ᠰᠢ ᠶᠢᠨ ᠫᠢᠩ ᠲᠠᠵᠢᠺᠰᠲ᠋ᠠᠨ ᠤ ᠶᠡᠷᠦᠩᠬᠡᠶᠢᠯᠡᠭᠴᠢ ᠯᠠᡁᠧᠮᠧᠩ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2023/5/22
       ᠰᠢᠨᠬᠤᠸᠠ ᠬᠤᠷᠢᠶ᠎ᠠ ᠶᠢᠨ ᠰᠢ ᠠᠨ ᠤ 5 ᠰᠠᠷ᠎ᠠ ᠶᠢᠨ 18 ᠤ ᠴᠠᠭᠢᠯᠭᠠᠨ ᠮᠡᠳᠡᠭᠡ 5 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠢ ᠠᠨ ᠳᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠳᠤᠮᠳᠠᠳᠤ ᠤᠯᠤᠰ ᠲᠤ ᠢᠷᠡᠭᠰᠡᠨ ᠲᠠᠵᠢᠺᠰᠲ᠋ᠠᠨ ᠤ ᠶᠡᠷᠦᠩᠬᠡᠶᠢᠯᠡᠭᠴᠢ ᠯᠠᡁᠧᠮᠧᠩ ᠲᠠᠢ ᠬᠡᠯᠡᠯᠴᠡᠭᠡ ᠬᠢᠪᠡ᠃       ᠰᠢ ᠶᠢᠨ ᠫᠢᠩ᠂ ᠳᠤᠮᠳᠠᠳᠤ ᠲᠠᠵᠢᠺᠰᠲ᠋ᠠᠨ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ ᠬᠤᠶᠠᠷ ᠤᠯᠤᠰ ᠤᠨ ᠬᠠᠷᠢᠯᠴᠠᠭ᠎ᠠ ᠡᠶᠡᠯᠳᠡᠭ ᠬᠥᠷᠰᠢ ᠠᠴᠠ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠵᠤ ᠲᠠᠭᠢᠭᠠᠳ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠤᠭᠰᠠᠨ ᠦᠰᠦᠷᠦᠯᠲᠡ ᠶᠢ ᠪᠡᠶᠡᠯᠡᠭᠦᠯᠪᠡ᠃ ᠳᠤᠮᠳᠠᠳᠤ ᠲᠠᠵᠢᠺᠰᠲ᠋ᠠᠨ ᠤ ᠬᠠᠷᠢᠯᠴᠠᠭ᠎ᠠ ᠭᠦᠨ ᠵᠤᠵᠠᠭᠠᠨ ᠲᠡᠦᠬᠡ ᠶᠢᠨ ᠡᠬᠢ ᠰᠤᠷᠪᠤᠯᠵᠢ᠂ ᠪᠠᠲᠤ ᠪᠠᠬᠢ ᠤᠯᠤᠰ ᠲᠦᠷᠦ ᠶᠢᠨ ᠰᠠᠭᠤᠷᠢ᠂ ᠡᠯᠪᠡᠭ ᠪᠠᠶᠠᠯᠢᠭ ᠬᠠᠮᠲᠤᠷᠠᠯᠴᠠᠭ᠎ᠠ ᠶᠢᠨ ᠠᠭᠤᠯᠤᠭᠳᠠᠬᠤᠨ᠂ ᠥᠷᠭᠡᠨ ᠳᠡᠯᠭᠡᠷ ᠠᠷᠠᠳ ᠤᠨ ᠰᠠᠨᠠᠭ᠎ᠠ ᠶᠢᠨ ᠳᠡᠮᠵᠢᠯᠭᠡ ᠲᠠᠢ ᠶᠤᠮ᠃ ᠰᠢᠨ᠎ᠡ ᠪᠠᠶᠢᠳᠠᠯ ᠳᠣᠣᠷ᠎ᠠ᠂ ᠳᠤᠮᠳᠠᠳᠤ ᠤᠯᠤᠰ ᠳᠤᠷᠠᠲᠠᠶ᠎ᠠ ᠲᠠᠵᠢᠺᠰᠲ᠋ᠠᠨ ᠤ ᠬᠢᠨ ᠲᠠᠢ ᠬᠠᠮᠲᠤ ᠪᠠᠷ ᠴᠢᠷᠮᠠᠶᠢᠵᠤ᠂ ᠡᠯ᠎ᠡ ᠬᠦᠷᠢᠶᠡᠨ ᠤ ᠬᠠᠮᠲᠤᠷᠠᠯᠴᠠᠭ᠎ᠠ ᠶᠢᠨ ᠲᠦᠪᠰᠢᠨ ᠢᠶᠠᠨ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠦᠶ᠎ᠡ ᠶᠢᠨ ᠦᠶ᠎ᠡ ᠳᠡᠭᠡᠨ ᠨᠥᠭᠦᠷᠰᠡᠭ ᠪᠠᠶᠢᠬᠤ᠂ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠳᠤᠮᠳᠠᠳᠤ ᠲᠠᠵᠢᠺᠰᠲ᠋ᠠᠨ ᠤ ᠬᠤᠪᠢ ᠵᠠᠶᠠᠭ᠎ᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃       ᠰᠢ ᠶᠢᠨ ᠫᠢᠩ᠂ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠳᠡᠭᠡᠳᠦ ᠬᠡᠮᠵᠢᠶ᠎ᠡ ᠪᠠᠷ ᠢᠲᠡᠭᠡᠯᠴᠡᠬᠦ ᠰᠠᠭᠤᠷᠢᠨ ᠳᠡᠭᠡᠷ᠎ᠡ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠡᠷᠬᠡ ᠮᠡᠳᠡᠯ᠂ ᠲᠤᠰᠠᠭᠠᠷ ᠲᠣᠭᠲᠠᠨᠢᠯ᠂ ᠠᠮᠤᠷ ᠲᠦᠪᠰᠢᠨ᠂ ᠨᠤᠲᠤᠭ ᠳᠡᠪᠢᠰᠬᠡᠷ ᠤᠨ ᠪᠦᠷᠢᠨ ᠪᠦᠲᠦᠨ ᠵᠡᠷᠭᠡ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ ᠳᠡᠭᠡᠷ᠎ᠡ ᠡᠷᠡᠰ ᠳᠡᠮᠵᠢᠯᠴᠡᠵᠦ᠂ ᠬᠠᠷᠢᠯᠴᠠᠨ ᠢᠲᠡᠭᠡᠯᠴᠡᠬᠦ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠣᠶ᠎ᠠ᠃ ᠬᠤᠶᠠᠷ ᠲᠠᠯ᠎ᠠ ᠪᠠᠷ ᠢᠶᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠵᠤ᠂ ᠠᠵᠤ ᠠᠬᠤᠢ ᠠᠷᠠᠯᠵᠢᠶ᠎ᠠ᠂ ᠬᠤᠯᠪᠣᠯᠳᠤᠨ ᠨᠡᠪᠲᠡᠷᠡᠯᠴᠡᠬᠦ᠂ ᠬᠥᠳᠡᠭᠡ ᠠᠵᠤ ᠠᠬᠤᠢ ᠂ ᠲᠣᠮᠣ ᠲᠦᠷᠦᠯ ᠵᠦᠢᠯ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠤᠯᠤᠰ ᠳᠤᠷᠠᠲᠠᠶ᠎ᠠ ᠲᠠᠵᠢᠺᠰᠲ᠋ᠠᠨ ᠤ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠨᠡᠩ ᠤᠯᠠᠨ ᠣᠷᠣᠭᠤᠯᠤᠨ᠎ᠠ᠃ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠨᠢᠭᠲᠠᠷᠠᠭᠤᠯᠵᠤ᠂ ᠯᠦ ᠪᠠᠨ ᠦᠢᠯᠡᠳᠪᠦᠷᠢ ᠶᠢᠨ ᠭᠠᠵᠠᠷ ᠢ ᠰᠠᠶᠢᠲᠤᠷ ᠡᠷᠭᠢᠯᠡᠵᠦ᠂ ᠰᠤᠷᠭᠠᠨ ᠬᠥᠮᠦᠵᠢᠯ᠂ ᠵᠠᠭᠤᠴᠢᠯᠠᠭᠤᠷ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠲᠠᠵᠢᠺᠰᠲ᠋ᠠᠨ ᠤ ᠨᠥᠬᠦᠷᠯᠡᠯ ᠤᠨ ᠦᠯᠢᠭᠡᠷ ᠢ ᠰᠠᠶᠢᠲᠤᠷ ᠶᠠᠷᠢᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠠᠷᠠᠳ ᠤᠨ ᠰᠠᠨᠠᠭ᠎ᠠ ᠪᠣᠯᠣᠨ ᠨᠡᠶᠢᠭᠡᠮ ᠤᠨ ᠰᠠᠭᠤᠷᠢ ᠶᠢ ᠪᠠᠬᠢᠵᠢᠭᠦᠯᠦᠶ᠎ᠡ᠃ ᠳᠤᠮᠳᠠᠳᠤ ᠤᠯᠤᠰ ᠳᠤᠷᠠᠲᠠᠶ᠎ᠠ ᠲᠠᠵᠢᠺᠰᠲ᠋ᠠᠨ ᠤ ᠬᠢᠨ ᠲᠠᠢ ᠬᠠᠤᠯᠢ ᠬᠡᠷᠡᠭᠵᠢᠭᠦᠯᠬᠦ ᠠᠮᠤᠷ ᠲᠦᠪᠰᠢᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠪᠣᠯᠣᠨ ᠭᠠᠵᠠᠷ ᠣᠷᠣᠨ ᠤ ᠬᠠᠮᠲᠤ ᠶᠢᠨ ᠠᠮᠤᠷ ᠲᠦᠪᠰᠢᠨ ᠢ ᠬᠠᠮᠠᠭᠠᠯᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭ᠎ᠠ ᠶᠢᠨ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ᠃ ᠡᠯ᠎ᠡ ᠲᠠᠯ᠎ᠠ ᠶᠢᠨ ᠬᠠᠮᠲᠤ ᠶᠢᠨ ᠴᠢᠷᠮᠠᠶᠢᠯᠭ᠎ᠠ ᠪᠠᠷ᠂ ᠡᠨᠡ ᠤᠳᠠᠭ᠎ᠠ ᠶᠢᠨ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠯᠠᠪᠲᠠᠢ ᠪᠠᠶᠠᠯᠢᠭ ᠠᠭᠤᠯᠭ᠎ᠠ ᠲᠠᠢ᠂ ᠡᠯᠪᠡᠭ ᠦᠷ᠎ᠡ ᠪᠦᠲᠦᠭᠡᠯ ᠲᠠᠢ ᠲᠦᠷᠦᠭᠦᠴᠦᠳ ᠤᠨ ᠬᠤᠷᠠᠯ ᠪᠣᠯᠵᠤ᠂ ᠳᠤᠮᠳᠠᠳᠤ ᠤᠯᠤᠰ — ᠳᠤᠮᠳᠠ ᠠᠽᠢᠶ᠎ᠠ ᠶᠢᠨ ᠬᠠᠮᠲᠤᠷᠠᠯᠴᠠᠭ᠎ᠠ ᠶᠢᠨ ᠰᠢᠨ᠎ᠡ ᠴᠠᠭ ᠦᠶ᠎ᠡ ᠶᠢ ᠨᠡᠭᠡᠭᠡᠬᠦ ᠶᠢ ᠪᠢ ᠢᠲᠡᠭᠡᠵᠦ ᠪᠠᠶᠢᠨ᠎ᠠ ᠭᠡᠵᠦ ᠴᠢᠬᠤᠯᠠᠴᠢᠯᠠᠵᠠᠢ᠃      ᠯᠠᠾᠧᠮᠧᠩ᠂ ᠲᠠᠵᠢᠺᠰᠲ᠋ᠠᠨ ᠳᠤᠮᠳᠠᠳᠤ ᠶᠢᠨ ᠬᠠᠷᠢᠯᠴᠠᠭ᠎ᠠ ᠳᠡᠭᠡᠳᠦ ᠬᠡᠮᠵᠢᠶ᠎ᠡ ᠪᠠᠷ ᠢᠲᠡᠭᠡᠯᠴᠡᠬᠦ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠳᠡᠮᠵᠢᠬᠦ ᠰᠠᠭᠤᠷᠢᠨ ᠳᠡᠭᠡᠷ᠎ᠡ ᠪᠠᠶᠢᠭᠤᠯᠤᠭᠳᠠᠭᠰᠠᠨ ᠶᠤᠮ᠃ ᠡᠨᠡ ᠵᠢᠯ ᠪᠣᠯ ᠲᠠᠵᠢᠺᠰᠲ᠋ᠠᠨ ᠳᠤᠮᠳᠠᠳᠤ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ ᠠᠷᠪᠠᠨ ᠵᠢᠯ ᠤᠨ ᠤᠢ ᠪᠣᠯᠣᠨ᠎ᠠ᠂ ᠬᠤᠶᠠᠷ ᠤᠯᠤᠰ ᠤᠨ ᠬᠠᠷᠢᠯᠴᠠᠭ᠎ᠠ ᠨᠢᠭᠡᠨᠲᠡ ᠤᠯᠤᠰ ᠤᠯᠤᠰ ᠤᠨ ᠬᠤᠭᠤᠷᠣᠨᠳᠣᠭᠢ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ᠂ ᠴᠢᠩ ᠦᠨᠡᠨᠴᠢ ᠬᠠᠮᠲᠤᠷᠠᠯᠴᠠᠭ᠎ᠠ ᠶᠢᠨ ᠬᠡᠪ ᠳᠠᠭᠤᠷᠢᠶᠠᠯ ᠪᠣᠯᠵᠠᠢ᠃ ᠲᠠᠵᠢᠺᠰᠲ᠋ᠠᠨ ᠤ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠭᠤᠶᠢᠪᠢᠰᠢ ᠦᠭᠡᠢ ᠪᠠᠷᠢᠮᠲᠠᠯᠠᠵᠤ᠂ ᠲᠠᠵᠢᠺᠰᠲ᠋ᠠᠨ ᠳᠤᠮᠳᠠᠳᠤ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠬᠥᠭᠵᠢᠭᠦᠯᠬᠦ ᠪᠠᠷ ᠭᠤᠶᠢᠪᠢᠰᠢ ᠦᠭᠡᠢ ᠴᠢᠷᠮᠠᠶᠢᠵᠤ᠂ ᠲᠠᠵᠢᠺᠰᠲ᠋ᠠᠨ ᠳᠤᠮᠳᠠᠳᠤ ᠶᠢᠨ ᠬᠤᠪᠢ ᠵᠠᠶᠠᠭ᠎ᠠ ᠶᠢᠨ ᠬᠠᠮᠲᠤ ᠶᠢᠨ ᠴᠣᠭᠴᠠ ᠶᠢ ᠪᠠᠶᠢᠭᠤᠯᠤᠨ᠎ᠠ᠃ ᠡᠨᠡ ᠨᠢ ᠬᠤᠶᠠᠷ ᠤᠯᠤᠰ ᠪᠣᠯᠣᠨ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠨ᠎ᠡ᠃ ᠲᠠᠵᠢᠺᠰᠲ᠋ᠠᠨ ᠤ ᠲᠠᠯ᠎ᠠ ᠳᠤᠮᠳᠠᠳᠤ ᠤᠯᠤᠰ ᠤᠨ ᠳᠤᠷᠠᠳᠤᠭᠰᠠᠨ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠡᠮᠵᠢᠵᠦ᠂ ᠳᠤᠷᠠᠲᠠᠶ᠎ᠠ ᠲᠠᠵᠢᠺᠰᠲ᠋ᠠᠨ ᠤ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠯᠤᠭ᠎ᠠ ᠭᠦᠨᠵᠡᠭᠡᠢ ᠵᠣᠯᠭᠠᠭᠤᠯᠬᠤ ᠶᠢ ᠠᠬᠢᠭᠤᠯᠵᠤ᠂ ᠳᠤᠮᠳᠠᠳᠤ ᠤᠯᠤᠰ ᠤᠨ ᠬᠥᠭᠵᠢᠯᠲᠡ ᠶᠢᠨ ᠲᠤᠷᠰᠢᠯᠭ᠎ᠠ ᠪᠠᠷ ᠲᠣᠯᠢ ᠪᠤᠯᠭᠠᠵᠤ᠂ ᠬᠤᠶᠠᠷ ᠤᠯᠤᠰ ᠤᠨ ᠠᠵᠤ ᠠᠬᠤᠢ ᠠᠷᠠᠯᠵᠢᠶ᠎ᠠ᠂ ᠦᠢᠯᠡᠳᠪᠦᠷᠢᠯᠡᠬᠦ ᠴᠢᠳᠠᠪᠤᠷᠢ᠂ ᠬᠥᠳᠡᠭᠡ ᠠᠵᠤ ᠠᠬᠤᠢ᠂ ᠵᠠᠮ ᠬᠠᠷᠢᠯᠴᠠᠭ᠎ᠠ᠂ ᠪᠣᠬᠢᠷᠳᠤᠯ ᠦᠭᠡᠢ ᠠᠵᠤ ᠠᠬᠤᠢ᠂ ᠰᠣᠶᠣᠯ ᠢᠷᠭᠡᠨᠰᠢᠯ ᠵᠡᠷᠭᠡ ᠬᠦᠷᠢᠶ᠎ᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠨ᠎ᠠ᠃ ᠲᠠᠵᠢᠺᠰᠲ᠋ᠠᠨ ᠤ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠠᠩᠬᠠᠳᠤᠭᠠᠷ ᠤᠳᠠᠭ᠎ᠠ ᠶᠢᠨ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠢ ᠰᠠᠶᠢᠲᠤᠷ ᠬᠤᠷᠠᠯᠳᠤᠭᠤᠯᠵᠤ᠂ ᠳᠤᠮᠳᠠᠳᠤ ᠤᠯᠤᠰ - ᠳᠤᠮᠳᠠ ᠠᠽᠢᠶ᠎ᠠ ᠶᠢᠨ ᠲᠣᠭᠲᠠᠴᠠ ᠶᠢ ᠰᠠᠶᠢᠲᠤᠷ ᠪᠠᠶᠢᠭᠤᠯᠤᠨ᠎ᠠ ᠭᠡᠵᠦ ᠢᠯᠡᠳᠬᠡᠪᠡ᠃       ᠬᠡᠯᠡᠯᠴᠡᠭᠡ ᠲᠡᠭᠦᠰᠦᠭᠰᠡᠨ ᠤ ᠳᠠᠷᠠᠭ᠎ᠠ᠂ ᠬᠤᠶᠠᠷ ᠤᠯᠤᠰ ᠤᠨ ᠲᠡᠷᠢᠭᠦᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠲᠠᠵᠢᠺᠰᠲ᠋ᠠᠨ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ︾ ᠳᠤ ᠭᠠᠷ ᠤᠨ ᠦᠰᠦᠭ ᠵᠢᠷᠤᠵᠤ᠂ ᠠᠵᠤ ᠠᠬᠤᠢ ᠠᠷᠠᠯᠵᠢᠶ᠎ᠠ᠂ ᠬᠤᠯᠪᠣᠯᠳᠤᠨ ᠨᠡᠪᠲᠡᠷᠡᠯᠴᠡᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠣᠷᠣᠨ ᠨᠤᠲᠤᠭ ᠤᠨ ᠰᠣᠯᠢᠯᠴᠠᠭ᠎ᠠ ᠵᠡᠷᠭᠡ ᠬᠦᠷᠢᠶ᠎ᠡ ᠶᠢᠨ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃       ᠼᠠᠢ ᠴᠢ᠂ ᠸᠠᠩ ᠢ᠂ ᠴᠢᠨ ᠭᠠᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃      
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ