ᠤᠷᠠᠳ ᠤᠨ ᠡᠮᠦᠨᠡᠲᠦ ᠬᠤᠰᠢᠭᠤᠨ ᠤ ᠰᠢᠶᠠᠨ ᠹᠧᠩ ᠪᠠᠯᠭᠠᠰᠤᠨ ᠤ ᠢᠳᠡᠰᠢᠨ ᠤ ᠮᠦᠬᠦ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠵᠢᠱᠢᠶ᠎ᠡ | ᠦᠵᠡᠭᠦᠯᠬᠦ ᠬᠦᠷᠢᠶᠡᠯᠡᠩ ᠤᠨ ᠬᠠᠷ᠎ᠠ ᠳᠡᠯᠳᠡᠦ ᠶᠢᠨ ᠮᠦᠬᠦ ᠶᠢᠨ ᠪᠠᠭᠯᠠᠭ᠎ᠠ ᠤᠢᠢᠷ᠎ᠠ ᠶᠢᠨ ᠡᠳᠦᠷ ᠠᠴᠠ ᠡᠬᠢᠯᠡᠨ ᠬᠦᠯᠡᠮᠵᠢ ᠳᠤ ᠣᠷᠣᠵᠤ᠂ ᠲᠤᠰ ᠮᠦᠬᠦ ᠶᠢᠨ | ᠪᠠᠭᠯᠠᠭ᠎ᠠ ᠢ ᠥᠪᠥᠷ ᠮᠣᠩᠭᠤᠯ ᠤᠨ ᠵᠦᠩ ᠰᠢᠶᠠᠩ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ | ᠦᠢᠯᠡᠳᠪᠦᠷᠢᠯᠡᠨ ᠬᠠᠩᠭᠠᠵᠤ᠂ ᠤᠷᠠᠳ ᠤᠨ ᠡᠮᠦᠨᠡᠲᠦ ᠬᠤᠰᠢᠭᠤᠨ ᠤ ᠠᠩᠬᠠᠳᠠᠭᠴᠢ ᠪᠦᠯᠦᠭ ᠥᠪᠡᠷᠲᠡᠭᠡᠨ ᠦᠢᠯᠡᠳᠪᠦᠷᠢᠯᠡᠵᠦ᠂ ᠥᠪᠡᠷᠲᠡᠭᠡᠨ ᠬᠠᠩᠭᠠᠭᠰᠠᠨ ᠬᠠᠷ᠎ᠠ | ᠳᠡᠯᠳᠡᠦ ᠶᠢᠨ ᠮᠦᠬᠦ ᠶᠢᠨ ᠪᠠᠭᠯᠠᠭ᠎ᠠ ᠪᠣᠯᠪᠠ᠃ | | | | | ᠣᠲᠣ ᠮᠦᠭᠦ ᠶᠢᠨ ᠪᠠᠭᠯᠠᠭ᠎ᠠ ᠶᠢ ᠡᠯᠭᠦᠬᠦ ᠭᠤᠭᠴᠤᠭ᠎ᠠ ᠳᠤ ᠣᠷᠣᠵᠤ᠂ ᠡᠳᠦᠷ ᠪᠦᠷᠢ ᠪᠠᠷᠤᠭ 8 ᠮᠢᠩᠭ᠎ᠠ ᠠᠴᠠ 1 ᠲᠦᠮᠡᠨ ᠪᠠᠭᠯᠠᠭ᠎ᠠ ᠡᠯᠭᠦᠵᠦ᠂ | ᠵᠢᠱᠢᠯᠲᠡ ᠪᠠᠷ 64 ᠬᠦᠯᠡᠮᠵᠢ ᠶᠢ 1 ᠰᠠᠷ᠎ᠠ ᠭᠠᠷᠤᠶ ᠶᠢᠨ ᠬᠤᠭᠤᠴᠠᠭᠠᠨ ᠳᠤ ᠡᠯᠭᠦᠵᠦ ᠳᠠᠭᠤᠰᠬᠠᠨ᠎ᠠ》 ᠭᠡᠵᠦ ᠺᠣᠮᠫᠠᠨᠢ ᠶᠢᠨ ᠬᠠᠷᠢᠭᠤᠴᠠᠯᠭᠠᠲᠠᠨ ᠵᠠᠩ ᠴᠢᠶᠠᠨ | ᠬᠡᠯᠡᠪᠡ᠃ | ᠳᠠᠯᠳᠠᠤ ᠶᠢᠨ ᠮᠦᠭᠦ ᠶᠢᠨ ᠪᠠᠭᠯᠠᠭ᠎ᠠ ᠶᠢ ᠬᠦᠯᠡᠮᠵᠢ ᠳᠤ ᠣᠷᠣᠭᠤᠯᠤᠭᠰᠠᠨ ᠤ ᠳᠠᠷᠠᠭ᠎ᠠ᠂ ᠬᠡᠷᠡᠯ ᠤᠨ ᠲᠤᠰᠤᠯᠲᠠ᠂ ᠳᠤᠯᠠᠭᠠᠨ ᠤ ᠬᠡᠮᠵᠢᠶ᠎ᠡ᠂ ᠴᠢᠭᠢᠭ ᠤᠨ | ᠬᠡᠮᠵᠢᠶ᠎ᠡ ᠶᠢ ᠰᠠᠶᠢᠲᠤᠷ ᠡᠵᠡᠮᠳᠡᠵᠦ᠂ ᠵᠢᠱᠢᠯᠲᠡ ᠪᠠᠷ 6 ᠰᠠᠷ᠎ᠠ ᠳᠤ᠂ ᠠᠩᠬᠠᠨ ᠤ ᠳᠠᠯᠳᠠᠤ ᠶᠢ ᠲᠡᠭᠦᠬᠦ ᠬᠤᠭᠤᠴᠠᠭᠠᠨ ᠳᠤ ᠣᠷᠤᠬᠤ ᠪᠣᠯᠤᠨ᠎ᠠ᠃ | | | | | 《 ᠪᠣᠷᠣᠯᠠᠭᠤᠯᠭ᠎ᠠ ᠶᠢᠨ ᠲᠠᠯ᠎ᠠ ᠪᠠᠷ᠂ ᠡᠩ ᠲᠡᠷᠢᠭᠦᠨ ᠳᠤ ᠡᠷᠬᠢᠨ ᠲᠣᠭᠤᠷᠢᠨ ᠤ ᠬᠥᠬᠡᠬᠤᠲᠠ ᠪᠤᠭᠤᠲᠤ ᠤᠷᠳᠤᠰ ᠵᠡᠷᠭᠡ ᠣᠷᠣᠨ ᠤ ᠲᠠᠷᠢᠶᠠᠯᠠᠩ ᠤᠨ | ᠪᠦᠲᠦᠭᠡᠭᠳᠡᠬᠦᠨ ᠤ ᠵᠠᠬ᠎ᠠ ᠳᠡᠯᠭᠡᠭᠦᠷ ᠢ ᠬᠠᠩᠭᠠᠵᠤ᠂ ᠲᠠᠷᠠᠭ᠎ᠠ ᠨᠢ ᠪᠠᠰᠠ ᠵᠡᠭᠦᠨ ᠬᠤᠶᠢᠲᠤ ᠣᠷᠣᠨ᠂ ᠱᠠᠨ ᠰᠢ᠂ ᠱᠠᠨᠳᠦ᠋ᠩ᠂ ᠡᠮᠦᠨᠡᠲᠦ ᠣᠷᠣᠨ ᠤ ᠵᠠᠷᠢᠮ ᠲᠤᠮᠤ | ᠲᠥᠪᠯᠡᠷᠡᠭᠦᠯᠦᠨ ᠲᠠᠷᠬᠠᠭᠠᠬᠤ ᠭᠠᠵᠠᠷ ᠲᠤ ᠪᠣᠷᠣᠯᠠᠭᠤᠯᠬᠤ ᠪᠠᠷ ᠪᠡᠯᠡᠳᠬᠡᠨ᠎ᠡ᠃ ᠡᠭᠦᠨ ᠠᠴᠠ ᠭᠠᠳᠠᠨ᠎ᠠ᠂ ᠡᠯᠧᠺᠲᠷᠣᠨ ᠬᠤᠳᠠᠯᠳᠤᠭᠠᠨ ᠤ ᠪᠣᠷᠣᠯᠠᠭᠤᠯᠭ᠎ᠠ ᠶᠢᠨ ᠠᠷᠭ᠎ᠠ | ᠵᠠᠮ ᠢᠶᠠᠷ ᠶᠠᠪᠤᠵᠤ᠂ ᠰᠦᠯᠵᠢᠶᠡᠨ ᠴᠤᠤᠲᠠᠨ ᠢ ᠤᠷᠢᠵᠤ ᠰᠢᠭᠤᠳ ᠨᠡᠪᠲᠡᠷᠡᠭᠦᠯᠦᠨ ᠪᠣᠷᠣᠯᠠᠭᠤᠯᠵᠤ᠂ ᠰᠢᠶᠠᠨ ᠹᠧᠩ ᠤᠨ ᠲᠤᠬᠠᠶ ᠶᠢᠨ ᠭᠠᠵᠠᠷ ᠤᠨ ᠳᠠᠯᠳᠠᠤ ᠶᠢᠨ | ᠨᠠᠷᠠᠲᠤ ᠲᠡᠮᠳᠡᠭ ᠢ ᠪᠣᠶ ᠪᠣᠯᠭᠠᠬᠤ ᠪᠠᠷ ᠲᠥᠯᠥᠪᠯᠡᠵᠦ ᠪᠠᠶᠢᠨ᠎ᠠ 》 ᠭᠡᠵᠦ ᠵᠠᠩ ᠴᠢᠶᠠᠨ ᠬᠡᠯᠡᠪᠡ᠃ | | | | | ᠥᠪᠥᠷ ᠮᠣᠩᠭᠤᠯ ᠤᠨ ᠵᠥᠩ ᠰᠢᠶᠠᠩ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠣᠯ | ᠤᠷᠠᠳ ᠤᠨ ᠡᠮᠦᠨᠡᠲᠦ ᠬᠤᠰᠢᠭᠤᠨ ᠤ 2022 ᠣᠨ ᠳᠤ ᠣᠷᠣᠭᠤᠯᠤᠭᠰᠠᠨ ᠳᠠᠯᠳᠠᠤ ᠦᠢᠯᠡᠳᠪᠦᠷᠢᠯᠡᠬᠦ ᠠᠵᠤ ᠠᠬᠤᠶᠢᠯᠠᠯ ᠪᠣᠯᠤᠨ᠎ᠠ᠃ ᠠᠵᠤ ᠠᠬᠤᠶᠢᠯᠠᠯ ᠤᠨ | ᠪᠠᠯᠠ ᠣᠷᠣᠭᠤᠯᠤᠨ ᠪᠥᠲᠥᠭᠡᠨ ᠪᠠᠶᠢᠭᠤᠯᠤᠭᠰᠠᠨ ᠶᠡᠷᠦᠩᠬᠡᠶ ᠲᠠᠯᠠᠪᠠᠶ ᠨᠢ 1100 ᠮᠥ ᠪᠠᠶᠢᠵᠤ᠂ ᠢᠳᠡᠰᠢᠨ ᠤ ᠮᠥᠭᠦ ᠶᠢᠨ ᠪᠠᠷᠢᠮᠵᠢᠶᠠᠵᠢᠭᠤᠯᠤᠭᠰᠠᠨ | ᠦᠢᠯᠡᠳᠪᠦᠷᠢᠯᠡᠯ ᠤᠨ ᠵᠢᠱᠢᠶ᠎ᠡ ᠦᠵᠡᠭᠦᠯᠬᠦ ᠬᠦᠷᠢᠶᠡᠯᠡᠩ ᠨᠢ ᠣᠲᠣ ᠨᠢᠭᠡᠨᠲᠡ ᠦᠢᠯᠡᠳᠪᠦᠷᠢᠵᠢᠭᠰᠡᠨ ᠮᠥᠭᠦ ᠶᠢᠨ ᠪᠣᠭᠤᠳᠠᠯᠳᠤ ᠦᠢᠯᠡᠳᠪᠦᠷᠢᠯᠡᠯ᠂ ᠲᠣᠮᠣ ᠬᠦᠯᠡᠮᠵᠢ | ᠮᠠᠶ᠋ᠢᠭ ᠤᠨ ᠪᠣᠰᠤᠭ᠎ᠠ ᠴᠣᠭᠴᠠᠲᠤ ᠲᠠᠷᠢᠬᠤ᠂ ᠪᠠᠷᠢᠮᠵᠢᠶᠠᠵᠢᠭᠤᠯᠤᠭᠰᠠᠨ ᠦᠢᠯᠡᠳᠪᠦᠷᠢ ᠶᠢᠨ ᠲᠠᠰᠤᠭ ᠤᠨ ᠡᠳ᠋ᠰᠢᠭᠦᠯᠦᠯᠲᠡ᠂ ᠨᠠᠷᠠᠲᠤ ᠲᠥᠷᠥᠯ ᠲᠡᠮᠳᠡᠭᠲᠦ ᠶᠢᠨ ᠵᠠᠬ᠎ᠠ | ᠳᠡᠯᠭᠡᠭᠦᠷ ᠤᠨ ᠪᠣᠷᠣᠯᠠᠭᠤᠯᠤᠯᠲᠠ ᠶᠢ ᠨᠢᠭᠡ ᠴᠣᠭᠴᠠᠵᠢᠭᠤᠯᠤᠭᠰᠠᠨ ᠪᠦᠷᠢᠨ ᠪᠢᠲᠡᠭᠦᠮᠵᠢᠯᠡᠭᠰᠡᠨ ᠠᠵᠤ ᠦᠢᠯᠡᠰ ᠤᠨ ᠬᠡᠯᠬᠢᠶ᠎ᠡ ᠶᠢᠨ ᠵᠠᠭᠪᠤᠷ ᠢ ᠠᠩᠬ᠎ᠠ ᠠᠯᠬᠤᠮ | ᠪᠦᠷᠢᠯᠳᠦᠭᠦᠯᠵᠦ᠂ ᠲᠤᠬᠠᠶ ᠶᠢᠨ ᠭᠠᠵᠠᠷ ᠤᠨ ᠳᠠᠯᠳᠠᠤ ᠶᠢᠨ ᠠᠵᠤ ᠦᠢᠯᠡᠰ ᠤᠨ ᠬᠥᠭᠵᠢᠯᠲᠡ ᠶᠢ ᠪᠦᠲᠦᠮᠵᠢᠲᠡᠶ ᠳᠠᠶᠢᠴᠢᠯᠠᠬᠤ ᠪᠣᠯᠤᠨ᠎ᠠ᠃ ᠡᠭᠦᠨ ᠤ ᠬᠠᠮᠲᠤ᠂ | ᠮᠦᠬᠦ ᠶᠢᠨ ᠪᠠᠭᠯᠠᠭ᠎ᠠ ᠦᠢᠯᠡᠳᠪᠦᠷᠢᠯᠡᠬᠦ ᠠᠴᠠ ᠳᠡᠯᠳᠡᠦ ᠲᠡᠭᠦᠵᠦ ᠬᠠᠳᠠᠭᠠᠬᠤ ᠬᠦᠷᠲᠡᠯ᠎ᠡ᠂ ᠡᠷᠬᠢᠨ ᠲᠣᠭᠤᠷᠢᠨ ᠤ ᠲᠠᠷᠢᠶᠠᠴᠢᠨ ᠡᠷᠦᠬᠡ ᠶᠢ ᠳᠠᠶᠢᠴᠢᠯᠠᠨ ᠣᠶᠢᠷ᠎ᠠ | ᠬᠠᠪᠢ ᠳᠠᠭᠠᠨ ᠠᠵᠢᠯ ᠬᠥᠳᠡᠯᠮᠦᠷᠢ ᠬᠢᠯᠭᠡᠵᠦ᠂ ᠬᠥᠮᠦᠨ ᠳᠤᠮᠳᠠᠴᠢ ᠶᠢᠨ ᠣᠷᠣᠯᠭ᠎ᠠ ᠶᠢ 1 ᠲᠦᠮᠡᠨ ᠲᠥᠭᠦᠷᠢᠭ ᠣᠷᠴᠢᠮ ᠨᠡᠮᠡᠭᠳᠡᠭᠦᠯᠦᠨ᠎ᠡ᠃ | | | | |