︵ᠰᠢᠨᠬᠤᠸᠠ ᠬᠤᠷᠢᠶ᠎ᠠ ᠶᠢᠨ ᠰᠢ ᠠᠨ ᠤ 5 ᠰᠠᠷ᠎ᠠ ᠶᠢᠨ 18 ᠤ ᠴᠠᠭᠢᠯᠭᠠᠨ ᠮᠡᠳᠡᠭᠡ︶ 5 ᠰᠠᠷ᠎ᠠ ᠶᠢᠨ 18 ᠤ ᠦᠳᠡ ᠶᠢᠨ ᠬᠤᠶᠢᠨ᠎ᠠ᠂ ᠤᠯᠤᠰ ᠤᠨ | ᠲᠡᠷᠢᠭᠦᠯᠡᠭᠴᠢ ᠰᠢ ᠶᠢᠨ ᠫᠢᠩ ᠰᠢ ᠠᠨ ᠳᠤ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠣᠷᠤᠯᠴᠠᠬᠤ ᠪᠠᠷ ᠢᠷᠡᠭᠰᠡᠨ | ᠲᠦᠷᠺᠮᠧᠨ᠋ᠰᠲ᠋ᠠᠨ ᠤ ᠶᠡᠷᠦᠩᠬᠡᠶᠢᠯᠡᠭᠴᠢ ᠪᠧᠷᠳᠢᠮᠦ᠋ᠬᠠᠮᠧᠳᠤᠹ ᠲᠠᠢ ᠠᠭᠤᠯᠵᠠᠪᠠ᠃ | | | | | | ᠰᠢ ᠶᠢᠨ ᠫᠢᠩ᠂ ᠳᠤᠮᠳᠠᠳᠤ ᠲᠦᠷᠺᠮᠧᠨ᠋ᠰᠲ᠋ᠠᠨ ᠬᠠᠷᠢᠯᠴᠠᠭ᠎ᠠ ᠪᠠᠶᠢᠭᠤᠯᠤᠭᠰᠠᠨ 31 ᠵᠢᠯ ᠤᠨ ᠲᠤᠷᠰᠢ ᠬᠤᠶᠠᠷ ᠤᠯᠤᠰ ᠢᠮᠠᠭᠲᠠ ᠬᠠᠷᠢᠯᠴᠠᠨ ᠬᠦᠨᠳᠦᠳᠬᠡᠬᠦ᠂ | ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠵᠠᠷᠴᠢᠮ ᠢ ᠪᠠᠷᠢᠮᠲᠠᠯᠠᠵᠤ ᠨᠥᠭᠦᠷᠰᠡᠭ ᠬᠠᠮᠲᠤᠷᠠᠯᠴᠠᠭ᠎ᠠ ᠪᠠᠨ ᠠᠬᠢᠭᠤᠯᠪᠠ᠃ ᠡᠨᠡ ᠵᠢᠯ ᠤᠨ 1 ᠰᠠᠷ᠎ᠠ ᠳᠤ | ᠡᠷᠬᠢᠮ ᠲᠠ ᠳᠤᠮᠳᠠᠳᠤ ᠤᠯᠤᠰ ᠲᠤ ᠠᠮᠵᠢᠯᠲᠠ ᠲᠠᠢ ᠪᠠᠷ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠪᠢᠳᠡ ᠬᠤᠶᠠᠷ ᠤᠯᠤᠰ ᠤᠨ ᠬᠠᠷᠢᠯᠴᠠᠭ᠎ᠠ ᠶᠢ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠵᠦ᠂ ᠬᠤᠶᠠᠷ ᠲᠠᠯ᠎ᠠ ᠶᠢᠨ ᠳᠠᠪᠬᠤᠷᠭ᠎ᠠ ᠳᠤ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠦᠢᠯᠡᠳᠦᠯᠭᠡᠵᠢᠭᠦᠯᠵᠦ᠂ ᠳᠤᠮᠳᠠᠳᠤ ᠲᠦᠷᠺᠮᠧᠨ᠋ᠰᠲ᠋ᠠᠨ ᠤ ᠬᠠᠷᠢᠯᠴᠠᠭᠠᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠰᠡᠬᠦᠬᠦ ᠪᠠᠷ | ᠨᠡᠶᠢᠲᠡᠯᠡᠭᠰᠡᠨ ᠪᠢᠯᠡ᠃ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ | ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ ᠪᠠᠶᠢᠨ᠎ᠠ᠂ ᠲᠦᠷᠺᠮᠧᠨ᠋ᠰᠲ᠋ᠠᠨ ᠶᠠᠭ ︽ᠬᠦᠴᠦᠷᠬᠡᠭ ᠤᠯᠤᠰ ᠤᠨ ᠰᠢᠨ᠎ᠡ ᠴᠠᠭ ᠦᠶ᠎ᠡ ᠶᠢᠨ ᠰᠡᠷᠭᠦᠨ ᠮᠠᠨᠳᠤᠯᠲᠠ | ︾ ᠶᠢᠨ ᠬᠠᠷᠠᠯᠲᠠ ᠲᠡᠶᠢᠰᠢ ᠤᠷᠤᠭᠰᠢᠯᠠᠵᠤ ᠪᠠᠶᠢᠨ᠎ᠠ᠂ ᠳᠤᠮᠳᠠᠳᠤ ᠲᠦᠷᠺᠮᠧᠨ᠋ᠰᠲ᠋ᠠᠨ ᠤ ᠬᠠᠷᠢᠯᠴᠠᠭ᠎ᠠ ᠶᠢᠨ ᠬᠥᠭᠵᠢᠯᠲᠡ ᠶᠢᠨ ᠲᠠᠯᠳᠠ ᠬᠦᠴᠦᠨ ᠯᠤᠲᠤ ᠶᠡᠭᠡ᠂ ᠠᠯᠤᠰ | ᠢᠷᠡᠭᠡᠳᠦᠢ ᠭᠡᠭᠡᠨ ᠰᠠᠷᠠᠭᠤᠯ ᠶᠤᠮ᠃ ᠳᠤᠮᠳᠠᠳᠤ ᠤᠯᠤᠰ ᠳᠤᠷᠠᠲᠠᠶ᠎ᠠ ᠲᠦᠷᠺᠮᠧᠨ᠋ᠰᠲ᠋ᠠᠨ ᠤ ᠬᠢᠨ ᠲᠠᠢ ᠬᠠᠮᠲᠤ ᠪᠠᠷ ᠴᠢᠷᠮᠠᠶᠢᠵᠤ ᠪᠠᠶᠢᠭᠠᠳ ᠬᠤᠶᠠᠷ ᠤᠯᠤᠰ ᠤᠨ | ᠬᠠᠷᠢᠯᠴᠠᠭ᠎ᠠ ᠶᠢ ᠲᠠᠰᠤᠷᠠᠯᠳᠠ ᠦᠭᠡᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠤᠯᠤᠰ ᠲᠦᠷᠺᠮᠧᠨ᠋ᠰᠲ᠋ᠠᠨ ᠤ ᠤᠯᠤᠰ ᠤᠨ ᠡᠷᠬᠡ ᠮᠡᠳᠡᠯ᠂ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ | ᠪᠦᠲᠦᠨ ᠢᠶᠠᠨ ᠬᠠᠮᠠᠭᠠᠯᠠᠬᠤ ᠶᠢ ᠡᠷᠡᠰ ᠲᠡᠮᠵᠢᠵᠥ᠂ ᠲᠦᠷᠺᠮᠧᠨ᠋ᠰᠲ᠋ᠠᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ | ᠡᠷᠡᠰ ᠲᠡᠮᠵᠢᠵᠥ᠂ ᠢᠮᠠᠭᠲᠠ ᠲᠦᠷᠺᠮᠧᠨ᠋ᠰᠲ᠋ᠠᠨ ᠤ ᠢᠲᠡᠭᠡᠮᠵᠢᠲᠡᠢ ᠨᠠᠶᠢᠵᠠ ᠪᠠ ᠬᠠᠨᠢᠲᠠᠨ ᠪᠣᠯᠣᠨ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠮᠲᠤᠷᠠᠯᠴᠠᠭᠠᠨ ᠤ ᠲᠠᠯᠳᠠ ᠬᠦᠴᠦᠨ ᠢᠶᠠᠨ ᠪᠠᠳᠠᠷᠠᠭᠤᠯᠵᠤ᠂ ᠬᠠᠮᠲᠤᠷᠠᠯᠴᠠᠭᠠᠨ ᠤ ᠭᠦᠨᠴᠡ᠂ ᠥᠷᠭᠡᠴᠡ ᠪᠣᠯᠣᠨ | ᠬᠡᠪᠴᠢᠶ᠎ᠡ ᠪᠠᠨ ᠪᠦᠭᠦ ᠲᠠᠯ᠎ᠠ ᠪᠠᠷ ᠳᠡᠭᠡᠭᠰᠢᠯᠡᠭᠦᠯᠦᠶ᠎ᠡ᠃ ᠳᠤᠮᠳᠠᠳᠤ ᠤᠯᠤᠰ ᠳᠤᠷᠠᠲᠠᠶ᠎ᠠ ᠲᠦᠷᠺᠮᠧᠨ᠋ᠰᠲ᠋ᠠᠨ ᠤ ᠲᠠᠯ᠎ᠠ ᠲᠠᠢ ᠠᠵᠤ ᠠᠬᠤᠢ ᠠᠷᠠᠯᠵᠢᠶ᠎ᠠ᠂ ᠪᠠᠶᠢᠭᠠᠯᠢ ᠶᠢᠨ | ᠰᠢᠲᠠᠮᠠᠬᠠᠢ ᠬᠡᠢ᠂ ᠬᠤᠯᠪᠣᠯᠳᠤᠨ ᠨᠡᠪᠲᠡᠷᠡᠯᠴᠡᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ᠂ ᠴᠢᠮᠡᠭᠡ ᠬᠤᠯᠪᠤᠭ᠎ᠠ᠂ ᠰᠠᠨᠰᠠᠷ ᠤᠨ ᠠᠶᠠᠯᠠᠯ ᠵᠡᠷᠭᠡ | ᠳᠡᠭᠡᠳᠦ ᠰᠢᠨ᠎ᠡ ᠮᠡᠷᠭᠡᠵᠢᠯ ᠤᠨ ᠬᠠᠮᠲᠤᠷᠠᠯᠴᠠᠭ᠎ᠠ ᠪᠠᠨ ᠥᠷᠭᠡᠳᠬᠡᠵᠦ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠲᠦᠷᠺᠮᠧᠨ᠋ᠰᠲ᠋ᠠᠨ ᠳᠤ ᠬᠦᠷᠴᠦ | ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠲᠡᠮᠵᠢᠨ᠎ᠠ᠂ ᠬᠤᠶᠠᠷ ᠤᠯᠤᠰ ᠤᠨ ᠣᠷᠣᠨ ᠨᠤᠲᠤᠭ ᠤᠨ ᠮᠤᠵᠢ ᠵᠧᠦ ᠪᠠᠰᠠ ᠬᠥᠳᠡᠯᠦᠯᠴᠡᠵᠦ᠂ ᠲᠤᠰ | ᠪᠡᠶ᠎ᠡ ᠶᠢᠨ ᠳᠠᠪᠠᠭᠤᠯᠢᠭ ᠲᠠᠢ ᠪᠠᠨ ᠤᠶᠠᠯᠳᠤᠭᠤᠯᠵᠤ᠂ ᠨᠡᠩ ᠤᠯᠠᠨ ᠠᠵᠢᠯ ᠲᠦᠷᠦᠯ ᠤᠨ ᠬᠠᠮᠲᠤᠷᠠᠯᠴᠠᠭ᠎ᠠ ᠥᠷᠨᠢᠭᠦᠯᠦᠶ᠎ᠡ᠃ ᠬᠤᠶᠠᠷ ᠲᠠᠯ᠎ᠠ ᠪᠠᠷ ᠢᠶᠠᠨ ᠡᠨᠡ ᠵᠢᠯ ᠪᠠ | ᠢᠷᠡᠬᠦ ᠵᠢᠯ ᠬᠠᠷᠢᠯᠴᠠᠨ ᠰᠣᠶᠣᠯ ᠤᠨ ᠣᠨ ᠡᠷᠭᠢᠯᠡᠭᠦ ᠪᠠᠷ ᠠᠵᠠ ᠲᠣᠭᠢᠶᠠᠯ ᠪᠤᠯᠭᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠦᠶ᠎ᠡ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠪᠣᠯᠣᠨ ᠳᠤᠮᠳᠠ ᠠᠽᠢᠶ᠎ᠠ ᠶᠢᠨ ᠤᠯᠤᠰ ᠤᠳ ᠪᠣᠯ ᠬᠠᠷᠢᠯᠴᠠᠨ ᠲᠦᠰᠢᠭᠯᠡᠯᠴᠡᠵᠦ᠂ ᠠᠮᠤᠷ ᠲᠦᠪᠰᠢᠨ ᠠᠶᠤᠯ | ᠲᠦᠭᠰᠢᠭᠦᠷᠢ ᠪᠠᠨ ᠬᠠᠮᠲᠤᠳᠬᠠᠭᠰᠠᠨ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠃ ᠳᠤᠮᠳᠠᠳᠤ ᠤᠯᠤᠰ ᠲᠠᠪᠤᠨ ᠤᠯᠤᠰ ᠲᠠᠢ ᠬᠠᠮᠲᠤ ᠪᠠᠷ ᠴᠢᠷᠮᠠᠶᠢᠵᠤ | ᠪᠠᠶᠢᠭᠠᠳ ᠡᠨᠡ ᠤᠳᠠᠭ᠎ᠠ ᠶᠢᠨ ᠳᠤᠮᠳᠠᠳᠤ ᠤᠯᠤᠰ — ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠢ ᠰᠠᠶᠢᠲᠤᠷ ᠬᠤᠷᠠᠯᠳᠤᠭᠤᠯᠵᠤ᠂ ᠳᠤᠮᠳᠠᠳᠤ ᠤᠯᠤᠰ | — ᠳᠤᠮᠳᠠ ᠠᠽᠢᠶ᠎ᠠ ᠶᠢᠨ ᠬᠠᠮᠲᠤᠷᠠᠯᠴᠠᠭᠠᠨ ᠤ ᠲᠣᠭᠲᠠᠭᠤᠨ ᠬᠥᠭᠵᠢᠯᠲᠡ ᠶᠢ ᠠᠬᠢᠭᠤᠯᠵᠤ᠂ ᠳᠤᠮᠳᠠ ᠠᠽᠢᠶ᠎ᠠ ᠶᠢᠨ ᠭᠠᠵᠠᠷ ᠣᠷᠣᠨ ᠤ ᠡᠩᠬᠡ ᠲᠠᠶᠢᠪᠤᠩ | ᠲᠣᠭᠲᠠᠭᠤᠨ ᠪᠠᠶᠢᠳᠠᠯ ᠪᠣᠯᠣᠨ ᠥᠨᠢ ᠤᠳᠠᠭᠠᠨ ᠤ ᠠᠮᠤᠷ ᠲᠣᠭᠲᠠᠭᠤᠨ ᠢ ᠬᠠᠮᠠᠭᠠᠯᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃ | | | | | ᠪᠧᠷᠳᠢᠮᠦ᠋ᠬᠠᠮᠧᠳᠤᠹ᠂ ᠲᠦᠷᠺᠮᠧᠨ᠋ᠰᠲ᠋ᠠᠨ ᠳᠤᠮᠳᠠᠳᠤ ᠶᠢᠨ ᠨᠥᠬᠦᠷᠯᠡᠯ ᠶᠠᠪᠤᠬᠤ ᠲᠤᠳᠤᠮ ᠰᠢᠨᠡᠳᠴᠦ᠂ ᠲᠦᠷᠺᠮᠧᠨ᠋ᠰᠲ᠋ᠠᠨ ᠳᠤᠮᠳᠠᠳᠤ ᠶᠢᠨ ᠬᠠᠷᠢᠯᠴᠠᠭ᠎ᠠ | ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠪᠠᠶᠢᠬᠤ ᠪᠠ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠳᠤ ᠰᠠᠭᠤᠷᠢᠯᠠᠵᠤ᠂ ᠠᠯᠤᠰ ᠢᠷᠡᠭᠡᠳᠦᠢ ᠭᠡᠭᠡᠨ | ᠰᠠᠷᠠᠭᠤᠯ ᠪᠠᠶᠢᠨ᠎ᠠ᠃ ᠲᠦᠷᠺᠮᠧᠨ᠋ᠰᠲ᠋ᠠᠨ ᠤ ᠬᠢᠨ ᠳᠤᠮᠳᠠᠳᠤ ᠤᠯᠤᠰ ᠯᠤᠭ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠮᠠᠰᠢ | ᠨᠠᠨᠳᠢᠩᠨᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ︽ᠲᠣᠷᠭᠠᠨ ᠵᠠᠮ ᠢ ᠰᠡᠷᠭᠦᠭᠡᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠶᠢ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠲᠠᠢ ᠵᠣᠯᠭᠠᠭᠤᠯᠵᠤ᠂ ᠲᠦᠷᠺᠮᠧᠨ᠋ᠰᠲ᠋ᠠᠨ ᠳᠤᠮᠳᠠᠳᠤ ᠶᠢᠨ ᠬᠠᠮᠲᠤᠷᠠᠯᠴᠠᠭᠠᠨ ᠤ ᠵᠥᠪᠯᠡᠯ ᠤᠨ ᠦᠢᠯᠡᠳᠦᠯ ᠢ | ᠪᠠᠳᠠᠷᠠᠭᠤᠯᠵᠤ᠂ ᠡᠨᠧᠷᠭᠢ᠂ ᠰᠢᠨ᠎ᠡ ᠶᠢ ᠡᠭᠦᠳᠬᠦ ᠵᠡᠷᠭᠡ ᠭᠤᠣᠯᠳᠠᠯᠭ᠎ᠠ ᠲᠠᠢ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠰᠣᠶᠣᠯ ᠢᠷᠭᠡᠨᠰᠢᠯ ᠤᠨ | ᠰᠣᠯᠢᠯᠴᠠᠭ᠎ᠠ ᠪᠠᠨ ᠨᠢᠭᠲᠠᠷᠠᠭᠤᠯᠤᠨ᠎ᠠ᠃ ᠳᠤᠮᠳᠠᠳᠤ ᠤᠯᠤᠰ — ᠳᠤᠮᠳᠠ ᠠᠽᠢᠶ᠎ᠠ ᠶᠢᠨ ᠲᠣᠭᠲᠠᠴᠠ ᠨᠢ ᠨᠥᠬᠦᠷᠯᠡᠯ ᠪᠠ ᠬᠠᠮᠲᠤᠷᠠᠯᠴᠠᠭ᠎ᠠ ᠪᠠᠨ | ᠭᠦᠨᠵᠡᠭᠡᠶᠢᠷᠡᠭᠦᠯᠬᠦ ᠳᠤ ᠰᠢᠨ᠎ᠡ ᠲᠣᠭᠢᠶᠠᠯ ᠬᠠᠩᠭᠠᠬᠤ ᠪᠥᠭᠡᠳ ᠳᠡᠯᠡᠬᠡᠢ ᠳ᠋ᠠᠬᠢᠨ ᠳᠤ ᠴᠤ ᠴᠢᠬᠤᠯᠠ ᠠᠴᠢ ᠬᠤᠯᠪᠣᠭᠳᠠᠯ ᠲᠠᠢ ᠶᠤᠮ᠃ ᠲᠦᠷᠺᠮᠧᠨ᠋ᠰᠲ᠋ᠠᠨ ᠤ ᠬᠢᠨ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠣᠯᠣᠯᠴᠠᠭ᠎ᠠ ᠬᠠᠮᠲᠤᠷᠠᠯᠴᠠᠭ᠎ᠠ ᠪᠠᠨ ᠨᠢᠭᠲᠠᠷᠠᠭᠤᠯᠵᠤ᠂ ᠥᠷᠢᠰᠦᠯᠳᠦᠭᠡᠨ ᠢ | ᠬᠠᠮᠲᠤ ᠪᠠᠷ ᠠᠷᠭᠠᠴᠠᠭᠠᠵᠤ᠂ ᠭᠠᠵᠠᠷ ᠣᠷᠣᠨ ᠤ ᠠᠮᠤᠷ ᠲᠦᠪᠰᠢᠨ ᠲᠣᠭᠲᠠᠭᠤᠨ ᠪᠣᠯᠣᠨ ᠬᠥᠭᠵᠢᠯ ᠴᠡᠴᠡᠭᠯᠡᠯ ᠢ ᠠᠬᠢᠭᠤᠯᠤᠨ᠎ᠠ ᠭᠡᠵᠦ ᠢᠯᠡᠳᠬᠡᠪᠡ᠃ | ᠠᠭᠤᠯᠵᠠᠯᠲᠠ ᠶᠢᠨ ᠳᠠᠷᠠᠭ᠎ᠠ᠂ ᠬᠤᠶᠠᠷ ᠤᠯᠤᠰ ᠤᠨ ᠲᠡᠷᠢᠭᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠪᠣᠭᠤᠮᠲᠠ ᠵᠡᠷᠭᠡ ᠬᠦᠷᠢᠶᠡᠨ ᠳᠠᠬᠢ ᠬᠤᠶᠠᠷ | ᠲᠠᠯ᠎ᠠ ᠶᠢᠨ ᠤᠯᠠᠨ ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | | | | | ᠼᠠᠢ ᠴᠢ᠂ ᠸᠠᠩ ᠢ᠂ ᠴᠢᠨ ᠭᠠᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | |