ᠰᠢ ᠶᠢᠨ ᠫᠢᠩ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2023/5/19
     ᠰᠢᠨᠬᠤᠸᠠ ᠬᠤᠷᠢᠶ᠎ᠠ ᠶᠢᠨ ᠰᠢ ᠠᠨ ᠤ 5 ᠰᠠᠷ᠎ᠠ ᠶᠢᠨ 17 ᠤ ᠴᠠᠬᠢᠯᠭᠠᠨ ᠮᠡᠳᠡᠭᠡ 5 ᠰᠠᠷ᠎ᠠ ᠶᠢᠨ 17 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠢ ᠠᠨ ᠳᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠠᠽᠠᠬᠰᠲ᠋ᠠᠨ ᠤ ᠶᠡᠷᠦᠩᠬᠡᠶᠢᠯᠡᠭᠴᠢ ᠲᠦᠸᠧᠺᠠᠶᠧᠹ ᠲᠠᠢ ᠬᠡᠯᠡᠯᠴᠡᠭᠡ ᠬᠢᠪᠡ᠃      ᠰᠢ ᠶᠢᠨ ᠫᠢᠩ᠂ ᠳᠤᠮᠳᠠᠳᠤ ᠺᠠᠽᠠᠬᠰᠲ᠋ᠠᠨ ᠪᠣᠯ ᠬᠠᠷᠢᠯᠴᠠᠨ ᠢᠲᠡᠭᠡᠭᠦᠰᠢᠲᠡᠢ ᠰᠠᠶᠢᠨ ᠨᠠᠶᠢᠵᠠ᠂ ᠰᠠᠶᠢᠨ ᠠᠬ᠎ᠠ ᠳᠡᠭᠦᠦ᠂ ᠰᠠᠶᠢᠨ ᠬᠠᠨᠢᠲᠠᠨ ᠮᠥᠨ᠃ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ᠂ ᠺᠠᠽᠠᠬᠰᠲ᠋ᠠᠨ ᠶᠠᠭ ᠲᠦᠷᠭᠡᠨ ᠬᠥᠭᠵᠢᠭᠰᠡᠨ᠂ ᠴᠡᠴᠡᠭᠯᠡᠨ ᠬᠥᠭᠵᠢᠭᠰᠡᠨ ︽ᠰᠢᠨ᠎ᠡ ᠺᠠᠽᠠᠬᠰᠲ᠋ᠠᠨ︾ ᠢᠶᠠᠨ ᠪᠦᠲᠦᠭᠡᠨ ᠪᠠᠶᠢᠭᠤᠯᠵᠤ ᠪᠠᠶᠢᠨ᠎ᠠ᠃ ᠳᠤᠮᠳᠠᠳᠤ ᠺᠠᠽᠠᠬᠰᠲ᠋ᠠᠨ ᠴᠥᠮ ᠬᠥᠭᠵᠢᠨ ᠮᠠᠨᠳᠤᠬᠤ ᠵᠠᠩᠭᠢᠯᠠᠭ᠎ᠠ ᠶᠢᠨ ᠱᠠᠲᠤᠨ ᠳᠤ ᠣᠷᠣᠰᠢᠵᠤ᠂ ᠳᠤᠮᠳᠠᠳᠤ ᠺᠠᠽᠠᠬᠰᠲ᠋ᠠᠨ ᠤ ᠬᠠᠷᠢᠯᠴᠠᠭ᠎ᠠ ᠨᠢᠭᠡᠨᠲᠡ ᠰᠢᠨ᠎ᠡ ︽ᠰᠢᠵᠢᠷ ᠠᠯᠳᠠᠨ ᠭᠤᠴᠢᠨ ᠵᠢᠯ︾ ᠢᠶᠠᠨ ᠡᠬᠢᠯᠡᠭᠦᠯᠵᠡᠢ᠃ ᠬᠤᠶᠠᠷ ᠲᠠᠯ᠎ᠠ ᠪᠠᠷ ᠢᠶᠠᠨ ᠤᠯᠠᠮᠵᠢᠯᠠᠯᠲᠤ ᠨᠥᠬᠦᠷᠯᠡᠯ ᠢᠶᠠᠨ ᠶᠡᠭᠡ ᠪᠠᠷ ᠪᠠᠳᠠᠷᠠᠭᠤᠯᠵᠤ᠂ ᠡᠷᠡᠰ ᠪᠠᠲᠤ ᠪᠠᠷ ᠬᠠᠷᠢᠯᠴᠠᠨ ᠳᠡᠮᠵᠢᠵᠦ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠨᠢᠭᠲᠠᠷᠠᠭᠤᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠥᠭᠵᠢᠯᠲᠡ ᠮᠠᠨᠳᠤᠯᠲᠠ ᠶᠢ ᠬᠠᠮᠲᠤ ᠪᠠᠷ ᠰᠦᠪᠡᠭᠴᠢᠯᠡᠵᠦ᠂ ᠦᠶ᠎ᠡ ᠶᠢᠨ ᠦᠶ᠎ᠡ ᠳᠡᠭᠡᠨ ᠨᠥᠭᠦᠷᠰᠡᠭ᠂ ᠳᠡᠭᠡᠳᠦ ᠬᠡᠮᠵᠢᠶ᠎ᠡ ᠪᠠᠷ ᠢᠲᠡᠭᠡᠯᠴᠡᠭᠰᠡᠨ᠂ ᠵᠢᠷᠭᠠᠯ ᠵᠣᠪᠠᠯᠠᠩ ᠢᠶᠠᠨ ᠬᠠᠮᠲᠤᠳᠬᠠᠭᠰᠠᠨ ᠳᠤᠮᠳᠠᠳᠤ ᠺᠠᠽᠠᠬᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠶ᠎ᠠ ᠭᠡᠵᠦ ᠵᠢᠭᠠᠵᠤ ᠭᠠᠷᠭᠠᠪᠠ᠃   

会见.jpg

     ᠰᠢ ᠶᠢᠨ ᠫᠢᠩ᠂ ᠪᠡᠶ᠎ᠡ ᠪᠠᠨ ᠳᠠᠭᠠᠭᠠᠵᠤ ᠡᠵᠡᠨ ᠮᠡᠳᠡᠭᠰᠡᠨ᠂ ᠠᠮᠤᠷ ᠲᠦᠪᠰᠢᠨ ᠲᠣᠭᠲᠠᠭᠤᠨ᠂ ᠬᠥᠭᠵᠢᠨ ᠴᠡᠴᠡᠭᠯᠡᠭᠰᠡᠨ ᠺᠠᠽᠠᠬᠰᠲ᠋ᠠᠨ ᠪᠣᠯ ᠳᠤᠮᠳᠠᠳᠤ

ᠺᠠᠽᠠᠬᠰᠲ᠋ᠠᠨ ᠬᠤᠶᠠᠷ ᠤᠯᠤᠰ ᠤᠨ ᠠᠷᠠᠳ ᠲᠦᠮᠡᠨ ᠤ ᠬᠠᠮᠲᠤ ᠶᠢᠨ ᠠᠰᠢᠭ ᠲᠤᠰᠠ ᠲᠠᠢ ᠨᠡᠶᠢᠴᠡᠨ᠎ᠡ᠃ ᠳᠤᠮᠳᠠᠳᠤ ᠤᠯᠤᠰ ᠺᠠᠽᠠᠬᠰᠲ᠋ᠠᠨ ᠤ ᠤᠯᠤᠰ ᠤᠨ ᠲᠤᠰᠠᠭᠠᠷ

ᠲᠣᠭᠲᠠᠨᠢᠯ᠂ ᠡᠷᠬᠡ ᠮᠡᠳᠡᠯ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠪᠠᠨ ᠬᠠᠮᠠᠭᠠᠯᠠᠬᠤ ᠶᠢ ᠡᠷᠡᠰ ᠳᠡᠮᠵᠢᠵᠦ᠂ ᠺᠠᠽᠠᠬᠰᠲ᠋ᠠᠨ ᠤ ᠲᠤᠰ ᠤᠯᠤᠰ ᠤᠨ ᠢᠶᠠᠨ

ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠡᠮᠵᠢᠨ᠎ᠠ᠃ ᠪᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ

ᠰᠠᠨᠠᠭᠠᠴᠢᠯᠠᠭ᠎ᠠ ᠶᠢ ᠳᠤᠷᠠᠳᠤᠭᠰᠠᠨ 10 ᠵᠢᠯ ᠤᠨ ᠲᠤᠷᠰᠢ᠂ ᠳᠤᠮᠳᠠᠳᠤ ᠺᠠᠽᠠᠬᠰᠲ᠋ᠠᠨ ᠬᠡᠳᠦᠨ ᠠᠷᠪᠠᠨ ᠴᠢᠬᠤᠯᠠ ᠬᠠᠮᠲᠤᠷᠠᠯᠴᠠᠭᠠᠨ ᠤ ᠲᠦᠷᠦᠯ ᠵᠦᠢᠯ ᠢ

ᠠᠮᠵᠢᠯᠲᠠ ᠲᠠᠢ ᠬᠡᠷᠡᠭᠵᠢᠭᠦᠯᠵᠦ᠂ ᠬᠤᠶᠠᠷ ᠤᠯᠤᠰ ᠤᠨ ᠠᠷᠠᠳ ᠲᠦᠮᠡᠨ ᠳᠤ ᠠᠰᠢᠭ ᠬᠦᠷᠲᠡᠭᠡᠵᠦ᠂ ᠬᠠᠮᠲᠤ ᠶᠢᠨ ᠬᠥᠭᠵᠢᠯᠲᠡ ᠶᠢ ᠠᠬᠢᠭᠤᠯᠪᠠ᠃ ᠬᠤᠶᠠᠷ

ᠲᠠᠯ᠎ᠠ ᠪᠠᠷ ᠢᠶᠠᠨ ᠠᠵᠤ ᠠᠬᠤᠢ ᠠᠷᠠᠯᠵᠢᠶ᠎ᠠ᠂ ᠪᠡᠯᠡ ᠣᠷᠤᠭᠤᠯᠤᠯᠲᠠ᠂ ᠬᠥᠳᠡᠭᠡ ᠠᠵᠤ ᠠᠬᠤᠢ᠂ ᠮᠠᠰᠢᠨ ᠲᠡᠷᠭᠡ ᠦᠢᠯᠡᠳᠬᠦ ᠪᠠ ᠡᠨᠧᠷᠭᠢ ᠵᠡᠷᠭᠡ ᠬᠦᠷᠢᠶᠡᠨ ᠤ

ᠬᠠᠮᠲᠤᠷᠠᠯᠴᠠᠭ᠎ᠠ ᠪᠠᠨ ᠥᠷᠭᠡᠳᠬᠡᠵᠦ᠂ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ ᠪᠠᠨ ᠭᠦᠨᠵᠡᠭᠡᠶᠢᠷᠡᠭᠦᠯᠵᠦ᠂ ᠡᠬᠡ ᠬᠠᠭᠤᠷᠠᠢ ᠳᠠᠯᠠᠢ ᠲᠠᠩᠭᠢᠰ ᠤᠨ

ᠬᠠᠮᠲᠤᠷᠠᠭᠰᠠᠨ ᠲᠡᠭᠡᠭᠡᠪᠦᠷᠢ ᠶᠢ ᠠᠬᠢᠭᠤᠯᠵᠤ᠂ ᠡᠯᠧᠺᠳ᠋ᠷᠣᠨ ᠬᠤᠳᠠᠯᠳᠤᠭ᠎ᠠ᠂ ᠰᠢᠨ᠎ᠡ ᠶᠢ ᠡᠭᠦᠳᠬᠦ᠂ ᠲᠣᠮᠣ ᠳ᠋ᠠᠶᠢᠲ᠋ᠠ ᠵᠡᠷᠭᠡ ᠰᠢᠨ᠎ᠡ ᠬᠦᠷᠢᠶᠡᠨ ᠤ

ᠬᠠᠮᠲᠤᠷᠠᠯᠴᠠᠭ᠎ᠠ ᠪᠠᠨ ᠥᠷᠭᠡᠳᠬᠡᠵᠦ᠂ ᠬᠠᠷᠢᠯᠴᠠᠨ ᠰᠣᠶᠣᠯ ᠤᠨ ᠲᠥᠪ ᠪᠠᠶᠢᠭᠤᠯᠬᠤ ᠪᠠ ᠯᠦ ᠪᠠᠨ ᠦᠢᠯᠡᠳᠬᠡᠯ ᠤᠨ ᠭᠠᠵᠠᠷ ᠢ ᠪᠠᠶᠢᠭᠤᠯᠬᠤ ᠶᠢ ᠱᠠᠯᠠᠪᠳᠠᠨ

ᠨᠠᠶᠢᠳᠠᠪᠤᠷᠢᠵᠢᠭᠤᠯᠵᠤ᠂ ᠬᠠᠷᠢᠯᠴᠠᠨ ᠸᠢᠰᠠ ᠠᠪᠬᠤ ᠶᠢ ᠬᠡᠯᠲᠦᠷᠢᠭᠦᠯᠬᠦ ᠬᠡᠯᠡᠯᠴᠡᠭᠡᠷ ᠲᠤ ᠭᠠᠷ ᠤᠨ ᠦᠰᠦᠭ ᠵᠢᠷᠤᠬᠤ ᠪᠠᠷ ᠠᠵᠠ ᠲᠣᠭᠢᠶᠠᠯ ᠪᠣᠯᠭᠠᠵᠤ᠂ ᠰᠣᠶᠣᠯ

ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠢᠷᠭᠡᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ᠃ ᠺᠠᠽᠠᠬᠰᠲ᠋ᠠᠨ ᠤ 2024 ᠣᠨ ᠳᠤ

ᠳᠤᠮᠳᠠᠳᠤ ᠤᠯᠤᠰ ᠲᠤ ᠺᠠᠽᠠᠬᠰᠲ᠋ᠠᠨ ᠤ ᠵᠢᠭᠤᠯᠴᠢᠯᠠᠯ ᠤᠨ ᠣᠨ ᠡᠷᠭᠢᠯᠡᠭᠦ ᠶᠢ ᠪᠠᠶᠠᠷᠯᠠᠨ ᠤᠭᠲᠤᠵᠤ ᠪᠠᠶᠢᠨ᠎ᠠ᠃ ᠺᠠᠽᠠᠬᠰᠲ᠋ᠠᠨ ᠤ ᠰᠢ ᠠᠨ ᠳᠤ ᠰᠠᠭᠤᠭ᠎ᠠ ᠶᠡᠷᠦᠩᠬᠡᠢ

ᠺᠤᠨᠰᠦ᠋ᠯ ᠤᠨ ᠭᠠᠵᠠᠷ ᠡᠭᠦᠳᠡ ᠪᠠᠨ ᠨᠡᠭᠡᠭᠡᠵᠦ᠂ ᠬᠤᠶᠠᠷ ᠤᠯᠤᠰ ᠤᠨ ᠣᠷᠣᠨ ᠨᠤᠲᠤᠭ ᠤᠨ ᠰᠣᠯᠢᠯᠴᠠᠭ᠎ᠠ ᠶᠢ ᠬᠦᠴᠦᠲᠡᠢ ᠠᠬᠢᠭᠤᠯᠬᠤ ᠶᠢ ᠢᠲᠡᠭᠡᠵᠦ ᠪᠠᠶᠢᠨ᠎ᠠ᠃

ᠬᠤᠶᠠᠷ ᠲᠠᠯ᠎ᠠ ᠪᠠᠷ ᠢᠶᠠᠨ ᠪᠠᠰᠠ ᠵᠠᠭᠤᠴᠢᠯᠠᠭᠤᠷ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠺᠠᠽᠠᠬᠰᠲ᠋ᠠᠨ ᠤ ᠨᠥᠬᠦᠷᠯᠡᠯ ᠤᠨ ᠦᠯᠢᠭᠡᠷ ᠢ

ᠬᠠᠮᠲᠤ ᠪᠠᠷ ᠰᠠᠶᠢᠲᠤᠷ ᠶᠠᠷᠢᠪᠠᠯ ᠵᠣᠬᠢᠨ᠎ᠠ ᠭᠡᠵᠦ ᠴᠢᠬᠤᠯᠠᠴᠢᠯᠠᠪᠠ᠃

      ᠰᠢ ᠶᠢᠨ ᠫᠢᠩ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ ᠨᠢ ᠡᠯ᠎ᠡ ᠤᠯᠤᠰ ᠤᠨ ᠣᠳᠣᠬᠠᠨ ᠤ ᠬᠡᠷᠡᠭᠴᠡᠭᠡ ᠪᠣᠯᠣᠨ ᠢᠷᠡᠭᠡᠳᠦᠢ ᠶᠢᠨ

ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠠᠮᠲᠤ ᠶᠢᠨ ᠬᠥᠭᠵᠢᠯ ᠴᠡᠴᠡᠭᠯᠡᠯ ᠳᠤ

ᠬᠦᠴᠦᠨ ᠨᠡᠮᠡᠷᠢᠯᠡᠬᠦ ᠶᠢᠨ ᠲᠥᠯᠥᠭᠡ ᠶᠤᠮ᠃ ᠤᠳᠠᠯ ᠦᠭᠡᠢ ᠬᠤᠷᠠᠯᠳᠤᠬᠤ ᠭᠡᠵᠦ ᠪᠠᠶᠢᠭ᠎ᠠ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ

ᠬᠤᠷᠠᠯ ᠨᠢ ᠬᠥᠰᠢᠶ᠎ᠡ ᠲᠡᠮᠳᠡᠭ ᠤᠨ ᠠᠴᠢ ᠬᠤᠯᠪᠣᠭᠳᠠᠯ ᠲᠠᠢ ᠪᠠᠶᠢᠵᠤ᠂ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠬᠠᠮᠲᠤᠷᠠᠯᠴᠠᠭ᠎ᠠ ᠶᠢ ᠰᠢᠨ᠎ᠡ ᠴᠠᠭ

ᠦᠶ᠎ᠡ ᠳᠤ ᠣᠷᠣᠭᠤᠯᠬᠤ ᠶᠢ ᠠᠬᠢᠭᠤᠯᠬᠤ ᠪᠣᠯᠣᠨ᠎ᠠ᠃ ᠳᠤᠮᠳᠠᠳᠤ ᠤᠯᠤᠰ ᠳᠤᠷᠠᠲᠠᠶ᠎ᠠ ᠺᠠᠽᠠᠬᠰᠲ᠋ᠠᠨ ᠢ ᠪᠠᠭᠲᠠᠭᠠᠭᠰᠠᠨ ᠳᠤᠮᠳᠠᠳᠤ ᠠᠽᠢᠶ᠎ᠠ ᠶᠢᠨ ᠡᠯ᠎ᠡ ᠤᠯᠤᠰ ᠯᠤᠭ᠎ᠠ

ᠬᠦᠴᠦᠨ ᠤᠬᠠᠭᠠᠨ ᠢᠶᠠᠨ ᠨᠢᠭᠲᠠᠷᠠᠭᠤᠯᠵᠤ᠂ ᠬᠠᠮᠲᠤ ᠪᠠᠷ ᠵᠥᠪᠳᠡᠯᠴᠡᠨ ᠬᠠᠮᠲᠤ ᠪᠠᠷ ᠪᠠᠶᠢᠭᠤᠯᠵᠤ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ ᠶᠢ

ᠵᠢᠷᠭᠤᠭᠠᠨ ᠤᠯᠤᠰ ᠤᠨ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠬᠤ ᠴᠢᠬᠤᠯᠠ ᠲᠠᠪᠴᠠᠩ ᠪᠣᠯᠭᠠᠨ ᠪᠠᠶᠢᠭᠤᠯᠤᠨ᠎ᠠ ᠭᠡᠵᠦ ᠵᠢᠭᠠᠵᠤ ᠭᠠᠷᠭᠠᠵᠠᠢ᠃ 

      ᠲᠦᠸᠧᠺᠠᠶᠧᠹ᠂ ᠤᠷᠢᠯᠭ᠎ᠠ ᠪᠠᠷ ᠰᠢ ᠠᠨ ᠳᠤ ᠢᠷᠡᠵᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ

ᠬᠠᠮᠲᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ ᠲᠡᠷᠢᠭᠦᠯᠡᠭᠴᠢ ᠰᠢ ᠶᠢᠨ

ᠫᠢᠩ ᠤᠨ ᠳᠤᠮᠳᠠᠳᠤ ᠤᠯᠤᠰ ᠢ ᠤᠳᠤᠷᠢᠳᠤᠨ ᠠᠭᠤᠤ ᠶᠡᠭᠡ ᠠᠮᠵᠢᠯᠲᠠ ᠣᠯᠣᠭᠰᠠᠨ ᠳᠤ ᠪᠠᠶᠠᠷ ᠬᠦᠷᠭᠡᠵᠦ ᠪᠠᠶᠢᠨ᠎ᠠ᠂ ᠳᠤᠮᠳᠠᠳᠤ ᠤᠯᠤᠰ ᠨᠡᠩ ᠭᠡᠷᠡᠯ ᠰᠠᠴᠤᠷᠠᠩᠭᠤᠢ

ᠢᠷᠡᠭᠡᠳᠦᠢ ᠲᠠᠢ ᠪᠣᠯᠣᠨ᠎ᠠ ᠭᠡᠳᠡᠭ ᠲᠤ ᠢᠲᠡᠭᠡᠵᠦ ᠪᠠᠶᠢᠨ᠎ᠠ᠃ ᠪᠢ ᠲᠡᠷᠢᠭᠦᠯᠡᠭᠴᠢ ᠰᠢ ᠶᠢᠨ ᠫᠢᠩ ᠤᠨ ᠺᠠᠽᠠᠬᠰᠲ᠋ᠠᠨ ᠳᠤᠮᠳᠠᠳᠤ ᠶᠢᠨ ᠬᠠᠷᠢᠯᠴᠠᠭ᠎ᠠ ᠶᠢᠨ ᠲᠤᠬᠠᠢ

ᠦᠨᠡᠯᠡᠯᠲᠡ ᠵᠢᠴᠢ ᠬᠤᠶᠠᠷ ᠤᠯᠤᠰ ᠤᠨ ᠬᠠᠮᠲᠤᠷᠠᠯᠴᠠᠭ᠎ᠠ ᠶᠢ ᠴᠢᠨᠠᠭᠰᠢᠳᠠ ᠴᠢᠩᠭᠠᠳᠬᠠᠬᠤ ᠲᠤᠬᠠᠢ ᠰᠠᠨᠠᠭᠤᠯᠭ᠎ᠠ ᠶᠢ ᠪᠦᠷᠢᠮᠦᠰᠦᠨ ᠵᠥᠪᠰᠢᠶᠡᠷᠡᠨ᠎ᠡ᠃ ᠳᠤᠮᠳᠠᠳᠤ

ᠤᠯᠤᠰ ᠺᠠᠽᠠᠬᠰᠲ᠋ᠠᠨ ᠤ ᠭᠠᠳᠠᠭᠠᠳᠤ ᠳᠤ ᠬᠠᠨᠳᠤᠭᠤᠯᠤᠭᠰᠠᠨ ᠲᠦᠷᠦ ᠶᠢᠨ ᠪᠣᠳᠣᠯᠭ᠎ᠠ ᠳᠤ ᠣᠨᠴᠠᠭᠠᠢ ᠴᠢᠬᠤᠯᠠ ᠪᠠᠶᠢᠷᠢ ᠰᠠᠭᠤᠷᠢ ᠲᠠᠢ ᠶᠤᠮ᠂ ᠺᠠᠽᠠᠬᠰᠲ᠋ᠠᠨ

ᠳᠤᠮᠳᠠᠳᠤ ᠶᠢᠨ ᠬᠠᠷᠢᠯᠴᠠᠭ᠎ᠠ ᠭᠦᠨ ᠵᠤᠵᠠᠭᠠᠨ ᠨᠥᠬᠦᠷᠯᠡᠯ ᠪᠣᠯᠣᠨ ᠪᠠᠲᠤ ᠪᠠᠬᠢ ᠢᠲᠡᠭᠡᠯᠴᠡᠭᠡ ᠳᠤ ᠰᠠᠭᠤᠷᠢᠯᠠᠵᠤ᠂ ᠬᠠᠮᠲᠤ ᠶᠢᠨ ᠬᠠᠷᠠᠯᠲᠠ ᠪᠠ ᠡᠭᠦᠷᠭᠡ ᠲᠠᠢ ᠶᠤᠮ᠃

ᠺᠠᠽᠠᠬᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠺᠠᠽᠠᠬᠰᠲ᠋ᠠᠨ ᠳᠤᠮᠳᠠᠳᠤ ᠶᠢᠨ ᠥᠨᠢᠳᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ

ᠬᠠᠨᠢᠲᠠᠨ ᠤ ᠬᠠᠷᠢᠯᠴᠠᠭ᠎ᠠ ᠶᠢ ᠤᠯᠠᠮ ᠴᠢᠨᠠᠭᠰᠢᠳᠠ ᠴᠢᠩᠭᠠᠳᠬᠠᠵᠤ᠂ ᠬᠤᠶᠠᠷ ᠲᠠᠯ᠎ᠠ ᠶᠢᠨ ᠠᠷᠠᠯᠵᠢᠶ᠎ᠠ᠂ ᠵᠢᠭᠤᠯᠴᠢᠯᠠᠯ᠂ ᠰᠣᠶᠣᠯ ᠢᠷᠭᠡᠨᠰᠢᠯ᠂ ᠣᠷᠣᠨ ᠨᠤᠲᠤᠭ

ᠵᠡᠷᠭᠡ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠥᠷᠭᠡᠳᠬᠡᠵᠦ᠂ ᠺᠠᠽᠠᠬᠰᠲ᠋ᠠᠨ ᠳᠤᠮᠳᠠᠳᠤ ᠶᠢᠨ ᠰᠢᠨ᠎ᠡ ︽ᠰᠢᠵᠢᠷ ᠠᠯᠳᠠᠨ ᠭᠤᠴᠢᠨ ᠵᠢᠯ︾ ᠢ ᠡᠬᠢᠯᠡᠭᠦᠯᠬᠦ ᠳᠤ ᠨᠡᠩ

ᠪᠠᠲᠤ ᠪᠠᠬᠢ ᠰᠠᠭᠤᠷᠢ ᠶᠢ ᠲᠠᠯᠪᠢᠵᠤ ᠥᠭᠭᠦᠨ᠎ᠡ᠃ ᠺᠠᠽᠠᠬᠰᠲ᠋ᠠᠨ ᠳᠤᠮᠳᠠᠳᠤ ᠬᠠᠷᠢᠯᠴᠠᠨ ᠸᠢᠰᠠ ᠠᠪᠬᠤ ᠶᠢ ᠬᠡᠯᠲᠦᠷᠢᠭᠦᠯᠬᠦ ᠬᠡᠯᠡᠯᠴᠡᠭᠡᠷ ᠲᠣᠬᠢᠷᠠᠯᠴᠠᠭᠰᠠᠨ ᠳᠠᠭᠠᠨ

ᠮᠠᠰᠢ ᠪᠠᠶᠠᠷ ᠲᠠᠢ ᠪᠠᠶᠢᠨ᠎ᠠ᠂ ᠡᠨᠡ ᠨᠢ ᠬᠤᠶᠠᠷ ᠲᠠᠯ᠎ᠠ ᠶᠢᠨ ᠶᠠᠪᠤᠯᠴᠠᠭ᠎ᠠ ᠶᠢ ᠬᠦᠴᠦᠲᠡᠢ ᠠᠬᠢᠭᠤᠯᠬᠤ ᠪᠣᠯᠣᠨ᠎ᠠ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ

ᠪᠦᠲᠦᠭᠡᠨ ᠪᠠᠶᠢᠭᠤᠯᠬᠤ ᠪᠣᠯ ᠠᠭᠤᠤ ᠶᠡᠭᠡ ᠰᠠᠨᠠᠭᠠᠴᠢᠯᠠᠭ᠎ᠠ ᠮᠥᠨ᠂ ᠺᠠᠽᠠᠬᠰᠲ᠋ᠠᠨ ᠤ ᠬᠢᠨ ᠦᠷᠭᠦᠯᠵᠢᠯᠡᠨ ᠢᠳᠡᠪᠬᠢᠲᠡᠢ ᠣᠷᠣᠯᠴᠠᠨ᠎ᠠ᠃ ᠣᠳᠣᠬᠠᠨ ᠤ ᠨᠠᠷᠢᠨ

ᠪᠤᠳᠤᠯᠢᠶᠠᠨᠲᠠᠢ ᠳᠡᠯᠡᠬᠡᠢ ᠶᠢᠨ ᠪᠠᠶᠢᠳᠠᠯ ᠳᠣᠣᠷ᠎ᠠ᠂ ᠲᠡᠷᠢᠭᠦᠯᠡᠭᠴᠢ ᠰᠢ ᠶᠢᠨ ᠫᠢᠩ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ

ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠤᠭᠰᠠᠨ ᠨᠢ ᠴᠢᠬᠤᠯᠠ ᠠᠴᠢ ᠬᠤᠯᠪᠣᠭᠳᠠᠯ ᠲᠠᠢ ᠶᠤᠮ᠂

ᠺᠠᠽᠠᠬᠰᠲ᠋ᠠᠨ ᠤ ᠬᠢᠨ ᠢᠳᠡᠪᠬᠢᠲᠡᠢ ᠲᠡᠮᠵᠢᠵᠥ᠂ ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠨ᠎ᠠ᠃ ᠺᠠᠽᠠᠬᠰᠲ᠋ᠠᠨ ᠤ ᠬᠢᠨ

ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠳᠤᠮᠳᠠᠳᠤ ᠤᠯᠤᠰ - ᠳᠤᠮᠳᠠ ᠠᠽᠢᠶ᠎ᠠ ᠶᠢᠨ ᠲᠣᠭᠲᠠᠴᠠ ᠶᠢ ᠭᠦᠢᠴᠡᠳ ᠠᠰᠢᠭᠯᠠᠵᠤ᠂ ᠭᠠᠵᠠᠷ ᠣᠷᠣᠨ ᠤ ᠠᠮᠤᠷ

ᠲᠦᠪᠰᠢᠨ᠂ ᠲᠣᠭᠲᠠᠭᠤᠨ ᠪᠠ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ ᠭᠡᠵᠦ ᠢᠯᠡᠳᠬᠡᠪᠡ᠃

      ᠬᠡᠯᠡᠯᠴᠡᠭᠡ ᠳᠠᠭᠤᠰᠤᠭᠰᠠᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ

ᠨᠠᠶᠢᠷᠠᠮᠳᠠᠬᠤ ᠺᠠᠽᠠᠬᠰᠲ᠋ᠠᠨ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠵᠤ᠂ ᠠᠵᠤ ᠠᠬᠤᠢ ᠠᠷᠠᠯᠵᠢᠶ᠎ᠠ᠂ ᠡᠨᠧᠷᠭᠢ᠂ ᠵᠠᠮ

ᠬᠠᠷᠢᠯᠴᠠᠭ᠎ᠠ᠂ ᠬᠥᠳᠡᠭᠡ ᠠᠵᠤ ᠠᠬᠤᠢ᠂ ᠬᠠᠷᠢᠯᠴᠠᠨ ᠬᠤᠯᠪᠣᠯᠳᠤᠵᠤ ᠬᠠᠷᠢᠯᠴᠠᠨ ᠨᠡᠪᠲᠡᠷᠡᠯᠴᠡᠬᠦ᠂ ᠰᠣᠶᠣᠯ ᠢᠷᠭᠡᠨᠰᠢᠯ᠂ ᠣᠷᠣᠨ ᠨᠤᠲᠤᠭ ᠵᠡᠷᠭᠡ ᠬᠦᠷᠢᠶ᠎ᠡ ᠶᠢᠨ

ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃

      ᠼᠠᠢ ᠴᠢ᠂ ᠸᠠᠩ ᠢ᠂ ᠴᠢᠨ ᠭᠠᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ 

   

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ