ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠬᠦᠷᠴᠦ ᠢᠷᠡᠭᠰᠡᠨ ᠲᠠᠰᠢᠷᠠᠮ ᠢᠶᠠᠷ ᠪᠥᠬᠦ ᠤᠯᠤᠰ ᠤᠨ ᠥᠷᠭᠡᠨ ᠣᠯᠠᠨ ᠵᠡᠮᠳᠡᠭᠴᠦᠳ ᠵᠢᠴᠢ ᠲᠡᠳᠡᠨ ᠤ | ᠲᠥᠷᠥᠯ ᠰᠠᠳᠤᠨ ᠥᠷᠭᠡᠨ ᠣᠯᠠᠨ ᠵᠡᠮᠳᠡᠭᠴᠦᠳ ᠤᠨ ᠠᠵᠢᠯᠲᠠᠨ ᠳᠤ ᠳᠣᠲᠣᠨᠣ ᠮᠡᠨᠳᠦᠴᠢᠯᠡᠯ ᠬᠦᠷᠭᠡᠪᠡ | ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 21 ᠤ ᠴᠠᠬᠢᠯᠭᠠᠨ ᠮᠡᠳᠡᠭᠡ 5 ᠰᠠᠷ᠎ᠠ ᠶᠢᠨ 21 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠡᠷᠡᠭᠦᠯᠵᠢᠯ ᠤᠨ ᠣᠯᠠᠨ ᠤᠯᠤᠰ ᠤᠨ ᠵᠠᠭᠤᠨ ᠵᠢᠯ ᠤᠨ ᠪᠠᠶᠠᠷ ᠤᠨ ᠶᠣᠰᠣᠯᠠᠯ ᠳᠤ ᠪᠠᠶᠠᠷ ᠤᠨ ᠵᠠᠬᠢᠳᠠᠯ ᠢᠯᠡᠭᠡᠭᠰᠡᠨ ᠪᠥᠭᠡᠳ ᠪᠥᠬᠦ ᠤᠯᠤᠰ ᠤᠨ ᠵᠡᠮᠳᠡᠭᠴᠦᠳ ᠢ | ᠲᠤᠰᠠᠯᠠᠬᠤ ᠡᠳᠦᠷ ᠬᠦᠷᠴᠦ ᠢᠷᠡᠭᠰᠡᠨ ᠲᠠᠰᠢᠷᠠᠮ ᠢᠶᠠᠷ᠂ ᠪᠥᠬᠦ ᠤᠯᠤᠰ ᠤᠨ ᠥᠷᠭᠡᠨ ᠣᠯᠠᠨ ᠵᠡᠮᠳᠡᠭᠴᠦᠳ ᠵᠢᠴᠢ ᠲᠡᠳᠡᠨ ᠤ ᠲᠥᠷᠥᠯ ᠰᠠᠳᠤᠨ᠂ ᠥᠷᠭᠡᠨ ᠣᠯᠠᠨ | ᠵᠡᠮᠳᠡᠭᠴᠦᠳ ᠤᠨ ᠠᠵᠢᠯᠲᠠᠨ ᠳᠤ ᠳᠣᠲᠣᠨᠣ ᠮᠡᠨᠳᠦᠴᠢᠯᠡᠯ ᠬᠦᠷᠭᠡᠵᠦ᠂ ᠳᠤᠮᠳᠠᠳᠤ ᠤᠯᠤᠰ ᠤᠨ ᠵᠡᠮᠳᠡᠭᠴᠦᠳ ᠤᠨ ᠦᠢᠯᠡᠰ ᠢ ᠬᠠᠯᠠᠮᠵᠢᠯᠠᠨ ᠳᠡᠮᠵᠢᠵᠦ ᠪᠠᠶᠢᠭ᠎ᠠ ᠣᠯᠠᠨ | ᠤᠯᠤᠰ ᠤᠨ ᠵᠣᠬᠢᠶᠠᠨ ᠪᠠᠶᠢᠭᠤᠯᠤᠯᠲᠠ ᠪᠣᠯᠣᠨ ᠡᠯ᠎ᠡ ᠲᠠᠯ᠎ᠠ ᠶᠢᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ | ᠰᠢ ᠶᠢᠨ ᠫᠢᠩ᠂ ᠡᠷᠡᠭᠦᠯᠵᠢᠯ ᠤᠨ ᠣᠯᠠᠨ ᠤᠯᠤᠰ ᠪᠣᠯ ᠵᠡᠮᠳᠡᠭᠴᠦᠳ ᠤᠨ ᠬᠡᠷᠡᠭ ᠶᠠᠪᠤᠳᠠᠯ ᠤᠨ ᠬᠦᠷᠢᠶᠡᠨ ᠳᠠᠬᠢ ᠴᠢᠬᠤᠯᠠ ᠨᠥᠯᠥᠭᠡ ᠪᠦᠬᠦᠢ ᠣᠯᠠᠨ | ᠤᠯᠤᠰ ᠤᠨ ᠵᠣᠬᠢᠶᠠᠨ ᠪᠠᠶᠢᠭᠤᠯᠤᠯᠲᠠ ᠪᠠᠶᠢᠵᠤ᠂ ᠵᠡᠮᠳᠡᠭᠴᠦᠳ ᠤᠨ ᠨᠡᠷ᠎ᠡ ᠬᠦᠨᠳᠦ ᠶᠢ ᠬᠠᠮᠠᠭᠠᠯᠠᠬᠤ᠂ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ᠂ | ᠵᠡᠮᠳᠡᠭᠴᠦᠳ ᠤᠨ ᠪᠤᠶᠠᠨ ᠵᠢᠷᠭᠠᠯ ᠢ ᠨᠡᠮᠡᠭᠳᠡᠭᠦᠯᠬᠦ ᠳᠤ ᠴᠥᠬᠦᠷᠡᠰᠢ ᠦᠭᠡᠢ ᠴᠢᠷᠮᠠᠶᠢᠯᠭ᠎ᠠ ᠭᠠᠷᠭᠠᠪᠠ᠃ ᠳᠤᠮᠳᠠᠳᠤ ᠤᠯᠤᠰ ᠡᠷᠡᠭᠦᠯᠵᠢᠯ ᠤᠨ ᠣᠯᠠᠨ ᠤᠯᠤᠰ ᠤᠨ | ᠠᠵᠢᠯ ᠢ ᠢᠳᠡᠪᠬᠢᠲᠡᠢ ᠳᠡᠮᠵᠢᠵᠦ᠂ ᠪᠣᠳᠠᠲᠤ ᠠᠵᠢᠯᠯᠠᠭ᠎ᠠ ᠪᠠᠷ ᠢᠶᠠᠨ ᠬᠥᠭᠵᠢᠵᠦ ᠪᠠᠶᠢᠭ᠎ᠠ ᠤᠯᠤᠰ ᠤᠳ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢ | ᠠᠬᠢᠭᠤᠯᠵᠤ᠂ ᠳᠡᠯᠡᠬᠡᠢ ᠨᠡᠶᠢᠭᠡᠮ ᠤᠨ ᠲᠤᠬᠠᠢ ᠬᠠᠯᠠᠮᠵᠢᠯᠠᠯ ᠢ ᠨᠡᠮᠡᠭᠳᠡᠭᠦᠯᠵᠦ᠂ ᠣᠯᠠᠨ ᠤᠯᠤᠰ ᠤᠨ ᠵᠡᠮᠳᠡᠭᠴᠦᠳ ᠤᠨ ᠦᠢᠯᠡᠰ ᠲᠤ ᠳᠤᠮᠳᠠᠳᠤ ᠤᠯᠤᠰ ᠤᠨ ᠬᠦᠴᠦᠨ | ᠴᠢᠳᠠᠯ ᠢᠶᠠᠨ ᠡᠷᠭᠦᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠵᠡᠮᠳᠡᠭᠴᠦᠳ ᠢ ᠣᠨᠴᠠᠭᠠᠢ ᠬᠠᠯᠠᠮᠵᠢᠯᠠᠵᠤ᠂ ᠣᠨᠴᠠᠭᠠᠢ ᠠᠩᠬᠠᠷᠴᠤ ᠪᠠᠶᠢᠨ᠎ᠠ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠠᠬᠢᠴᠠ ᠳᠤᠮᠳᠠ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠣᠯᠣᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ | ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠳᠤᠮᠳᠠᠳᠤ ᠤᠯᠤᠰ ᠳᠤᠷᠠᠲᠠᠶ᠎ᠠ | ᠳᠡᠯᠡᠬᠡᠢ ᠶᠢᠨ ᠡᠯ᠎ᠡ ᠤᠯᠤᠰ ᠲᠠᠢ ᠬᠠᠮᠲᠤ ᠪᠠᠷ ᠣᠯᠠᠨ ᠤᠯᠤᠰ ᠤᠨ ᠵᠡᠮᠳᠡᠭᠴᠦᠳ ᠤᠨ ᠦᠢᠯᠡᠰ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠠᠬᠢᠭᠤᠯᠵᠤ᠂ ᠬᠥᠮᠥᠨ | ᠲᠥᠷᠥᠯᠬᠢᠲᠡᠨ ᠤ ᠡᠷᠡᠭᠦᠯ ᠮᠡᠨᠳᠦ ᠪᠤᠶᠠᠨ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ ᠭᠡᠵᠦ ᠴᠢᠬᠤᠯᠠᠴᠢᠯᠠᠪᠠ᠃ | ᠡᠷᠡᠭᠦᠯᠵᠢᠯ ᠤᠨ ᠣᠯᠠᠨ ᠤᠯᠤᠰ ᠤᠨ ᠵᠠᠭᠤᠨ ᠵᠢᠯ ᠤᠨ ᠪᠠᠶᠠᠷ ᠤᠨ ᠶᠣᠰᠣᠯᠠᠯ ᠢ ᠡᠷᠡᠭᠦᠯᠵᠢᠯ ᠤᠨ ᠣᠯᠠᠨ ᠤᠯᠤᠰ ᠠᠴᠠ ᠭᠤᠣᠯᠯᠠᠨ ᠡᠷᠬᠢᠯᠡᠵᠦ᠂ ᠳᠤᠮᠳᠠᠳᠤ | ᠤᠯᠤᠰ ᠤᠨ ᠵᠡᠮᠳᠡᠭᠴᠦᠳ ᠤᠨ ᠬᠤᠯᠪᠣᠭ᠎ᠠ ᠳᠠᠭᠠᠭᠠᠴᠢᠯᠠᠨ ᠡᠷᠬᠢᠯᠡᠵᠦ᠂ 21 ᠤ ᠡᠳᠦᠷ ᠪᠡᠭᠡᠵᠢᠩ ᠳᠤ ᠡᠬᠢᠯᠡᠪᠡ᠃ | |