| ᠰᠣᠷᠪᠣᠯᠵᠢᠯᠠᠭᠴᠢ ᠶᠢ ᠤᠢᠢᠷ᠎ᠡ ᠶᠢᠨ ᠡᠳᠦᠷ᠂ ᠤᠷᠠᠳ ᠤᠨ ᠡᠮᠦᠨᠡᠲᠦ ᠬᠤᠰᠢᠭᠤᠨ ᠤ ᠰᠠᠭᠠᠳᠠᠭ ᠰᠤᠮᠤ ᠶᠢᠨ ᠬᠦᠬᠡᠦ᠋ᠨᠳᠦᠷ ᠭᠠᠴᠠᠭ᠎ᠠ ᠶᠢᠨ ᠠᠳᠤᠭᠤ ᠲᠡᠵᠢᠭᠡᠨ | ᠦᠷᠡᠵᠢᠭᠦᠯᠬᠦ ᠰᠠᠭᠤᠷᠢᠨ ᠭᠠᠵᠠᠷ ᠲᠤ ᠬᠦᠷᠬᠦ ᠳᠤ᠂ ᠠᠳᠣᠭᠤᠳ ᠪᠣᠷᠳᠤᠭ᠎ᠠ ᠪᠠᠨ ᠲᠠᠪᠠᠲᠠᠶᠢᠬᠠᠨ ᠢᠳᠡᠵᠦ ᠪᠠᠶᠢᠬᠤ ᠬᠠᠷᠠᠭᠳᠠᠯ᠎ᠠ᠃ | ᠨᠢᠳᠤᠨᠤᠨ ᠵᠢᠯ ᠳᠤ ᠪᠣᠯᠣᠭᠰᠠᠨ ᠰᠠᠭᠠᠳᠠᠭ ᠰᠤᠮᠤ ᠶᠢᠨ ᠬᠤᠶᠠᠳᠤᠭᠠᠷ ᠬᠤᠭᠤᠴᠠᠭᠠᠨ ᠤ ᠲᠠᠯ᠎ᠠ ᠨᠤᠲᠤᠭ ᠤᠨ ᠵᠢᠭᠤᠯᠴᠢᠯᠠᠯ ᠤᠨ ᠰᠣᠶᠣᠯ ᠤᠨ ᠨᠠᠶᠢᠷ ᠤᠨ | ᠬᠤᠭᠤᠴᠠᠭᠠᠨ ᠳᠤ᠂ ᠬᠦᠬᠡᠦ᠋ᠨᠳᠦᠷ ᠭᠠᠴᠠᠭᠠᠨ ᠤ ᠬᠤᠷᠰᠢᠶ᠎ᠠ ᠰᠢᠨ᠎ᠡ ᠰᠡᠳᠬᠢᠴᠡ ᠶᠢ ᠡᠭᠦᠳᠴᠦ᠂ ᠴᠡᠭᠡ ᠲᠤᠷᠰᠢᠨ ᠬᠤᠳᠠᠯᠳᠤᠵᠤ᠂ ᠬᠤᠶᠠᠷ ᠡᠳᠦᠷ ᠤᠨ | ᠬᠤᠭᠤᠴᠠᠭᠠᠨ ᠳᠤ ᠨᠡᠶᠢᠳᠡ 100 ᠭᠠᠷᠤᠢ ᠵᠢᠩ ᠴᠡᠭᠡ ᠪᠣᠷᠣᠯᠠᠭᠤᠯᠵᠤ᠂ ᠪᠣᠷᠣᠯᠠᠭᠤᠯᠤᠭᠰᠠᠨ ᠬᠡᠮᠵᠢᠶ᠎ᠡ ᠨᠢ 3000 ᠭᠠᠷᠤᠢ ᠲᠥᠭᠦᠷᠢᠭ ᠲᠤ ᠬᠦᠷᠴᠡᠢ᠃ ᠲᠣᠰ | ᠤᠳᠠᠭᠠᠨ ᠤ ᠲᠤᠷᠰᠢᠯᠲᠠ ᠨᠢ ᠭᠠᠴᠠᠭᠠᠨ ᠤ ᠮᠠᠯᠴᠢᠳ ᠲᠤ ᠠᠰᠢᠭ ᠬᠦᠷᠲᠡᠭᠡᠭᠰᠡᠨ ᠢᠶᠠᠷ ᠪᠠᠷᠠᠬᠤ ᠥᠬᠡᠶ᠂ ᠪᠠᠰᠠ ᠭᠠᠴᠠᠭᠠᠨ ᠤ ᠨᠠᠮ ᠤᠨ ᠡᠭᠦᠷ ᠲᠤ ᠠᠳᠤᠭᠤᠨ ᠤ | ᠦᠢᠯᠡᠰ ᠨᠢ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ︽ᠬᠥᠳᠡᠯᠭᠡᠭᠦᠷ︾ ᠪᠣᠯᠵᠣ ᠪᠣᠯᠤᠨ᠎ᠠ ᠭᠡᠳᠡᠭ ᠢ ᠰᠡᠷᠡᠵᠦ ᠮᠡᠳᠡᠵᠠᠢ᠃ | ᠬᠦᠬᠡᠦ᠋ᠨᠳᠦᠷ ᠭᠠᠴᠠᠭᠠᠨ ᠤ ᠮᠠᠯᠴᠢᠳ ᠣᠯᠠᠨ ᠵᠢᠯ ᠮᠣᠷᠢ ᠲᠡᠵᠢᠭᠡᠭᠰᠡᠨ ᠲᠤᠷᠰᠢᠯᠭ᠎ᠠ ᠲᠠᠢ ᠶᠣᠮ᠃ ᠲᠣᠰ ᠭᠠᠴᠠᠭᠠᠨ ᠤ ᠨᠠᠮ ᠤᠨ ᠡᠭᠦᠷ ᠠᠴᠠ ᠠᠶᠢᠯ ᠡᠷᠦᠬᠡ ᠪᠠᠷ | ᠬᠦᠷᠴᠦ ᠰᠤᠷᠪᠤᠯᠵᠢᠯᠠᠬᠤ ᠪᠠ ᠵᠠᠬ᠎ᠠ ᠳᠡᠯᠭᠡᠭᠦᠷ ᠤᠨ ᠪᠠᠶᠢᠴᠠᠭᠠᠨ ᠰᠤᠳᠤᠯᠤᠯᠲᠠ ᠬᠢᠬᠦ ᠪᠠᠷ ᠲᠠᠮᠵᠢᠨ᠂ ᠠᠳᠤᠭᠤᠨ ᠤ ᠦᠢᠯᠡᠰ ᠢ ᠭᠠᠴᠠᠭᠠᠨ ᠤ ᠬᠥᠭᠵᠢᠯᠲᠡ ᠶᠢ | ᠠᠬᠢᠭᠤᠯᠬᠤ ᠴᠢᠭᠯᠡᠯ ᠪᠣᠯᠭᠠᠬᠤ ᠪᠠᠷ ᠲᠣᠭᠲᠠᠵᠣ᠂ ᠤᠷᠠᠳ ᠤᠨ ᠳᠤᠮᠳᠠᠳᠤ ᠬᠤᠰᠢᠭᠤᠨ ᠤ ᠠᠳᠤᠭᠤᠨ ᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠰᠤᠷᠤᠯᠴᠠᠨ | ᠰᠣᠯᠢᠯᠴᠠᠵᠤ᠂ ᠭᠠᠴᠠᠭᠠᠨ ᠤ ᠠᠳᠤᠭᠤᠨ ᠤ ᠦᠢᠯᠡᠰ ᠤᠨ ᠬᠥᠭᠵᠢᠯᠲᠡ ᠳᠤ ᠰᠠᠭᠤᠷᠢ ᠲᠠᠯᠪᠢᠵᠠᠢ᠃ | ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ ᠡᠩ ᠲᠡᠷᠢᠭᠦᠨ ᠳᠤ ᠪᠠᠶᠢᠳᠠᠯ ᠢ ᠣᠶᠢᠯᠠᠭᠠᠵᠤ᠂ ᠰᠡᠳᠬᠢᠴᠡ ᠪᠠᠨ ᠰᠢᠯᠤᠭᠤᠳᠬᠠᠬᠤ ᠨᠢ | ᠴᠢᠬᠤᠯᠠ᠃ ᠬᠦᠬᠡᠦ᠋ᠨᠳᠦᠷ ᠭᠠᠴᠠᠭᠠᠨ ᠤ ᠨᠠᠮ ᠤᠨ ᠡᠭᠦᠷ ᠭᠠᠴᠠᠭᠠᠨ ᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠲᠥᠰᠦᠯ ᠢ ᠲᠣᠭᠲᠠᠭᠠᠬᠤ᠂ ᠠᠵᠢᠯ ᠤᠨ | ᠠᠷᠭ᠎ᠠ ᠬᠡᠮᠵᠢᠶ᠎ᠡ ᠶᠢ ᠨᠠᠷᠢᠯᠢᠬᠵᠢᠭᠤᠯᠬᠤ᠂ ᠬᠠᠮᠲᠤ ᠶᠢᠨ ᠠᠵᠤ ᠠᠬᠤᠶ ᠶᠢᠨ ᠣᠷᠣᠯᠭ᠎ᠠ ᠵᠠᠷᠤᠯᠭ᠎ᠠ ᠶᠢᠨ ᠬᠠᠮᠢᠶᠠᠷᠤᠯᠲᠠ ᠶᠢᠨ ᠲᠠᠩᠰᠠ ᠶᠢ ᠵᠢᠷᠤᠮᠵᠢᠭᠤᠯᠬᠤ᠂ ᠡᠳ᠋ | ᠬᠥᠷᠥᠩᠭᠡ ᠶᠢ ᠠᠮᠢᠳᠤᠯᠢᠭ ᠪᠣᠯᠭᠠᠬᠤ᠂ ᠢᠲᠡᠭᠡᠯ ᠵᠣᠷᠢᠭ ᠢ ᠨᠡᠮᠡᠭᠳᠡᠭᠦᠯᠬᠦ᠂ ᠰᠠᠭᠤᠷᠢ ᠶᠢ ᠪᠠᠬᠢᠵᠢᠭᠦᠯᠬᠦ ᠵᠡᠷᠭᠡ ᠲᠠᠯ᠎ᠠ ᠪᠠᠷ ᠬᠦᠴᠦᠨ ᠢᠶᠠᠨ ᠲᠠᠯᠪᠢᠵᠤ᠂ ︽ᠠᠵᠤ | ᠦᠢᠯᠡᠰ ᠲᠠᠢ ᠬᠤᠯᠪᠣᠭᠠᠯᠠᠨ᠂ ᠰᠲ᠋ᠣᠺ ᠲᠠᠢ ᠬᠤᠯᠪᠣᠬᠤ︾ ᠵᠢᠴᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠠᠷᠠᠳ ᠤᠨ ᠰᠠᠨᠠᠯ ᠢ | ᠰᠣᠨᠣᠰᠬᠤ᠂ ᠠᠷᠠᠳ ᠤᠨ ᠪᠠᠶᠢᠳᠠᠯ ᠢ ᠣᠶᠢᠯᠠᠭᠠᠬᠤ ᠡᠭᠦᠷᠭᠡ ᠬᠠᠷᠢᠭᠤᠴᠠᠯᠭ᠎ᠠ ᠶᠢ ᠬᠦᠢᠴᠡᠳ ᠪᠠᠳᠠᠷᠠᠭᠤᠯᠵᠤ᠂ ᠡᠬᠢ ᠪᠠᠶᠠᠯᠢᠭ᠂ ᠡᠳ᠋ ᠬᠥᠷᠥᠩᠭᠡ᠂ ᠪᠠᠯᠠ ᠮᠥᠩᠭᠦ | ᠪᠣᠯᠤᠨ ᠰᠤᠯᠠ ᠬᠥᠳᠡᠯᠮᠦᠷᠢ ᠬᠦᠴᠦᠨ ᠢ ᠳᠠᠶᠢᠴᠢᠯᠠᠵᠤ᠂ ᠬᠠᠮᠲᠤ ᠶᠢᠨ ᠠᠵᠤ ᠠᠬᠤᠶ ᠶᠢᠨ ᠪᠤᠵᠠᠭᠠᠶᠢᠷᠠᠯ ᠪᠣᠯᠤᠨ ᠮᠠᠯᠴᠢᠳ ᠤᠨ ᠣᠷᠣᠯᠭ᠎ᠠ ᠶᠢᠨ ᠨᠡᠮᠡᠭᠳᠡᠯ ᠢ ᠬᠤᠤᠰ | ᠠᠬᠢᠭᠤᠯᠬᠤ ᠶᠢ ᠪᠡᠶᠡᠯᠡᠬᠦᠯᠪᠡ᠃ | ᠣᠳᠣᠬᠠᠨ ᠳᠤ᠂ ᠬᠤᠷᠰᠢᠶ᠎ᠠ ᠳᠤ 6 ᠮᠥ ᠲᠡᠵᠢᠭᠡᠨ ᠦᠷᠡᠵᠢᠭᠦᠯᠬᠦ ᠲᠠᠯᠠᠪᠠᠶ᠂ 6 ᠠᠵᠢᠷᠭ᠎ᠠ᠂ 84 ᠭᠡᠭᠦᠤ ᠶᠢ ᠡᠭᠦᠯᠳᠡᠷ ᠰᠠᠶᠢᠵᠢᠷᠠᠭᠤᠯᠵᠤ᠂ ᠵᠢᠯ ᠪᠦᠷᠢ 72 | ᠤᠨᠠᠭ᠎ᠠ ᠪᠣᠷᠣᠯᠠᠭᠤᠯᠬᠤ ᠪᠠᠷ ᠵᠢᠱᠢᠵᠦ᠂ ᠵᠢᠯ ᠳᠤ 10080 ᠵᠢᠩ ᠠᠳᠤᠭᠤᠨ ᠤ ᠮᠢᠬ᠎ᠠ᠂ 43200 ᠵᠢᠩ ᠴᠡᠭᠡ ᠦᠢᠯᠡᠳᠪᠦᠷᠢᠯᠡᠵᠦ᠂ ᠬᠤᠷᠰᠢᠶ᠎ᠠ ᠶᠢᠨ 5 | ᠵᠢᠯ ᠤᠨ ᠶᠡᠷᠦᠩᠬᠡᠶ ᠠᠰᠢᠭ ᠣᠷᠣᠯᠭ᠎ᠠ ᠨᠢ ᠪᠠᠷᠤᠭ 142 ᠲᠦᠮᠡᠨ ᠲᠥᠭᠦᠷᠢᠭ ᠲᠤ ᠬᠦᠷᠬᠦ ᠶᠢᠨ ᠬᠠᠮᠲᠤ ᠪᠠᠰᠠ ᠶᠠᠳᠠᠭᠤ ᠬᠦᠴᠢᠷᠳᠡᠯᠲᠡᠶ ᠡᠷᠦᠬᠡ ᠳᠤ ᠠᠵᠢᠯ | ᠣᠯᠭᠤᠬᠤ ᠠᠵᠢᠯ ᠤᠨ ᠪᠠᠶᠢᠷᠢ ᠶᠢ ᠬᠠᠩᠭᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠤᠬᠠᠶ ᠶᠠᠷᠢᠬᠤ ᠳᠠᠭᠠᠨ᠂ ᠭᠠᠴᠠᠭᠠᠨ ᠤ ᠨᠠᠮ ᠤᠨ | ᠡᠭᠦᠷ ᠤᠨ ᠱᠦᠵᠢ ᠵᠣᠣ ᠪᠢᠨ ᠪᠢᠨ ᠠᠴᠠ᠄ ︽ᠵᠢᠭᠤᠯᠴᠢᠯᠠᠯ ᠤᠨ ᠦᠢᠯᠡᠰ ᠤᠨ ᠬᠥᠭᠵᠢᠯᠲᠡ ᠲᠠᠢ ᠤᠶᠠᠯᠳᠤᠭᠤᠯᠤᠨ᠂ ᠰᠢᠯᠢᠳᠡᠭ ᠠᠵᠢᠷᠭ᠎ᠠ ᠶᠢ ᠣᠷᠣᠭᠤᠯᠤᠨ | ᠠᠪᠴᠢᠷᠠᠵᠤ ᠡᠭᠦᠯᠳᠡᠷ ᠰᠠᠶᠢᠵᠢᠷᠠᠭᠤᠯᠤᠨ᠂ ᠰᠣᠨᠢᠷᠬᠠᠬᠤ᠂ ᠤᠨᠤᠬᠤ᠂ ᠲᠣᠭᠯᠠᠬᠤ᠂ ᠤᠷᠤᠯᠳᠤᠬᠤ ᠪᠠᠷ ᠭᠤᠤᠯ ᠪᠣᠯᠭᠠᠭᠰᠠᠨ ᠵᠢᠭᠤᠯᠴᠢᠯᠠᠯ ᠤᠨ ᠦᠢᠯᠡᠴᠢᠯᠡᠬᠡᠨ ᠤ | ᠦᠢᠯᠡᠰ ᠢ ᠬᠥᠭᠵᠢᠭᠦᠯᠵᠦ᠂ ᠠᠳᠤᠭᠤᠨ ᠤ ᠠᠵᠤ ᠦᠢᠯᠡᠰ ᠤᠨ ᠬᠡᠪᠴᠢᠶᠡᠵᠢᠭᠰᠡᠨ᠂ ᠲᠥᠷᠥᠯ ᠲᠡᠮᠳᠡᠭᠵᠢᠭᠰᠡᠨ᠂ ᠣᠯᠠᠨ ᠡᠰᠢᠵᠢᠭᠰᠡᠨ ᠬᠥᠭᠵᠢᠯᠲᠡ ᠶᠢ ᠠᠬᠢᠭᠤᠯᠵᠤ᠂ | ᠠᠳᠤᠭᠤᠨ ᠤ ᠠᠵᠤ ᠦᠢᠯᠡᠰ ᠤᠨ ᠬᠡᠯᠬᠢᠶ᠎ᠡ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠭᠠᠴᠠᠭᠠᠨ ᠤ ᠮᠠᠯᠴᠢᠳ ᠢ ᠣᠶᠢᠷ᠎ᠠ ᠬᠠᠪᠢ ᠳᠠᠭᠠᠨ ᠠᠵᠢᠯ ᠣᠯᠭᠤᠵᠤ | ᠣᠷᠣᠯᠭ᠎ᠠ ᠶᠢ ᠨᠢ ᠨᠡᠮᠡᠭᠳᠡᠭᠦᠯᠦᠨ᠎ᠡ︾ ᠬᠡᠪᠡ᠃ | | |