᠵᠢᠷᠯᠢᠭ ᠭᠠᠵᠠᠷ ᠢ ᠴᠡᠭᠴᠡᠯᠡᠨ ᠵᠠᠰᠠᠭᠰᠠᠨ᠂ | ᠬᠠᠭᠤᠷᠠᠢ ᠬᠤᠵᠢᠷᠯᠢᠭ ᠭᠠᠵᠠᠷ ᠤᠨ ᠪᠤᠭᠤᠳᠠᠢ ᠶᠢ ᠲᠠᠷᠢᠵᠦ ᠳᠡᠯᠭᠡᠷᠡᠭᠦᠯᠦᠭᠰᠡᠨ ᠵᠢᠴᠢ ᠠᠵᠤ ᠦᠢᠯᠡᠰᠵᠢᠭᠦᠯᠦᠭᠰᠡᠨ ᠪᠠᠶᠢᠳᠠᠯ ᠢ ᠣᠶᠢᠯᠠᠭᠠᠪᠠ᠃ ᠰᠢ ᠶᠢᠨ ᠫᠢᠩ | ᠪᠤᠭᠤᠳᠠᠢ ᠶᠢᠨ ᠲᠠᠷᠢᠶᠠᠨ ᠳᠤ ᠠᠯᠬᠤᠨ ᠣᠷᠣᠵᠤ᠂ ᠪᠤᠭᠤᠳᠠᠢ ᠶᠢᠨ ᠤᠷᠭᠤᠯᠲᠠ ᠶᠢᠨ ᠪᠠᠶᠢᠳᠠᠯ ᠢ ᠨᠠᠷᠢᠨ ᠪᠠᠶᠢᠴᠠᠭᠠᠨ ᠦᠵᠡᠭᠰᠡᠨ ᠪᠥᠭᠡᠳ ᠶᠠᠭ ᠰᠠᠶᠢᠬᠠᠨ | ᠲᠠᠷᠢᠶᠠᠨ ᠳᠠᠭᠠᠨ ᠬᠥᠳᠡᠯᠮᠦᠷᠢᠯᠡᠵᠦ ᠪᠠᠶᠢᠭᠰᠠᠨ ᠲᠠᠷᠢᠮᠠᠯ ᠤᠨ ᠡᠷᠦᠭᠡ᠂ ᠲᠠᠷᠢᠶᠠᠯᠠᠩ ᠤᠨ ᠮᠡᠷᠭᠡᠵᠢᠯ ᠤᠨ ᠲᠤᠰᠬᠠᠢ ᠮᠡᠷᠭᠡᠵᠢᠯᠲᠡᠨ ᠠᠴᠠ ᠬᠠᠭᠤᠷᠠᠢ ᠬᠤᠵᠢᠷᠯᠢᠭ | ᠭᠠᠵᠠᠷ ᠤᠨ ᠪᠤᠭᠤᠳᠠᠢ ᠶᠢᠨ ᠤᠨᠠᠯᠲᠠ᠂ ᠦᠨ᠎ᠡ ᠬᠠᠩᠰᠢ᠂ ᠶᠠᠰᠤ ᠴᠢᠨᠠᠷ᠂ ᠠᠰᠢᠭ ᠣᠷᠣᠯᠭ᠎ᠠ ᠵᠡᠷᠭᠡ ᠶᠢ ᠯᠠᠪᠯᠠᠨ ᠠᠰᠠᠭᠤᠪᠠ᠃ ᠰᠢ ᠶᠢᠨ ᠫᠢᠩ᠂ ᠬᠤᠵᠢᠷᠯᠢᠭ | ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠥᠷᠨᠢᠭᠦᠯᠬᠦ ᠪᠣᠯ ᠨᠢᠭᠡᠨ ᠪᠠᠶᠢᠯᠳᠤᠬᠤ ᠪᠣᠳᠣᠯᠭ᠎ᠠ ᠶᠢᠨ ᠠᠰᠠᠭᠤᠳᠠᠯ ᠮᠥᠨ᠂ ᠡᠷᠬᠡᠪᠰᠢ ᠴᠢᠬᠤᠯᠠ ᠪᠠᠶᠢᠷᠢᠨ ᠳᠤ ᠲᠠᠯᠪᠢᠬᠤ | ᠬᠡᠷᠡᠭᠲᠡᠢ᠃ ᠮᠠᠨ ᠤ ᠤᠯᠤᠰ ᠤᠨ ᠬᠤᠵᠢᠷᠯᠢᠭ ᠭᠠᠵᠠᠷ ᠣᠯᠠᠨ᠂ ᠨᠡᠭᠡᠭᠡᠨ ᠬᠥᠭᠵᠢᠭᠦᠯᠬᠦ ᠳᠠᠯᠳᠠ ᠬᠦᠴᠦᠨ ᠶᠡᠭᠡ ᠪᠠᠶᠢᠬᠤ ᠪᠣᠳᠠᠲᠤ ᠪᠠᠶᠢᠳᠠᠯ ᠳᠤ ᠰᠠᠭᠤᠷᠢᠯᠠᠨ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠵᠤ᠂ ᠬᠤᠵᠢᠷᠯᠢᠭ ᠭᠠᠵᠠᠷ ᠢ ᠥᠭᠡᠷᠡᠴᠢᠯᠡᠨ | ᠳᠡᠭᠡᠭᠰᠢᠯᠡᠭᠦᠯᠬᠦ ᠡᠷᠴᠢᠮ ᠢᠶᠠᠨ ᠴᠢᠩᠭᠠᠷᠠᠭᠤᠯᠤᠨ᠂ ᠬᠤᠵᠢᠷᠯᠢᠭ ᠭᠠᠵᠠᠷ ᠲᠤ ᠲᠣᠬᠢᠷᠠᠬᠤ ᠲᠠᠷᠢᠮᠠᠯ ᠤᠨ ᠲᠥᠷᠥᠯ ᠵᠦᠢᠯ ᠢ ᠨᠡᠭᠡᠭᠡᠨ ᠬᠥᠭᠵᠢᠭᠦᠯᠵᠦ ᠳᠡᠯᠭᠡᠷᠡᠭᠦᠯᠬᠦ ᠶᠢ | ᠴᠢᠩᠭᠠᠳᠬᠠᠵᠤ᠂ ᠲᠣᠬᠢᠷᠠᠬᠤ ᠲᠠᠷᠢᠮᠠᠯ ᠤᠨ ᠲᠠᠷᠢᠬᠤ ᠲᠠᠯᠠᠪᠠᠶ ᠶᠢ ᠪᠦᠲᠦᠮᠵᠢᠲᠡᠢ ᠥᠷᠭᠡᠳᠬᠡᠨ᠂ ᠨᠠᠷᠢᠯᠢᠭ ᠡᠳ᠋ᠰᠢᠭᠦᠯᠬᠦ ᠶᠢ ᠢᠳᠡᠪᠬᠢᠲᠡᠢ ᠬᠥᠭᠵᠢᠭᠦᠯᠵᠦ᠂ ᠬᠤᠵᠢᠷᠯᠢᠭ | ᠭᠠᠵᠠᠷ ᠤᠨ ᠣᠨᠴᠠᠯᠢᠭᠲᠤ ᠲᠠᠷᠢᠶᠠᠯᠠᠩ ᠭᠡᠬᠦ ᠡᠨᠡ ᠬᠦ ᠲᠣᠮᠣ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃ | 11 ᠤ ᠦᠳᠡ ᠶᠢᠨ ᠬᠤᠶᠢᠨ᠎ᠠ᠂ ᠰᠢ ᠶᠢᠨ ᠫᠢᠩ ᠬᠤᠸᠠᠩ ᠬᠤᠸᠠ ᠭᠠᠷᠠᠮ ᠤᠨ ᠨᠡᠭᠦᠷᠡᠰᠦᠨ ᠤ ᠭᠠᠷᠠᠮ ᠤᠨ ᠲᠣᠭᠤᠷᠢᠭ ᠤᠨ ᠭᠠᠷᠠᠮ ᠳᠤ ᠬᠦᠷᠴᠦ᠂ | ᠾᠧᠪᠧᠢ ᠮᠤᠵᠢ ᠶᠢᠨ ᠭᠠᠷᠠᠮ ᠢ ᠨᠡᠶᠢᠳᠬᠡᠨ ᠬᠥᠭᠵᠢᠭᠦᠯᠬᠦ ᠪᠠ ᠬᠤᠸᠠᠩ ᠬᠤᠸᠠ ᠭᠠᠷᠠᠮ ᠤᠨ ᠦᠢᠯᠡᠳᠪᠦᠷᠢᠯᠡᠯ ᠡᠵᠡᠩᠨᠡᠯᠲᠡ᠂ ᠬᠥᠭᠵᠢᠯᠲᠡ ᠶᠢᠨ ᠲᠥᠯᠦᠪᠵᠢᠭᠦᠯᠭᠡ | ᠵᠡᠷᠭᠡ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠾᠧᠪᠧᠢ ᠶᠢᠨ ᠣᠷᠣᠨ ᠪᠠᠶᠢᠷᠢ ᠶᠢᠨ ᠳᠠᠪᠠᠭᠤᠯᠢᠭ ᠥᠪᠡᠷᠮᠢᠴᠡ᠂ ᠲᠠᠯᠠᠢ ᠶᠢᠨ ᠲᠡᠭᠡᠭᠡᠪᠦᠷᠢ ᠶᠢᠨ ᠨᠥᠬᠦᠴᠡᠯ | ᠲᠦᠭᠦᠮ᠂ ᠭᠠᠷᠠᠮ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠ ᠡᠬᠢ ᠪᠠᠶᠠᠯᠢᠭ ᠢ ᠨᠡᠶᠢᠳᠬᠡᠬᠦ ᠶᠢ ᠦᠷᠭᠦᠯᠵᠢᠯᠡᠨ ᠠᠬᠢᠭᠤᠯᠵᠤ᠂ ᠭᠠᠷᠠᠮ ᠤᠨ | ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ᠂ ᠰᠢᠶᠦ᠋ᠩ ᠠᠨ ᠰᠢᠨ᠎ᠡ ᠲᠣᠭᠤᠷᠢᠭ ᠢ | ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠵᠡᠷᠭᠡ ᠤᠯᠤᠰ ᠤᠨ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠣᠷᠣᠨ ᠪᠦᠰᠡ ᠶᠢᠨ ᠠᠵᠤ ᠠᠬᠤᠢ ᠶᠢᠨ ᠵᠣᠬᠢᠴᠠᠩᠭᠤᠢ | ᠬᠥᠭᠵᠢᠯᠲᠡ ᠶᠢ ᠠᠬᠢᠭᠤᠯᠬᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠳᠤ ᠨᠡᠩ ᠶᠡᠭᠡ ᠦᠢᠯᠡᠳᠦᠯ ᠪᠠᠳᠠᠷᠠᠭᠤᠯᠬᠤ ᠬᠡᠷᠡᠭᠲᠡᠢ᠃ ᠬᠤᠸᠠᠩ | ᠬᠤᠸᠠ ᠭᠠᠷᠠᠮ ᠨᠢ ᠮᠠᠨ ᠤ ᠤᠯᠤᠰ ᠤᠨ ᠪᠠᠷᠠᠭᠤᠨ ᠣᠷᠣᠨ ᠤ ᠨᠡᠭᠦᠷᠡᠰᠦ ᠶᠢ ᠵᠡᠭᠦᠨᠰᠢ ᠲᠡᠭᠡᠭᠡᠪᠦᠷᠢᠯᠡᠬᠦ᠂ ᠤᠮᠠᠷᠠᠲᠤ ᠶᠢᠨ ᠨᠡᠭᠦᠷᠡᠰᠦ ᠶᠢ ᠡᠮᠦᠨᠡᠰᠢ ᠲᠡᠭᠡᠭᠡᠪᠦᠷᠢᠯᠡᠬᠦ | ᠴᠢᠬᠤᠯᠠ ᠬᠦᠢᠰᠦ ᠭᠠᠷᠠᠮ ᠪᠣᠯᠤᠭᠰᠠᠨ ᠤ ᠬᠤᠪᠢ ᠳᠤ᠂ ᠭᠠᠷᠠᠮ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠪᠠᠶᠢᠭᠤᠯᠤᠮᠵᠢ | ᠲᠣᠭᠲᠠᠴᠠ ᠶᠢᠨ ᠰᠢᠨ᠎ᠡ ᠶᠢ ᠡᠭᠦᠳᠴᠦ᠂ ᠤᠯᠠᠨ ᠴᠢᠳᠠᠮᠵᠢᠲᠤ᠂ ᠶᠡᠷᠦᠩᠬᠡᠶᠢᠯᠡᠭᠰᠡᠨ ᠴᠢᠨᠠᠷᠲᠠᠢ᠂ ᠣᠳᠣᠬᠢᠴᠢᠯᠠᠭᠰᠠᠨ ᠶᠡᠭᠡ ᠭᠠᠷᠠᠮ ᠢ ᠴᠣᠭᠴᠠᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ 12 ᠤᠨ ᠦᠳᠡ ᠶᠢᠨ ᠡᠮᠦᠨ᠎ᠡ᠂ ᠰᠢ ᠶᠢᠨ ᠫᠢᠩ ᠱᠢ ᠵᠢᠶᠠ ᠵᠤᠸᠠᠩ ᠬᠤᠳᠠ ᠳᠤ ᠪᠠᠶᠢᠭ᠎ᠠ ᠳᠤᠮᠳᠠᠳᠤ ᠤᠯᠤᠰ ᠤᠨ ᠡᠯᠧᠺᠳ᠋ᠷᠣᠨ ᠤ ᠰᠢᠨᠵᠢᠯᠡᠬᠦ | ᠤᠬᠠᠭᠠᠨ ᠤ ᠠᠵᠤ ᠦᠢᠯᠡᠰ ᠤᠨ ᠰᠠᠭᠤᠷᠢ ᠰᠤᠳᠤᠯᠭᠠᠨ ᠤ ᠬᠦᠷᠢᠶᠡᠯᠡᠩ ᠳᠤ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ ᠵᠢᠴᠢ | ᠦᠢᠯᠡᠳᠬᠦᠨ ᠢ ᠰᠤᠳᠤᠯᠤᠨ ᠨᠡᠭᠡᠭᠡᠵᠦ ᠪᠠᠶᠢᠬᠤ᠂ ᠴᠡᠷᠢᠭ ᠠᠷᠠᠳ ᠤᠨ ᠠᠭᠤᠰᠤᠯᠴᠠᠨ ᠬᠥᠭᠵᠢᠬᠦ ᠶᠢ ᠴᠢᠩᠭᠠᠳᠬᠠᠵᠤ ᠪᠠᠶᠢᠬᠤ᠂ ᠪᠡᠶ᠎ᠡ ᠪᠠᠨ ᠳᠠᠭᠠᠭᠠᠭᠰᠠᠨ | ᠪᠠᠲᠤᠯᠠᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠭᠦᠯᠵᠦ ᠪᠠᠶᠢᠬᠤ ᠵᠡᠷᠭᠡ ᠪᠠᠶᠢᠳᠠᠯ ᠢ ᠣᠶᠢᠯᠠᠭᠠᠵᠤ᠂ ᠦᠢᠯᠡᠳᠪᠦᠷᠢᠯᠡᠯ ᠤᠨ ᠲᠠᠰᠤᠭ ᠲᠤ ᠣᠷᠣᠵᠤ | ᠢᠯᠲᠠᠰᠤ ᠶᠢᠨ ᠦᠢᠯᠡᠳᠪᠦᠷᠢᠯᠡᠯ ᠤᠨ ᠶᠠᠪᠤᠴᠠ ᠶᠢ ᠪᠠᠶᠢᠴᠠᠭᠠᠨ ᠦᠵᠡᠪᠡ᠃ ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠴᠦᠷᠬᠡᠭ ᠤᠯᠤᠰ ᠢ | ᠲᠦᠷᠭᠡᠳᠬᠡᠨ ᠪᠦᠲᠦᠭᠡᠨ ᠪᠠᠶᠢᠭᠤᠯᠬᠤ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠮᠥᠨ᠂ ᠡᠷᠬᠡᠪᠰᠢ | ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠳᠤ ᠬᠠᠨᠳᠤᠭᠤᠯᠵᠤ᠂ ᠵᠠᠩᠭᠢᠯᠠᠭ᠎ᠠ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠢ ᠰᠢᠰᠲ᠋ᠧᠮ ᠲᠠᠢ ᠪᠠᠶᠢᠷᠢᠰᠢᠭᠤᠯᠵᠤ | ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠢ ᠭᠦᠨᠵᠡᠭᠡᠢ ᠠᠭᠤᠰᠤᠯᠴᠠᠭᠤᠯᠬᠤ ᠳᠠᠪᠠᠭᠤᠯᠢᠭ ᠢ ᠪᠠᠳᠠᠷᠠᠭᠤᠯᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ | ᠲᠠᠯ᠎ᠠ ᠪᠠᠷ ᠲᠠᠰᠤᠷᠠᠯᠳᠠ ᠦᠭᠡᠢ ᠰᠢᠨ᠎ᠡ ᠰᠢᠪᠲᠤᠯᠤᠯᠲᠠ ᠲᠠᠢ ᠪᠣᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃ ᠲᠡᠷᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠠᠵᠢᠯᠲᠠᠳ ᠢ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠣᠶᠠᠨ ᠣᠷᠭᠢᠯ ᠳᠤ ᠵᠣᠷᠢᠭᠲᠠᠢ ᠠᠪᠠᠷᠢᠵᠤ᠂ ᠬᠤᠰᠢᠭᠤᠷᠠᠯ | ᠮᠡᠷᠭᠡᠵᠢᠯ ᠢ ᠲᠠᠰᠤᠷᠠᠯᠲᠠ ᠦᠭᠡᠢ ᠡᠭᠦᠳᠴᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ | ᠲᠣᠮᠣ ᠤᠯᠤᠰ ᠤᠨ ᠴᠢᠬᠤᠯᠠ ᠲᠣᠨᠣᠭᠯᠠᠯ ᠢ ᠨᠠᠩ ᠣᠯᠠᠨ ᠦᠢᠯᠡᠳᠦᠭᠡᠷᠡᠢ ᠭᠡᠵᠦ ᠵᠣᠷᠢᠭᠵᠢᠭᠤᠯᠪᠠ᠃ | ᠰᠢ ᠶᠢᠨ ᠫᠢᠩ ᠳᠠᠷᠠᠭ᠎ᠠ ᠨᠢ ᠱᠢ ᠵᠢᠶᠠ ᠵᠤᠸᠠᠩ ᠬᠤᠳᠠ ᠶᠢᠨ ᠳᠡᠯᠡᠬᠡᠢ ᠶᠢᠨ ᠠᠮᠢᠳᠤ ᠪᠣᠳᠠᠰ ᠤᠨ ᠡᠮ ᠡᠮᠨᠡᠯᠭᠡ ᠶᠢᠨ ᠬᠦᠷᠢᠶᠡᠯᠡᠩ ᠤᠨ ᠲᠥᠯᠦᠪᠵᠢᠭᠦᠯᠭᠡ ᠶᠢᠨ | ᠦᠵᠡᠭᠦᠯᠭᠡ ᠶᠢᠨ ᠣᠷᠳᠣᠨ ᠳᠤ ᠰᠢᠨᠵᠢᠯᠡᠨ ᠪᠠᠶᠢᠴᠠᠭᠠᠵᠤ᠂ ᠱᠢ ᠵᠢᠶᠠ ᠵᠤᠸᠠᠩ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠮ ᠡᠮᠨᠡᠯᠭᠡ ᠶᠢᠨ ᠪᠦᠲᠦᠭᠡᠭᠳᠡᠬᠦᠨ ᠤ ᠦᠵᠡᠭᠦᠯᠭᠡ ᠶᠢ ᠪᠠᠶᠢᠴᠠᠭᠠᠨ ᠦᠵᠡᠵᠦ᠂ ᠡᠮ ᠤᠨ ᠵᠦᠢᠯᠡᠰ ᠢ | ᠰᠤᠳᠤᠯᠤᠨ ᠨᠡᠭᠡᠭᠡᠵᠦ ᠦᠢᠯᠡᠳᠪᠦᠷᠢᠯᠡᠵᠦ ᠪᠠᠶᠢᠭ᠎ᠠ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠪᠣᠯ | ᠤᠯᠤᠰ ᠤᠨ ᠡᠳ᠋ ᠤᠨ ᠵᠠᠰᠠᠭ ᠠᠷᠠᠳ ᠤᠨ ᠠᠮᠢᠳᠤᠷᠠᠯ ᠪᠣᠯᠣᠨ ᠤᠯᠤᠰ ᠤᠨ ᠠᠮᠤᠷ ᠲᠦᠪᠰᠢᠨ ᠲᠠᠢ ᠬᠤᠯᠪᠣᠭᠳᠠᠬᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠮᠠᠨᠳᠤᠭᠰᠠᠨ ᠠᠵᠤ ᠦᠢᠯᠡᠰ ᠪᠣᠯᠣᠨ᠎ᠠ᠃ ᠰᠠᠭᠤᠷᠢ ᠰᠤᠳᠤᠯᠭᠠᠨ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢᠨ ᠠᠮᠢᠨ ᠰᠤᠳᠠᠰᠤ ᠶᠢ | ᠥᠪᠡᠷ ᠤᠨ ᠭᠠᠷ ᠲᠠᠭᠠᠨ ᠪᠠᠲᠤ ᠡᠵᠡᠮᠳᠡᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ | ᠬᠥᠮᠥᠨ ᠤ ᠠᠮᠢ ᠨᠠᠰᠤᠨ ᠤ ᠭᠧᠨ ᠤ ᠤᠯᠠᠮᠵᠢᠯᠠᠯ ᠪᠣᠯᠣᠨ ᠪᠡᠶ᠎ᠡ ᠮᠠᠬᠠᠪᠤᠳ ᠤᠨ ᠬᠡᠪ ᠪᠣᠯᠪᠠᠰᠤᠷᠠᠯ ᠤᠨ ᠣᠨᠴᠠᠯᠢᠭ ᠲᠤ ᠲᠣᠬᠢᠷᠠᠬᠤ ︽ᠳᠤᠮᠳᠠᠳᠤ ᠤᠯᠤᠰ ᠤᠨ ᠡᠮ︾ | ᠢ ᠨᠡᠩ ᠤᠯᠠᠨ ᠰᠤᠳᠤᠯᠤᠨ ᠨᠡᠭᠡᠭᠡᠵᠦ ᠦᠢᠯᠡᠳᠪᠦᠷᠢᠯᠡᠨ᠂ ᠢᠯᠠᠩᠭᠤᠶ᠎ᠠ ᠬᠢᠲᠠᠳ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ | ᠬᠥᠭᠵᠢᠭᠦᠯᠬᠦ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃ | 12 ᠤᠨ ᠦᠳᠡ ᠶᠢᠨ ᠬᠤᠶᠢᠨ᠎ᠠ᠂ ᠰᠢ ᠶᠢᠨ ᠫᠢᠩ ᠱᠢ ᠵᠢᠶᠠ ᠵᠤᠸᠠᠩ ᠬᠤᠳᠠ ᠳᠤ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ | ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠾᠧᠪᠧᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠨᠢ ᠶᠤᠸᠠᠢ ᠹᠧᠩ᠂ ᠲᠢᠶᠠᠨᠵᠢᠨ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠴᠧᠨ ᠮᠢᠨ ᠡᠯ ᠤᠷᠢᠳ ᠬᠤᠵᠢᠳ ᠦᠭᠡ ᠬᠡᠯᠡᠵᠦ᠂ ᠪᠡᠭᠡᠵᠢᠩ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠶᠢᠨ | ᠯᠢ ᠪᠢᠴᠢᠭ ᠤᠨ ᠬᠡᠯᠪᠡᠷᠢ ᠪᠠᠷ ᠦᠭᠡ ᠬᠡᠯᠡᠵᠦ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠭᠦᠨᠵᠡᠭᠡᠢ ᠠᠬᠢᠭᠤᠯᠬᠤ ᠲᠤᠬᠠᠢ ᠠᠵᠢᠯ ᠤᠨ | ᠪᠠᠶᠢᠳᠠᠯ ᠢ ᠬᠠᠷᠢᠭᠤ ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠪᠠ᠃ | ᠤᠯᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ | ᠨᠠᠭᠠᠰᠢᠬᠢ ᠾᠧᠪᠧᠢ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠣᠯᠣᠭᠰᠠᠨ ᠠᠮᠵᠢᠯᠲᠠ ᠶᠢ ᠨᠤᠲᠠᠯᠠᠵᠤ ᠪᠠᠶᠢᠬᠤ ᠪᠠᠨ ᠢᠯᠡᠳᠬᠡᠪᠡ᠂ ᠾᠧᠪᠧᠢ ᠶᠢᠨ ᠬᠢᠨ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ | ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠪᠠ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠡᠨᠡ ᠬᠦ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠠᠲᠤ ᠡᠵᠡᠮᠳᠡᠵᠦ᠂ ᠰᠢᠨ᠎ᠡ ᠶᠢ ᠡᠭᠦᠳᠬᠦ ᠪᠠᠷ ᠬᠥᠳᠡᠯᠭᠡᠭᠦᠷ | ᠪᠣᠯᠭᠠᠬᠤ ᠬᠥᠭᠵᠢᠯᠲᠡ ᠶᠢ ᠠᠬᠢᠭᠤᠯᠬᠤ ᠳᠤᠮᠳᠠ ᠰᠢᠨ᠎ᠡ ᠵᠠᠮ ᠢ ᠨᠡᠭᠡᠭᠡᠵᠦ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠪᠠ | ᠰᠢᠶᠦ᠋ᠩ ᠠᠨ ᠰᠢᠨ᠎ᠡ ᠲᠣᠭᠤᠷᠢᠭ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠳᠤᠮᠳᠠ ᠰᠢᠨ᠎ᠡ ᠡᠭᠦᠷᠭᠡᠯᠡᠯ ᠢ ᠢᠯᠡᠷᠡᠭᠦᠯᠵᠦ᠂ ᠪᠦᠭᠦ | ᠲᠠᠯ᠎ᠠ ᠪᠠᠷ ᠪᠣᠬᠢᠷᠳᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤᠮᠳᠠ ᠰᠢᠨ᠎ᠡ ᠰᠢᠪᠲᠤᠯᠤᠯᠲᠠ ᠶᠢ ᠪᠡᠶᠡᠯᠡᠭᠦᠯᠵᠦ᠂ ᠥᠭᠡᠷᠡᠴᠢᠯᠡᠯᠲᠡ | ᠨᠡᠭᠡᠭᠡᠯᠲᠡ ᠶᠢ ᠭᠦᠨᠵᠡᠭᠡᠶᠢᠷᠡᠭᠦᠯᠬᠦ ᠳᠤᠮᠳᠠ ᠰᠢᠨ᠎ᠡ ᠳᠠᠪᠠᠭᠤᠯᠢᠭ ᠢ ᠪᠤᠶᠢᠵᠢᠭᠤᠯᠵᠤ᠂ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠳᠤᠮᠳᠠ ᠰᠢᠨ᠎ᠡ ᠵᠢᠳᠬᠦᠯ | ᠴᠢᠷᠮᠠᠶᠢᠯᠭ᠎ᠠ ᠭᠠᠷᠭᠠᠵᠤ᠂ ᠠᠵᠤ ᠠᠬᠤᠢ ᠶᠢᠨ ᠬᠦᠴᠦᠷᠬᠡᠭ ᠮᠤᠵᠢ᠂ ᠦᠵᠡᠰᠬᠦᠯᠡᠩᠲᠦ ᠰᠠᠶᠢᠬᠠᠨ ᠾᠧᠪᠧᠢ ᠶᠢ ᠲᠦᠷᠭᠡᠳᠬᠡᠨ ᠪᠦᠲᠦᠭᠡᠨ ᠪᠠᠶᠢᠭᠤᠯᠵᠤ᠂ ᠳᠤᠮᠳᠠᠳᠤ | ᠤᠯᠤᠰ ᠤᠨ ᠣᠨᠴᠠᠯᠢᠭ ᠲᠠᠢ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠠᠬᠢ ᠾᠧᠪᠧᠢ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠶᠢ ᠬᠦᠰᠡᠪᠡ᠃ | ᠰᠢ ᠶᠢᠨ ᠫᠢᠩ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠣᠰᠣᠭᠠᠷ᠂ ᠪᠡᠭᠡᠵᠢᠩ ᠲᠢᠶᠠᠨᠵᠢᠨ ᠾᠧᠪᠧᠢ 3 ᠮᠤᠵᠢ ᠬᠤᠲᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ | ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠶᠡᠭᠡ ᠪᠠᠷ ᠳᠡᠮᠵᠢᠨ ᠬᠠᠮᠵᠢᠯᠴᠠᠵᠤ᠂ ᠶᠡᠭᠡ ᠬᠡᠮᠵᠢᠶᠡᠨ ᠤ ᠦᠷ᠎ᠡ ᠪᠦᠲᠦᠮᠵᠢᠲᠡᠢ ᠠᠵᠢᠯ ᠬᠢᠵᠦ᠂ | ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠨᠢ ᠰᠢᠨ᠎ᠡ ᠢᠯᠡᠷᠬᠡᠢ ᠦᠷ᠎ᠡ ᠪᠦᠲᠦᠮᠵᠢ ᠣᠯᠵᠤ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ | ᠵᠢᠯᠣᠭᠤᠳᠤᠨ ᠨᠡᠪᠲᠡᠷᠡᠭᠦᠯᠬᠦ ᠠᠵᠢᠯ ᠠᠩᠬ᠎ᠠ ᠠᠯᠬᠤᠮ ᠦᠷ᠎ᠡ ᠪᠦᠲᠦᠮᠵᠢ ᠣᠯᠵᠤ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠴᠢᠬᠤᠯᠠ | ᠶᠡᠭᠡ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠪᠡᠭᠡᠵᠢᠩ ᠤᠨ ᠬᠤᠲᠠ ᠶᠢᠨ ᠳᠡᠳ᠋ ᠲᠥᠪ ᠤᠨ ᠴᠢᠨᠠᠷ ᠰᠠᠶᠢᠲᠠᠢ ᠬᠥᠭᠵᠢᠯᠲᠡ ᠶᠢᠨ ᠠᠯᠬᠤᠴᠠ ᠲᠦᠷᠭᠡᠳᠴᠦ᠂ | ︽ᠵᠢᠮᠳᠤ ᠵᠠᠮ ᠳᠡᠭᠡᠷᠡᠬᠢ ᠪᠡᠭᠡᠵᠢᠩ ᠲᠢᠶᠠᠨᠵᠢᠨ ᠾᠧᠪᠧᠢ︾ ᠲᠦᠷᠭᠡᠨ ᠪᠦᠷᠢᠯᠳᠦᠵᠦ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ | ᠪᠡᠭᠡᠵᠢᠩ ᠲᠢᠶᠠᠨᠵᠢᠨ ᠾᠧᠪᠧᠢ ᠶᠢ ᠪᠦᠲᠦᠭᠡᠨ ᠪᠠᠶᠢᠭᠤᠯᠬᠤ ᠲᠠᠯ᠎ᠠ ᠪᠠᠷ ᠡᠯᠪᠡᠭ ᠪᠠᠶᠠᠯᠢᠭ ᠦᠷ᠎ᠡ ᠪᠦᠲᠦᠭᠡᠯ ᠣᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠲᠦᠪᠰᠢᠨ ᠦᠷᠭᠦᠯᠵᠢᠯᠡᠨ ᠳᠡᠭᠡᠭᠰᠢᠯᠡᠪᠡ᠃ ᠪᠡᠭᠡᠵᠢᠩ ᠲᠢᠶᠠᠨᠵᠢᠨ ᠾᠧᠪᠧᠢ ᠵᠡᠷᠭᠡ | ᠴᠢᠬᠤᠯᠠ ᠶᠡᠭᠡ ᠣᠷᠣᠨ ᠪᠦᠰᠡ ᠶᠢᠨ ᠬᠥᠭᠵᠢᠯᠲᠡ ᠶᠢᠨ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠨᠢ ᠮᠠᠨ ᠤ ᠤᠯᠤᠰ ᠤᠨ ᠰᠢᠨ᠎ᠡ ᠴᠠᠭ | ᠦᠶ᠎ᠡ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠴᠡᠭᠡ ᠳᠤ ᠨᠡᠶᠢᠴᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ | ᠠᠬᠢᠭᠤᠯᠬᠤ ᠪᠦᠲᠦᠮᠵᠢᠲᠡᠢ ᠠᠷᠭ᠎ᠠ ᠵᠠᠮ ᠮᠥᠨ ᠭᠡᠳᠡᠭ ᠢ ᠦᠢᠯᠡᠳᠦᠯᠭᠡ ᠭᠡᠷᠡᠴᠢᠯᠡᠭᠰᠡᠨ ᠪᠠᠶᠢᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠵᠢᠯᠣᠭᠤᠳᠤᠨ ᠨᠡᠪᠲᠡᠷᠡᠭᠦᠯᠬᠦ ᠡᠨᠡ ᠬᠦ ᠵᠢᠯᠣᠭᠤ ᠶᠢ ᠴᠢᠩᠭ᠎ᠠ ᠠᠳᠬᠤᠵᠤ᠂ ᠢᠳᠡᠪᠬᠢᠲᠡᠢ | ᠯᠠᠪᠳᠠᠭᠤᠨ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ᠂ ᠨᠡᠮᠡᠭᠳᠡᠯ ᠢ ᠡᠵᠡᠮᠳᠡᠬᠦ ᠪᠠ ᠨᠥᠭᠡᠴᠡ ᠶᠢᠨ ᠬᠡᠮᠵᠢᠶ᠎ᠡ ᠶᠢ ᠪᠠᠭᠠᠰᠬᠠᠬᠤ ᠶᠢ | ᠤᠶᠠᠯᠳᠤᠭᠤᠯᠵᠤ᠂ ᠳᠣᠲᠣᠭᠠᠳᠤ ᠴᠢᠳᠠᠮᠵᠢ ᠶᠢ ᠲᠠᠭᠢᠨ ᠨᠡᠶᠢᠳᠬᠡᠬᠦ ᠪᠠ ᠭᠠᠳᠠᠭᠰᠢ ᠵᠢᠯᠣᠭᠤᠳᠤᠨ ᠨᠠᠪᠲᠠᠷᠡᠭᠦᠯᠵᠦ ᠰᠢᠯᠵᠢᠭᠦᠯᠬᠦ ᠶᠢ ᠵᠡᠷᠭᠡ ᠪᠠᠷ ᠠᠳᠬᠤᠬᠤ ᠶᠢ | ᠪᠠᠷᠢᠮᠲᠠᠯᠠᠵᠤ᠂ ᠵᠢᠯᠣᠭᠤᠳᠤᠨ ᠨᠡᠪᠲᠡᠷᠡᠭᠦᠯᠬᠦ ᠠᠵᠢᠯ ᠢ ᠬᠦᠴᠦᠲᠡᠢ ᠡᠮᠬᠢ ᠵᠢᠷᠤᠮ ᠲᠠᠢ ᠪᠦᠲᠦᠮᠵᠢᠲᠡᠢ ᠠᠬᠢᠭᠤᠯᠬᠤ ᠬᠡᠷᠡᠭᠲᠡᠢ᠃ ᠪᠡᠯᠭᠡ ᠲᠡᠮᠳᠡᠭ ᠤᠨ ᠴᠢᠨᠠᠷᠲᠠᠢ | ᠲᠦᠷᠦᠯ ᠵᠦᠢᠯ ᠢ ᠭᠠᠳᠠᠭᠰᠢ ᠵᠢᠯᠣᠭᠤᠳᠤᠨ ᠨᠡᠪᠲᠡᠷᠡᠭᠦᠯᠬᠦ ᠶᠢ ᠬᠦᠴᠦᠯᠡᠨ ᠰᠠᠶᠢᠲᠤᠷ ᠠᠳᠬᠤᠵᠤ᠂ ᠬᠤᠶᠠᠳᠤᠭᠠᠷ ᠪᠦᠯᠦᠭ ᠤᠨ ᠵᠢᠯᠣᠭᠤᠳᠤᠨ ᠨᠠᠪᠲᠠᠷᠡᠭᠦᠯᠵᠦ | ᠡᠬᠢᠯᠡᠭᠰᠡᠨ ᠪᠡᠭᠡᠵᠢᠩ ᠳᠤ ᠪᠠᠶᠢᠭ᠎ᠠ ᠲᠥᠪ ᠤᠨ ᠠᠵᠤ ᠠᠬᠤᠶᠢᠯᠠᠯ ᠤᠨ ᠶᠡᠷᠦᠩᠬᠡᠢ ᠬᠡᠯᠲᠡᠰ ᠵᠢᠴᠢ ᠬᠤᠶᠠᠳᠤᠭᠠᠷ᠂ ᠭᠤᠷᠪᠠᠳᠤᠭᠠᠷ ᠳᠡᠰ ᠤᠨ ᠬᠤᠪᠢᠶᠠᠷᠢ ᠺᠣᠮᠫᠠᠨᠢ ᠪᠤᠶᠤ | ᠰᠢᠨ᠎ᠡ ᠶᠢ ᠡᠭᠦᠳᠬᠦ ᠲᠤᠬᠠᠶᠢᠯᠠᠭᠰᠠᠨ ᠠᠵᠢᠯ ᠤᠨ ᠬᠡᠰᠡᠭ ᠵᠡᠷᠭᠡ ᠶᠢ ᠦᠷᠭᠦᠯᠵᠢᠯᠡᠨ ᠲᠥᠯᠥᠪᠵᠢᠭᠦᠯᠬᠦ ᠬᠡᠷᠡᠭᠲᠡᠢ᠃ ᠵᠢᠯᠣᠭᠤᠳᠤᠨ ᠨᠡᠪᠲᠡᠷᠡᠭᠦᠯᠬᠦ ᠵᠣᠷᠢᠭᠵᠢᠭᠤᠯᠬᠤ | ᠬᠢᠵᠠᠭᠠᠷᠯᠠᠬᠤ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠯ ᠤᠨ ᠠᠷᠭ᠎ᠠ ᠪᠠᠷᠢᠯ ᠢᠶᠠᠷ ᠭᠠᠳᠠᠭᠰᠢ ᠵᠢᠯᠣᠭᠤᠳᠤᠨ ᠨᠡᠪᠲᠡᠷᠡᠭᠦᠯᠬᠦ ᠳᠣᠲᠣᠭᠠᠳᠤ ᠬᠥᠳᠡᠯᠭᠡᠬᠦ ᠬᠦᠴᠦᠨ ᠢ | ᠴᠢᠩᠭᠠᠳᠬᠠᠬᠤ ᠬᠡᠷᠡᠭᠲᠡᠢ᠃ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢᠨ ᠨᠡᠮᠡᠭᠳᠡᠯ ᠢ ᠡᠬᠢ ᠡᠭᠦᠰᠦᠯ ᠠᠴᠠ ᠨᠢ ᠤᠯᠠᠮ ᠴᠢᠨᠠᠭᠰᠢᠳᠠ ᠴᠢᠩᠭ᠎ᠠ ᠬᠢᠵᠠᠭᠠᠷᠯᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠡᠭᠡᠵᠢᠩ ᠤᠨ ︽ᠰᠢᠨ᠎ᠡ ᠬᠤᠶᠠᠷ ᠵᠢᠭᠦᠷ︾ ᠤᠨ ᠪᠦᠲᠦᠭᠡᠨ ᠪᠠᠶᠢᠭᠤᠯᠤᠯᠲᠠ ᠶᠢᠨ ᠨᠡᠩ ᠶᠡᠭᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ | ᠬᠡᠷᠡᠭᠲᠡᠢ᠃ ᠪᠡᠭᠡᠵᠢᠩ ᠤᠨ ᠬᠤᠳᠠ ᠶᠢᠨ ᠳᠡᠳ᠋ ᠲᠥᠪ ᠤᠨ ᠪᠦᠲᠦᠭᠡᠨ ᠪᠠᠶᠢᠭᠤᠯᠤᠯᠲᠠ ᠨᠢ ᠰᠢᠶᠦ᠋ᠩ ᠠᠨ ᠰᠢᠨ᠎ᠡ ᠲᠣᠭᠤᠷᠢᠭ ᠯᠤᠭ᠎ᠠ ᠶᠢᠨ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠵᠦ᠂ ︽ᠬᠤᠶᠠᠷ ᠵᠢᠭᠦᠷ︾ ᠤᠨ ᠬᠢᠨ ᠬᠠᠮᠵᠢᠯᠴᠠᠨ ᠬᠦᠴᠦᠯᠡᠵᠦ᠂ ᠪᠡᠭᠡᠵᠢᠩ ᠤᠨ ︽ᠶᠡᠭᠡ ᠬᠤᠳᠠ ᠶᠢᠨ ᠡᠪᠡᠳᠴᠢᠨ︾ ᠤ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠬᠦ ᠬᠡᠷᠡᠭᠲᠡᠢ᠃ ᠭᠤᠣᠯ ᠬᠤᠳᠠ ᠲᠣᠭᠤᠷᠢᠭ ᠯᠤᠭ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠳᠡᠳ᠋ ᠨᠢ ᠭᠤᠣᠯ ᠢ ᠬᠠᠪᠰᠤᠷᠬᠤ᠂ ᠭᠤᠣᠯ ᠳᠡᠳ᠋ | ᠬᠠᠮᠲᠤ ᠪᠠᠷ ᠬᠥᠭᠵᠢᠬᠦ ᠶᠢ ᠪᠡᠶᠡᠯᠡᠭᠦᠯᠬᠦ ᠬᠡᠷᠡᠭᠲᠡᠢ᠃ ᠪᠡᠭᠡᠵᠢᠩ ᠬᠤᠳᠠ ᠶᠢᠨ ᠬᠤᠶᠠᠳᠤᠭᠠᠷ ᠪᠦᠯᠦᠭ ᠤᠨ ᠵᠠᠰᠠᠭ ᠵᠠᠬᠢᠷᠭ᠎ᠠ ᠠᠵᠤ ᠠᠬᠤᠶᠢᠯᠠᠯ ᠠᠵᠢᠯ ᠦᠢᠯᠡᠰ ᠤᠨ | ᠨᠢᠭᠡᠴᠢ ᠶᠢ ᠳᠡᠳ᠋ ᠲᠥᠪ ᠲᠤ ᠨᠡᠭᠦᠯᠭᠡᠨ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠰᠤᠯᠠᠯᠠᠵᠤ ᠭᠠᠷᠭᠠᠭᠰᠠᠨ ᠣᠷᠣᠨ ᠵᠠᠢ ᠶᠢ ᠭᠤᠣᠯᠳᠠᠭᠤ ᠨᠡᠶᠢᠰᠯᠡᠯ ᠤᠨ | ᠭᠤᠣᠯᠯᠠᠬᠤ ᠴᠢᠳᠠᠮᠵᠢ ᠶᠢᠨ ᠦᠢᠯᠡᠴᠢᠯᠡᠭᠡ ᠪᠠᠲᠤᠯᠠᠭ᠎ᠠ ᠶᠢ ᠴᠢᠩᠭᠠᠳᠬᠠᠬᠤ ᠳᠤ ᠬᠡᠷᠡᠭᠯᠡᠬᠦ ᠬᠡᠷᠡᠭᠲᠡᠢ᠃ ᠡᠷᠭᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ | ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠡᠷᠭᠢᠨ ᠲᠣᠭᠤᠷᠢᠨ ᠤ ᠠᠭᠤᠯᠵᠠᠷ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠪᠡᠭᠡᠵᠢᠩ ᠲᠢᠶᠠᠨᠵᠢᠨ ᠾᠧᠪᠧᠢ ᠨᠢ ᠪᠦᠭᠦ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠭᠤᠷᠪᠠᠨ ᠴᠢᠬᠤᠯᠠ | ᠬᠥᠳᠡᠯᠭᠡᠬᠦ ᠬᠦᠴᠦᠨ ᠤ ᠡᠬᠢ ᠰᠤᠷᠪᠤᠯᠵᠢ ᠶᠢᠨ ᠨᠢᠭᠡ ᠪᠣᠯᠤᠭᠰᠠᠨ ᠤ ᠬᠤᠪᠢ ᠳᠤ᠂ ᠮᠠᠰᠢ ᠤᠯᠠᠨ ᠲᠡᠷᠢᠭᠦᠨ ᠤ ᠶᠡᠭᠡ ᠳᠡᠭᠡᠳᠦ ᠰᠤᠷᠭᠠᠭᠤᠯᠢ ᠪᠠ ᠳᠡᠭᠡᠳᠦ ᠲᠡᠰ ᠤᠨ | ᠰᠤᠳᠤᠯᠭᠠᠨ ᠤ ᠴᠢᠳᠠᠪᠤᠷᠢᠲᠠᠨ ᠲᠠᠢ ᠶᠤᠮ᠂ ᠰᠢᠨ᠎ᠡ ᠶᠢ ᠡᠭᠦᠳᠬᠦ ᠰᠠᠭᠤᠷᠢ ᠪᠠᠲᠤ ᠪᠠᠬᠢ᠂ ᠪᠣᠳᠠᠲᠤ ᠬᠦᠴᠦᠨ ᠭᠦᠨ ᠵᠤᠵᠠᠭᠠᠨ ᠶᠤᠮ᠂ ᠬᠠᠮᠵᠢᠯᠴᠠᠨ ᠰᠢᠨ᠎ᠡ ᠶᠢ | ᠡᠭᠦᠳᠬᠦ ᠪᠠ ᠠᠵᠤ ᠦᠢᠯᠡᠰ ᠤᠨ ᠬᠠᠮᠵᠢᠯᠴᠠᠭ᠎ᠠ ᠪᠠᠨ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ | ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠡᠶᠡᠯᠡᠭᠦᠯᠬᠦ ᠳᠤ ᠵᠢᠱᠢᠶ᠎ᠡ ᠦᠵᠡᠭᠦᠯᠵᠦ ᠳᠠᠶᠢᠴᠢᠯᠠᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠪᠡᠭᠡᠵᠢᠩ ᠤᠨ | ᠤᠯᠠᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠪᠣᠯᠣᠨ ᠥᠨᠳᠥᠷ ᠲᠦᠪᠰᠢᠨ ᠪᠦᠬᠦᠢ ᠴᠢᠳᠠᠪᠤᠷᠢᠲᠠᠨ ᠤ | ᠥᠨᠳᠦᠷᠯᠢᠭ ᠢ ᠲᠦᠷᠭᠡᠳᠬᠡᠨ ᠪᠠᠶᠢᠭᠤᠯᠵᠤ᠂ ᠮᠠᠨ ᠤ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠬᠤᠯᠠ ᠡᠬᠢ ᠡᠭᠦᠰᠦᠯ ᠪᠣᠯᠣᠨ ᠤᠤᠭᠠᠯ | ᠡᠭᠦᠳᠦᠯᠲᠡ ᠶᠢᠨ ᠭᠤᠣᠯ ᠭᠤᠯᠣᠮᠲᠠ ᠶᠢ ᠬᠦᠴᠦᠯᠡᠨ ᠴᠣᠭᠴᠠᠯᠠᠬᠤ ᠬᠡᠷᠡᠭᠲᠡᠢ᠃ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠵᠢᠯᠴᠠᠬᠤ ᠰᠢᠨ᠎ᠡ ᠵᠠᠭᠪᠤᠷ ᠢ ᠪᠠᠶᠢᠭᠤᠯᠵᠤ | ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠷᠣᠨ ᠪᠦᠰᠡ ᠶᠢᠨ ᠳᠣᠲᠣᠷ᠎ᠠ ᠪᠠᠨ ᠣᠨᠳᠣᠣᠰᠢᠭᠤᠯᠬᠤ ᠦᠷ᠎ᠡ ᠪᠦᠲᠦᠮᠵᠢ ᠪᠠ ᠬᠤᠪᠢ ᠶᠢᠨ | ᠵᠢᠩ ᠢ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠨᠢᠭᠡ ᠪᠦᠯᠦᠭ | ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠥᠮᠴᠢᠯᠡᠯ ᠤᠨ ᠡᠷᠬᠡ ᠪᠣᠯᠣᠨ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠲᠠᠢ ᠰᠢᠨ᠎ᠡ ᠶᠢ ᠡᠭᠦᠳᠬᠦ ᠮᠠᠶ᠋ᠢᠭ ᠤᠨ | ᠳᠠᠭᠠᠭᠤᠯᠤᠭᠴᠢ ᠠᠵᠤ ᠠᠬᠤᠶᠢᠯᠠᠯ ᠢ ᠪᠦᠷᠢᠯᠳᠦᠭᠦᠯᠬᠦ ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠢ ᠶᠢᠨ ᠰᠠᠭᠤᠷᠢ ᠶᠢ ᠪᠠᠬᠢᠵᠢᠭᠦᠯᠦᠨ ᠪᠤᠵᠠᠭᠠᠶᠢᠷᠠᠭᠤᠯᠵᠤ᠂ | ᠬᠤᠷᠠᠮᠠᠯ ᠴᠠᠬᠢᠯᠭᠠᠨ ᠬᠡᠯᠬᠢᠶ᠎ᠡ᠂ ᠰᠦᠯᠵᠢᠶᠡᠨ ᠤ ᠠᠮᠤᠷ ᠲᠦᠪᠰᠢᠨ᠂ ᠠᠮᠢᠳᠤ ᠪᠣᠳᠠᠰ ᠤᠨ ᠡᠮ ᠡᠮᠨᠡᠯᠭᠡ᠂ ᠴᠠᠬᠢᠯᠭᠠᠨ ᠬᠦᠴᠦᠨ ᠤ ᠲᠣᠨᠣᠭᠯᠠᠯ᠂ ᠠᠮᠤᠷ ᠲᠦᠪᠰᠢᠨ ᠤ | ᠪᠠᠴᠢᠮ ᠪᠠᠶᠢᠳᠠᠯ ᠢ ᠠᠷᠭᠠᠴᠠᠭᠠᠬᠤ ᠲᠣᠨᠣᠭᠯᠠᠯ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢ | ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠳᠡᠯᠡᠬᠡᠢ ᠶᠢᠨ ᠲᠡᠰ ᠤᠨ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠢ ᠬᠦᠴᠦᠯᠡᠨ ᠴᠣᠭᠴᠠᠯᠠᠬᠤ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠳᠤ ᠡᠴᠦᠰ ᠲᠡᠭᠡᠨ ᠠᠷᠠᠳ ᠲᠦᠮᠡᠨ ᠤ ᠪᠤᠶᠠᠨ ᠵᠢᠷᠭᠠᠯ ᠢ | ᠨᠡᠮᠡᠭᠳᠡᠭᠦᠯᠬᠦ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠳᠡᠭᠡᠷ᠎ᠡ ᠢᠯᠡᠷᠡᠭᠦᠯᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠬᠢᠬᠦ ᠰᠤᠷᠲᠠᠯ ᠢ ᠶᠡᠭᠡ ᠪᠠᠷ ᠪᠠᠳᠠᠷᠠᠭᠤᠯᠵᠤ᠂ | ᠤᠯᠠᠨ ᠲᠦᠮᠡᠨ ᠤ ᠬᠡᠷᠡᠭᠴᠡᠭᠡ ᠶᠢ ᠭᠦᠨᠵᠡᠭᠡᠢ ᠣᠶᠢᠯᠠᠭᠠᠵᠤ᠂ ᠥᠷᠭᠡᠨ ᠤᠯᠠᠨ ᠠᠷᠠᠳ ᠲᠦᠮᠡᠨ ᠤ ᠬᠠᠯᠠᠮᠵᠢᠯᠠᠵᠤ ᠪᠠᠶᠢᠭ᠎ᠠ ᠠᠰᠢᠭ ᠲᠤᠰᠠ ᠶᠢᠨ ᠠᠰᠠᠭᠤᠳᠠᠯ ᠢ | ᠦᠨᠡᠨ ᠬᠦ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ | ᠳᠡᠭᠡᠭᠰᠢᠯᠡᠭᠦᠯᠬᠦ ᠬᠡᠷᠡᠭᠲᠡᠢ᠃ ᠣᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠲᠦᠷᠭᠡᠳᠬᠡᠨ ᠠᠬᠢᠭᠤᠯᠵᠤ᠂ ᠠᠵᠢᠯ | ᠣᠯᠭᠤᠯᠲᠠ ᠶᠢ ᠲᠡᠷᠢᠭᠦᠨ ᠳᠤ ᠲᠠᠯᠪᠢᠬᠤ ᠲᠥᠷᠥ ᠶᠢᠨ ᠪᠣᠳᠣᠯᠭ᠎ᠠ ᠶᠢ ᠴᠢᠩᠭᠠᠳᠬᠠᠨ᠂ ᠪᠡᠭᠡᠵᠢᠩ ᠲᠢᠶᠠᠨᠵᠢᠨ ᠾᠧᠪᠧᠢ ᠣᠷᠣᠨ ᠤ ᠨᠠᠩ ᠭᠦᠢᠴᠡᠳ ᠨᠠᠩ ᠴᠢᠨᠠᠷ | ᠰᠠᠶᠢᠲᠠᠢ ᠠᠵᠢᠯ ᠣᠯᠭᠤᠯᠲᠠ ᠶᠢ ᠠᠬᠢᠭᠤᠯᠬᠤ ᠬᠡᠷᠡᠭᠲᠡᠢ᠃ ᠪᠡᠭᠡᠵᠢᠩ ᠲᠢᠶᠠᠨᠵᠢᠨ ᠤ ᠰᠢᠯᠢᠳᠡᠭ ᠳᠤᠮᠳᠠᠳᠤ ᠪᠠᠭ᠎ᠠ ᠰᠤᠷᠭᠠᠭᠤᠯᠢ ᠶᠢᠨ ᠰᠠᠭᠤᠷᠢ ᠰᠤᠷᠭᠠᠨ | ᠬᠥᠮᠦᠵᠢᠯ ᠤᠨ ᠡᠬᠢ ᠪᠠᠶᠠᠯᠢᠭ ᠢ ᠾᠧᠪᠧᠢ ᠲᠠᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠣᠷᠣᠨ ᠪᠦᠰᠡ ᠶᠢᠨ ᠳᠣᠲᠣᠷᠠᠬᠢ ᠶᠡᠭᠡ ᠳᠡᠭᠡᠳᠦ ᠰᠤᠷᠭᠠᠭᠤᠯᠢ ᠶᠢᠨ | ᠪᠠᠭᠰᠢ ᠶᠢᠨ ᠡᠩᠨᠡᠭᠡ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠦᠷ᠎ᠡ ᠪᠦᠲᠦᠭᠡᠯ ᠢ ᠣᠨᠳᠣᠣᠰᠢᠭᠤᠯᠬᠤ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠬᠦ ᠬᠡᠷᠡᠭᠲᠡᠢ᠃ ᠡᠮᠴᠢᠯᠡᠭᠡᠨ ᠤ ᠬᠤᠯᠪᠣᠭᠠᠲᠤ ᠴᠣᠭᠴᠠ ᠶᠢᠨ ᠪᠠᠶᠢᠭᠤᠯᠤᠯᠲᠠ ᠶᠢ ᠠᠬᠢᠭᠤᠯᠵᠤ᠂ ᠪᠡᠭᠡᠵᠢᠩ ᠲᠢᠶᠠᠨᠵᠢᠨ ᠤ ᠨᠠᠰᠤᠵᠢᠯ ᠤᠨ | ᠠᠰᠠᠷᠠᠮᠵᠢ ᠶᠢᠨ ᠲᠦᠷᠦᠯ ᠵᠦᠢᠯ ᠢ ᠾᠧᠪᠧᠢ ᠶᠢᠨ ᠨᠥᠬᠦᠴᠡᠯ ᠪᠦᠷᠢᠳᠦᠭᠰᠡᠨ ᠭᠠᠵᠠᠷ ᠣᠷᠣᠨ ᠲᠡᠶᠢᠰᠢ ᠤᠷᠲᠤᠳᠬᠠᠨ ᠪᠠᠶᠢᠷᠢᠰᠢᠭᠤᠯᠬᠤ ᠬᠡᠷᠡᠭᠲᠡᠢ᠃ ᠤᠮᠠᠷᠠᠲᠤ ᠶᠢᠨ | ᠡᠯᠡᠰᠦ ᠶᠢ ᠰᠡᠷᠭᠡᠶᠢᠯᠡᠬᠦ ᠪᠦᠰᠡ ᠵᠡᠷᠭᠡ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠦᠷᠭᠦᠯᠵᠢᠯᠡᠨ ᠰᠠᠶᠢᠲᠤᠷ ᠠᠳᠬᠤᠵᠤ᠂ ᠪᠣᠬᠢᠷᠳᠤᠯ ᠦᠭᠡᠢ ᠠᠮᠢ ᠠᠬᠤᠢ ᠶᠢᠨ ᠬᠠᠯᠬᠠᠪᠴᠢ ᠶᠢᠨ ᠪᠦᠲᠦᠭᠡᠨ ᠪᠠᠶᠢᠭᠤᠯᠤᠯᠲᠠ ᠵᠡᠷᠭᠡ ᠴᠢᠬᠤᠯᠠ ᠶᠡᠭᠡ ᠠᠮᠢ ᠠᠬᠤᠢ ᠶᠢᠨ | ᠢᠨᠵᠧᠨᠧᠷᠢᠩ ᠢ ᠦᠷᠭᠦᠯᠵᠢᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠵᠠᠮ ᠬᠠᠷᠢᠯᠴᠠᠭ᠎ᠠ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠷᠭᠡᠳᠬᠡᠨ ᠠᠬᠢᠭᠤᠯᠵᠤ᠂ ᠣᠷᠣᠨ | ᠪᠦᠰᠡ ᠶᠢᠨ ᠳᠣᠲᠣᠭᠠᠳᠤ ᠶᠢᠨ ᠬᠠᠮᠵᠢᠯᠴᠠᠭ᠎ᠠ ᠶᠢ ᠭᠦᠨᠵᠡᠭᠡᠢ ᠠᠬᠢᠭᠤᠯᠬᠤ ᠬᠡᠷᠡᠭᠲᠡᠢ᠃ ᠪᠡᠭᠡᠵᠢᠩ ᠲᠢᠶᠠᠨᠵᠢᠨ ᠤ ︽ᠬᠤᠶᠠᠷ ᠬᠤᠳᠠ ᠶᠢᠨ ᠲᠡᠮᠳᠡᠭᠯᠡᠯ︾ ᠢ ᠰᠠᠶᠢᠲᠤᠷ | ᠳᠠᠭᠤᠯᠠᠵᠤ᠂ ᠬᠠᠮᠲᠤᠷᠠᠯᠴᠠᠭᠠᠨ ᠤ ᠥᠷᠭᠡᠴᠡ ᠪᠣᠯᠣᠨ ᠭᠦᠨᠴᠡ ᠶᠢ ᠥᠷᠭᠡᠳᠬᠡᠵᠦ᠂ ᠣᠷᠣᠨ ᠪᠦᠰᠡ ᠶᠢᠨ ᠬᠥᠭᠵᠢᠯᠲᠡ ᠶᠢᠨ ᠥᠨᠳᠦᠷᠯᠢᠭ ᠢ ᠬᠠᠮᠲᠤ ᠪᠠᠷ | ᠴᠣᠭᠴᠠᠯᠠᠵᠤ᠂ ᠪᠡᠭᠡᠵᠢᠩ ᠲᠢᠶᠠᠨᠵᠢᠨ ᠾᠧᠪᠧᠢ ᠶᠢᠨ ᠳᠡᠯᠡᠬᠡᠢ ᠶᠢᠨ ᠲᠡᠰ ᠤᠨ ᠬᠤᠳᠠ ᠶᠢᠨ ᠪᠦᠯᠦᠭᠵᠢᠯ ᠢ ᠪᠦᠲᠦᠭᠡᠨ ᠪᠠᠶᠢᠭᠤᠯᠬᠤ ᠳᠤ ᠨᠥᠯᠥᠭᠡᠯᠡᠨ ᠳᠠᠶᠢᠴᠢᠯᠠᠬᠤ ᠪᠠ | ᠳᠡᠭᠡᠳᠦ ᠲᠡᠰ ᠤᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠪᠡᠭᠡᠵᠢᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠳᠠᠪᠠᠭᠤᠯᠢᠭ ᠪᠠ ᠲᠢᠶᠠᠨᠵᠢᠨ ᠤ ᠲᠡᠷᠢᠭᠦᠨ ᠤ ᠦᠢᠯᠡᠳᠬᠦ ᠦᠢᠯᠡᠰ ᠤᠨ ᠰᠤᠳᠤᠯᠤᠨ ᠨᠡᠭᠡᠭᠡᠬᠦ ᠳᠠᠪᠠᠭᠤᠯᠢᠭ ᠢ ᠤᠶᠠᠯᠳᠤᠭᠤᠯᠵᠤ᠂ ᠵᠠᠩᠭᠢᠯᠠᠭ᠎ᠠ ᠶᠢᠨ ᠭᠤᠣᠯᠯᠠᠬᠤ | ᠮᠡᠷᠭᠡᠵᠢᠯ ᠤᠨ ᠲᠠᠯ᠎ᠠ ᠪᠠᠷ ᠬᠠᠮᠲᠤᠷᠠᠨ ᠪᠡᠷᠬᠡ ᠰᠡᠳᠦᠪ ᠢ ᠰᠢᠢᠳᠪᠦᠷᠢᠯᠡᠬᠦ ᠶᠢ ᠴᠢᠩᠭᠠᠳᠬᠠᠵᠤ᠂ ᠪᠡᠭᠡᠵᠢᠩ ᠲᠢᠶᠠᠨᠵᠢᠨ ᠾᠧᠪᠧᠢ ᠶᠢᠨ ᠤᠯᠤᠰ ᠤᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠢ ᠬᠠᠮᠲᠤ ᠪᠠᠷ ᠪᠠᠶᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠨᠡᠮᠡᠭᠳᠡᠯ ᠤᠨ ᠬᠥᠳᠡᠯᠭᠡᠭᠦᠷ ᠤᠨ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ ᠾᠧᠪᠧᠢ ᠪᠡᠭᠡᠵᠢᠩ ᠲᠢᠶᠠᠨᠵᠢᠨ ᠢ ᠲᠣᠭᠤᠷᠢᠭᠰᠠᠨ ᠭᠠᠵᠠᠷ ᠣᠷᠣᠨ ᠤ ᠳᠠᠪᠠᠭᠤᠯᠢᠭ ᠢᠶᠠᠨ ᠪᠠᠳᠠᠷᠠᠭᠤᠯᠵᠤ᠂ ᠠᠳᠠᠯᠢ ᠪᠤᠰᠤ | ᠴᠢᠭᠯᠡᠯ ᠢᠶᠠᠷ ᠪᠡᠭᠡᠵᠢᠩ ᠲᠢᠶᠠᠨᠵᠢᠨ ᠢ ᠬᠤᠯᠪᠣᠭᠰᠠᠨ ᠠᠵᠤ ᠠᠬᠤᠢ ᠶᠢᠨ ᠬᠤᠩᠭᠢᠯ ᠢ ᠪᠠᠶᠢᠭᠤᠯᠵᠤ᠂ ᠪᠡᠭᠡᠵᠢᠩ᠂ ᠲᠢᠶᠠᠨᠵᠢᠨ ᠨᠢ ᠾᠧᠪᠧᠢ ᠶᠢ ᠬᠠᠪᠰᠤᠷᠤᠨ | ᠲᠡᠳᠬᠦᠬᠦ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠾᠧᠪᠧᠢ ᠶᠢᠨ ᠨᠥᠬᠦᠴᠡᠯ ᠲᠠᠢ ᠭᠠᠵᠠᠷ ᠣᠷᠣᠨ ᠢ ᠳᠠᠶᠢᠴᠢᠯᠠᠨ ᠪᠡᠭᠡᠵᠢᠩ ᠲᠢᠶᠠᠨᠵᠢᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠳᠠᠪᠠᠭᠤᠯᠢᠭ ᠦᠢᠯᠡᠳᠦᠯ ᠪᠠ ᠠᠵᠤ ᠦᠢᠯᠡᠰ ᠤᠨ ᠰᠢᠯᠵᠢᠯᠲᠡ ᠶᠢ ᠨᠠᠩ ᠰᠠᠶᠢᠲᠤᠷ ᠵᠣᠯᠭᠠᠭᠤᠯᠬᠤ ᠬᠡᠷᠡᠭᠲᠡᠢ᠃ ᠪᠠᠶᠢᠭᠤᠯᠤᠮᠵᠢ | ᠲᠣᠭᠲᠠᠴᠠ ᠶᠢᠨ ᠥᠭᠡᠷᠡᠴᠢᠯᠡᠯᠲᠡ ᠶᠢ ᠴᠢᠨᠠᠭᠰᠢᠳᠠ ᠠᠬᠢᠭᠤᠯᠬᠤ ᠪᠠ ᠭᠠᠳᠠᠭᠠᠳᠤ ᠨᠡᠭᠡᠭᠡᠯᠲᠡ ᠶᠢ ᠥᠷᠭᠡᠳᠬᠡᠵᠦ᠂ ᠶᠡᠭᠡ ᠬᠦᠴᠦ ᠣᠷᠣᠭᠤᠯᠵᠤ ᠪᠠᠶᠢᠭᠠᠳ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠤᠰᠤᠳ ᠭᠠᠵᠠᠷ ᠣᠷᠣᠨ ᠯᠤᠭ᠎ᠠ ᠢᠳᠡᠪᠬᠢᠲᠡᠢ | ᠣᠯᠣᠯᠴᠠᠨ ᠵᠣᠯᠭᠠᠭᠤᠯᠵᠤ᠂ ᠪᠦᠭᠦ ᠤᠯᠤᠰ ᠤᠨ ᠭᠠᠳᠠᠭᠠᠳᠤ ᠨᠡᠭᠡᠭᠡᠯᠲᠡ ᠶᠢᠨ ᠥᠨᠳᠦᠷᠯᠢᠭ ᠢ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠡᠨᠡ ᠵᠢᠯ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠶᠢᠨ | ᠭᠤᠣᠯᠳᠠᠯᠭ᠎ᠠ ᠪᠣᠯᠣᠨ᠎ᠠ᠃ ᠪᠡᠭᠡᠵᠢᠩ᠂ ᠲᠢᠶᠠᠨᠵᠢᠨ᠂ ᠾᠧᠪᠧᠢ 3 ᠮᠤᠵᠢ ᠬᠤᠳᠠ ᠶᠢᠨ ᠨᠠᠮ ᠤᠨ ᠬᠤᠷᠢᠶ᠎ᠠ ᠨᠢ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ | ᠪᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠢ ᠦᠨᠡᠨ ᠬᠦ ᠰᠠᠶᠢᠲᠤᠷ ᠠᠳᠬᠤᠵᠤ᠂ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠠ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠶᠢ ᠤᠯᠠᠮ ᠴᠢᠨᠠᠭᠰᠢᠳᠠ | ᠴᠢᠩᠭᠠᠳᠬᠠᠵᠤ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ ᠳᠤ ᠡᠷᠡᠰ ᠪᠠᠲᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠣᠶᠢᠯᠠᠭᠠᠵᠤ᠂ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠲᠠᠯ᠎ᠠ ᠠᠴᠠ ᠪᠣᠳᠣᠯᠬᠢᠯᠠᠨ ᠠᠵᠢᠯᠯᠠᠬᠤ ᠶᠢ ᠪᠠᠷᠢᠮᠲᠠᠯᠠᠵᠤ᠂ ᠪᠡᠭᠡᠵᠢᠩ ᠲᠢᠶᠠᠨᠵᠢᠨ | ᠾᠧᠪᠧᠢ ᠶᠢᠨ ᠬᠠᠮᠵᠢᠯᠴᠠᠨ ᠬᠥᠭᠵᠢᠬᠦ ᠶᠢ ᠨᠡᠩ ᠡᠷᠴᠢᠮᠲᠡᠢ ᠦᠷ᠎ᠡ ᠪᠦᠲᠦᠮᠵᠢᠲᠡᠢ ᠠᠬᠢᠭᠤᠯᠬᠤ ᠬᠡᠷᠡᠭᠲᠡᠢ᠃ ᠲᠡᠷᠢᠭᠦᠨ ᠴᠢᠬᠤᠯᠠ ᠡᠭᠦᠷᠭᠡ ᠶᠢ ᠳᠣᠪᠤᠶᠢᠯᠭᠠᠵᠤ᠂ | ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠵᠢᠯᠣᠭᠤᠳᠤᠨ ᠨᠡᠪᠲᠡᠷᠡᠭᠦᠯᠬᠦ ᠶᠢᠨ ᠲᠣᠭᠤᠷᠢᠨ ᠳᠤ ᠡᠬᠢ ᠪᠠᠶᠠᠯᠢᠭ᠂ ᠲᠥᠷᠥ ᠶᠢᠨ ᠪᠣᠳᠣᠯᠭ᠎ᠠ᠂ ᠬᠦᠴᠦᠨ ᠤ | ᠲᠥᠪᠯᠡᠷᠡᠯ ᠢ ᠠᠬᠢᠭᠤᠯᠵᠤ᠂ ᠪᠡᠯᠭᠡ ᠲᠡᠮᠳᠡᠭ ᠤᠨ ᠴᠢᠨᠠᠷᠲᠠᠢ ᠵᠢᠯᠣᠭᠤᠳᠤᠨ ᠨᠡᠪᠲᠡᠷᠡᠭᠦᠯᠬᠦ ᠲᠥᠷᠥᠯ ᠵᠦᠢᠯ ᠤᠨ ᠢᠯᠡᠳᠲᠡ ᠦᠷ᠎ᠡ ᠪᠦᠲᠦᠮᠵᠢ ᠣᠯᠬᠤ ᠶᠢ ᠪᠠᠲᠤᠯᠠᠬᠤ | ᠬᠡᠷᠡᠭᠲᠡᠢ᠃ ᠣᠷᠣᠨ ᠪᠦᠰᠡ ᠶᠢᠨ ᠵᠥᠷᠢᠶ᠎ᠡ ᠶᠢ ᠡᠵᠡᠮᠳᠡᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠬᠦᠴᠦᠯᠡᠨ ᠠᠬᠢᠭᠤᠯᠵᠤ᠂ ᠲᠤᠰ ᠲᠤᠰ ᠤᠨ | ᠳᠤᠲᠠᠭᠤᠳᠠᠯ ᠢᠶᠠᠨ ᠨᠥᠬᠦᠪᠦᠷᠢᠯᠡᠬᠦ ᠪᠠᠷ ᠪᠠᠷᠠᠬᠤ ᠦᠭᠡᠢ ᠪᠠᠰᠠ ᠬᠠᠮᠲᠤ ᠶᠢᠨ ᠳᠠᠪᠠᠭᠤᠯᠢᠭ ᠢ ᠪᠤᠢ ᠪᠣᠯᠭᠠᠵᠤ᠂ ᠬᠥᠭᠵᠢᠯᠲᠡ ᠶᠢᠨ ᠵᠥᠷᠢᠶ᠎ᠡ ᠶᠢᠨ ᠪᠠᠶᠢᠷᠢ ᠶᠢᠨ | ᠡᠨᠧᠷᠭᠢ ᠶᠢ ᠬᠠᠮᠵᠢᠯᠴᠠᠨ ᠬᠥᠭᠵᠢᠬᠦ ᠬᠥᠳᠡᠯᠭᠡᠬᠦ ᠡᠨᠧᠷᠭᠢ ᠪᠣᠯᠭᠠᠨ ᠬᠤᠪᠢᠷᠠᠭᠤᠯᠵᠤ᠂ ᠤᠯᠠᠨ ᠲᠦᠮᠡᠨ ᠳᠤ ᠨᠡᠩ ᠴᠢᠩᠭ᠎ᠠ ᠬᠦᠷᠲᠡᠮᠵᠢ ᠶᠢᠨ ᠲᠥᠷᠥᠭᠳᠡᠯ ᠣᠯᠭᠤᠬᠤ | ᠬᠡᠷᠡᠭᠲᠡᠢ᠃ ᠠᠵᠢᠯ ᠤᠨ ᠲᠣᠭᠲᠠᠴᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠨᠡᠩ ᠨᠢᠭᠲᠠ ᠬᠠᠮᠵᠢᠯᠴᠠᠨ ᠠᠬᠢᠭᠤᠯᠬᠤ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ | ᠭᠡᠵᠦ ᠢᠯᠡᠳᠬᠡᠪᠡ᠃ | ᠳ᠋ᠢᠩ ᠰᠢᠤᠸᠠᠢ ᠰᠢᠶᠠᠩ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠠᠭᠠᠷ ᠤᠨ | ᠶᠠᠰᠤ ᠴᠢᠨᠠᠷ ᠢ ᠢᠯᠡᠳᠲᠡ ᠰᠠᠶᠢᠵᠢᠷᠠᠭᠤᠯᠬᠤ ᠪᠠᠷ ᠬᠠᠲᠠᠭᠤ ᠱᠠᠭᠠᠷᠳᠠᠯᠭ᠎ᠠ ᠪᠣᠯᠭᠠᠬᠤ ᠶᠢ ᠪᠠᠷᠢᠮᠲᠠᠯᠠᠵᠤ᠂ ᠠᠭᠠᠷ ᠮᠠᠨᠳᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ | ᠠᠵᠢᠯ ᠢ ᠤᠷᠳᠤ ᠤᠳᠠᠭᠠᠨ ᠢᠶᠠᠷ ᠪᠠᠷᠢᠮᠲᠠᠯᠠᠨ ᠰᠠᠶᠢᠲᠤᠷ ᠬᠢᠵᠦ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠶᠢ ᠠᠬᠢᠭᠤᠯᠵᠤ ᠰᠢᠨ᠎ᠡ | ᠲᠦᠪᠰᠢᠨ ᠳᠤ ᠬᠦᠷᠭᠡᠬᠦ ᠬᠡᠷᠡᠭᠲᠡᠢ᠃ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠲᠦᠷᠭᠡᠳᠬᠡᠵᠦ᠂ ᠡᠨᠧᠷᠭᠢ ᠶᠡᠭᠡ | ᠬᠤᠷᠣᠭᠳᠠᠭᠤᠯᠬᠤ᠂ ᠪᠣᠬᠢᠷᠳᠤᠯ ᠶᠡᠭᠡ ᠭᠠᠳᠠᠭᠰᠢᠯᠠᠭᠤᠯᠬᠤ᠂ ᠳᠣᠣᠷ᠎ᠠ ᠲᠦᠪᠰᠢᠨ ᠲᠠᠢ ᠲᠥᠷᠥᠯ ᠵᠦᠢᠯ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠬᠯᠠᠨ᠎ᠠ︔ | ᠡᠨᠧᠷᠭᠢ ᠶᠢᠨ ᠰᠤᠷᠪᠤᠯᠵᠢ ᠶᠢᠨ ᠪᠦᠲᠦᠴᠡ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠲᠡᠶᠢᠰᠢ ᠬᠤᠪᠢᠷᠠᠬᠤ ᠶᠢ ᠠᠬᠢᠭᠤᠯᠵᠤ᠂ ᠨᠡᠭᠦᠷᠡᠰᠦ ᠶᠢ | ᠠᠷᠢᠭᠤᠨ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠴᠢᠩᠭᠠᠳᠬᠠᠨ᠂ ᠰᠢᠨ᠎ᠡ ᠡᠨᠧᠷᠭᠢ ᠶᠢᠨ ᠰᠤᠷᠪᠤᠯᠵᠢ ᠪᠠ ᠠᠷᠢᠭᠤᠨ ᠴᠡᠪᠡᠷ ᠡᠨᠧᠷᠭᠢ ᠶᠢᠨ | ᠰᠤᠷᠪᠤᠯᠵᠢ ᠶᠢ ᠶᠡᠭᠡ ᠪᠠᠷ ᠭᠦᠭᠵᠢᠭᠦᠯᠦᠨ᠎ᠡ︔ᠲᠡᠭᠡᠭᠡᠪᠦᠷᠢ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠦ᠂ ᠰᠢᠲᠠᠭᠠᠯᠭ᠎ᠠ ᠶᠢᠨ ᠲᠣᠰᠣᠨ ᠤ ᠪᠣᠬᠢᠷᠳᠤᠯ ᠤᠨ | ᠭᠠᠳᠠᠭᠰᠢᠯᠠᠭᠤᠯᠤᠯᠲᠠ ᠶᠢ ᠡᠬᠢ ᠡᠭᠦᠰᠦᠯ ᠠᠴᠠ ᠨᠢ ᠪᠠᠭᠠᠰᠬᠠᠨ᠎ᠠ︔ ᠠᠭᠠᠷ ᠮᠠᠨᠳᠠᠯ ᠤᠨ ᠪᠣᠬᠢᠷᠳᠤᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ | ᠦᠷᠭᠦᠯᠵᠢᠯᠡᠨ ᠭᠦᠨᠵᠡᠭᠡᠶᠢᠷᠡᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠵᠡᠷᠭᠡ ᠪᠠᠷ ᠠᠳᠬᠤᠵᠤ ᠬᠠᠮᠲᠤ ᠪᠠᠷ | ᠬᠠᠮᠢᠶᠠᠷᠬᠤ ᠬᠠᠮᠲᠤᠷᠠᠯ ᠬᠦᠴᠦᠨ ᠢ ᠪᠦᠷᠢᠯᠳᠦᠭᠦᠯᠦᠨ᠎ᠡ ᠭᠡᠵᠦ ᠢᠯᠡᠳᠬᠡᠪᠡ᠃ | ᠯᠢ ᠭᠠᠨ ᠵᠢᠶᠧ᠂ ᠾᠧ ᠯᠢ ᠹᠧᠩ ᠨᠠᠷ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠤ᠂ ᠦ᠋ ᠵᠧᠩ ᠯᠦᠩ᠂ ᠮᠦ | ᠬᠤᠩ ᠵᠢᠴᠢ ᠭᠤᠣᠯ ᠰᠡᠳᠦᠪᠲᠦ ᠬᠥᠮᠦᠵᠢᠯ ᠤᠨ ᠲᠥᠪ ᠤᠨ ᠬᠤᠶᠠᠳᠤᠭᠠᠷ ᠵᠢᠯᠤᠭᠤᠳᠬᠤ ᠳᠤᠭᠤᠶᠢᠯᠠᠩ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ | ᠶᠠᠷᠢᠯᠴᠠᠬᠤ ᠬᠤᠷᠠᠯ ᠳᠤ ᠣᠷᠣᠯᠴᠠᠵᠠᠢ᠃ | ︵ᠰᠢᠨᠬᠤᠸᠠ ᠬᠤᠷᠢᠶ᠎ᠠ ᠶᠢᠨ ᠱᠢ ᠵᠢᠶᠠ ᠵᠤᠸᠠᠩ ᠤᠨ 5 ᠰᠠᠷ᠎ᠠ ᠶᠢᠨ 12 ᠤᠨ ᠴᠠᠬᠢᠯᠭᠠᠨ ᠮᠡᠳᠡᠭᠡ︶ | |