ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠬᠢᠯᠭᠠᠨ ᠮᠡᠳᠡᠭᠡ 5 ᠰᠠᠷ᠎ᠠ ᠶᠢᠨ 16 ᠤ ᠡᠳᠦᠷ ᠬᠡᠪᠯᠡᠭᠳᠡᠭᠰᠡᠨ 10 ᠳ᠋ᠤᠭᠠᠷ | ᠬᠤᠭᠤᠴᠠᠭᠠᠨ ᠤ ︽ᠦᠨᠡᠨ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ᠴᠢᠬᠤᠯᠠ ᠵᠣᠬᠢᠶᠠᠯ ︽ᠬᠤᠷᠢᠳᠤᠭᠠᠷ ᠬᠤᠭᠤᠴᠠᠭᠠᠨ ᠤ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶ᠎ᠠ︾ ᠶᠢ ᠨᠡᠶᠢᠲᠡᠯᠡᠪᠡ᠃ | ᠵᠣᠬᠢᠶᠠᠯ ᠳᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠪᠠᠷ ᠰᠡᠳᠦᠪ ᠪᠣᠯᠭᠠᠨ ᠬᠠᠮᠲᠤ ᠶᠢᠨ ᠰᠤᠷᠤᠯᠴᠠᠯᠭ᠎ᠠ ᠬᠢᠬᠦ ᠶᠢᠨ ᠵᠣᠷᠢᠯᠭ᠎ᠠ ᠨᠢ ᠵᠢᠱᠢᠶ᠎ᠡ ᠦᠵᠡᠭᠦᠯᠭᠦ ᠦᠢᠯᠡᠳᠦᠯ ᠢ ᠪᠠᠳᠠᠷᠠᠭᠤᠯᠵᠤ᠂ ᠪᠦᠭᠦ ᠨᠠᠮ ᠤᠨ | ᠭᠤᠣᠯ ᠰᠡᠳᠦᠪᠲᠦ ᠬᠥᠮᠦᠵᠢᠯ ᠤᠨ ᠳᠤᠮᠳᠠ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠬᠤ ᠶᠢ ᠠᠬᠢᠭᠤᠯᠵᠤ᠂ ᠦᠵᠡᠯ ᠰᠠᠨᠠᠭ᠎ᠠ ᠣᠨᠣᠯ ᠤᠨ ᠰᠠᠭᠤᠷᠢ ᠶᠢ ᠪᠠᠬᠢᠵᠢᠭᠦᠯᠬᠦ ᠶᠢᠨ ᠲᠥᠯᠥᠭᠡ ᠶᠤᠮ ᠭᠡᠵᠦ ᠴᠢᠬᠤᠯᠠᠴᠢᠯᠠᠪᠠ᠃ | ᠵᠣᠬᠢᠶᠠᠯ ᠳᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ | ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠤ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠦᠨᠳᠦᠰᠦᠨ ᠱᠠᠭᠠᠷᠳᠠᠯᠭ᠎ᠠ ᠮᠥᠨ᠃ ᠪᠢᠳᠡ ᠰᠢᠭ | ᠳᠡᠯᠡᠬᠡᠢ ᠳᠡᠭᠡᠷᠡᠬᠢ ᠬᠠᠮᠤᠭ ᠤᠨ ᠶᠡᠭᠡ ᠮᠠᠷᠺᠰ ᠤᠨ ᠦᠵᠡᠯ ᠤᠨ ᠲᠦᠷᠦ ᠪᠠᠷᠢᠭᠴᠢ ᠨᠠᠮ ᠳᠤ ᠠᠪᠴᠤ ᠬᠡᠯᠡᠪᠡᠯ᠂ ᠤᠨᠤᠯ ᠤᠨ ᠲᠠᠯ᠎ᠠ ᠪᠠᠷ ᠴᠢᠩᠭ᠎ᠠ ᠪᠠᠶᠢᠪᠠᠯ ᠰᠠᠶ᠋ᠢ | ᠴᠢᠭᠯᠡᠯ ᠲᠣᠳᠣᠷᠬᠠᠢ᠂ ᠰᠡᠳᠬᠢᠯ ᠨᠢᠭᠡᠳᠴᠦ᠂ ᠢᠲᠡᠭᠡᠯ ᠵᠣᠷᠢᠭ ᠲᠡᠭᠦᠯᠳᠡᠷ ᠪᠠᠶᠢᠵᠤ ᠴᠢᠳᠠᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠳᠤ᠂ ᠨᠠᠷᠢᠨ ᠪᠤᠳᠤᠯᠢᠶᠠᠨᠲᠠᠢ | ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ᠂ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ᠂ ᠡᠯ᠎ᠡ | ᠵᠦᠢᠯ ᠤᠨ ᠲᠣᠬᠲᠠᠭᠠᠯᠲᠤ ᠪᠤᠰᠤ ᠲᠥᠰᠥᠭᠡᠯᠡᠬᠦᠶ᠎ᠡ ᠪᠡᠷᠬᠡ ᠠᠶᠤᠯ ᠲᠦᠭᠰᠢᠭᠦᠷᠢ ᠥᠷᠢᠰᠦᠯᠳᠦᠭᠡᠨ ᠤ ᠡᠮᠦᠨ᠎ᠡ᠂ ᠨᠠᠮ ᠤᠨ ᠬᠤᠷᠢᠳᠤᠭᠠᠷ ᠶᠡᠭᠡ ᠬᠤᠷᠠᠯ ᠠᠴᠠ | ᠲᠣᠭᠲᠠᠭᠠᠭᠰᠠᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠪᠡᠶᠡᠯᠡᠭᠦᠯᠬᠦ ᠳᠤ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠢᠯᠠᠩᠭᠤᠶ᠎ᠠ ᠡᠯ᠎ᠡ ᠱᠠᠲᠤᠨ ᠤ | ᠤᠳᠤᠷᠢᠳᠬᠤ ᠺᠠᠳ᠋ᠷ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠯᠠᠮ ᠴᠢᠨᠠᠭᠰᠢᠳᠠ ᠭᠦᠨᠵᠡᠭᠡᠢ | ᠰᠤᠷᠤᠯᠴᠠᠨ ᠲᠤᠭᠤᠰᠢᠯᠠᠭᠤᠯᠬᠤ ᠶᠢ ᠲᠤᠯᠭᠠᠮ ᠱᠠᠭᠠᠷᠳᠠᠵᠤ ᠪᠠᠶᠢᠨ᠎ᠠ᠂ ᠡᠨᠡ ᠪᠣᠯ ᠨᠠᠮ ᠤᠨ ᠲᠥᠪ ᠬᠤᠷᠢᠶ᠎ᠠ ᠠᠴᠠ ᠪᠦᠭᠦ ᠨᠠᠮ ᠤᠨ ᠳᠣᠲᠣᠷ᠎ᠠ ᠡᠨᠡ ᠤᠳᠠᠭ᠎ᠠ ᠶᠢᠨ | ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠠᠷ ᠲᠣᠭᠲᠠᠭᠠᠭᠰᠠᠨ ᠭᠤᠣᠯ ᠪᠣᠳᠣᠯᠬᠢᠯᠠᠯ ᠪᠣᠯᠣᠨ᠎ᠠ᠃ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠳᠤ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠭᠤᠣᠯ ᠰᠡᠳᠦᠪ | ᠪᠣᠯᠭᠠᠬᠤ ᠪᠠᠷ ᠲᠣᠭᠲᠠᠭᠠᠭᠰᠠᠨ ᠨᠢ ᠳᠠᠷᠤᠢ ᠪᠦᠭᠦ ᠨᠠᠮ ᠢᠯᠠᠩᠭᠤᠶ᠎ᠠ ᠤᠳᠤᠷᠢᠳᠬᠤ ᠺᠠᠳ᠋ᠷ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠶᠢ ᠠᠬᠢᠭᠤᠯᠬᠤ ᠶᠠᠪᠤᠳᠠᠯ ᠪᠣᠯᠣᠨ᠎ᠠ ᠭᠡᠵᠦ | ᠵᠢᠭᠠᠵᠤ ᠭᠠᠷᠭᠠᠪᠠ᠃ | ᠵᠣᠬᠢᠶᠠᠯ ᠳᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠰᠢᠰᠲ᠋ᠧᠮ ᠪᠣᠯᠣᠨ ᠤᠭᠢ ᠰᠣᠳᠣ ᠴᠢᠬᠤᠯᠠ ᠠᠭᠤᠯᠭ᠎ᠠ ᠶᠢ ᠬᠦᠴᠦᠯᠡᠨ ᠡᠵᠡᠮᠳᠡᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭᠠᠨ ᠤ ᠠᠭᠤᠯᠭ᠎ᠠ ᠨᠢ ᠥᠭᠡᠷᠡᠴᠢᠯᠡᠯᠲᠡ ᠬᠥᠭᠵᠢᠯᠲᠡ ᠲᠣᠭᠲᠠᠭᠤᠨ᠂ ᠳᠣᠲᠣᠭᠠᠳᠤ ᠵᠠᠰᠠᠭ ᠭᠠᠳᠠᠭᠠᠳᠤ ᠬᠠᠷᠢᠯᠴᠠᠭ᠎ᠠ ᠤᠯᠤᠰ ᠤᠨ | ᠪᠠᠲᠤᠯᠠᠨ ᠬᠠᠮᠠᠭᠠᠯᠠᠯᠲᠠ᠂ ᠨᠠᠮ ᠢ ᠵᠠᠰᠠᠬᠤ ᠤᠯᠤᠰ ᠢ ᠵᠠᠰᠠᠬᠤ ᠴᠡᠷᠢᠭ ᠢ ᠵᠠᠰᠠᠬᠤ ᠵᠡᠷᠭᠡ ᠡᠯ᠎ᠡ ᠲᠠᠯ᠎ᠠ ᠶᠢ ᠬᠠᠮᠤᠷᠴᠤ᠂ ᠨᠢᠭᠡᠨ ᠪᠦᠷᠢᠨ ᠪᠦᠲᠦᠨ ᠰᠢᠨᠵᠢᠯᠡᠬᠦ | ᠤᠬᠠᠭᠠᠨᠴᠢ ᠰᠢᠰᠲ᠋ᠧᠮ ᠢ ᠪᠦᠷᠢᠯᠳᠦᠭᠦᠯᠪᠡ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ᠂ ︽ᠠᠷᠪᠠ ᠶᠢ ᠲᠣᠳᠣᠷᠬᠠᠶᠢᠯᠠᠬᠤ︾᠂ ︽ᠠᠷᠪᠠᠨ | ᠲᠦᠷᠪᠡᠨ ᠪᠠᠷᠢᠮᠲᠠᠯᠠᠯ︾᠂ ︽ᠠᠷᠪᠠᠨ ᠭᠤᠷᠪᠠᠨ ᠲᠠᠯ᠎ᠠ ᠶᠢᠨ ᠠᠮᠵᠢᠯᠲᠠ ᠪᠦᠲᠦᠮᠵᠢ︾ ᠳᠤ ᠡᠨᠡ ᠬᠦ ᠦᠵᠡᠯ ᠰᠠᠨᠠᠭᠠᠨ ᠤ ᠭᠤᠣᠯ ᠠᠭᠤᠯᠭ᠎ᠠ ᠶᠢ | ᠬᠤᠷᠢᠶᠠᠩᠭᠤᠶᠢᠯᠠᠭᠰᠠᠨ ᠪᠠᠶᠢᠨ᠎ᠠ᠃ ᠡᠳᠡᠭᠡᠷ ᠭᠤᠣᠯ ᠠᠭᠤᠯᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ ᠰᠤᠷᠤᠯᠴᠠᠨ ᠡᠵᠡᠮᠰᠢᠬᠦ ᠮᠥᠷᠲᠡᠭᠡᠨ ᠪᠠᠰᠠ ᠡᠨᠡ ᠬᠦ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠰᠢᠰᠲ᠋ᠧᠮ ᠢ ᠪᠦᠬᠦᠯᠢ ᠴᠣᠭᠴᠠ ᠪᠠᠷ ᠨᠢ ᠡᠵᠡᠮᠰᠢᠵᠦ᠂ ᠨᠡᠪᠲᠡᠷᠬᠡᠢ ᠣᠶᠢᠯᠠᠭᠠᠬᠤ ᠬᠡᠷᠡᠭᠲᠡᠢ᠃ ᠡᠭᠦᠨ ᠤ ᠬᠠᠮᠲᠤ᠂ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠨᠡᠪᠲᠡᠷᠬᠡᠢ ᠣᠶᠢᠯᠠᠭᠠᠬᠤ ᠳᠤ᠂ ᠡᠷᠬᠡᠪᠰᠢ | ᠡᠨᠡ ᠬᠦ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠤᠨᠤᠯ ᠪᠣᠯᠣᠨ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ | ᠠᠷᠭ᠎ᠠ ᠶᠢ ᠡᠵᠡᠮᠰᠢᠬᠦ ᠬᠡᠷᠡᠭᠲᠡᠢ᠃ ᠭᠠᠭᠴᠠ ᠬᠦ ︽ᠵᠢᠷᠭᠤᠭ᠎ᠠ ᠶᠢ ᠡᠷᠬᠡᠪᠰᠢ ᠪᠠᠷᠢᠮᠲᠠᠯᠠᠬᠤ︾ ᠶᠢ ᠪᠠᠭᠲᠠᠭᠠᠭᠰᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠣᠭᠰᠣᠯᠲᠠ ᠦᠵᠡᠯᠲᠡ ᠠᠷᠭ᠎ᠠ ᠶᠢ ᠣᠨᠣᠪᠴᠢᠲᠠᠢ ᠡᠵᠡᠮᠰᠢᠪᠡᠯ ᠰᠠᠶ᠋ᠢ ᠡᠨᠡ ᠬᠦ ᠦᠵᠡᠯ ᠰᠠᠨᠠᠭᠠᠨ ᠤ | ᠭᠤᠣᠯ ᠴᠢᠮᠦᠭᠡ ᠴᠢᠬᠤᠯᠠ ᠠᠭᠤᠯᠭ᠎ᠠ ᠶᠢ ᠨᠡᠩ ᠰᠠᠶᠢᠨ ᠣᠶᠢᠯᠠᠭᠠᠵᠤ᠂ ᠦᠵᠡᠯ ᠰᠠᠨᠠᠭ᠎ᠠ ᠠᠷᠭ᠎ᠠ ᠪᠠᠷᠢᠯ ᠢᠶᠠᠨ ᠰᠠᠶ᠋ᠢ ᠵᠥᠪ ᠣᠨᠣᠪᠴᠢᠲᠠᠢ ᠪᠣᠯᠭᠠᠵᠤ᠂ ᠠᠰᠠᠭᠤᠳᠠᠯ ᠢ | ᠲᠠᠨᠢᠬᠤ ᠳᠠᠭᠠᠨ ᠰᠠᠶ᠋ᠢ ᠥᠨᠳᠥᠷ ᠲᠤ ᠵᠣᠭᠰᠣᠵᠤ᠂ ᠠᠰᠠᠭᠤᠳᠠᠯ ᠢ ᠵᠠᠳᠠᠯᠬᠤ ᠳᠠᠭᠠᠨ ᠰᠠᠶ᠋ᠢ ᠭᠦᠨᠵᠡᠭᠡᠢ ᠦᠵᠡᠵᠦ᠂ ᠠᠵᠢᠯ ᠢᠶᠠᠨ ᠥᠷᠨᠢᠭᠦᠯᠬᠦ ᠳᠡᠭᠡᠨ ᠴᠦ | ᠣᠨᠣᠪᠴᠢᠲᠠᠢ ᠡᠵᠡᠮᠳᠡᠵᠦ᠂ ᠬᠡᠮᠵᠢᠶ᠎ᠡ ᠲᠣᠮᠵᠢᠶ᠎ᠠ ᠲᠠᠢ᠂ ᠤᠶᠠᠨ ᠬᠠᠳᠠᠨ ᠪᠠᠶᠢᠬᠤ ᠶᠢ ᠦᠨᠡᠨ ᠬᠦ ᠪᠠᠲᠤᠯᠠᠵᠤ ᠴᠢᠳᠠᠨ᠎ᠠ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠤᠨᠤᠯ ᠢ ᠪᠣᠳᠠᠲᠠᠢ ᠲᠠᠢ ᠤᠶᠠᠯᠳᠤᠭᠤᠯᠬᠤ ᠰᠢᠯᠢᠳᠡᠭ ᠰᠤᠷᠲᠠᠯ ᠢ ᠪᠠᠳᠠᠷᠠᠭᠤᠯᠬᠤ ᠬᠡᠷᠡᠭᠲᠡᠢ᠃ ᠤᠨᠤᠯ ᠤᠨ ᠨᠢᠭᠡ ᠤᠯᠤᠰ ᠲᠤ ᠪᠡᠶᠡᠯᠡᠭᠳᠡᠬᠦ | ᠬᠡᠮᠵᠢᠶ᠎ᠡ ᠨᠢ ᠤᠨᠤᠯ ᠤᠨ ᠪᠣᠳᠠᠲᠤ ᠬᠡᠷᠡᠭᠴᠡᠭᠡ ᠶᠢ ᠬᠠᠩᠭᠠᠬᠤ ᠬᠡᠮᠵᠢᠶ᠎ᠡ ᠪᠠᠷ ᠰᠢᠢᠳᠪᠦᠷᠢᠯᠡᠭᠳᠡᠨ᠎ᠡ᠂ ᠤᠨᠤᠯ ᠤᠨ ᠦᠢᠯᠡᠳᠦᠯ ᠢ ᠪᠠᠳᠠᠷᠠᠭᠤᠯᠬᠤ ᠦᠷ᠎ᠡ ᠪᠦᠲᠦᠮᠵᠢ ᠨᠢ | ᠤᠨᠤᠯ ᠤᠨ ᠦᠢᠯᠡᠳᠦᠯᠭᠡ ᠶᠢᠨ ᠭᠦᠨᠴᠡ ᠪᠠᠷ ᠰᠢᠢᠳᠪᠦᠷᠢᠯᠡᠭᠳᠡᠨ᠎ᠡ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠬᠤ ᠶᠢᠨ ᠵᠣᠷᠢᠯᠭ᠎ᠠ ᠨᠢ ᠪᠦᠷ ᠬᠡᠷᠡᠭᠯᠡᠬᠦ ᠳᠤ ᠪᠤᠢ᠂ ᠡᠨᠡ ᠬᠦ ᠦᠵᠡᠯ ᠰᠠᠨᠠᠭ᠎ᠠ ᠶᠢ ᠪᠡᠶᠡᠴᠢ ᠶᠢᠷᠲᠢᠨᠴᠦ ᠪᠣᠯᠣᠨ ᠪᠤᠰᠤᠳᠴᠢ ᠶᠢᠷᠲᠢᠨᠴᠦ ᠶᠢ | ᠥᠭᠡᠷᠡᠴᠢᠯᠡᠬᠦ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠭᠠᠨ ᠬᠤᠪᠢᠷᠠᠭᠤᠯᠬᠤ ᠳᠤ ᠪᠠᠶᠢᠨ᠎ᠠ᠃ ᠡᠨᠡ ᠤᠳᠠᠭ᠎ᠠ ᠶᠢᠨ ᠭᠤᠣᠯ ᠰᠡᠳᠦᠪᠲᠦ ᠬᠥᠮᠦᠵᠢᠯ ᠳᠤ᠂ | ᠨᠠᠮ ᠤᠨ ᠭᠡᠰᠢᠭᠦᠨ᠂ ᠺᠠᠳ᠋ᠷ ᠢᠯᠠᠩᠭᠤᠶ᠎ᠠ ᠡᠯ᠎ᠡ ᠱᠠᠲᠤᠨ ᠤ ᠤᠳᠤᠷᠢᠳᠬᠤ ᠺᠠᠳ᠋ᠷ ᠰᠠᠨᠠᠭᠠᠴᠢᠯᠠᠭ᠎ᠠ ᠠᠴᠠ ᠪᠠᠨ ᠥᠪᠡᠷ ᠤᠨ ᠦᠵᠡᠯ ᠰᠠᠨᠠᠭ᠎ᠠ ᠪᠠᠨ ᠨᠢᠭᠡᠳᠬᠡᠨ | ᠣᠷᠣᠭᠤᠯᠵᠤ᠂ ᠨᠠᠮ ᠤᠨ ᠰᠢᠨ᠎ᠡ ᠶᠢ ᠡᠭᠦᠳᠬᠦ ᠤᠨᠤᠯ ᠤᠨ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ᠂ ᠦᠵᠡᠯ ᠰᠠᠨᠠᠭᠠᠨ ᠤ ᠲᠦᠪᠰᠢᠨ ᠢᠶᠠᠨ | ᠳᠡᠭᠡᠭᠰᠢᠯᠡᠭᠦᠯᠬᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠬᠤ ᠲᠤᠬᠠᠢ ᠠᠯᠢ ᠤᠯᠠᠨ ᠱᠠᠭᠠᠷᠳᠠᠯᠭ᠎ᠠ ᠶᠢ ᠰᠤᠷᠤᠯᠴᠠᠨ ᠡᠵᠡᠮᠰᠢᠵᠦ᠂ ᠡᠪ ᠬᠠᠮᠲᠤᠴᠤᠳ ᠤᠨ | ᠤᠯᠤᠰ ᠲᠦᠷᠦ ᠶᠢᠨ ᠣᠣᠷ ᠴᠢᠨᠠᠷ ᠢᠶᠠᠨ ᠢᠮᠠᠭᠲᠠ ᠪᠠᠲᠤᠯᠠᠬᠤ ᠬᠡᠷᠡᠭᠲᠡᠢ᠃ ᠨᠠᠮ ᠤᠨ ᠰᠢᠨ᠎ᠡ ᠶᠢ ᠡᠭᠦᠳᠬᠦ ᠤᠨᠤᠯ ᠢ ᠨᠠᠮ ᠤᠨ ᠬᠤᠷᠢᠳᠤᠭᠠᠷ ᠶᠡᠭᠡ ᠬᠤᠷᠠᠯ ᠠᠴᠠ | ᠳᠤᠷᠠᠳᠤᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠬᠡᠷᠡᠭᠯᠡᠬᠦ ᠬᠡᠷᠡᠭᠲᠡᠢ᠃ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠴᠢᠳᠠᠮᠠᠭᠠᠢ ᠬᠡᠷᠡᠭᠯᠡᠵᠦ ᠴᠠᠭ ᠦᠶ᠎ᠡ ᠶᠢ ᠠᠵᠢᠭᠯᠠᠵᠤ᠂ ᠴᠠᠭ | ᠦᠶ᠎ᠡ ᠶᠢ ᠡᠵᠡᠮᠳᠡᠵᠦ᠂ ᠴᠠᠭ ᠦᠶ᠎ᠡ ᠶᠢ ᠳᠠᠭᠠᠭᠤᠯᠵᠤ᠂ ᠡᠨᠡ ᠬᠦ ᠦᠵᠡᠯ ᠰᠠᠨᠠᠭ᠎ᠠ ᠶᠢ ᠴᠢᠳᠠᠮᠠᠭᠠᠢ ᠬᠡᠷᠡᠭᠯᠡᠵᠦ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠠᠬᠢᠭᠤᠯᠵᠤ ᠰᠢᠨ᠎ᠡ ᠠᠬᠢᠴᠠ᠂ ᠰᠢᠨ᠎ᠡ ᠰᠢᠪᠲᠤᠯᠤᠯᠲᠠ ᠭᠠᠷᠭᠠᠵᠤ᠂ ᠡᠨᠡ ᠬᠦ ᠦᠵᠡᠯ ᠰᠠᠨᠠᠭ᠎ᠠ ᠶᠢ ᠴᠢᠳᠠᠮᠠᠭᠠᠢ ᠬᠡᠷᠡᠭᠯᠡᠵᠦ ᠠᠵᠤ ᠠᠬᠤᠢ | ᠨᠡᠶᠢᠭᠡᠮ ᠤᠨ ᠬᠥᠭᠵᠢᠯᠲᠡ ᠳᠤᠮᠳᠠᠬᠢ ᠡᠯ᠎ᠡ ᠵᠦᠢᠯ ᠤᠨ ᠵᠥᠷᠢᠴᠡᠯ ᠪᠣᠯᠣᠨ ᠠᠰᠠᠭᠤᠳᠠᠯ ᠢ ᠰᠢᠢᠳᠪᠦᠷᠢᠯᠡᠵᠦ᠂ ᠡᠨᠡ ᠬᠦ ᠦᠵᠡᠯ ᠰᠠᠨᠠᠭ᠎ᠠ ᠶᠢ ᠴᠢᠳᠠᠮᠠᠭᠠᠢ ᠬᠡᠷᠡᠭᠯᠡᠵᠦ | ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠨᠠᠮᠳᠠᠭᠠᠵᠤ᠂ ᠡᠨᠡ ᠬᠦ ᠦᠵᠡᠯ ᠰᠠᠨᠠᠭ᠎ᠠ ᠶᠢ ᠴᠢᠳᠠᠮᠠᠭᠠᠢ ᠬᠡᠷᠡᠭᠯᠡᠵᠦ ᠪᠦᠭᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠵᠣᠬᠢᠶᠠᠯ ᠳᠤ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠨᠥᠬᠦᠳ ᠭᠤᠣᠯ ᠰᠡᠳᠦᠪᠲᠦ ᠬᠥᠮᠦᠵᠢᠯ ᠤᠨ ᠳᠤᠮᠳᠠ ᠳᠠᠭᠤᠷᠢᠶᠠᠯ | ᠪᠣᠯᠬᠤ ᠬᠡᠷᠡᠭᠲᠡᠢ᠃ ᠤᠳᠤᠷᠢᠳᠬᠤ ᠺᠠᠳ᠋ᠷᠴᠤᠳ ᠡᠯ᠎ᠡ ᠲᠠᠯ᠎ᠠ ᠪᠠᠷ ᠴᠥᠮ ᠪᠡᠶ᠎ᠡ ᠪᠠᠷ ᠢᠶᠠᠨ ᠬᠡᠪ ᠳᠦᠷᠢᠮ ᠪᠣᠯᠬᠤ᠂ ᠳᠡᠭᠡᠷ᠎ᠡ ᠱᠠᠲᠤ ᠨᠢ ᠳᠣᠣᠷ᠎ᠠ ᠱᠠᠲᠤ ᠪᠠᠨ | ᠳᠠᠭᠠᠭᠤᠯᠬᠤ ᠶᠢ ᠪᠠᠷᠢᠮᠲᠠᠯᠠᠬᠤ ᠬᠡᠷᠡᠭᠲᠡᠢ᠂ ᠡᠨᠡ ᠪᠣᠯ ᠨᠢᠭᠡ ᠵᠦᠢᠯ ᠤᠨ ᠪᠦᠲᠦᠮᠵᠢᠲᠡᠢ ᠤᠳᠤᠷᠢᠳᠬᠤ ᠠᠷᠭ᠎ᠠ ᠪᠠ ᠠᠵᠢᠯᠯᠠᠬᠤ ᠠᠷᠭ᠎ᠠ ᠮᠥᠨ ᠭᠡᠵᠦ ᠵᠢᠭᠠᠵᠤ | ᠭᠠᠷᠭᠠᠪᠠ᠃ | |