5 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠰᠢ ᠠᠨ ᠳᠤ ᠳᠤᠮᠳᠠᠳᠤ ᠤᠯᠤᠰ – ᠳᠤᠮᠳᠠ ᠠᠽᠢᠶ᠎ᠠ ᠶᠢᠨ | ᠲᠦᠷᠦᠭᠦᠴᠦᠳ ᠤᠨ ᠬᠤᠷᠠᠯ ᠳᠤ ᠣᠷᠤᠯᠴᠠᠬᠤ ᠶᠢᠨ ᠬᠠᠮᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠲᠤᠮᠳᠠᠳᠤ ᠤᠯᠤᠰ ᠲᠤ ᠢᠷᠡᠭᠰᠡᠨ | ᠺᠢᠷᠭᠢᠽᠰᠲ᠋ᠠᠨ ᠤ ᠶᠡᠷᠦᠩᠬᠡᠶᠢᠯᠡᠭᠴᠢ ᠵᠠᠫᠠᠯᠤᠹ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ ᠳᠤᠮᠳᠠᠳᠤ ᠺᠢᠷᠭᠢᠽᠰᠲ᠋ᠠᠨ ᠤ ᠬᠠᠷᠢᠯᠴᠠᠭ᠎ᠠ ᠶᠢ ᠰᠢᠨ᠎ᠡ ᠴᠠᠭ | ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃ | ᠰᠢ ᠶᠢᠨ ᠫᠢᠩ᠂ ᠨᠢᠳᠤᠨᠤᠨ ᠪᠢᠳᠡ ᠬᠤᠶᠠᠷ ᠤᠳᠠᠭ᠎ᠠ ᠠᠭᠤᠯᠵᠠᠵᠤ᠂ ᠳᠤᠮᠳᠠᠳᠤ ᠺᠢᠷᠭᠢᠽᠰᠲ᠋ᠠᠨ ᠤ ᠬᠠᠷᠢᠯᠴᠠᠭ᠎ᠠ ᠪᠣᠯᠣᠨ ᠬᠤᠶᠠᠷ ᠤᠯᠤᠰ ᠤᠨ ᠡᠯ᠎ᠡ | ᠬᠦᠷᠢᠶᠡᠨ ᠤ ᠬᠠᠮᠲᠤᠷᠠᠯᠴᠠᠭᠠᠨ ᠤ ᠲᠤᠬᠠᠢ ᠴᠢᠬᠤᠯᠠ ᠬᠠᠮᠲᠤ ᠶᠢᠨ ᠲᠠᠨᠢᠯᠲᠠ ᠶᠠᠭ ᠪᠦᠲᠦᠮᠵᠢᠲᠡᠢ ᠨᠠᠶᠢᠳᠠᠪᠤᠷᠢᠵᠢᠭᠤᠯᠤᠭᠳᠠᠵᠤ᠂ ᠬᠤᠶᠠᠷ ᠤᠯᠤᠰ ᠤᠨ ᠬᠠᠷᠢᠯᠴᠠᠭᠠᠨ ᠤ | ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ ᠳᠤᠮᠳᠠᠳᠤ ᠺᠢᠷᠭᠢᠽᠰᠲ᠋ᠠᠨ ᠤ ᠬᠠᠷᠢᠯᠴᠠᠭ᠎ᠠ ᠨᠢᠭᠡᠨᠲᠡ 31 ᠵᠢᠯ ᠤᠨ ᠬᠥᠭᠵᠢᠯᠲᠡ ᠶᠢᠨ | ᠶᠠᠪᠤᠴᠠ ᠶᠢ ᠥᠩᠭᠡᠷᠡᠭᠦᠯᠪᠡ᠂ ᠳᠤᠮᠳᠠᠳᠤ ᠤᠯᠤᠰ ᠳᠤᠷᠠᠲᠠᠶ᠎ᠠ ᠺᠢᠷᠭᠢᠽᠰᠲ᠋ᠠᠨ ᠤ ᠬᠢᠨ ᠲᠠᠢ ᠡᠶᠡᠯᠳᠡᠭ ᠬᠥᠷᠰᠢ ᠶᠢᠨ ᠨᠥᠭᠦᠷᠰᠡᠭ ᠬᠠᠷᠢᠯᠴᠠᠭ᠎ᠠ᠂ ᠬᠥᠭᠵᠢᠯ ᠴᠡᠴᠡᠭᠯᠡᠯ ᠢ | ᠬᠠᠮᠲᠤ ᠪᠠᠷ ᠡᠳ᠋ᠯᠡᠬᠦ ᠳᠤᠮᠳᠠᠳᠤ ᠺᠢᠷᠭᠢᠽᠰᠲ᠋ᠠᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠬᠤᠶᠠᠷ ᠤᠯᠤᠰ ᠤᠨ ᠬᠥᠭᠵᠢᠯ ᠮᠠᠨᠳᠤᠯ ᠳᠤ | ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠳᠤᠮᠳᠠᠳᠤ ᠺᠢᠷᠭᠢᠽᠰᠲ᠋ᠠᠨ ᠬᠠᠷᠢᠯᠴᠠᠨ ᠳᠡᠮᠵᠢᠬᠦ ᠪᠠᠨ ᠴᠢᠩᠭᠠᠳᠬᠠᠵᠤ᠂ ᠢᠯᠠᠩᠭᠤᠶ᠎ᠠ ᠲᠤᠰ ᠲᠤᠰ ᠤᠨ ᠢᠶᠠᠨ ᠭᠤᠣᠯᠯᠠᠭᠴᠢ ᠠᠰᠢᠭ | ᠲᠤᠰᠠ ᠶᠢ ᠡᠷᠡᠰ ᠬᠦᠴᠦᠲᠡᠢ ᠲᠡᠮᠵᠢᠵᠤ᠂ ᠬᠠᠷᠢᠯᠴᠠᠨ ᠢᠲᠡᠭᠡᠯᠴᠡᠵᠦ᠂ ᠬᠠᠷᠢᠯᠴᠠᠨ ᠲᠦᠰᠢᠭᠯᠡᠭᠰᠡᠨ ᠰᠠᠶᠢᠨ ᠨᠠᠶᠢᠵᠠ ᠪᠣᠯᠣᠯᠴᠠᠶ᠎ᠠ᠃ ᠬᠥᠭᠵᠢᠯᠲᠡ ᠶᠢᠨ ᠪᠠᠶᠢᠯᠳᠤᠬᠤ | ᠪᠣᠳᠣᠯᠭ᠎ᠠ ᠶᠢᠨ ᠵᠣᠯᠭᠠᠯᠴᠠᠭ᠎ᠠ ᠪᠣᠯᠣᠨ ᠲᠥᠷᠥ ᠶᠢᠨ ᠪᠣᠳᠣᠯᠭ᠎ᠠ ᠶᠢᠨ ᠵᠣᠬᠢᠴᠠᠭᠤᠯᠭ᠎ᠠ ᠪᠠᠨ ᠴᠢᠩᠭᠠᠳᠬᠠᠵᠤ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠲᠠᠢ | ᠬᠠᠮᠲᠤ ᠪᠠᠷ ᠪᠦᠲᠦᠭᠡᠨ ᠪᠠᠶᠢᠭᠤᠯᠬᠤ ᠪᠠᠷ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠠᠬᠢᠭᠤᠯᠵᠤ᠂ ᠠᠵᠤ ᠠᠬᠤᠢ ᠠᠷᠠᠯᠵᠢᠶᠠᠨ ᠤ | ᠬᠠᠮᠲᠤᠷᠠᠯᠴᠠᠭᠠᠨ ᠤ ᠲᠦᠪᠰᠢᠨ ᠢᠶᠠᠨ ᠳᠡᠭᠡᠭᠰᠢᠯᠡᠭᠦᠯᠵᠦ᠂ ᠠᠷᠠᠳ ᠤᠨ ᠠᠮᠢᠳᠤᠷᠠᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠶᠠᠳᠠᠭᠤ ᠶᠢ | ᠲᠡᠳᠬᠦᠵᠦ ᠶᠠᠳᠠᠭᠤ ᠬᠦᠴᠢᠷᠳᠡᠯᠲᠡᠢ ᠬᠥᠮᠥᠨ ᠠᠮᠠ ᠶᠢ ᠪᠠᠭᠠᠰᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠤ | ᠬᠠᠮᠲᠤᠷᠠᠯᠴᠠᠭ᠎ᠠ ᠪᠠᠨ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠺᠢᠷᠭᠢᠽᠰᠲ᠋ᠠᠨ ᠦᠽᠪᠧᠺᠰᠲ᠋ᠠᠨ ᠤ ᠲᠡᠮᠦᠷ | ᠵᠠᠮ ᠤᠨ ᠪᠦᠲᠦᠭᠡᠨ ᠪᠠᠶᠢᠭᠤᠯᠤᠯᠲᠠ ᠶᠢ ᠡᠷᠲᠡᠬᠡᠨ ᠡᠬᠢᠯᠡᠭᠦᠯᠦᠶ᠎ᠡ᠃ ᠳᠤᠮᠳᠠᠳᠤ ᠶᠢᠨ ᠲᠠᠯ᠎ᠠ ᠳᠤᠷᠠᠲᠠᠶ᠎ᠠ ᠺᠢᠷᠭᠢᠽᠰᠲ᠋ᠠᠨ ᠤ ᠴᠢᠨᠠᠷ ᠰᠠᠶᠢᠲᠠᠢ ᠬᠥᠳᠡᠭᠡ ᠠᠵᠤ | ᠠᠬᠤᠢ ᠶᠢᠨ ᠳᠠᠭᠠᠯᠲᠠ ᠪᠦᠲᠦᠭᠡᠭᠳᠡᠬᠦᠨ ᠢ ᠣᠷᠣᠭᠤᠯᠬᠤ ᠪᠠᠨ ᠨᠡᠮᠡᠭᠳᠡᠭᠦᠯᠵᠦ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠢᠷᠭᠢᠽᠰᠲ᠋ᠠᠨ ᠳᠤ | ᠬᠦᠷᠴᠦ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ᠎ᠠ᠃ ᠬᠤᠶᠠᠷ ᠲᠠᠯ᠎ᠠ ᠪᠠᠷ ᠢᠶᠠᠨ ᠪᠠᠰᠠ ᠣᠷᠣᠨ ᠨᠤᠲᠤᠭ ᠤᠨ ᠬᠠᠮᠲᠤᠷᠠᠯᠴᠠᠭ᠎ᠠ ᠪᠠᠨ | ᠴᠢᠩᠭᠠᠳᠬᠠᠵᠤ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠥᠷᠭᠡᠳᠬᠡᠵᠦ᠂ ᠬᠤᠶᠠᠷ ᠤᠯᠤᠰ ᠤᠨ ᠬᠠᠷᠢᠯᠴᠠᠭᠠᠨ ᠤ ᠬᠥᠭᠵᠢᠯᠲᠡ ᠶᠢᠨ ᠨᠡᠶᠢᠭᠡᠮ ᠤᠨ ᠪᠠ | ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ᠃ ᠠᠮᠤᠷ ᠲᠦᠪᠰᠢᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽ᠨᠢᠭᠡ ᠪᠦᠰᠡ ᠨᠢᠭᠡ ᠵᠠᠮ︾ ᠢ | ᠬᠠᠮᠲᠤ ᠪᠠᠷ ᠪᠦᠲᠦᠭᠡᠨ ᠪᠠᠶᠢᠭᠤᠯᠬᠤ ᠪᠠ ᠬᠤᠶᠠᠷ ᠤᠯᠤᠰ ᠤᠨ ᠬᠥᠭᠵᠢᠯᠲᠡ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ | ᠨᠥᠬᠦᠴᠡᠯ ᠬᠠᠩᠭᠠᠶ᠎ᠠ ᠭᠡᠵᠦ ᠴᠢᠬᠤᠯᠠᠴᠢᠯᠠᠪᠠ᠃ | ᠵᠠᠫᠠᠯᠤᠹ᠂ ᠲᠡᠦᠬᠡᠲᠦ ᠠᠴᠢ ᠬᠤᠯᠪᠣᠭᠳᠠᠯ ᠢᠶᠠᠷ ᠪᠢᠯᠬᠠᠮ᠎ᠠ ᠡᠷᠲᠡᠨ ᠤ ᠲᠣᠷᠭᠠᠨ ᠵᠠᠮ ᠤᠨ ᠡᠭᠢᠯᠡᠯᠲᠡ ᠶᠢᠨ ᠴᠡᠭ ᠲᠤ ᠢᠷᠡᠵᠦ ᠠᠶᠢᠯᠴᠢᠯᠠᠯᠲᠠ ᠬᠢᠬᠦ | ᠪᠣᠯᠤᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠳᠤᠮᠳᠠᠳᠤ ᠤᠯᠤᠰ ᠤᠯᠤᠰ ᠤᠨ ᠳᠣᠲᠣᠭᠠᠳᠤ ᠶᠢᠨ ᠠᠯᠢ ᠤᠯᠠᠨ ᠴᠢᠬᠤᠯᠠ ᠶᠡᠭᠡ ᠤᠯᠤᠰ ᠲᠦᠷᠦ ᠶᠢᠨ ᠵᠥᠪᠯᠡᠬᠦ | ᠵᠦᠢᠯᠡᠰ ᠢᠶᠠᠨ ᠠᠮᠵᠢᠯᠲᠠ ᠲᠠᠢ ᠪᠡᠶᠡᠯᠡᠭᠦᠯᠦᠭᠰᠡᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ᠂ ᠲᠡᠷᠢᠭᠦᠯᠡᠭᠴᠢ ᠰᠢ ᠶᠢᠨ ᠫᠢᠩ ᠤᠨ ᠪᠠᠲᠤ ᠴᠢᠩᠭ᠎ᠠ ᠬᠦᠴᠦᠲᠡᠢ | ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠤᠨ ᠡᠯ᠎ᠡ ᠬᠦᠷᠢᠶᠡᠨ ᠤ ᠬᠥᠭᠵᠢᠯᠲᠡ ᠯᠠᠪᠲᠠᠢ ᠰᠢᠨ᠎ᠡ ᠭᠡᠷᠡᠯ ᠰᠠᠴᠤᠷᠠᠩᠭᠤᠢ ᠠᠮᠵᠢᠯᠲᠠ ᠣᠯᠵᠤ᠂ ᠳᠡᠯᠡᠬᠡᠢ | ᠳ᠋ᠠᠬᠢᠨ ᠳᠤ ᠨᠡᠩ ᠴᠢᠬᠤᠯᠠ ᠦᠢᠯᠡᠳᠦᠯ ᠦᠵᠡᠭᠦᠯᠭᠦ ᠶᠢ ᠢᠲᠡᠭᠡᠵᠦ ᠪᠠᠶᠢᠨ᠎ᠠ᠃ ᠣᠳᠣᠬᠠᠨ ᠳᠤ ᠺᠢᠷᠭᠢᠽᠰᠲ᠋ᠠᠠ ᠳᠤᠮᠳᠠᠳᠤ ᠶᠢᠨ ᠬᠠᠷᠢᠯᠴᠠᠭ᠎ᠠ ᠲᠡᠦᠬᠡ ᠶᠢᠨ ᠬᠠᠮᠤᠭ ᠤᠨ | ᠰᠠᠶᠢᠨ ᠲᠦᠪᠰᠢᠨ ᠳᠤ ᠣᠷᠣᠰᠢᠵᠤ ᠪᠠᠶᠢᠨ᠎ᠠ᠂ ᠺᠢᠷᠭᠢᠽᠰᠲ᠋ᠠᠠ ᠤ ᠲᠠᠯ᠎ᠠ ᠳᠤᠮᠳᠠᠳᠤ ᠶᠢᠨ ᠲᠠᠯ᠎ᠠ ᠶᠢᠨ ᠲᠠᠶᠢᠸᠠᠨ᠂ ᠰᠢᠨᠵᠢᠶᠠᠩ ᠳᠤ ᠬᠤᠯᠪᠣᠭᠳᠠᠭᠰᠠᠨ᠂ | ᠰᠢᠶᠠᠩᠭᠠᠩ ᠳᠤ ᠬᠤᠯᠪᠣᠭᠳᠠᠭᠰᠠᠨ ᠵᠡᠷᠭᠡ ᠭᠤᠣᠯᠯᠠᠭᠴᠢ ᠠᠰᠢᠭ ᠲᠤᠰᠠ ᠶᠢᠨ ᠠᠰᠠᠭᠤᠳᠠᠯ ᠳᠡᠭᠡᠷᠡᠬᠢ ᠵᠣᠭᠰᠣᠯᠲᠠ ᠭᠤᠶᠢᠪᠢᠰᠢ ᠦᠭᠡᠢ ᠪᠠᠶᠢᠬᠤ ᠶᠢ ᠲᠡᠮᠵᠢᠵᠦ᠂ | ᠳᠤᠮᠳᠠᠳᠤ ᠶᠢᠨ ᠲᠠᠯ᠎ᠠ ᠶᠢᠨ ᠳᠤᠷᠠᠳᠤᠭᠰᠠᠨ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠬᠥᠭᠵᠢᠯᠲᠡ ᠶᠢᠨ | ᠰᠠᠨᠠᠭᠠᠴᠢᠯᠠᠭ᠎ᠠ ᠶᠢ ᠲᠡᠮᠵᠢᠵᠦ᠂ ᠳᠤᠷᠠᠲᠠᠶ᠎ᠠ ᠳᠤᠮᠳᠠᠳᠤ ᠶᠢᠨ ᠲᠠᠯ᠎ᠠ ᠯᠤᠭ᠎ᠠ ᠡᠷᠡᠰ ᠳᠡᠮᠵᠢᠯᠴᠡᠵᠦ᠂ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠤᠶᠠᠷ | ᠤᠯᠤᠰ ᠪᠣᠯᠣᠨ ᠭᠠᠵᠠᠷ ᠣᠷᠣᠨ ᠤ ᠠᠮᠤᠷ ᠲᠦᠪᠰᠢᠨ ᠪᠣᠯᠣᠨ ᠬᠥᠭᠵᠢᠯᠲᠡ ᠶᠢ ᠬᠠᠮᠲᠤ ᠪᠠᠷ ᠠᠬᠢᠭᠤᠯᠤᠨ᠎ᠠ᠃ ᠺᠢᠷᠭᠢᠽᠰᠲ᠋ᠠᠨ ᠤ ᠬᠢᠨ ᠳᠤᠮᠳᠠᠳᠤ ᠤᠯᠤᠰ ᠤᠨ ᠠᠵᠤ | ᠠᠬᠤᠶᠢᠯᠠᠯ ᠳᠤ ᠠᠮᠤᠷ ᠲᠦᠪᠰᠢᠨ ᠰᠠᠶᠢᠨ ᠰᠠᠶᠢᠬᠠᠨ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠬᠠᠩᠭᠠᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ | ᠪᠦᠲᠦᠭᠡᠨ ᠪᠠᠶᠢᠭᠤᠯᠬᠤ ᠶᠢ ᠦᠷᠭᠦᠯᠵᠢᠯᠡᠨ ᠠᠬᠢᠭᠤᠯᠤᠨ᠎ᠠ᠃ ᠥᠨᠥᠳᠥᠷ ᠪᠢᠳᠡ ᠺᠢᠷᠭᠢᠽᠰᠲ᠋ᠠᠨ ᠳᠤᠮᠳᠠᠳᠤ ᠶᠢᠨ ᠬᠠᠷᠢᠯᠴᠠᠭ᠎ᠠ ᠶᠢ ᠰᠢᠨ᠎ᠡ ᠴᠠᠭ ᠦᠶ᠎ᠡ ᠶᠢᠨ ᠪᠦᠭᠦ | ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠭᠦ ᠶᠢᠨ ᠬᠠᠮᠲᠤ ᠺᠢᠷᠭᠢᠽᠰᠲ᠋ᠠᠨ ᠳᠤᠮᠳᠠᠳᠤ ᠶᠢᠨ ᠬᠤᠪᠢ ᠵᠠᠶᠠᠭᠠᠨ ᠤ | ᠬᠠᠮᠲᠤ ᠶᠢᠨ ᠴᠣᠭᠴᠠ ᠶᠢ ᠪᠠᠶᠢᠭᠤᠯᠬᠤ ᠲᠤᠬᠠᠢ ᠰᠠᠨᠠᠯ ᠨᠢᠭᠡᠳᠦᠭᠰᠡᠨ ᠨᠢ ᠬᠤᠶᠠᠷ ᠤᠯᠤᠰ ᠤᠨ ᠪᠦᠭᠦ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠰᠢᠨ᠎ᠡ | ᠳᠡᠭᠲᠡᠷ ᠲᠤ ᠭᠠᠷᠭᠠᠬᠤ ᠶᠢ ᠠᠬᠢᠭᠤᠯᠬᠤ ᠨᠢ ᠯᠠᠪᠲᠠᠢ ᠶᠤᠮ ᠭᠡᠵᠦ ᠢᠯᠡᠳᠬᠡᠪᠡ᠃ | ᠵᠠᠫᠠᠯᠤᠹ᠂ ᠪᠢ ᠤᠳᠠᠯ ᠦᠭᠡᠢ ᠬᠤᠷᠠᠯᠳᠤᠬᠤ ᠪᠠᠷ ᠪᠠᠶᠢᠭ᠎ᠠ ᠳᠤᠮᠳᠠᠳᠤ ᠤᠯᠤᠰ – ᠳᠤᠮᠳᠠ ᠠᠽᠢᠶ᠎ᠠ ᠶᠢᠨ ᠲᠦᠷᠦᠭᠦᠴᠦᠳ ᠤᠨ ᠬᠤᠷᠠᠯ ᠳᠤ ᠬᠦᠰᠡᠯ | ᠡᠷᠡᠮᠡᠯᠵᠡᠯ ᠢᠶᠠᠷ ᠳᠦᠭᠦᠷᠡᠩ ᠪᠠᠶᠢᠨ᠎ᠠ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠳᠤᠮᠳᠠᠳᠤ ᠤᠯᠤᠰ – ᠳᠤᠮᠳᠠ ᠠᠽᠢᠶ᠎ᠠ ᠶᠢᠨ ᠲᠦᠷᠦᠭᠦᠴᠦᠳ ᠤᠨ | ᠬᠤᠷᠠᠯ ᠢ ᠳᠤᠮᠳᠠ ᠠᠽᠢᠶ᠎ᠠ ᠶᠢᠨ ᠤᠯᠤᠰ ᠪᠣᠯᠣᠨ ᠳᠤᠮᠳᠠᠳᠤ ᠤᠯᠤᠰ ᠤᠨ ᠬᠤᠶᠠᠷ ᠲᠠᠯ᠎ᠠ ᠶᠢᠨ ᠪᠠ ᠭᠠᠵᠠᠷ ᠣᠷᠣᠨ ᠤ ᠬᠠᠮᠲᠤᠷᠠᠯᠴᠠᠭ᠎ᠠ ᠪᠠᠨ ᠨᠢᠭᠲᠠᠷᠠᠭᠤᠯᠬᠤ ᠰᠢᠨ᠎ᠡ | ᠲᠠᠪᠴᠠᠩ ᠪᠣᠯᠭᠠᠨ ᠴᠣᠭᠴᠠᠯᠠᠨ᠎ᠠ ᠭᠡᠵᠦ ᠢᠯᠡᠳᠬᠡᠪᠡ᠃ | ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ︽ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ | ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠺᠢᠷᠭᠢᠽᠰᠲ᠋ᠠᠨ ᠤᠯᠤᠰ ᠤᠨ | ᠬᠠᠮᠲᠤᠷᠠᠭᠰᠠᠨ ᠲᠤᠩᠬᠠᠭ︾ ᠲᠤ ᠭᠠᠷ ᠤᠨ ᠦᠰᠦᠭ ᠵᠢᠷᠤᠭᠰᠠᠨ ᠪᠥᠭᠡᠳ ᠠᠵᠤ ᠠᠬᠤᠢ ᠠᠷᠠᠯᠵᠢᠶ᠎ᠠ᠂ ᠠᠵᠤ ᠦᠢᠯᠡᠰ ᠪᠣᠯᠣᠨ ᠪᠡᠯᠡ ᠣᠷᠣᠭᠤᠯᠤᠯᠲᠠ᠂ ᠪᠣᠭᠤᠮᠲᠠ᠂ | ᠬᠥᠳᠡᠭᠡ ᠠᠵᠤ ᠠᠬᠤᠢ᠂ ᠰᠣᠶᠣᠯ ᠢᠷᠭᠡᠨᠰᠢᠯ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ | ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃ | ᠼᠠᠢ ᠴᠢ᠂ ᠸᠠᠩ ᠢ᠂ ᠴᠢᠨ ᠭᠠᠩ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠪᠠ᠃ | ︵ᠰᠢᠨᠬᠤᠸᠠ ᠬᠤᠷᠢᠶ᠎ᠠ ᠶᠢᠨ ᠰᠢ ᠠᠨ ᠤ 5 ᠰᠠᠷ᠎ᠠ ᠶᠢᠨ 18 ᠤ ᠴᠠᠭᠢᠯᠭᠠᠨ ᠮᠡᠳᠡᠭᠡ︶ | |