5 ᠰᠠᠷ᠎ᠠ ᠶᠢᠨ 15 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ | ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠡᠧᠷᠢᠳ᠋ᠷᠧᠶᠠ ᠶᠢᠨ ᠶᠡᠷᠦᠩᠬᠡᠶᠢᠯᠡᠭᠴᠢ ᠢᠰᠠᠶᠠᠰ ᠲᠠᠢ ᠬᠡᠯᠡᠯᠴᠡᠭᠡ ᠬᠢᠪᠡ᠃ | | | | | 5 ᠰᠠᠷ᠎ᠠ ᠶᠢᠨ 15 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ | ᠳᠤᠮᠳᠠᠳᠤ ᠤᠯᠤᠰ ᠲᠤ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠡᠧᠷᠢᠳ᠋ᠷᠧᠶᠠ ᠶᠢᠨ ᠶᠡᠷᠦᠩᠬᠡᠶᠢᠯᠡᠭᠴᠢ ᠢᠰᠠᠶᠠᠰ ᠲᠠᠢ ᠬᠡᠯᠡᠯᠴᠡᠭᠡ ᠬᠢᠪᠡ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠵᠢᠦᠢ ᠫᠧᠩ ᠰᠡᠭᠦᠳᠡᠷᠯᠡᠪᠡ | | ᠰᠢ ᠶᠢᠨ ᠫᠢᠩ᠂ ᠳᠤᠮᠳᠠᠳᠤ ᠤᠯᠤᠰ ᠪᠣᠯᠣᠨ ᠡᠧᠷᠢᠳ᠋ᠷᠧᠶᠠ ᠶᠢᠨ ᠤᠯᠠᠮᠵᠢᠯᠠᠯᠲᠤ ᠨᠥᠬᠦᠷᠯᠡᠯ ᠭᠦᠨ ᠵᠤᠵᠠᠭᠠᠨ ᠶᠤᠮ᠃ ᠡᠨᠡ ᠵᠢᠯ ᠤᠨ 5 ᠰᠠᠷ᠎ᠠ ᠶᠢᠨ 24 ᠤ | ᠡᠳᠦᠷ᠂ ᠬᠤᠶᠠᠷ ᠤᠯᠤᠰ ᠬᠠᠷᠢᠯᠴᠠᠭ᠎ᠠ ᠪᠠᠶᠢᠭᠤᠯᠤᠭᠰᠠᠨ 30 ᠵᠢᠯ ᠤᠨ ᠤᠢ ᠪᠠᠨ ᠤᠭᠲᠤᠬᠤ ᠪᠣᠯᠣᠨ᠎ᠠ᠃ 30 ᠵᠢᠯ ᠤᠨ ᠲᠤᠷᠰᠢ᠂ ᠳᠤᠮᠳᠠᠳᠤ ᠡᠧᠷᠢᠳ᠋ᠷᠧᠶᠠ | ᠢᠮᠠᠭᠲᠠ ᠬᠠᠷᠢᠯᠴᠠᠨ ᠢᠲᠡᠭᠡᠯᠴᠡᠵᠦ᠂ ᠬᠠᠷᠢᠯᠴᠠᠨ ᠳᠡᠮᠵᠢᠭᠰᠡᠭᠡᠷ ᠢᠷᠡᠪᠡ᠃ ᠳᠤᠮᠳᠠᠳᠤ ᠤᠯᠤᠰ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ | ᠭᠡᠳᠤ ᠶᠢᠨ ᠬᠠᠷᠠᠭᠠᠰᠤ ᠠᠴᠠ ᠳᠤᠮᠳᠠᠳᠤ ᠡᠧᠷᠢᠳ᠋ᠷᠧᠶᠠ ᠶᠢᠨ ᠬᠠᠷᠢᠯᠴᠠᠭ᠎ᠠ ᠳᠤ ᠬᠠᠨᠳᠤᠬᠤ ᠪᠠ ᠬᠥᠭᠵᠢᠭᠦᠯᠵᠦ᠂ ᠡᠧᠷᠢᠳ᠋ᠷᠧᠶᠠ ᠶᠢᠨ ᠲᠠᠯ᠎ᠠ ᠶᠢᠨ ᠨᠠᠶᠢᠳᠠᠪᠤᠷᠢᠲᠠᠢ | ᠨᠠᠶᠢᠵᠠ ᠮᠥᠨ᠃ ᠣᠳᠣᠬᠠᠨ ᠤ ᠲᠣᠭᠲᠠᠭᠤᠨ ᠪᠤᠰᠤ ᠴᠢᠨᠠᠷ᠂ ᠲᠣᠬᠲᠠᠯᠭᠠᠲᠤ ᠪᠤᠰᠤ ᠴᠢᠨᠠᠷ ᠭᠦᠢᠴᠡᠳ ᠣᠷᠣᠰᠢᠵᠤ ᠪᠠᠶᠢᠭ᠎ᠠ ᠳᠡᠯᠡᠬᠡᠢ ᠶᠢᠨ ᠪᠠᠶᠢᠳᠠᠯ ᠤᠨ ᠡᠮᠦᠨ᠎ᠡ᠂ | ᠳᠤᠮᠳᠠᠳᠤ ᠡᠧᠷᠢᠳ᠋ᠷᠧᠶᠠ ᠶᠢᠨ ᠬᠠᠷᠢᠯᠴᠠᠭ᠎ᠠ ᠶᠢ ᠰᠠᠶᠢᠲᠤᠷ ᠬᠥᠭᠵᠢᠭᠦᠯᠬᠦ ᠨᠢ ᠬᠤᠶᠠᠷ ᠤᠯᠤᠰ ᠤᠨ ᠬᠠᠮᠲᠤ ᠶᠢᠨ ᠪᠠ ᠠᠯᠤᠰ ᠭᠡᠳᠤ ᠶᠢᠨ ᠠᠰᠢᠭ ᠲᠤᠰᠠ ᠳᠤ | ᠨᠡᠶᠢᠴᠡᠬᠦ ᠪᠠᠷ ᠪᠠᠷᠠᠬᠤ ᠦᠭᠡᠢ ᠪᠠᠰᠠ ᠭᠠᠵᠠᠷ ᠣᠷᠣᠨ ᠤ ᠡᠩᠬᠡ ᠲᠠᠶᠢᠪᠤᠩ ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠳᠤ ᠴᠤ | ᠴᠢᠬᠤᠯᠠ ᠠᠴᠢ ᠬᠤᠯᠪᠣᠭᠳᠠᠯ ᠲᠠᠢ ᠶᠤᠮ᠃ ᠳᠤᠮᠳᠠᠳᠤ ᠤᠯᠤᠰ ᠳᠤᠷᠠᠲᠠᠶ᠎ᠠ ᠡᠧᠷᠢᠳ᠋ᠷᠧᠶᠠ ᠯᠤᠭ᠎ᠠ ᠬᠤᠶᠠᠷ ᠤᠯᠤᠰ ᠤᠨ ᠨᠠᠶᠢᠵᠠ ᠪᠥᠭᠡᠳ ᠨᠥᠬᠦᠷ ᠪᠣᠯᠬᠤ ᠳᠣᠲᠣᠨᠣ | ᠨᠥᠭᠦᠷᠰᠡᠭ ᠬᠠᠷᠢᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠡᠧᠷᠢᠳ᠋ᠷᠧᠶᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ | ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠡᠧᠷᠢᠳ᠋ᠷᠧᠶᠠ ᠶᠢᠨ ᠬᠢᠨ ᠤ ᠤᠷᠳᠤ ᠬᠤᠭᠤᠴᠠᠭ᠎ᠠ ᠪᠠᠷ ᠪᠡᠶ᠎ᠡ ᠪᠠᠨ ᠳᠠᠭᠠᠭᠠᠵᠤ ᠡᠵᠡᠨ ᠮᠡᠳᠡᠬᠦ ᠭᠠᠳᠠᠭᠠᠳᠤ ᠬᠠᠷᠢᠯᠴᠠᠭᠠᠨ ᠤ | ᠲᠦᠷᠦ ᠶᠢᠨ ᠪᠣᠳᠣᠯᠭ᠎ᠠ ᠶᠢ ᠪᠠᠷᠢᠮᠲᠠᠯᠠᠵᠤ ᠪᠠᠶᠢᠬᠤ ᠶᠢ ᠮᠠᠭᠲᠠᠨ ᠰᠠᠶᠢᠰᠢᠶᠠᠵᠤ᠂ ᠡᠧᠷᠢᠳ᠋ᠷᠧᠶᠠ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ | ᠬᠥᠭᠵᠢᠯᠲᠡ ᠶᠢᠨ ᠵᠠᠮ ᠢ ᠰᠦᠪᠡᠭᠴᠢᠯᠡᠬᠦ ᠶᠢ ᠡᠷᠡᠰ ᠲᠡᠮᠵᠢᠵᠤ᠂ ᠡᠧᠷᠢᠳ᠋ᠷᠧᠶᠠ ᠶᠢᠨ ᠬᠢᠨ ᠤ ᠲᠤᠰ ᠪᠡᠶ᠎ᠡ ᠶᠢᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ | ᠠᠰᠢᠭ ᠲᠤᠰᠠ ᠪᠠᠨ ᠬᠠᠮᠠᠭᠠᠯᠠᠬᠤ ᠶᠢ ᠡᠷᠡᠰ ᠲᠡᠮᠵᠢᠵᠤ᠂ ᠭᠠᠳᠠᠭᠠᠳᠤ ᠶᠢᠨ ᠬᠢᠨ ᠤ ᠡᠧᠷᠢᠳ᠋ᠷᠧᠶᠠ ᠶᠢᠨ ᠳᠣᠲᠣᠭᠠᠳᠤ ᠵᠠᠰᠠᠭ ᠲᠤ ᠭᠠᠷ ᠲᠦᠷᠦᠭᠦ᠂ ᠠᠯᠪᠠᠳᠠᠯᠭ᠎ᠠ ᠪᠠᠷ | ᠭᠠᠭᠴᠠ ᠲᠠᠯ᠎ᠠ ᠶᠢᠨ ᠵᠠᠯᠬᠠᠭᠠᠯ ᠦᠵᠡᠭᠦᠯᠭᠦ ᠶᠢ ᠡᠰᠡᠷᠭᠦᠴᠡᠨ᠎ᠡ᠃ ᠳᠤᠮᠳᠠᠳᠤ ᠶᠢᠨ ᠲᠠᠯ᠎ᠠ ᠳᠤᠷᠠᠲᠠᠶ᠎ᠠ ᠡᠧᠷᠢᠳ᠋ᠷᠧᠶᠠ ᠶᠢᠨ ᠲᠠᠯ᠎ᠠ ᠲᠠᠢ ᠲᠦᠷᠦ ᠶᠢ ᠵᠠᠰᠠᠵᠤ ᠵᠠᠰᠠᠭ ᠢ | ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠥᠷᠨᠢᠭᠦᠯᠵᠦ᠂ ᠦᠷᠭᠦᠯᠵᠢᠯᠡᠨ ᠬᠠᠷᠢᠯᠴᠠᠨ ᠳᠡᠮᠵᠢᠵᠦ᠂ ᠭᠠᠭᠴᠠ ᠲᠠᠯᠠᠲᠤ ᠦᠵᠡᠯ ᠪᠣᠯᠣᠨ ᠡᠵᠡᠷᠬᠡᠬᠦ ᠠᠵᠢᠯᠯᠠᠭ᠎ᠠ ᠶᠢ | ᠬᠠᠮᠲᠤ ᠪᠠᠷ ᠡᠰᠡᠷᠭᠦᠴᠡᠵᠦ᠂ ᠬᠤᠶᠠᠷ ᠤᠯᠤᠰ ᠪᠣᠯᠣᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ᠃ | ᠳᠤᠮᠳᠠᠳᠤ ᠤᠯᠤᠰ ᠳᠤᠷᠠᠲᠠᠶ᠎ᠠ ᠡᠧᠷᠢᠳ᠋ᠷᠧᠶᠠ ᠲᠠᠢ ᠬᠠᠮᠲᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ᠳᠤᠮᠳᠠᠳᠤ ᠠᠹᠷᠢᠺᠠ ᠶᠢᠨ | ᠬᠠᠮᠲᠤᠷᠠᠯᠴᠠᠭᠠᠨ ᠤ ᠶᠠᠷᠢᠶᠠᠨ ᠤ ᠲᠠᠪᠴᠠᠩ᠂ ︽ᠠᠹᠷᠢᠺᠠ ᠲᠢᠪ ᠤᠨ ᠬᠤᠱᠣᠣ ᠶᠢᠨ ᠡᠩᠬᠡ ᠲᠠᠶᠢᠪᠤᠩ ᠬᠥᠭᠵᠢᠯᠲᠡ ᠶᠢᠨ ᠪᠣᠳᠣᠯᠬᠢᠯᠠᠯ︾ ᠵᠡᠷᠭᠡ ᠪᠦᠳᠦᠭᠦᠪᠴᠢ | ᠲᠥᠰᠥᠪ ᠪᠣᠯᠣᠨ ᠲᠠᠪᠴᠠᠩ ᠢ ᠠᠰᠢᠭᠯᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠠᠬᠢᠭᠤᠯᠵᠤ᠂ ᠬᠠᠮᠲᠤ ᠶᠢᠨ ᠬᠥᠭᠵᠢᠯᠲᠡ ᠶᠢ ᠪᠡᠶᠡᠯᠡᠭᠦᠯᠦᠨ᠎ᠡ᠃ | ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠪᠡᠯᠡᠳᠦ ᠠᠵᠤ ᠠᠬᠤᠶᠢᠯᠠᠯ ᠤᠨ ᠡᠧᠷᠢᠳ᠋ᠷᠧᠶᠠ ᠳᠤ ᠬᠦᠷᠴᠦ ᠪᠡᠯᠡ ᠣᠷᠣᠭᠤᠯᠤᠨ ᠦᠢᠯᠡᠰ ᠢᠶᠠᠨ | ᠬᠥᠭᠵᠢᠭᠦᠯᠬᠦ ᠶᠢ ᠵᠣᠷᠢᠭᠵᠢᠭᠤᠯᠤᠨ ᠲᠡᠮᠵᠢᠵᠤ᠂ ᠳᠤᠷᠠᠲᠠᠶ᠎ᠠ ᠡᠧᠷᠢᠳ᠋ᠷᠧᠶᠠ ᠶᠢᠨ ᠲᠠᠯ᠎ᠠ ᠲᠠᠢ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠴᠠᠬᠢᠯᠭᠠᠨ | ᠬᠤᠯᠪᠣᠭ᠎ᠠ᠂ ᠬᠥᠳᠡᠭᠡ ᠠᠵᠤ ᠠᠬᠤᠢ᠂ ᠠᠭᠤᠷᠬᠠᠢ ᠶᠢᠨ ᠦᠢᠯᠡᠰ᠂ ᠵᠢᠭᠠᠰᠤᠨ ᠤ ᠦᠢᠯᠡᠰ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠴᠢᠩᠭᠠᠳᠬᠠᠬᠤ ᠲᠤᠬᠠᠢ | ᠰᠤᠳᠤᠯᠤᠨ ᠶᠠᠷᠢᠯᠴᠠᠵᠤ᠂ ᠡᠧᠷᠢᠳ᠋ᠷᠧᠶᠠ ᠶᠢ ᠲᠤᠰᠠᠯᠠᠬᠤ ᠡᠮᠴᠢᠯᠡᠭᠡᠨ ᠤ ᠠᠩᠭᠢ᠂ ᠳᠡᠭᠡᠳᠦ ᠵᠡᠷᠭᠡ ᠶᠢᠨ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠵᠡᠷᠭᠡ ᠲᠦᠷᠦᠯ | ᠵᠦᠢᠯ ᠢ ᠦᠷᠭᠦᠯᠵᠢᠯᠡᠨ ᠰᠠᠶᠢᠲᠤᠷ ᠬᠡᠷᠡᠭᠵᠢᠭᠦᠯᠦᠨ᠎ᠡ᠃ ᠳᠤᠮᠳᠠᠳᠤ ᠶᠢᠨ ᠲᠠᠯ᠎ᠠ ᠶᠢᠨ ᠬᠢᠨ ᠤ ᠣᠶᠢᠷ᠎ᠠ ᠶᠢᠨ ᠬᠤᠭᠤᠴᠠᠭᠠᠨ ᠳᠤ ᠰᠦᠳᠠᠨ ᠤᠯᠤᠰ ᠲᠤ ᠪᠠᠶᠢᠭ᠎ᠠ | ᠳᠤᠮᠳᠠᠳᠤ ᠤᠯᠤᠰ ᠤᠨ ᠠᠷᠠᠳ ᠢᠷᠭᠡᠳ ᠢ ᠵᠠᠶᠢᠯᠠᠭᠤᠯᠤᠨ ᠰᠢᠯᠵᠢᠭᠦᠯᠬᠦ ᠳᠤ ᠡᠧᠷᠢᠳ᠋ᠷᠧᠶᠠ ᠶᠢᠨ ᠬᠠᠩᠭᠠᠭᠰᠠᠨ ᠳᠡᠮᠵᠢᠯᠭᠡ ᠪᠠ ᠬᠠᠪᠰᠤᠷᠤᠯᠭ᠎ᠠ ᠳᠤ ᠲᠠᠯᠠᠷᠬᠠᠵᠤ | ᠪᠠᠶᠢᠨ᠎ᠠ᠂ ᠡᠨᠡ ᠨᠢ ᠳᠤᠮᠳᠠᠳᠤ ᠡᠧᠷᠢᠳ᠋ᠷᠧᠶᠠ ᠬᠤᠶᠠᠷ ᠤᠯᠤᠰ ᠤᠨ ᠵᠢᠷᠭᠠᠯ ᠵᠣᠪᠠᠯᠠᠩ ᠢᠶᠠᠨ ᠬᠠᠮᠲᠤᠳᠬᠠᠵᠤ᠂ ᠬᠠᠷᠢᠯᠴᠠᠨ ᠬᠠᠪᠰᠤᠷᠤᠯᠴᠠᠵᠤ ᠪᠠᠶᠢᠭ᠎ᠠ ᠭᠦᠨ | ᠵᠤᠵᠠᠭᠠᠨ ᠨᠥᠬᠦᠷᠯᠡᠯ ᠢ ᠳᠠᠬᠢᠨᠲᠠ ᠬᠠᠷᠠᠭᠤᠯᠵᠠᠢ᠃ ᠬᠤᠶᠠᠷ ᠲᠠᠯ᠎ᠠ ᠪᠠᠷ ᠢᠶᠠᠨ ᠨᠡᠩ ᠤᠯᠠᠨ ᠠᠷᠭ᠎ᠠ ᠬᠡᠮᠵᠢᠶ᠎ᠡ ᠠᠪᠴᠤ᠂ ᠰᠣᠶᠣᠯ ᠢᠷᠭᠡᠨᠰᠢᠯ ᠤᠨ ᠰᠣᠯᠢᠯᠴᠠᠭ᠎ᠠ | ᠪᠣᠯᠣᠨ ᠠᠷᠠᠳ ᠲᠦᠮᠡᠨ ᠤ ᠬᠠᠶᠢᠷ᠎ᠠ ᠰᠡᠳᠬᠢᠯᠭᠡ ᠶᠢ ᠨᠢᠭᠲᠠᠷᠠᠭᠤᠯᠤᠶ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠠᠶᠢᠳᠠᠯ ᠶᠠᠭᠠᠬᠢᠵᠤ ᠬᠥᠭᠵᠢᠭᠰᠡᠨ᠂ ᠬᠠᠷᠢᠯᠴᠠᠨ ᠭᠦᠨᠳᠦᠳᠭᠡᠵᠦ᠂ ᠬᠠᠷᠢᠯᠴᠠᠨ ᠣᠶᠢᠯᠠᠭᠠᠯᠴᠠᠵᠤ᠂ ᠬᠠᠷᠢᠯᠴᠠᠨ ᠳᠡᠮᠵᠢᠵᠦ᠂ ᠬᠠᠷᠢᠯᠴᠠᠨ | ᠬᠠᠪᠰᠤᠷᠤᠯᠴᠠᠬᠤ ᠪᠣᠯ ᠢᠮᠠᠭᠲᠠ ᠳᠤᠮᠳᠠᠳᠤ ᠠᠹᠷᠢᠺᠠ ᠶᠢᠨ ᠨᠥᠬᠦᠷᠯᠡᠯ ᠤᠨ ᠳᠡᠪᠢᠰᠬᠡᠷ ᠥᠩᠭᠡ ᠪᠠ ᠭᠤᠣᠯ ᠱᠤᠭᠤᠮ ᠪᠣᠯᠣᠨ᠎ᠠ᠃ ᠳᠤᠮᠳᠠᠳᠤ ᠠᠹᠷᠢᠺᠠ ᠶᠢᠨ | ᠬᠠᠮᠲᠤᠷᠠᠯᠴᠠᠭ᠎ᠠ ᠨᠢ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭ᠎ᠠ ᠪᠠ ᠤᠯᠠᠨ ᠤᠯᠤᠰ ᠤᠨ ᠠᠹᠷᠢᠺᠠ ᠲᠢᠪ ᠲᠠᠬᠢ ᠬᠠᠮᠲᠤᠷᠠᠯᠴᠠᠭ᠎ᠠ ᠳᠤ ᠴᠢᠬᠤᠯᠠ | ᠬᠥᠲᠥᠯᠥᠨ ᠳᠠᠭᠠᠭᠤᠯᠬᠤ ᠦᠢᠯᠡᠳᠦᠯ ᠦᠵᠡᠭᠦᠯᠵᠦ ᠪᠠᠶᠢᠨ᠎ᠠ᠃ ᠠᠹᠷᠢᠺᠠ ᠲᠢᠪ ᠪᠣᠯ ᠭᠡᠭᠡᠨ ᠰᠠᠷᠠᠭᠤᠯ ᠢᠷᠡᠭᠡᠳᠦᠢ ᠲᠠᠢ ᠬᠠᠯᠠᠭᠤᠨ ᠬᠥᠷᠥᠰᠥ ᠮᠥᠨ᠃ ᠰᠢᠨ᠎ᠡ | ᠪᠠᠶᠢᠳᠠᠯ ᠳᠣᠣᠷ᠎ᠠ᠂ ᠳᠤᠮᠳᠠᠳᠤ ᠠᠹᠷᠢᠺᠠ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ᠂ ᠴᠠᠭ ᠤᠨ | ᠪᠡᠷᠬᠡ ᠶᠢ ᠬᠠᠮᠲᠤ ᠪᠠᠷ ᠲᠤᠭᠤᠯᠬᠤ ᠶᠢ ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠳᠤᠷᠠᠲᠠᠶ᠎ᠠ ᠠᠹᠷᠢᠺᠠ ᠲᠢᠪ ᠤᠨ ᠬᠢᠨ ᠲᠠᠢ ᠬᠠᠮᠲᠤ ᠪᠠᠷ ᠤᠯᠠᠮᠵᠢᠯᠠᠯᠲᠤ | ᠨᠥᠬᠦᠷᠯᠡᠯ ᠢᠶᠠᠨ ᠪᠠᠳᠠᠷᠠᠭᠤᠯᠵᠤ᠂ ᠪᠠᠶᠢᠯᠳᠤᠬᠤ ᠪᠣᠳᠣᠯᠭ᠎ᠠ ᠶᠢᠨ ᠢᠲᠡᠭᠡᠯᠴᠡᠭᠡ ᠪᠠᠨ ᠪᠠᠬᠢᠵᠢᠭᠦᠯᠵᠦ᠂ ᠳᠤᠮᠳᠠᠳᠤ ᠤᠯᠤᠰ ᠤᠨ ᠴᠢᠨᠠᠷ ᠰᠠᠶᠢᠲᠠᠢ ᠬᠥᠭᠵᠢᠯᠲᠡ ᠪᠣᠯᠣᠨ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠠᠹᠷᠢᠺᠠ ᠲᠢᠪ ᠤᠨ ᠬᠢᠨ ᠳᠤ ᠰᠢᠨ᠎ᠡ ᠠᠵᠠ ᠲᠣᠭᠢᠶᠠᠯ ᠬᠠᠩᠭᠠᠵᠤ᠂ ᠳᠤᠮᠳᠠᠳᠤ ᠠᠹᠷᠢᠺᠠ ᠶᠢᠨ | ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠵᠤ᠂ ᠨᠡᠩ ᠤᠯᠠᠨ ᠰᠢᠨ᠎ᠡ ᠦᠷ᠎ᠡ ᠪᠦᠲᠦᠭᠡᠯ ᠣᠯᠵᠤ᠂ ᠨᠡᠩ ᠨᠢᠭᠲᠠ | ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃ | ᠢᠰᠠᠶᠠᠰ ᠳᠤᠮᠳᠠᠳᠤ ᠤᠯᠤᠰ ᠯᠤᠭ᠎ᠠ ᠶᠢᠨ ᠬᠠᠭᠠᠰ ᠵᠠᠭᠤᠨ ᠭᠠᠷᠤᠢ ᠶᠢᠨ ᠣᠨᠴᠠᠭᠠᠢ ᠬᠤᠪᠢ ᠪᠠᠷᠢᠯᠳᠤᠯᠭ᠎ᠠ ᠪᠠᠨ ᠭᠦᠨ ᠳᠤᠷᠠᠰᠤᠨ ᠰᠠᠨᠠᠭᠠᠯᠵᠠᠵᠤ᠂ | ᠡᠧᠷᠢᠳ᠋ᠷᠧᠶᠠ ᠶᠢᠨ ᠲᠤᠰᠠᠭᠠᠷ ᠲᠣᠭᠲᠠᠨᠢᠯ ᠪᠣᠯᠣᠨ ᠴᠢᠯᠦᠭᠡᠯᠡᠯᠲᠡ ᠶᠢ ᠣᠯᠬᠤ ᠳᠤ ᠳᠤᠮᠳᠠᠳᠤ ᠤᠯᠤᠰ ᠤᠨ ᠠᠷᠠᠳ ᠲᠦᠮᠡᠨ ᠤ ᠬᠠᠩᠭᠠᠭᠰᠠᠨ ᠡᠷᠬᠢᠮ ᠨᠠᠨᠳᠢᠨ ᠤᠶᠤᠨ | ᠰᠠᠨᠠᠭ᠎ᠠ ᠪᠣᠯᠣᠨ ᠪᠣᠳᠠᠰ ᠤᠨ ᠳᠡᠮᠵᠢᠯᠭᠡ ᠶᠢ ᠡᠧᠷᠢᠳ᠋ᠷᠧᠶᠠ ᠶᠢᠨ ᠠᠷᠠᠳ ᠲᠦᠮᠡᠨ ᠡᠭᠦᠷᠢᠳᠡ ᠮᠠᠷᠲᠠᠬᠤ ᠦᠭᠡᠢ ᠶᠤᠮ᠃ ᠳᠤᠮᠳᠠᠳᠤ ᠤᠯᠤᠰ ᠪᠣᠯ ᠠᠭᠤᠤ ᠶᠡᠭᠡ | ᠤᠯᠤᠰ ᠮᠥᠨ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠶᠠᠳᠠᠭᠤ ᠬᠤᠭᠤᠰᠤᠨ ᠪᠠᠶᠢᠭᠰᠠᠨ ᠠᠴᠠ ᠪᠠᠨ ᠳᠡᠯᠡᠬᠡᠢ ᠶᠢᠨ ᠲᠣᠮᠣ ᠤᠯᠤᠰ | ᠪᠣᠯᠵᠤ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠠ ᠬᠥᠭᠵᠢᠯᠲᠡ ᠳᠤ ᠭᠠᠷᠮᠠᠭᠠᠢ ᠬᠤᠪᠢ ᠨᠡᠮᠡᠷᠢ ᠦᠵᠡᠭᠦᠯᠪᠡ᠃ ᠳᠤᠮᠳᠠᠳᠤ ᠤᠯᠤᠰ ᠢᠮᠠᠭᠲᠠ ᠶᠣᠰᠣ | ᠵᠢᠷᠤᠮ ᠤᠨ ᠥᠨᠳᠥᠷ ᠪᠠᠶᠢᠷᠢ ᠶᠢ ᠡᠵᠡᠯᠡᠵᠦ᠂ ᠳᠡᠯᠡᠬᠡᠢ ᠳ᠋ᠠᠬᠢᠨ ᠳᠤ ᠲᠤᠯᠭᠠᠷᠠᠵᠤ ᠪᠠᠶᠢᠭ᠎ᠠ ᠥᠷᠢᠰᠦᠯᠳᠦᠭᠡᠨ ᠢ ᠰᠢᠢᠳᠪᠦᠷᠢᠯᠡᠬᠦ ᠳᠤ ᠳᠤᠮᠳᠠᠳᠤ ᠤᠯᠤᠰ ᠤᠨ ᠲᠥᠰᠥᠯ ᠢ | ᠳᠤᠷᠠᠳᠴᠤ᠂ ᠳᠡᠯᠡᠬᠡᠢ ᠳᠡᠭᠡᠷ᠎ᠡ ᠲᠥᠪ ᠭᠤᠣᠯᠴᠢ ᠰᠢᠳᠤᠷᠭᠤ ᠶᠣᠰᠣ ᠶᠢ ᠪᠠᠷᠢᠮᠲᠠᠯᠠᠵᠤ᠂ ᠲᠤᠰᠠᠭᠠᠷ ᠲᠣᠭᠲᠠᠨᠢᠯ ᠪᠠ ᠬᠥᠭᠵᠢᠯᠲᠡ ᠶᠢ ᠡᠷᠢᠯᠬᠢᠯᠡᠵᠦ ᠪᠠᠶᠢᠭ᠎ᠠ | ᠬᠥᠭᠵᠢᠵᠦ ᠪᠠᠶᠢᠭ᠎ᠠ ᠤᠯᠤᠰ ᠤᠳ ᠢ ᠵᠣᠷᠢᠭᠵᠢᠭᠤᠯᠵᠤ ᠪᠠᠶᠢᠨ᠎ᠠ᠃ ᠳᠤᠮᠳᠠᠳᠤ ᠤᠯᠤᠰ ᠤᠨ ᠬᠥᠭᠵᠢᠯᠲᠡ ᠶᠢ ᠬᠤᠷᠢᠭᠯᠠᠬᠤ ᠶᠠᠮᠠᠷᠪᠠ ᠭᠤᠷᠢᠳᠠᠯᠭ᠎ᠠ ᠴᠥᠮ | ᠢᠯᠠᠭᠳᠠᠬᠤ ᠨᠢ ᠯᠠᠪᠲᠠᠢ᠃ ᠣᠳᠣᠬᠠᠨ ᠳᠤ ᠳᠡᠯᠡᠬᠡᠢ ᠶᠢᠨ ᠡᠮᠬᠢ ᠳᠢᠭᠯᠢᠮ ᠤᠨ ᠬᠤᠪᠢᠰᠤᠯᠲᠠ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠠᠹᠷᠢᠺᠠ ᠲᠢᠪ ᠤᠨ | ᠤᠯᠤᠰ ᠤᠳ ᠮᠥᠨ ᠬᠦ ᠡᠵᠡᠷᠬᠡᠬᠦ ᠦᠵᠡᠯ ᠪᠣᠯᠣᠨ ᠡᠯ᠎ᠡ ᠵᠦᠢᠯ ᠤᠨ ᠡᠷᠬᠡ ᠲᠡᠭᠰᠢ ᠪᠤᠰᠤ ᠲᠥᠪ ᠭᠤᠣᠯᠴᠢ ᠪᠤᠰᠤ ᠪᠠᠶᠢᠳᠠᠯ ᠳᠤ ᠲᠤᠯᠭᠠᠷᠠᠵᠤ᠂ ᠳᠡᠯᠡᠬᠡᠢ | ᠨᠡᠶᠢᠭᠡᠮ ᠢᠶᠠᠷ ᠢᠶᠠᠨ ᠳᠤᠮᠳᠠᠳᠤ ᠤᠯᠤᠰ ᠤᠨ ᠬᠥᠮᠥᠨ ᠲᠥᠷᠥᠯᠬᠢᠲᠡᠨ ᠤ ᠬᠥᠭᠵᠢᠯᠲᠡ ᠲᠠᠪᠰᠢᠯᠳᠠ ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣᠨ ᠤ | ᠲᠥᠯᠥᠭᠡ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠬᠤ ᠪᠥᠭᠡᠳ ᠢᠲᠡᠭᠡᠵᠦ ᠪᠠᠶᠢᠨ᠎ᠠ᠃ ᠡᠧᠷᠢᠳ᠋ᠷᠧᠶᠠ ᠶᠢᠨ ᠬᠢᠨ ᠳᠤᠮᠳᠠᠳᠤ ᠤᠯᠤᠰ ᠯᠤᠭ᠎ᠠ | ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠬᠦᠰᠡᠵᠦ ᠪᠠᠶᠢᠨ᠎ᠠ᠂ ᠡᠧᠷᠢᠳ᠋ᠷᠧᠶᠠ ᠳᠤᠮᠳᠠᠳᠤ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ | ᠡᠧᠷᠢᠳ᠋ᠷᠧᠶᠠ ᠶᠢᠨ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠪᠠᠨ ᠪᠡᠶᠡᠯᠡᠭᠦᠯᠬᠦ ᠳᠤ ᠬᠦᠴᠦᠨ ᠨᠡᠮᠡᠷᠢᠯᠡᠬᠦ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃ | ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠠᠭᠤᠳᠠᠮ ᠲᠠᠯᠠᠪᠠᠢ ᠳᠤ | ᠢᠰᠠᠶᠠᠰ ᠢ ᠤᠭᠲᠤᠬᠤ ᠶᠣᠰᠣᠯᠠᠯ ᠶᠠᠪᠤᠭᠤᠯᠪᠠ᠃ | ᠢᠰᠠᠶᠠᠰ ᠬᠦᠷᠴᠦ ᠢᠷᠡᠬᠦ ᠦᠶ᠎ᠡ ᠳᠤ ᠶᠣᠰᠣᠯᠠᠯ ᠤᠨ ᠴᠡᠷᠢᠭ ᠮᠥᠷᠯᠡᠨ ᠵᠣᠭᠰᠣᠵᠤ ᠶᠣᠰᠣᠯᠠᠪᠠ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ | ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠬᠦᠮ ᠳᠤᠮᠳᠠᠳᠤ ᠡᠧᠷᠢᠳ᠋ᠷᠧᠶᠠ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ᠂ | ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠪᠠ᠃ ᠢᠰᠠᠶᠠᠰ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ | ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃ | ᠲᠤᠰ ᠣᠷᠣᠢ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠲᠠᠨ ᠰᠢᠷᠭᠠᠯ ᠶᠡᠭᠡ ᠲᠢᠩᠬᠢᠮ ᠳᠤ ᠢᠰᠠᠶᠠᠰ ᠢ ᠤᠭᠲᠤᠬᠤ ᠳᠠᠶᠢᠯᠠᠯᠭ᠎ᠠ | ᠬᠢᠵᠡᠢ᠃ | ᠸᠠᠩ ᠢ᠂ ᠴᠢᠨ ᠭᠠᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 15 ᠤ ᠴᠠᠬᠢᠯᠭᠠᠨ ᠮᠡᠳᠡᠭᠡ︶ | |