ᠰᠢ ᠶᠢᠨ ᠫᠢᠩ ᠱᠠᠨᠰᠢ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ ᠴᠢᠬᠤᠯᠠᠴᠢᠯᠠᠭᠰᠠᠨ ᠨᠢ ᠪᠦᠭᠦ ᠤᠯᠤᠰ ᠤᠨ ᠶᠡᠭᠡ ᠲᠠᠯ᠎ᠠ ᠶᠢ ᠪᠣᠳᠣᠯᠬᠢᠯᠠᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ ᠭᠤᠣᠯ ᠰᠢᠪᠲᠤᠯᠬᠤ ᠴᠢᠭᠯᠡᠯ ᠢᠶᠠᠨ ᠲᠣᠳᠣᠷᠬᠠᠶᠢᠯᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠱᠠᠨᠰᠢ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠵᠠᠮ ᠵᠠᠭᠤᠷ᠎ᠠ ᠪᠠᠨ ᠱᠠᠨ ᠰᠢ ᠶᠢᠨ ᠶᠦᠨᠴᠧᠩ ᠳᠤ ᠰᠢᠨᠵᠢᠯᠡᠨ ᠪᠠᠶᠢᠴᠠᠭᠠᠪᠠ ᠼᠠᠢ ᠴᠢ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠭᠰᠠᠨ ᠪᠥᠭᠡᠳ ᠪᠠᠷ᠎ᠠ ᠪᠣᠯᠵᠤ ᠰᠢᠨᠵᠢᠯᠡᠨ ᠪᠠᠶᠢᠴᠠᠭᠠᠵᠠᠢ
ᠨᠡᠶᠢᠲᠡᠯᠡᠭᠰᠡᠨ ᠴᠠᠭ᠄
2023/5/19

5.19.1.1.jpg

    ︵ᠰᠢᠨᠬᠤᠸᠠ ᠬᠤᠷᠢᠶ᠎ᠠ ᠶᠢᠨ ᠱᠠᠨᠰᠢ ᠶᠢᠨ ᠰᠢ ᠠᠨ / ᠱᠠᠨ ᠰᠢ ᠶᠢᠨ ᠶᠦᠨᠴᠧᠩ ᠤᠨ 5 ᠰᠠᠷ᠎ᠠ ᠶᠢᠨ 17 ᠤ ᠴᠠᠬᠢᠯᠭᠠᠨ ᠮᠡᠳᠡᠭᠡ︶ ᠨᠠᠮ ᠤᠨ ᠲᠥᠪ

ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠨᠰᠢ

ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ᠂ ᠱᠠᠨᠰᠢ ᠮᠤᠵᠢ ᠶᠢᠨ ᠬᠢᠨ

ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠤᠷᠤᠰᠬᠠᠯ ᠤᠨ ᠡᠮᠦᠨ᠎ᠡ ᠵᠣᠷᠢᠭᠲᠠᠢ ᠵᠣᠭᠰᠣᠵᠤ᠂ ᠴᠠᠭ

ᠦᠶ᠎ᠡ ᠶᠢᠨ ᠭᠠᠪᠰᠢᠭᠠᠶᠢᠯᠠᠭᠴᠢ ᠪᠣᠯᠬᠤ ᠪᠠᠷ ᠴᠢᠷᠮᠠᠶᠢᠬᠤ ᠵᠣᠷᠢᠭ ᠰᠥᠰᠥ ᠲᠠᠢ ᠪᠠᠶᠢᠵᠤ᠂ ᠬᠦᠴᠦᠯᠡᠨ ᠲᠡᠮᠡᠴᠡᠵᠦ᠂ ᠵᠣᠷᠢᠭᠲᠠᠢ ᠪᠠᠷ ᠲᠠᠪᠡᠨ ᠭᠦᠢᠴᠡᠵᠦ᠂ ᠪᠠᠷᠠᠭᠤᠨ

ᠣᠷᠣᠨ ᠳᠤ ᠵᠢᠱᠢᠶ᠎ᠡ ᠦᠵᠡᠭᠦᠯᠭᠦ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ

ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠭᠦᠯᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢᠨ ᠲᠣᠭᠤᠷᠢᠨ ᠳᠤ᠂ ᠪᠦᠭᠦ

ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠱᠠᠨᠰᠢ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠲᠤᠰ ᠪᠡᠶ᠎ᠡ ᠶᠢᠨ

ᠳᠠᠪᠠᠭᠤᠯᠢᠭ ᠢᠶᠠᠨ ᠪᠠᠳᠠᠷᠠᠭᠤᠯᠵᠤ᠂ ᠭᠤᠣᠯ ᠰᠢᠪᠲᠤᠯᠬᠤ ᠴᠢᠭᠯᠡᠯ ᠢᠶᠠᠨ ᠲᠣᠳᠣᠷᠬᠠᠶᠢᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ

ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ ᠦᠢᠯᠡᠴᠢᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ

ᠪᠡᠶᠡᠯᠡᠭᠦᠯᠬᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠬᠤᠳᠠ ᠬᠥᠳᠡᠭᠡ ᠶᠢᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ

ᠠᠬᠢᠭᠤᠯᠬᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠥᠷᠭᠡᠳᠬᠡᠬᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠬᠤ

ᠵᠡᠷᠭᠡ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ

ᠱᠠᠨᠰᠢ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ 

    

5.19.1.2.jpg

      5 ᠰᠠᠷ᠎ᠠ ᠶᠢᠨ 17 ᠤ ᠦᠳᠡ ᠶᠢᠨ ᠡᠮᠦᠨ᠎ᠡ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ

ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠱᠠᠨᠰᠢ ᠶᠢᠨ ᠰᠢ ᠠᠨ ᠳᠤ ᠳᠤᠮᠳᠠᠳᠤ ᠤᠯᠤᠰ - ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠢ

ᠡᠷᠭᠢᠯᠡᠭᠦ ᠠᠴᠠ ᠡᠮᠦᠨᠡᠬᠡᠨ᠂ ᠱᠠᠨᠰᠢ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ

ᠲᠤᠰᠬᠠᠶᠢᠯᠠᠨ ᠰᠣᠨᠣᠰᠴᠤ᠂ ᠴᠢᠬᠤᠯᠠ ᠶᠠᠷᠢᠶ᠎ᠠ ᠲᠠᠯᠪᠢᠵᠠᠢ᠃

      ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠱᠧᠨ ᠬᠤᠩ ᠰᠡᠭᠦᠳᠡᠷᠯᠡᠪᠡ

    

      5 ᠰᠠᠷ᠎ᠠ ᠶᠢᠨ 17 ᠤ ᠡᠳᠦᠷ᠂ ᠰᠢ ᠶᠢᠨ ᠫᠢᠩ ᠰᠢ ᠠᠨ ᠳᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠢ

ᠡᠷᠭᠢᠯᠡᠭᠦ ᠠᠴᠠ ᠡᠮᠦᠨᠡᠬᠡᠨ᠂ ᠱᠠᠨᠰᠢ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ

ᠲᠤᠰᠬᠠᠶᠢᠯᠠᠨ ᠰᠣᠨᠣᠰᠴᠤ᠂ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠤᠤ ᠢ ᠳ᠋ᠧ ᠬᠠᠷᠢᠭᠤ ᠮᠡᠳᠡᠭᠦᠯᠦᠯᠲᠡ ᠬᠢᠵᠦ᠂ ᠮᠤᠵᠢ ᠶᠢᠨ ᠳᠠᠷᠤᠭ᠎ᠠ ᠵᠤᠤ ᠭᠠᠩ ᠨᠠᠷ

ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠱᠠᠨᠰᠢ ᠶᠢᠨ ᠡᠯ᠎ᠡ ᠵᠦᠢᠯ ᠤᠨ ᠠᠵᠢᠯ ᠳᠠᠭᠠᠨ ᠣᠯᠣᠭᠰᠠᠨ

ᠠᠮᠵᠢᠯᠲᠠ ᠶᠢ ᠨᠤᠲᠠᠯᠠᠪᠠ᠃

     ᠰᠢ ᠶᠢᠨ ᠫᠢᠩ᠂ ᠱᠠᠨᠰᠢ ᠬᠥᠭᠡᠭᠡᠵᠦ ᠭᠦᠢᠴᠡᠨ ᠳᠠᠪᠠᠵᠤ ᠭᠠᠷᠬᠤ ᠳᠤ ᠡᠷᠬᠡᠪᠰᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ

ᠴᠢᠩᠭᠠᠳᠬᠠᠬᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠬᠡᠷᠡᠭᠲᠡᠢ᠃ ᠲᠤᠰ ᠪᠡᠶ᠎ᠡ ᠶᠢᠨ

ᠠᠵᠤ ᠦᠢᠯᠡᠰ ᠤᠨ ᠰᠠᠭᠤᠷᠢ ᠪᠠ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠬᠥᠭᠵᠢᠯᠲᠡ ᠶᠢᠨ ᠬᠦᠴᠦᠯᠡᠬᠦ ᠴᠡᠭ ᠢᠶᠠᠨ ᠪᠣᠳᠠᠲᠤ ᠴᠣᠭᠴᠠ ᠶᠢᠨ ᠠᠵᠤ

ᠠᠬᠤᠢ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠤᠨ ᠲᠡᠷᠢᠭᠦᠯᠡᠬᠦ ᠪᠠᠶᠢᠷᠢ ᠰᠠᠭᠤᠷᠢ ᠪᠠᠨ ᠪᠠᠬᠢᠵᠢᠭᠦᠯᠬᠦ ᠶᠢᠨ ᠬᠠᠮᠲᠤ ᠰᠢᠨ᠎ᠡ

ᠬᠦᠷᠢᠶ᠎ᠡ᠂ ᠰᠢᠨ᠎ᠡ ᠤᠷᠤᠯᠳᠤᠭᠠᠨ ᠤ ᠵᠠᠮ ᠢ ᠵᠣᠷᠢᠭᠲᠠᠢ ᠨᠡᠭᠡᠭᠡᠵᠦ᠂ ᠥᠷᠢᠰᠦᠯᠳᠦᠭᠡᠨ ᠤ ᠰᠢᠨ᠎ᠡ ᠳᠠᠪᠠᠭᠤᠯᠢᠭ ᠢ ᠪᠤᠶᠢᠵᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ

ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠤᠳᠤᠷᠢᠳᠤᠮᠵᠢ ᠪᠣᠯᠭᠠᠵᠤ᠂ ᠤᠯᠠᠮᠵᠢᠯᠠᠯᠲᠤ ᠠᠵᠤ ᠦᠢᠯᠡᠰ ᠢ ᠳᠡᠭᠡᠳᠦ ᠲᠡᠰᠵᠢᠭᠦᠯᠭᠦ᠂ ᠣᠶᠤᠨᠴᠢᠯᠠᠬᠤ᠂ ᠪᠣᠬᠢᠷᠳᠤᠯ

ᠦᠭᠡᠢ ᠲᠡᠶᠢᠰᠢ ᠲᠡᠰ ᠳᠡᠪᠰᠢᠭᠦᠯᠬᠦ ᠥᠭᠡᠷᠡᠴᠢᠯᠡᠯᠲᠡ ᠶᠢ ᠲᠦᠷᠭᠡᠳᠬᠡᠵᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ

ᠪᠤᠶᠢᠵᠢᠭᠤᠯᠤᠨ ᠪᠤᠵᠠᠭᠠᠶᠢᠷᠠᠭᠤᠯᠵᠤ᠂ ᠲᠣᠭᠠᠴᠢᠯᠠᠭᠰᠠᠨ ᠠᠵᠤ ᠠᠬᠤᠢ ᠪᠣᠯᠣᠨ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠢᠳᠡᠪᠬᠢᠲᠡᠢ ᠬᠥᠭᠵᠢᠭᠦᠯᠵᠦ᠂

ᠣᠶᠤᠨᠴᠢᠯᠠᠯᠲᠠ᠂ ᠪᠣᠬᠢᠷᠳᠤᠯ ᠦᠭᠡᠢ ᠬᠥᠭᠵᠢᠯᠲᠡ᠂ ᠠᠭᠤᠰᠤᠯᠴᠠᠯᠲᠠ ᠶᠢᠨ ᠣᠨᠴᠠᠯᠢᠭ ᠲᠠᠢ ᠪᠥᠭᠡᠳ ᠪᠦᠷᠢᠨ ᠪᠦᠲᠦᠨ ᠴᠢᠨᠠᠷ᠂ ᠲᠡᠷᠢᠭᠦᠨ ᠤ ᠴᠢᠨᠠᠷ᠂ ᠠᠮᠤᠷ

ᠲᠦᠪᠰᠢᠨ ᠴᠢᠨᠠᠷ ᠤᠨ ᠱᠠᠭᠠᠷᠳᠠᠯᠭ᠎ᠠ ᠳᠤ ᠨᠡᠶᠢᠴᠡᠭᠰᠡᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠤᠳᠤ ᠦᠶ᠎ᠡ ᠶᠢᠨ

ᠡᠨᠧᠷᠭᠢ ᠶᠢᠨ ᠠᠵᠤ ᠦᠢᠯᠡᠰ ᠤᠨ ᠪᠦᠯᠦᠭᠵᠢᠯ ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠪᠠ

ᠤᠯᠠᠨ ᠤᠯᠤᠰ ᠤᠨ ᠥᠷᠢᠰᠦᠯᠳᠦᠭᠡᠨ ᠤ ᠡᠮᠦᠨ᠎ᠡ ᠹᠷᠣᠨᠲ ᠢ ᠪᠣᠳᠣᠯᠬᠢᠯᠠᠨ᠂ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠦᠷᠦᠯ

ᠵᠦᠢᠯ ᠢ ᠬᠡᠷᠡᠭᠵᠢᠭᠦᠯᠵᠦ᠂ ᠨᠡᠩ ᠤᠯᠠᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠰᠢᠪᠲᠤᠯᠤᠨ᠂ ᠨᠡᠩ ᠤᠯᠠᠨ ︽ᠤᠯᠤᠰ ᠤᠨ ᠰᠣᠳᠣᠨ ᠲᠣᠨᠣᠭᠯᠠᠯ︾ ᠢ ᠪᠤᠢ

ᠪᠣᠯᠭᠠᠬᠤ ᠬᠡᠷᠡᠭᠲᠡᠢ᠃ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ

ᠴᠢᠩᠭᠠᠳᠬᠠᠵᠤ᠂ ᠰᠢᠨ᠎ᠡ ᠶᠢ ᠡᠭᠦᠳᠬᠦ ᠬᠡᠯᠬᠢᠶ᠎ᠡ ᠠᠵᠤ ᠦᠢᠯᠡᠰ ᠤᠨ ᠬᠡᠯᠬᠢᠶ᠎ᠡ ᠪᠡᠯᠡ ᠮᠥᠩᠭᠦᠨ ᠤ ᠬᠡᠯᠬᠢᠶ᠎ᠡ ᠴᠢᠳᠠᠪᠤᠷᠢᠲᠠᠨ ᠤ ᠬᠡᠯᠬᠢᠶ᠎ᠡ ᠶᠢᠨ ᠭᠦᠨᠵᠡᠭᠡᠢ

ᠠᠭᠤᠰᠤᠯᠴᠠᠯ ᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠠᠵᠤ ᠦᠢᠯᠡᠰᠵᠢᠭᠦᠯᠬᠦ ᠠᠬᠢᠴᠠ ᠶᠢ ᠲᠦᠷᠭᠡᠳᠬᠡᠬᠦ ᠬᠡᠷᠡᠭᠲᠡᠢ᠃

ᠰᠢ ᠠᠨ ᠤ ᠶᠡᠷᠦᠩᠬᠡᠶᠢᠯᠡᠭᠰᠡᠨ ᠴᠢᠨᠠᠷᠲᠠᠢ ᠤᠯᠤᠰ ᠤᠨ ᠰᠢᠨᠵᠢᠯᠡᠬᠦ ᠤᠬᠠᠭᠠᠨ ᠤ ᠲᠥᠪ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ

ᠲᠥᠪ ᠢ ᠰᠠᠶᠢᠲᠤᠷ ᠪᠠᠶᠢᠭᠤᠯᠵᠤ᠂ ᠤᠯᠤᠰ ᠤᠨ ᠴᠢᠬᠤᠯᠠ ᠰᠢᠨᠵᠢᠯᠡᠬᠦ ᠤᠬᠠᠭᠠᠨ ᠤ ᠰᠤᠳᠤᠯᠭᠠᠨ ᠪᠠ ᠰᠣᠶᠣᠯ ᠰᠤᠷᠭᠠᠨ ᠬᠥᠮᠦᠵᠢᠯ ᠤᠨ ᠲᠥᠪ᠂ ᠳᠡᠭᠡᠳᠦ ᠰᠢᠨ᠎ᠡ

ᠮᠡᠷᠭᠡᠵᠢᠯ ᠤᠨ ᠠᠵᠤ ᠦᠢᠯᠡᠰ ᠪᠠ ᠦᠢᠯᠡᠳᠬᠦ ᠦᠢᠯᠡᠰ ᠤᠨ ᠰᠠᠭᠤᠷᠢᠨ ᠢ ᠴᠢᠷᠮᠠᠶᠢᠨ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠵᠤ᠂ ᠬᠠᠮᠲᠤ ᠪᠠᠷ ᠪᠠᠶᠠᠵᠢᠬᠤ ᠶᠢ ᠯᠠᠪᠳᠠᠭᠤᠨ

ᠪᠠᠲᠤᠲᠠᠢ ᠠᠬᠢᠭᠤᠯᠬᠤ ᠳᠤ ᠬᠠᠮᠤᠭ ᠤᠨ ᠬᠠᠲᠠᠭᠤᠵᠢᠯᠲᠠᠢ ᠬᠠᠮᠤᠭ ᠤᠨ ᠬᠦᠨᠳᠦ ᠡᠭᠦᠷᠭᠡ ᠮᠥᠨ ᠬᠦ ᠬᠥᠳᠡᠭᠡ ᠲᠣᠰᠬᠤᠨ ᠳᠤ ᠪᠤᠢ᠂ ᠡᠷᠬᠡᠪᠰᠢ ᠬᠤᠳᠠ ᠬᠥᠳᠡᠭᠡ ᠶᠢᠨ

ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠬᠤ ᠬᠡᠷᠡᠭᠲᠡᠢ᠃ ᠰᠢᠶᠠᠨ ᠤ ᠬᠤᠲᠠ ᠪᠠᠷ ᠴᠢᠬᠤᠯᠠ ᠠᠴᠢᠶᠠᠯᠠᠪᠤᠷᠢ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ

ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠰᠢᠶᠠᠨ ᠤ ᠬᠤᠲᠠ ᠶᠢᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ

ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠪᠠ ᠰᠠᠭᠤᠷᠢ ᠪᠣᠯᠬᠤ ᠣᠯᠠᠨ ᠨᠡᠶᠢᠲᠡ ᠶᠢᠨ ᠦᠢᠯᠡᠴᠢᠯᠡᠭᠡ᠂ ᠠᠵᠤ ᠦᠢᠯᠡᠰ ᠤᠨ ᠢᠵᠢ

ᠪᠦᠷᠢᠳᠦᠭᠦᠯᠬᠦ ᠴᠢᠳᠠᠮᠵᠢ ᠶᠢ ᠳᠡᠭᠡᠭᠰᠢᠯᠡᠭᠦᠯᠦᠨ᠂ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠪᠠ ᠵᠠᠰᠠᠯᠲᠠ ᠶᠢᠨ ᠴᠢᠳᠠᠪᠤᠷᠢ ᠶᠢ ᠴᠢᠩᠭᠠᠷᠠᠭᠤᠯᠵᠤ᠂ ᠰᠢᠶᠠᠨ ᠤ

ᠬᠤᠲᠠ ᠶᠢᠨ ᠬᠤᠰᠢᠭᠤ ᠰᠢᠶᠠᠨ ᠤ ᠠᠵᠤ ᠠᠬᠤᠢ ᠶᠢᠨ ᠬᠥᠭᠵᠢᠯᠲᠡ ᠳᠠᠬᠢ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃ ᠭᠠᠵᠠᠷ ᠣᠷᠣᠨ ᠤ

ᠪᠠᠶᠢᠳᠠᠯ ᠳᠤᠨᠢ ᠲᠣᠬᠢᠷᠠᠭᠤᠯᠤᠨ ᠪᠠᠭ᠎ᠠ ᠬᠤᠲᠠ ᠪᠠᠯᠭᠠᠰᠤ ᠶᠢ ᠬᠥᠭᠵᠢᠭᠦᠯᠵᠦ᠂ ᠣᠨᠴᠠᠯᠢᠭᠲᠤ ᠵᠢᠵᠢᠭ ᠪᠠᠯᠭᠠᠰᠤ ᠶᠢᠨ ᠵᠢᠷᠤᠮᠵᠢᠯ ᠲᠠᠢ ᠪᠥᠭᠡᠳ ᠡᠷᠡᠭᠦᠯ ᠢᠶᠠᠷ

ᠬᠥᠭᠵᠢᠬᠦ ᠶᠢ ᠠᠬᠢᠭᠤᠯᠤᠨ᠂ ᠰᠢᠶᠠᠨ ᠤ ᠬᠤᠲᠠ ᠪᠠᠷ ᠵᠠᠩᠭᠢᠯᠠᠭ᠎ᠠ ᠪᠣᠯᠭᠠᠭᠰᠠᠨ᠂ ᠵᠢᠵᠢᠭ ᠬᠤᠲᠠ ᠪᠠᠯᠭᠠᠰᠤ ᠪᠠᠷ ᠵᠠᠩᠭᠢᠯᠠᠭ᠎ᠠ ᠶᠢᠨ ᠴᠡᠭ ᠪᠣᠯᠭᠠᠭᠰᠠᠨ ᠬᠤᠰᠢᠭᠤ

ᠰᠢᠶᠠᠨ ᠤ ᠠᠵᠤ ᠠᠬᠤᠢ ᠶᠢᠨ ᠰᠢᠰᠲ᠋ᠧᠮ ᠢ ᠴᠣᠭᠴᠠᠯᠠᠨ ᠪᠠᠶᠢᠭᠤᠯᠬᠤ ᠬᠡᠷᠡᠭᠲᠡᠢ᠃ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠭᠤᠯᠤᠮᠵᠢ

ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠬᠥᠳᠡᠭᠡ ᠶᠢᠨ ᠡᠯᠧᠮᠧᠨ᠋ᠲ ᠢ ᠡᠷᠬᠡ ᠲᠡᠭᠰᠢ ᠪᠠᠷ ᠰᠣᠯᠢᠯᠴᠠᠬᠤ᠂ ᠬᠤᠣᠰ ᠴᠢᠭᠯᠡᠯ ᠢᠶᠠᠷ ᠰᠢᠯᠵᠢᠭᠦᠯᠬᠦ ᠲᠥᠷᠥ ᠶᠢᠨ

ᠪᠣᠳᠣᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠤᠲᠠ ᠶᠢᠨ ᠡᠬᠢ ᠪᠠᠶᠠᠯᠢᠭ ᠤᠨ ᠡᠯᠧᠮᠧᠨ᠋ᠲ ᠢ ᠡᠮᠬᠢ ᠵᠢᠷᠤᠮ ᠲᠠᠢ ᠪᠠᠷ ᠬᠥᠳᠡᠭᠡ ᠲᠣᠰᠬᠤᠨ ᠲᠡᠶᠢᠰᠢ

ᠰᠢᠯᠵᠢᠭᠦᠯᠬᠦ ᠶᠢ ᠠᠬᠢᠭᠤᠯᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠬᠤ ᠬᠡᠷᠡᠭᠲᠡᠢ᠃ ᠭᠠᠵᠠᠷ

ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠨᠴᠠᠯᠢᠭᠲᠤ ᠠᠵᠤ ᠦᠢᠯᠡᠰ ᠢ ᠶᠡᠭᠡ ᠪᠠᠷ ᠬᠥᠭᠵᠢᠭᠦᠯᠵᠦ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ

ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠠᠷᠭ᠎ᠠ ᠵᠠᠮ ᠢ

ᠥᠷᠭᠡᠵᠢᠭᠦᠯᠬᠦ ᠬᠡᠷᠡᠭᠲᠡᠢ᠃ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂

ᠤᠯᠠᠮᠵᠢᠯᠠᠯᠲᠤ ᠠᠶᠢᠯ ᠲᠣᠰᠬᠤᠨ ᠪᠠ ᠬᠥᠳᠡᠭᠡ ᠲᠣᠰᠬᠤᠨ ᠤ ᠣᠨᠴᠠᠯᠢᠭᠲᠤ ᠳᠦᠷᠰᠦ ᠪᠠᠶᠢᠳᠠᠯ ᠤᠨ ᠬᠠᠮᠠᠭᠠᠯᠠᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ

ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠯᠪᠠᠰᠤᠨ ᠨᠤᠲᠤᠭ ᠤᠨ ᠰᠤᠷᠲᠠᠯ ᠢ ᠪᠤᠶᠢᠵᠢᠭᠤᠯᠬᠤ ᠬᠡᠷᠡᠭᠲᠡᠢ᠃ ᠬᠥᠳᠡᠯᠦᠩᠭᠦᠢ ᠬᠢᠨᠠᠨ

ᠬᠡᠮᠵᠢᠯᠲᠡ ᠶᠢ ᠦᠷᠭᠦᠯᠵᠢᠯᠡᠨ ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠶᠢᠨ ᠳᠣᠲᠣᠭᠠᠳᠤ ᠬᠥᠳᠡᠯᠭᠡᠭᠦ ᠬᠦᠴᠦᠨ ᠢ

ᠲᠠᠰᠤᠷᠠᠯᠲᠠ ᠦᠭᠡᠢ ᠴᠢᠩᠭᠠᠳᠬᠠᠨ᠂ ᠬᠡᠪᠴᠢᠶᠡᠲᠦ ᠴᠢᠨᠠᠷᠲᠠᠢ ᠳᠠᠭᠢᠨ ᠶᠠᠳᠠᠭᠤᠷᠠᠬᠤ ᠪᠠᠶᠢᠳᠠᠯ ᠥᠯᠥ ᠡᠭᠦᠰᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ

ᠴᠢᠬᠤᠯᠠᠴᠢᠯᠠᠪᠠ᠃

      ᠰᠢ ᠶᠢᠨ ᠫᠢᠩ᠂ ᠬᠥᠭᠵᠢᠯᠲᠡ ᠶᠢᠨ ᠠᠷᠭ᠎ᠠ ᠬᠡᠯᠪᠡᠷᠢ ᠶᠢ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠪᠣᠯᠭᠠᠨ ᠬᠤᠪᠢᠷᠠᠭᠤᠯᠬᠤ ᠶᠢ ᠬᠦᠴᠦᠯᠡᠨ

ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠬᠥᠬᠡᠮᠳᠦᠭ ᠨᠣᠭᠤᠭᠠᠨ ᠠᠭᠤᠯᠠ ᠤᠰᠤ ᠪᠣᠯ

ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠬᠥᠬᠡ ᠣᠭᠲᠠᠷᠭᠤᠢ ᠬᠥᠬᠡᠮᠳᠦᠭ ᠤᠰᠤ ᠠᠷᠢᠭᠤᠨ

ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠢ᠃ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ

ᠬᠠᠮᠠᠭᠠᠯᠠᠯᠲᠠ ᠶᠢ ᠱᠠᠨᠰᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠠᠭᠤᠷᠢ ᠪᠠᠷᠢᠮᠵᠢᠶ᠎ᠠ ᠪᠣᠯᠭᠠᠵᠤ᠂ ᠬᠠᠳᠤᠨ ᠭᠤᠣᠯ ᠤᠨ ᠬᠠᠮᠠᠭᠠᠯᠠᠯᠲᠠ ᠶᠢᠨ ᠬᠠᠤᠯᠢ ᠪᠣᠯᠣᠨ

ᠬᠤᠯᠪᠣᠭᠳᠠᠯ ᠪᠦᠬᠦᠢ ᠲᠥᠯᠦᠪᠵᠢᠭᠦᠯᠭᠡ ᠶᠢ ᠴᠢᠩᠭ᠎ᠠ ᠬᠡᠷᠡᠭᠵᠢᠭᠦᠯᠵᠦ᠂ ᠬᠥᠷᠥᠰᠥ ᠰᠢᠷᠣᠢ ᠶᠢᠨ ᠢᠳᠡᠭᠳᠡᠯ᠂ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠶᠢ

ᠠᠬᠢᠭᠤᠯᠵᠤ᠂ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠵᠤ᠂ ᠲᠠᠷᠢᠶᠠᠯᠠᠩ ᠤᠨ ᠤᠯᠠᠨ ᠡᠬᠢᠲᠦ ᠪᠣᠬᠢᠷᠳᠤᠯ᠂ ᠠᠵᠤ

ᠦᠢᠯᠡᠳᠪᠦᠷᠢ ᠶᠢᠨ ᠪᠣᠬᠢᠷᠳᠤᠯ᠂ ᠬᠤᠳᠠ ᠬᠥᠳᠡᠭᠡ ᠶᠢᠨ ᠠᠮᠢᠳᠤᠷᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ ᠪᠠ ᠠᠭᠤᠷᠬᠠᠢ ᠶᠢᠨ ᠣᠷᠣᠨ ᠤ ᠠᠮᠢ ᠠᠬᠤᠢ ᠣᠷᠴᠢᠨ

ᠲᠣᠭᠤᠷᠢᠨ ᠢ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ᠂ ᠬᠠᠳᠤᠨ ᠭᠤᠣᠯ ᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠴᠢᠨᠯᠢᠩ ᠳᠠᠪᠠᠭ᠎ᠠ ᠶᠢ

ᠪᠠᠶᠢᠩᠭᠤᠵᠢᠭᠤᠯᠤᠨ ᠤᠷᠲᠤ ᠬᠤᠭᠤᠴᠠᠭ᠎ᠠ ᠪᠠᠷ ᠪᠦᠲᠦᠮᠵᠢᠲᠡᠢ ᠬᠠᠮᠠᠭᠠᠯᠠᠬᠤ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠵᠦ᠂ ᠬᠢᠨᠠᠯᠲᠠ ᠬᠠᠮᠢᠶᠠᠷᠤᠯᠲᠠ ᠶᠢᠨ

ᠰᠢᠰᠲ᠋ᠧᠮ ᠢ ᠲᠡᠭᠦᠯᠳᠡᠷᠵᠢᠭᠦᠯᠵᠦ᠂ ᠬᠥᠳᠡᠯᠦᠩᠭᠦᠢ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠰᠠᠶᠢᠲᠤᠷ ᠬᠢᠵᠦ᠂ ᠮᠠᠨ ᠤ ᠤᠯᠤᠰ ᠤᠨ ᠲᠥᠪ ᠤᠰᠤᠨ

ᠰᠤᠪᠤᠷᠭ᠎ᠠ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠢᠨᠵᠧᠨᠧᠷᠢᠩ ᠤᠨ ᠤᠰᠤᠨ

ᠰᠤᠷᠪᠤᠯᠵᠢ ᠶᠢᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ︽ᠲᠤᠩᠭᠠᠯᠠᠭ ᠤᠰᠤ ᠦᠷᠭᠦᠯᠵᠢᠯᠡᠨ ᠤᠮᠠᠷᠠᠰᠢᠯᠠᠬᠤ︾ ᠶᠢ ᠦᠨᠡᠨ ᠬᠦ ᠪᠠᠲᠤᠯᠠᠬᠤ ᠬᠡᠷᠡᠭᠲᠡᠢ᠃

ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠣᠬᠢᠷᠳᠤᠯ ᠦᠭᠡᠢ ᠪᠣᠯᠭᠠᠬᠤ᠂ ᠪᠠᠭ᠎ᠠ ᠨᠡᠭᠦᠷᠡᠰᠦᠲᠥ᠋ᠷᠥᠭᠴᠢᠲᠦ ᠪᠣᠯᠭᠠᠬᠤ ᠶᠢ ᠠᠬᠢᠭᠤᠯᠵᠤ᠂ ᠠᠵᠤ ᠦᠢᠯᠡᠰ ᠤᠨ

ᠪᠦᠲᠦᠴᠡ᠂ ᠡᠨᠧᠷᠭᠢ ᠶᠢᠨ ᠰᠤᠷᠪᠤᠯᠵᠢ ᠶᠢᠨ ᠪᠦᠲᠦᠴᠡ᠂ ᠵᠠᠮ ᠲᠡᠭᠡᠭᠡᠪᠦᠷᠢ ᠶᠢᠨ ᠪᠦᠲᠦᠴᠡ ᠪᠠ ᠭᠠᠵᠠᠷ ᠬᠡᠷᠡᠭᠯᠡᠬᠦ ᠪᠦᠲᠦᠴᠡ ᠶᠢᠨ ᠲᠣᠬᠢᠷᠠᠭᠤᠯᠤᠯᠲᠠ ᠶᠢ

ᠲᠦᠷᠭᠡᠳᠬᠡᠵᠦ᠂ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠤᠨ ᠪᠣᠬᠢᠷᠳᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂

ᠨᠡᠭᠦᠷᠡᠰᠦᠳᠦ᠋ᠷᠦᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ᠂ ᠨᠡᠭᠦᠷᠡᠰᠦᠳᠦ᠋ᠷᠦᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ

ᠯᠠᠪᠳᠠᠭᠤᠨ ᠢᠶᠠᠷ ᠠᠬᠢᠭᠤᠯᠬᠤ ᠬᠡᠷᠡᠭᠲᠡᠢ᠃ ᠪᠦᠭᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠪᠣᠬᠢᠷᠳᠤᠯ ᠦᠭᠡᠢ ᠬᠡᠷᠡᠭᠯᠡᠭᠡ ᠶᠢ

ᠶᠡᠭᠡ ᠪᠠᠷ ᠰᠠᠨᠠᠭᠠᠴᠢᠯᠠᠵᠤ᠂ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

      ᠰᠢ ᠶᠢᠨ ᠫᠢᠩ᠂ ᠳᠣᠲᠣᠭᠠᠳᠤ ᠭᠠᠳᠠᠭᠠᠳᠤ ᠨᠡᠭᠡᠭᠡᠯᠲᠡ ᠶᠢ ᠬᠦᠴᠦᠯᠡᠨ ᠥᠷᠭᠡᠳᠬᠡᠵᠦ᠂ ᠳᠣᠲᠣᠭᠠᠳᠤ ᠬᠠᠭᠤᠷᠠᠢ ᠶᠢᠨ ᠥᠭᠡᠷᠡᠴᠢᠯᠡᠯᠲᠡ ᠨᠡᠭᠡᠭᠡᠯᠲᠡ ᠶᠢᠨ

ᠥᠨᠳᠦᠷᠯᠢᠭ ᠢ ᠴᠣᠭᠴᠠᠯᠠᠬᠤ ᠬᠡᠷᠡᠭᠲᠡᠢ᠃ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤ ᠨᠠᠩ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠪᠠ

ᠦᠢᠯᠡᠴᠢᠯᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠡᠭᠡ ᠪᠠᠶᠢᠷᠢᠰᠢᠯ ᠳᠤ ᠨᠠᠩ ᠭᠦᠨᠵᠡᠭᠡᠢ ᠠᠭᠤᠰᠤᠯᠴᠠᠵᠤ᠂ ᠳᠣᠲᠣᠭᠠᠳᠤ

ᠭᠠᠳᠠᠭᠠᠳᠤ ᠨᠡᠭᠡᠭᠡᠯᠲᠡ ᠶᠢ ᠥᠷᠭᠡᠳᠬᠡᠬᠦ ᠳᠤᠮᠳᠠ ᠬᠥᠳᠡᠯᠭᠡᠭᠦ ᠬᠦᠴᠦᠨ ᠢ ᠴᠢᠩᠭᠠᠷᠠᠭᠤᠯᠵᠤ᠂ ᠠᠮᠢᠵᠢᠷᠠᠯ ᠤᠨ ᠬᠦᠴᠦᠨ ᠢ ᠨᠡᠮᠡᠭᠳᠡᠭᠦᠯᠵᠦ᠂ ᠬᠥᠭᠵᠢᠯᠲᠡ ᠶᠢᠨ ᠰᠢᠨ᠎ᠡ

ᠣᠷᠣᠨ ᠵᠠᠢ ᠶᠢ ᠨᠡᠭᠡᠭᠡᠬᠦ ᠬᠡᠷᠡᠭᠲᠡᠢ᠃ ᠳᠦᠷᠢᠮ᠂ ᠲᠣᠭᠲᠠᠭᠠᠯ᠂ ᠬᠠᠮᠢᠶᠠᠷᠤᠯᠲᠠ᠂ ᠪᠠᠷᠢᠮᠵᠢᠶ᠎ᠠ ᠵᠡᠷᠭᠡ ᠳᠦᠷᠢᠮ ᠤᠨ ᠬᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ

ᠥᠷᠭᠡᠳᠬᠡᠵᠦ᠂ ᠴᠢᠯᠦᠭᠡᠲᠦ ᠠᠷᠠᠯᠵᠢᠶ᠎ᠠ ᠶᠢᠨ ᠲᠤᠷᠰᠢᠯᠲᠠ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠡᠭᠡᠳᠦ ᠴᠢᠳᠠᠮᠵᠢᠲᠤ ᠨᠡᠭᠡᠭᠡᠯᠲᠡ ᠶᠢᠨ

ᠲᠠᠪᠴᠠᠩ ᠢ ᠢᠳᠡᠪᠬᠢᠲᠡᠢ ᠪᠠᠶᠢᠭᠤᠯᠬᠤ ᠬᠡᠷᠡᠭᠲᠡᠢ᠃ ᠪᠠᠷᠠᠭᠤᠨ ᠣᠷᠣᠨ ᠤ ᠡᠬᠡ ᠬᠠᠭᠤᠷᠠᠢ ᠳᠠᠯᠠᠢ ᠲᠠᠩᠭᠢᠰ ᠤᠨ ᠰᠢᠨ᠎ᠡ ᠵᠠᠮ ᠤᠨ ᠪᠦᠲᠦᠭᠡᠨ ᠪᠠᠶᠢᠭᠤᠯᠤᠯᠲᠠ ᠳᠤ

ᠢᠳᠡᠪᠬᠢᠲᠡᠢ ᠣᠷᠣᠯᠴᠠᠵᠤ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠰᠢ ᠠᠨ ᠳᠠᠬᠢ ᠴᠤᠭᠯᠠᠷᠠᠯ ᠤᠨ ᠲᠥᠪ ᠤᠨ ᠦᠢᠯᠡᠳᠦᠯ ᠢ ᠭᠦᠢᠴᠡᠳ

ᠪᠠᠳᠠᠷᠠᠭᠤᠯᠤᠨ᠂ ᠳᠤᠮᠳᠠ ᠠᠽᠢᠶ᠎ᠠ ᠡᠮᠦᠨᠡᠲᠦ ᠠᠽᠢᠶ᠎ᠠ ᠪᠠᠷᠠᠭᠤᠨ ᠠᠽᠢᠶ᠎ᠠ ᠶᠢᠨ ᠤᠯᠤᠰ ᠤᠳ ᠲᠤ ᠬᠠᠨᠳᠤᠭᠤᠯᠤᠭᠰᠠᠨ ᠴᠢᠬᠤᠯᠠ ᠭᠠᠳᠠᠭᠰᠢ ᠨᠡᠭᠡᠭᠡᠯᠲᠡ ᠬᠢᠬᠦ ᠵᠠᠮ ᠢ

ᠲᠦᠷᠭᠡᠳᠬᠡᠨ ᠪᠤᠢ ᠪᠣᠯᠭᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠨ ᠨᠡᠪᠲᠡᠷᠡᠭᠦᠯᠬᠦ ᠳᠤᠮᠳᠠ ᠨᠡᠩ ᠶᠡᠭᠡ ᠦᠢᠯᠡᠳᠦᠯ

ᠪᠠᠳᠠᠷᠠᠭᠤᠯᠬᠤ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ

ᠬᠦᠴᠦᠯᠡᠨ ᠪᠤᠢ ᠪᠣᠯᠭᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠶᠠᠰᠤ ᠴᠢᠨᠠᠷ ᠪᠠ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ

ᠴᠢᠬᠤᠯᠠᠴᠢᠯᠠᠵᠠᠢ᠃

      ᠰᠢ ᠶᠢᠨ ᠫᠢᠩ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠭᠤᠣᠯ ᠰᠡᠳᠦᠪᠲᠦ

ᠬᠥᠮᠦᠵᠢᠯ ᠢ ᠪᠦᠭᠦ ᠨᠠᠮ ᠢᠶᠠᠷ ᠢᠶᠠᠨ ᠭᠦᠨᠵᠡᠭᠡᠢ ᠥᠷᠨᠢᠭᠦᠯᠵᠦ ᠪᠠᠶᠢᠨ᠎ᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠡᠷᠬᠡᠪᠰᠢ ᠭᠦᠨᠵᠡᠭᠡᠢ᠂ ᠯᠠᠪᠳᠠᠭᠤᠨ

ᠪᠠᠲᠤᠲᠠᠢ ᠪᠠᠶᠢᠬᠤ ᠲᠠᠯ᠎ᠠ ᠪᠠᠷ ᠬᠦᠴᠦᠯᠡᠵᠦ᠂ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂

ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯ ᠢ ᠠᠬᠢᠭᠤᠯᠬᠤ ᠲᠠᠯ᠎ᠠ ᠪᠠᠷ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃

ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ ᠪᠣᠯ ᠳᠠᠷᠤᠢ ᠨᠠᠮ ᠤᠨ ᠰᠢᠨᠵᠢᠯᠡᠬᠦ ᠤᠬᠠᠭᠠᠨᠴᠢ ᠤᠨᠤᠯ ᠠᠴᠠ ᠵᠢᠮ᠎ᠡ ᠶᠣᠰᠣ ᠶᠢ ᠣᠶᠢᠯᠠᠭᠠᠵᠤ᠂

ᠴᠢᠭᠯᠡᠯ ᠢᠶᠠᠨ ᠲᠣᠳᠣᠷᠬᠠᠶᠢᠯᠠᠵᠤ᠂ ᠠᠷᠭ᠎ᠠ ᠶᠢ ᠰᠤᠷᠴᠤ᠂ ᠤᠶᠤᠨ ᠤᠬᠠᠭᠠᠨ ᠢᠶᠠᠨ ᠨᠡᠮᠡᠭᠳᠡᠭᠦᠯᠵᠦ᠂ ᠭᠠᠷᠮᠠᠭᠠᠢ ᠡᠷᠳᠡᠮ ᠴᠢᠳᠠᠪᠤᠷᠢ᠂ ᠨᠠᠮ ᠢ ᠮᠠᠨᠳᠤᠭᠤᠯᠬᠤ ᠡᠷᠳᠡᠮ

ᠴᠢᠳᠠᠪᠤᠷᠢ᠂ ᠤᠯᠤᠰ ᠢ ᠬᠦᠴᠦᠷᠬᠡᠭᠵᠢᠭᠦᠯᠬᠦ ᠡᠷᠳᠡᠮ ᠴᠢᠳᠠᠪᠤᠷᠢ ᠶᠢ ᠰᠤᠷᠴᠤ ᠡᠵᠡᠮᠰᠢᠬᠦ ᠶᠠᠪᠤᠳᠠᠯ ᠪᠣᠯᠣᠨ᠎ᠠ᠃ ᠨᠢᠭᠡ ᠳᠤ ᠤᠯᠤᠰ ᠲᠦᠷᠦ ᠶᠢᠨ ᠴᠢᠳᠠᠪᠤᠷᠢ ᠪᠠᠨ

ᠳᠡᠭᠡᠭᠰᠢᠯᠡᠭᠦᠯᠵᠦ᠂ ᠨᠠᠮ ᠪᠣᠯᠣᠨ ᠠᠷᠠᠳ ᠲᠦᠮᠡᠨ ᠤ ᠵᠣᠭᠰᠣᠴᠠ᠂ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠠᠴᠠ ᠠᠰᠠᠭᠤᠳᠠᠯ ᠢ ᠪᠣᠳᠣᠯᠬᠢᠯᠠᠬᠤ᠂

ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠤᠴᠢᠷ ᠶᠠᠪᠤᠳᠠᠯ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠪᠤᠳᠤᠯᠢᠶᠠᠨᠲᠠᠢ ᠠᠰᠠᠭᠤᠳᠠᠯ ᠠᠴᠠ ᠬᠡᠷᠡᠭ ᠪᠣᠳᠠᠰ ᠤᠨ

ᠵᠢᠮ᠎ᠡ ᠶᠣᠰᠣᠴᠢ ᠴᠢᠨᠠᠷ ᠢ ᠡᠵᠡᠮᠳᠡᠬᠦ᠂ ᠴᠤᠬᠤᠶᠢᠯᠲᠠ ᠶᠢᠨ ᠴᠢᠨᠠᠷᠲᠠᠢ ᠠᠰᠠᠭᠤᠳᠠᠯ ᠠᠴᠠ ᠬᠡᠷᠡᠭ ᠪᠣᠳᠠᠰ ᠤᠨ ᠬᠠᠨᠳᠤᠰᠢ ᠴᠢᠨᠠᠷ ᠢ ᠢᠯᠡᠷᠡᠭᠦᠯᠬᠦ᠂ ᠭᠡᠨᠡᠳᠲᠡ ᠶᠢᠨ

ᠠᠰᠠᠭᠤᠳᠠᠯ ᠠᠴᠠ ᠬᠡᠷᠡᠭ ᠪᠣᠳᠠᠰ ᠤᠨ ᠵᠠᠶᠢᠯᠠᠰᠢ ᠦᠭᠡᠢ ᠴᠢᠨᠠᠷ ᠢ ᠲᠠᠨᠢᠬᠤ ᠳᠠᠭᠠᠨ ᠴᠢᠳᠠᠮᠠᠭᠠᠢ ᠪᠠᠶᠢᠵᠤ᠂ ᠨᠠᠷᠢᠨ ᠪᠤᠳᠤᠯᠢᠶᠠᠨᠲᠠᠢ ᠪᠠᠶᠢᠳᠠᠯ ᠢ ᠡᠵᠡᠮᠳᠡᠬᠦ᠂ ᠨᠡᠶᠢᠭᠡᠮ ᠤᠨ

ᠬᠦᠴᠦᠨ ᠢ ᠨᠢᠭᠲᠠᠷᠠᠭᠤᠯᠬᠤ᠂ ᠤᠯᠤᠰ ᠲᠦᠷᠦ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠳᠡᠭᠡᠨ ᠴᠢᠳᠠᠮᠠᠭᠠᠢ ᠪᠠᠶᠢᠵᠤ᠂ ᠨᠠᠮ ᠪᠣᠯᠣᠨ ᠠᠷᠠᠳ ᠲᠦᠮᠡᠨ ᠠᠴᠠ

ᠳᠠᠭᠠᠭᠠᠯᠭᠠᠭᠰᠠᠨ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠰᠠᠶᠢᠲᠤᠷ ᠡᠭᠦᠷᠭᠡᠯᠡᠵᠦ᠂ ᠤᠯᠤᠰ ᠲᠦᠷᠦ ᠶᠢᠨ ᠲᠠᠯ᠎ᠠ ᠪᠠᠷ ᠦᠨᠡᠨ ᠬᠦ ᠮᠡᠷᠭᠡᠨ ᠬᠥᠮᠥᠨ

ᠪᠣᠯᠬᠤ ᠬᠡᠷᠡᠭᠲᠡᠢ᠃ ᠬᠤᠶᠠᠷ ᠲᠤ ᠰᠡᠳᠬᠢᠬᠦᠢ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ᠂ ᠠᠷᠭ᠎ᠠ ᠶᠢᠨ ᠣᠨᠣᠯ ᠪᠣᠯᠣᠨ ᠲᠡᠭᠦᠨ ᠳᠤ ᠲᠤᠭᠤᠰᠢᠯᠠᠭᠳᠠᠵᠤ ᠪᠠᠶᠢᠭ᠎ᠠ ᠵᠣᠭᠰᠣᠯᠲᠠ ᠦᠵᠡᠯᠲᠡ

ᠠᠷᠭ᠎ᠠ ᠶᠢ ᠥᠪᠡᠷ ᠤᠨ ᠰᠢᠨᠵᠢᠯᠡᠬᠦ ᠤᠬᠠᠭᠠᠨᠴᠢ ᠦᠵᠡᠯ ᠰᠠᠨᠠᠭ᠎ᠠ ᠠᠷᠭ᠎ᠠ ᠪᠣᠯᠭᠠᠨ ᠬᠤᠪᠢᠷᠠᠭᠤᠯᠵᠤ᠂ ᠠᠰᠠᠭᠤᠳᠠᠯ ᠢ ᠰᠤᠳᠤᠯᠬᠤ᠂ ᠠᠰᠠᠭᠤᠳᠠᠯ ᠢ ᠰᠢᠢᠳᠪᠦᠷᠢᠯᠡᠬᠦ ︽

ᠶᠡᠷᠦᠩᠬᠡᠢ ᠲᠦᠯᠬᠢᠭᠦᠷ︾ ᠪᠣᠯᠭᠠᠵᠤ᠂ ᠪᠠᠶᠢᠯᠳᠤᠬᠤ ᠪᠣᠳᠣᠯᠭ᠎ᠠ ᠶᠢᠨ ᠰᠡᠳᠬᠢᠬᠦᠢ᠂ ᠬᠤᠪᠢᠰᠤᠩᠭᠤᠢ ᠰᠡᠳᠬᠢᠬᠦᠢ᠂ ᠰᠢᠰᠲ᠋ᠧᠮᠲᠦ ᠰᠡᠳᠬᠢᠬᠦᠢ᠂ ᠰᠢᠨ᠎ᠡ ᠶᠢ ᠡᠭᠦᠳᠬᠦ

ᠰᠡᠳᠬᠢᠬᠦᠢ᠂ ᠲᠡᠦᠬᠡ ᠶᠢᠨ ᠰᠡᠳᠬᠢᠬᠦᠢ᠂ ᠬᠠᠤᠯᠢᠵᠢᠯ ᠤᠨ ᠰᠡᠳᠬᠢᠬᠦᠢ᠂ ᠬᠤᠷᠢᠭ᠎ᠠ ᠱᠤᠭᠤᠮ ᠤᠨ ᠰᠡᠳᠬᠢᠬᠦᠢ ᠶᠢᠨ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂

ᠬᠡᠷᠡᠭ ᠪᠣᠳᠠᠰ ᠤᠨ ᠮᠥᠨ ᠴᠢᠨᠠᠷ ᠢ ᠡᠵᠡᠮᠳᠡᠬᠦ᠂ ᠬᠥᠭᠵᠢᠯᠲᠡ ᠶᠢᠨ ᠵᠢᠮ᠎ᠡ ᠶᠣᠰᠣ ᠶᠢ ᠡᠵᠡᠮᠳᠡᠬᠦ᠂ ᠠᠵᠢᠯ ᠤᠨ ᠵᠠᠩᠭᠢᠯᠠᠭ᠎ᠠ ᠶᠢ ᠡᠵᠡᠮᠳᠡᠬᠦ᠂ ᠲᠥᠷᠥ ᠶᠢᠨ

ᠪᠣᠳᠣᠯᠭ᠎ᠠ ᠶᠢᠨ ᠪᠠᠷᠢᠮᠵᠢᠶ᠎ᠠ ᠶᠢ ᠡᠵᠡᠮᠳᠡᠬᠦ ᠳᠡᠭᠡᠨ ᠴᠢᠳᠠᠮᠠᠭᠠᠢ ᠪᠠᠶᠢᠵᠤ᠂ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠤᠷᠢᠳᠴᠢᠯᠠᠨ ᠮᠡᠳᠡᠬᠦ ᠴᠢᠨᠠᠷ᠂

ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠴᠢᠩᠭᠠᠳᠬᠠᠬᠤ ᠬᠡᠷᠡᠭᠲᠡᠢ᠃ ᠭᠤᠷᠪᠠ ᠳᠤ ᠦᠢᠯᠡᠳᠦᠯᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠤᠨᠤᠯ ᠢ

ᠪᠣᠳᠠᠲᠠᠢ ᠲᠠᠢ ᠤᠶᠠᠯᠳᠤᠭᠤᠯᠬᠤ ᠰᠢᠯᠢᠳᠡᠭ ᠰᠤᠷᠤᠯᠴᠠᠯᠭ᠎ᠠ ᠶᠢᠨ ᠰᠤᠷᠲᠠᠯ ᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ

ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢᠨ

ᠦᠢᠯᠡᠳᠦᠯᠭᠡ ᠶᠢᠨ ᠱᠠᠭᠠᠷᠳᠠᠯᠭ᠎ᠠ ᠶᠢ ᠪᠦᠭᠦ ᠲᠠᠯ᠎ᠠ ᠪᠠᠷ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠤᠯᠠᠨ ᠲᠦᠮᠡᠨ ᠳᠤ ᠦᠢᠯᠡᠴᠢᠯᠡᠬᠦ᠂ ᠠᠶᠤᠯ

ᠲᠦᠭᠰᠢᠭᠦᠷᠢ ᠶᠢ ᠰᠡᠷᠭᠡᠶᠢᠯᠡᠨ ᠨᠠᠮᠳᠠᠭᠠᠬᠤ ᠴᠢᠳᠠᠪᠤᠷᠢ ᠪᠠᠨ ᠴᠢᠩᠭᠠᠳᠬᠠᠵᠤ᠂ ᠲᠡᠮᠡᠴᠡᠯ ᠤᠨ ᠵᠣᠷᠢᠭ ᠰᠠᠨᠠᠭ᠎ᠠ ᠪᠣᠯᠣᠨ ᠲᠡᠮᠡᠴᠡᠯ ᠤᠨ ᠴᠢᠳᠠᠪᠤᠷᠢ ᠶᠢ

ᠪᠦᠷᠢᠯᠳᠦᠭᠦᠯᠬᠦ ᠪᠠᠨ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠥᠷᠢᠰᠦᠯᠳᠦᠭᠡᠨ ᠢ ᠠᠷᠭᠠᠴᠠᠭᠠᠬᠤ᠂ ᠴᠣᠬᠢᠯᠲᠠ ᠶᠢ ᠡᠰᠡᠷᠭᠦᠴᠡᠬᠦ ᠴᠢᠳᠠᠪᠤᠷᠢ ᠪᠠᠨ

ᠬᠦᠴᠦᠯᠡᠨ ᠴᠢᠩᠭᠠᠳᠬᠠᠵᠤ᠂ ᠮᠡᠳᠡᠯᠭᠡ ᠶᠢᠨ ᠬᠤᠭᠤᠰᠤᠨ ᠢᠶᠠᠨ ᠴᠠᠭ ᠲᠤᠬᠠᠢ ᠳᠤᠨᠢ ᠨᠥᠬᠦᠪᠦᠷᠢᠯᠡᠵᠦ᠂ ᠬᠡᠪ ᠪᠣᠯᠪᠠᠰᠤᠷᠠᠯ ᠤᠨ ᠳᠤᠲᠠᠭᠤᠳᠠᠯ ᠢᠶᠠᠨ ᠨᠥᠬᠦᠪᠦᠷᠢᠯᠡᠵᠦ᠂

ᠴᠢᠳᠠᠪᠤᠷᠢ ᠶᠢᠨ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠲᠤᠰᠬᠠᠶᠢᠵᠢᠭᠰᠠᠨ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠱᠠᠨᠰᠢ

ᠮᠤᠵᠢ ᠶᠢᠨ ᠬᠢᠨ ᠲᠤᠰ ᠪᠡᠶ᠎ᠡ ᠶᠢᠨ ᠲᠡᠦᠬᠡ ᠰᠣᠶᠣᠯ ᠤᠨ ᠡᠬᠢ ᠪᠠᠶᠠᠯᠢᠭ ᠪᠣᠯᠣᠨ ᠬᠤᠪᠢᠰᠬᠠᠯᠲᠤ ᠰᠣᠶᠣᠯ ᠤᠨ ᠡᠬᠢ ᠪᠠᠶᠠᠯᠢᠭ ᠢᠶᠠᠨ ᠰᠠᠶᠢᠲᠤᠷ ᠠᠰᠢᠭᠯᠠᠵᠤ᠂ ᠨᠠᠮ

ᠪᠠᠶᠢᠭᠤᠯᠤᠭᠰᠠᠨ ᠠᠭᠤᠤ ᠶᠡᠭᠡ ᠵᠣᠷᠢᠭ ᠰᠠᠨᠠᠭ᠎ᠠ ᠪᠣᠯᠣᠨ ᠶᠠᠨ ᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠭᠤᠣᠯ ᠰᠡᠳᠦᠪᠲᠦ ᠬᠥᠮᠦᠵᠢᠯ ᠤᠨ

ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ 

      

5.19.1.3.jpg

      5 ᠰᠠᠷ᠎ᠠ ᠶᠢᠨ 16 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ

ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠳᠤᠮᠳᠠᠳᠤ ᠤᠯᠤᠰ - ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠢ ᠡᠷᠭᠢᠯᠡᠭᠦ ᠪᠠᠷ ᠱᠠᠨᠰᠢ ᠶᠢᠨ

ᠰᠢ ᠠᠨ ᠳᠤ ᠬᠦᠷᠬᠦ ᠵᠠᠮ ᠵᠠᠭᠤᠷ᠎ᠠ ᠪᠠᠨ ᠱᠠᠨ ᠰᠢ ᠶᠢᠨ ᠶᠦᠨᠴᠧᠩ ᠬᠤᠳᠠ ᠶᠢᠨ ᠮᠦᠽᠧᠢ ᠳᠤ ᠰᠢᠨᠵᠢᠯᠡᠨ ᠪᠠᠶᠢᠴᠠᠭᠠᠪᠠ᠃

      ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ

    

      ᠰᠢ ᠶᠢᠨ ᠫᠢᠩ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠪᠣᠯᠣᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠳᠤ ᠰᠡᠳᠬᠢᠯ

ᠲᠠᠯᠪᠢᠭᠰᠠᠭᠠᠷ ᠢᠷᠡᠵᠡᠢ᠃ 5 ᠰᠠᠷ᠎ᠠ ᠶᠢᠨ 16 ᠤ ᠦᠳᠡ ᠶᠢᠨ ᠬᠤᠶᠢᠨ᠎ᠠ᠂ ᠰᠢ ᠶᠢᠨ ᠫᠢᠩ ᠱᠠᠨᠰᠢ ᠳᠤ ᠬᠦᠷᠬᠦ ᠵᠠᠮ ᠵᠠᠭᠤᠷ᠎ᠠ ᠪᠠᠨ ᠭᠠᠯᠲᠤ ᠲᠡᠷᠭᠡᠨ ᠠᠴᠠ ᠪᠠᠭᠤᠵᠤ

᠂ ᠱᠠᠨ ᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠯᠠᠨ ᠹᠥᠸᠧ ᠠᠨ᠂ ᠮᠤᠵᠢ ᠶᠢᠨ ᠳᠠᠷᠤᠭ᠎ᠠ ᠶᠢᠨ ᠰᠢᠶᠠᠩ ᠵᠢᠶᠦ᠋ᠨ ᠤ ᠪᠠᠷ᠎ᠠ ᠪᠤᠯᠤᠯᠭ᠎ᠠ ᠲᠠᠢ ᠪᠠᠷ ᠤᠷᠢᠳ

ᠬᠤᠵᠢᠳ ᠶᠦᠨᠴᠧᠩ ᠬᠤᠳᠠ ᠶᠢᠨ ᠮᠦᠽᠧᠢ ᠪᠣᠯᠣᠨ ᠶᠦᠨᠴᠧᠩ ᠳᠠᠪᠤᠰᠤᠨ ᠨᠠᠭᠤᠷ ᠲᠤ ᠰᠢᠨᠵᠢᠯᠡᠨ ᠪᠠᠶᠢᠴᠠᠭᠠᠪᠠ᠃ ᠶᠦᠨᠴᠸᠡᠭ ᠬᠤᠲᠠ ᠥᠨᠢ ᠤᠳᠠᠭᠠᠨ ᠲᠡᠦᠬᠡ᠂

ᠭᠦᠨ ᠵᠤᠵᠠᠭᠠᠨ ᠰᠣᠶᠣᠯ ᠤᠨ ᠲᠤᠨᠳᠠᠰᠤ ᠲᠠᠢ ᠪᠠᠶᠢᠵᠤ᠂ ︽ᠳᠠᠪᠤᠰᠤᠨ ᠲᠡᠭᠡᠭᠡᠪᠦᠷᠢ ᠶᠢᠨ ᠬᠤᠲᠠ︾ ᠪᠠᠷ ᠢᠶᠠᠨ ᠶᠦᠨᠴᠧᠩ ᠬᠡᠮᠡᠨ ᠨᠡᠷᠡᠯᠡᠭᠳᠡᠵᠡᠢ᠃ ᠮᠦᠽᠧᠢ ᠳᠤ᠂

ᠰᠢ ᠶᠢᠨ ᠫᠢᠩ ︽ᠳᠤᠮᠳᠠᠳᠤ ᠶᠢᠨ ᠦᠨᠳᠦᠰᠦᠲᠡᠨ ᠤ ᠤᠳᠤᠮ ᠤᠭᠰᠠᠭ᠎ᠠ ᠶᠢ ᠬᠠᠶᠢᠬᠤᠢ︾᠂ ︽ᠣᠷᠳᠣᠨ ᠳᠤ ᠬᠠᠳᠠᠭᠠᠯᠠᠵᠤ ᠪᠠᠶᠢᠭ᠎ᠠ ᠬᠤᠪᠣᠷ ᠡᠷᠳᠡᠨᠢ︾᠂ ︽

ᠳᠠᠪᠤᠰᠤᠨ ᠨᠠᠭᠤᠷᠲᠤ ᠴᠦᠨ ᠴᠢᠦ︾ ᠵᠡᠷᠭᠡ ᠳᠡᠯᠭᠡᠨ ᠦᠵᠡᠭᠦᠯᠭᠡ ᠶᠢ ᠲᠣᠭᠤᠷᠢᠨ ᠦᠵᠡᠵᠦ᠂ ᠶᠦᠨᠴᠧᠩ ᠬᠤᠳᠠ ᠶᠢᠨ ᠬᠥᠮᠥᠨ ᠲᠥᠷᠥᠯᠬᠢᠲᠡᠨ ᠤ ᠡᠬᠢ ᠡᠭᠦᠰᠦᠯ

ᠪᠣᠯᠣᠨ ᠳᠤᠮᠳᠠᠳᠤ ᠶᠢᠨ ᠪᠣᠯᠪᠠᠰᠤᠨ ᠤ ᠡᠷᠲᠡ ᠦᠶ᠎ᠡ ᠶᠢᠨ ᠲᠡᠦᠬᠡ ᠶᠢᠨ ᠬᠥᠭᠵᠢᠯᠲᠡ ᠵᠡᠷᠭᠡ ᠶᠢ ᠨᠠᠷᠢᠨ ᠣᠶᠢᠯᠠᠭᠠᠬᠤ ᠶᠢᠨ ᠬᠠᠮᠲᠤ ᠶᠦᠨᠴᠧᠩ ᠬᠤᠳᠠ ᠶᠢᠨ

ᠳᠠᠪᠤᠰᠤᠨ ᠨᠠᠭᠤᠷ ᠤᠨ ᠪᠦᠷᠢᠯᠳᠦᠨ ᠬᠥᠭᠵᠢᠭᠰᠡᠨ ᠪᠠ ᠲᠡᠦᠬᠡ ᠶᠢᠨ ᠤᠯᠠᠷᠢᠯ ᠬᠤᠪᠢᠰᠤᠯᠲᠠ ᠶᠢᠨ ᠲᠠᠨᠢᠯᠴᠠᠭᠤᠯᠭ᠎ᠠ ᠶᠢ ᠰᠣᠨᠣᠰᠪᠠ᠃ ᠰᠢ ᠶᠢᠨ ᠫᠢᠩ᠂ ᠮᠦᠽᠧᠢ ᠳᠤ

ᠮᠠᠰᠢ ᠤᠯᠠᠨ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠲᠡᠷᠡᠴᠢᠯᠡᠨ ︽ᠤᠯᠤᠰ ᠤᠨ ᠡᠷᠳᠡᠨᠢ︾ ᠪᠤᠢ᠂ ᠡᠨᠡ ᠨᠢ ᠮᠠᠨ ᠤ ᠤᠯᠤᠰ ᠤᠨ ᠵᠠᠭᠤᠨ ᠲᠦᠮᠡᠨ

ᠵᠢᠯ ᠤᠨ ᠬᠥᠮᠥᠨ ᠲᠥᠷᠥᠯᠬᠢᠲᠡᠨ ᠤ ᠲᠡᠦᠬᠡ᠂ ᠲᠦᠮᠡᠨ ᠵᠢᠯ ᠤᠨ ᠰᠣᠶᠣᠯ ᠤᠨ ᠲᠡᠦᠬᠡ᠂ ᠲᠠᠪᠤᠨ ᠮᠢᠩᠭ᠎ᠠ ᠭᠠᠷᠤᠢ ᠵᠢᠯ ᠤᠨ ᠪᠣᠯᠪᠠᠰᠤᠨ ᠤ ᠲᠡᠦᠬᠡ ᠶᠢ ᠭᠡᠷᠡᠴᠢᠯᠡᠵᠦ

ᠪᠠᠶᠢᠨ᠎ᠠ᠂ ᠳᠤᠮᠳᠠᠳᠤ ᠶᠢᠨ ᠪᠣᠯᠪᠠᠰᠤᠨ ᠤ ᠡᠬᠢ ᠰᠤᠷᠪᠤᠯᠵᠢ ᠶᠢ ᠬᠠᠶᠢᠨ ᠰᠢᠨᠵᠢᠯᠡᠬᠦ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠳᠤᠮᠳᠠᠳᠤ ᠤᠯᠤᠰ ᠤᠨ

ᠪᠣᠯᠪᠠᠰᠤᠨ ᠤ ᠲᠡᠦᠬᠡ ᠶᠢᠨ ᠰᠤᠳᠤᠯᠭᠠᠨ ᠢ ᠭᠦᠨᠵᠡᠭᠡᠶᠢᠷᠡᠭᠦᠯᠬᠦ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ᠂

ᠬᠠᠮᠢᠶᠠᠷᠤᠯᠲᠠ ᠪᠠᠨ ᠴᠢᠩᠭᠠᠳᠬᠠᠬᠤ᠂ ᠦᠷᠳᠡᠭ ᠢ ᠠᠭᠤᠳᠠᠯᠬᠤ᠂ ᠪᠦᠲᠦᠮᠵᠢᠲᠡᠢ ᠠᠰᠢᠭᠯᠠᠬᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠯᠠᠭᠤᠯᠬᠤ ᠠᠵᠢᠯ ᠤᠨ

ᠲᠤᠬᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ

ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠬᠤ ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

      ᠶᠦᠨᠴᠧᠩ ᠤᠨ ᠳᠠᠪᠤᠰᠤᠨ ᠨᠠᠭᠤᠷ ᠨᠢ 4600 ᠭᠠᠷᠤᠢ ᠵᠢᠯ ᠤᠨ ᠨᠡᠭᠡᠭᠡᠨ ᠮᠠᠯᠲᠠᠭᠰᠠᠨ ᠲᠡᠦᠬᠡ ᠲᠠᠢ᠂ ᠭᠦᠨ ᠵᠤᠵᠠᠭᠠᠨ ᠰᠣᠶᠣᠯ ᠢᠷᠭᠡᠨᠰᠢᠯ ᠤᠨ

ᠠᠭᠤᠯᠤᠭᠳᠠᠬᠤᠨ ᠪᠠ ᠴᠢᠬᠤᠯᠠ ᠲᠡᠦᠬᠡ ᠶᠢᠨ ᠦᠨ᠎ᠡ ᠦᠷᠳᠡᠭ ᠲᠠᠢ ᠶᠤᠮ᠃ ᠣᠶᠢᠷ᠎ᠠ ᠶᠢᠨ ᠵᠢᠯ ᠠᠴᠠ ᠨᠠᠭᠠᠰᠢ᠂ ᠲᠤᠬᠠᠢ ᠶᠢᠨ ᠭᠠᠵᠠᠷ ᠤᠨ ᠬᠢᠨ ᠬᠠᠮᠠᠭᠠᠯᠠᠬᠤ ᠶᠢ

ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ︽ᠳᠠᠪᠤᠰᠤ ᠮᠠᠯᠲᠠᠬᠤ ᠶᠢ ᠵᠣᠭᠰᠣᠭᠠᠵᠤ ᠨᠠᠭᠤᠷ ᠢ ᠰᠡᠷᠭᠦᠭᠡᠬᠦ︾ ᠶᠢ ᠬᠡᠷᠡᠭᠵᠢᠭᠦᠯᠵᠦ᠂

ᠳᠠᠪᠤᠰᠤᠨ ᠨᠠᠭᠤᠷ ᠤᠨ ᠬᠠᠮᠠᠭᠠᠯᠠᠯᠲᠠ ᠶᠢᠨ ᠬᠡᠪᠴᠢᠶᠡᠨ ᠳᠠᠬᠢ ᠠᠯᠢᠪᠠ ᠠᠵᠤ ᠦᠢᠯᠡᠳᠪᠦᠷᠢ ᠶᠢᠨ ᠦᠢᠯᠡᠳᠪᠦᠷᠢᠯᠡᠯ ᠢ ᠵᠣᠭᠰᠣᠭᠠᠵᠤ᠂ ᠭᠠᠵᠠᠷ ᠣᠷᠣᠨ ᠤ

ᠪᠠᠶᠢᠳᠠᠯ ᠳᠠᠭᠠᠨ ᠲᠣᠬᠢᠷᠠᠭᠤᠯᠤᠨ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠪᠠ᠃ ᠰᠢ ᠶᠢᠨ ᠫᠢᠩ ᠦᠵᠡᠭᠦᠯᠭᠡ ᠶᠢᠨ ᠰᠠᠮᠪᠠᠷ᠎ᠠ

᠂ ᠦᠵᠡᠭᠦᠯᠭᠡ ᠶᠢᠨ ᠪᠣᠳᠠᠰ ᠵᠡᠷᠭᠡ ᠲᠠᠢ ᠤᠶᠠᠯᠳᠤᠭᠤᠯᠤᠨ ᠬᠤᠯᠪᠣᠭᠳᠠᠯ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠳᠠᠪᠤᠰᠤᠨ ᠨᠠᠭᠤᠷ ᠤᠨ ᠳᠦᠷᠰᠦ

ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ᠂ ᠳᠠᠪᠤᠰᠤᠨ ᠨᠠᠭᠤᠷ ᠤᠨ ᠠᠮᠢ ᠠᠬᠤᠢ ᠶᠢᠨ ᠦᠨ᠎ᠡ ᠥᠷᠲᠡᠭ ᠪᠣᠯᠣᠨ ᠴᠢᠳᠠᠮᠵᠢ ᠶᠠᠪᠤᠬᠤ

ᠲᠤᠲᠤᠮ ᠴᠢᠬᠤᠯᠠ ᠪᠣᠯᠵᠤ ᠪᠠᠶᠢᠨ᠎ᠠ᠂ ᠬᠠᠮᠠᠭᠠᠯᠠᠵᠤ ᠠᠰᠢᠭᠯᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠳᠠᠪᠤᠰᠤᠨ ᠨᠠᠭᠤᠷ ᠤᠨ ᠥᠪᠡᠷᠮᠢᠴᠡ

ᠰᠣᠶᠣᠯ ᠢᠷᠭᠡᠨᠰᠢᠯ ᠲᠡᠦᠬᠡ ᠶᠢᠨ ᠡᠬᠢ ᠪᠠᠶᠠᠯᠢᠭ ᠪᠣᠯᠣᠨ ᠠᠮᠢ ᠠᠬᠤᠢ ᠶᠢᠨ ᠡᠬᠢ ᠪᠠᠶᠠᠯᠢᠭ ᠢ ᠦᠶ᠎ᠡ ᠶᠢᠨ ᠦᠶ᠎ᠡ ᠳᠤ ᠤᠯᠠᠮᠵᠢᠯᠠᠵᠤ᠂ ᠲᠡᠭᠦᠨ ᠤ ᠠᠮᠢ ᠠᠬᠤᠢ ᠶᠢᠨ

ᠴᠢᠳᠠᠮᠵᠢ ᠶᠢ ᠠᠯᠬᠤᠮ ᠠᠯᠬᠤᠮ ᠢᠶᠠᠷ ᠰᠡᠷᠭᠦᠭᠡᠵᠦ᠂ ᠲᠡᠭᠦᠨ ᠤ ᠲᠡᠦᠬᠡ ᠰᠣᠶᠣᠯ ᠤᠨ ᠦᠨ᠎ᠡ ᠥᠷᠲᠡᠭ ᠢ ᠨᠠᠩ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠵᠢᠭᠠᠵᠤ

ᠭᠠᠷᠭᠠᠪᠠ᠃ ᠲᠡᠷᠡ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠪᠣᠯ ᠨᠠᠮ ᠤᠨ ᠲᠥᠪ

ᠬᠤᠷᠢᠶ᠎ᠠ ᠶᠢᠨ ᠳᠤᠮᠳᠠᠳᠤ ᠶᠢᠨ ᠦᠨᠳᠦᠰᠦᠲᠡᠨ ᠪᠣᠯᠣᠨ ᠳᠤᠮᠳᠠᠳᠤ ᠶᠢᠨ ᠪᠣᠯᠪᠠᠰᠤᠨ ᠤ ᠥᠨᠢᠳᠡ ᠶᠢᠨ ᠦᠷᠭᠦᠯᠵᠢᠯᠡᠬᠦ ᠬᠥᠭᠵᠢᠯᠲᠡ ᠶᠢᠨ ᠥᠨᠳᠥᠷᠴᠡ ᠠᠴᠠ

ᠭᠠᠷᠭᠠᠭᠰᠠᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠂ ᠬᠠᠲᠤᠨ ᠭᠤᠣᠯ ᠤᠨ ᠰᠠᠪᠠ ᠭᠠᠵᠠᠷ ᠤᠨ ᠡᠯ᠎ᠡ ᠮᠤᠵᠢ ᠣᠷᠣᠨ ᠴᠥᠮ

ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠶᠢ ᠬᠥᠭᠵᠢᠯᠲᠡ ᠶᠢ ᠲᠥᠯᠥᠪᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ

ᠰᠠᠭᠤᠷᠢ ᠪᠠᠷᠢᠮᠵᠢᠶ᠎ᠠ ᠪᠣᠯᠭᠠᠬᠤ ᠶᠢ ᠪᠠᠷᠢᠮᠲᠠᠯᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠳᠤ ᠠᠰᠢᠭ ᠦᠭᠡᠢ ᠶᠠᠪᠤᠳᠠᠯ ᠢ

ᠶᠠᠭᠠᠬᠢᠭᠰᠠᠨ ᠴᠤ ᠬᠢᠵᠦ ᠪᠣᠯᠬᠤ ᠦᠭᠡᠢ ᠭᠡᠵᠦ ᠴᠢᠬᠤᠯᠠᠴᠢᠯᠠᠪᠠ᠃

      ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ

ᠡᠷᠭᠢᠯᠡᠭᠴᠢ ᠼᠠᠢ ᠴᠢ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠭᠰᠠᠨ ᠪᠥᠭᠡᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃

      ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠭᠰᠠᠨ ᠪᠥᠭᠡᠳ

ᠪᠠᠷ᠎ᠠ ᠪᠣᠯᠵᠤ ᠰᠢᠨᠵᠢᠯᠡᠨ ᠪᠠᠶᠢᠴᠠᠭᠠᠵᠤ᠂ ᠭᠤᠣᠯ ᠰᠡᠳᠦᠪᠲᠦ ᠬᠥᠮᠦᠵᠢᠯ ᠤᠨ ᠲᠥᠪ ᠤᠨ ᠭᠤᠷᠪᠠᠳᠤᠭᠠᠷ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ

ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠵᠠᠢ᠃ 

  

 

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ