ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ᠬᠥᠲᠥᠯᠪᠦᠷᠢ︾ ᠶᠢ ᠠᠳᠬᠤᠬᠤ ᠳᠤ᠂ ᠡᠷᠬᠡᠪᠰᠢ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ ᠡᠵᠡᠮᠳᠡᠨ᠂ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠳᠤ ᠳᠠᠷᠤᠢ ᠦᠨᠳᠦᠰᠦᠲᠡᠨ ᠨᠦᠭᠦᠳ ᠤᠨ ᠠᠷᠠᠳ ᠲᠦᠮᠡᠨ ᠢ ᠬᠥᠲᠥᠯᠥᠨ ᠵᠢᠯᠤᠭᠤᠳᠴᠤ | ᠪᠠᠶᠢᠭᠠᠳ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠠᠯᠳᠠᠷ ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠬᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ | ᠬᠠᠮᠲᠤᠳᠬᠠᠬᠤ ᠬᠠᠮᠲᠤ ᠶᠢᠨ ᠴᠣᠭᠴᠠ ᠶᠢᠨ ᠣᠨᠣᠯᠵᠢᠬᠤᠨ ᠢ ᠪᠠᠲᠤᠳᠬᠠᠬᠤ ᠬᠡᠷᠡᠭᠲᠡᠢ︾ ᠭᠡᠰᠡᠨ ᠭᠦᠨᠵᠡᠭᠡᠢ ᠠᠭᠤᠯᠬᠤᠨ ᠢ ᠣᠨᠣᠪᠴᠢᠲᠠᠶ ᠡᠵᠡᠮᠳᠡᠵᠦ᠂ ᠮᠠᠨ ᠤ | ᠤᠯᠤᠰ ᠤᠨ ᠤᠯᠤᠰ ᠤᠨ ᠪᠠᠶᠢᠭᠤᠯᠤᠯ ᠪᠠ ᠤᠯᠤᠰ ᠤᠨ ᠵᠠᠰᠠᠯᠲᠠ ᠶᠢᠨ ᠲᠣᠭᠲᠠᠯᠴᠠᠭ᠎ᠠ ᠳᠤ ᠪᠠᠶᠢᠬᠤ ︽ᠡᠯ᠎ᠡ ᠦᠨᠳᠦᠰᠦᠲᠡᠨ ᠴᠥᠮ ᠡᠷᠬᠡ ᠲᠡᠭᠰᠢ ᠪᠠᠶᠢᠬᠤ ᠶᠢ | ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ | ᠴᠡᠴᠡᠭᠯᠡᠨ ᠬᠥᠭᠵᠢᠬᠦ ᠢᠯᠡ ᠲᠣᠳᠣ ᠳᠠᠪᠠᠭᠤᠯᠢᠭ︾ ᠢ ᠪᠠᠳᠠᠷᠠᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤᠳᠬᠠᠬᠤ ᠪᠠᠷ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ ᠱᠤᠭᠤᠮ ᠪᠣᠯᠭᠠᠵᠤ᠂ ᠦᠨᠳᠦᠰᠦᠲᠡᠨ ᠨᠦᠭᠦᠳ ᠤᠨ ᠠᠭᠤᠤ ᠶᠡᠭᠡ ᠡᠬᠡ | ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠢ ᠳᠡᠭᠡᠳᠦ ᠬᠡᠮᠵᠢᠶ᠎ᠡ ᠪᠠᠷ ᠮᠡᠳᠡᠷᠡᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ | ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ | ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ᠬᠥᠲᠥᠯᠪᠦᠷᠢ︾ ᠶᠢ ᠠᠳᠬᠤᠬᠤ ᠳᠤ᠂ ᠡᠷᠬᠡᠪᠰᠢ ᠤᠬᠠᠮᠰᠠᠷ ᠠᠴᠠ ᠪᠠᠨ ᠦᠵᠡᠯ ᠰᠠᠨᠠᠭ᠎ᠠ | ᠪᠠ ᠦᠶ᠋ᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠠᠪᠤᠳᠠᠯ ᠢ ᠨᠠᠮ ᠤᠨ ᠦᠨᠳᠦᠰᠦᠲᠡᠨ ᠤ ᠠᠵᠢᠯ ᠤᠨ ᠪᠥᠬᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠬᠤ | ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠤ ᠭᠡᠷ ᠣᠷᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠬᠤ︾ ︽ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠬᠤ︾ ︽ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ︾ ︽ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ | ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ︾ ︽ᠦᠨᠳᠦᠰᠦᠲᠡᠨ ᠤ ᠬᠦᠷᠢᠶᠡᠨ ᠳᠠᠬᠢ ᠬᠦᠨᠳᠦ | ᠶᠡᠭᠡ ᠠᠶᠤᠯ ᠲᠦᠭᠰᠢᠭᠦᠷᠢ ᠶᠢᠨ ᠳᠠᠯᠳᠠ ᠭᠡᠮ ᠢ ᠡᠷᠡᠰ ᠰᠡᠷᠭᠡᠶᠢᠯᠡᠬᠦ︾ ᠵᠡᠷᠭᠡ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠪᠠ᠃ ᠡᠨᠡ ᠨᠢ ᠰᠢᠨ᠎ᠡ ᠴᠠᠭ | ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠶᠡᠭᠡ ᠵᠢᠯᠤᠭᠤᠳᠬᠤ ᠠᠴᠢ ᠬᠤᠯᠪᠣᠭᠳᠠᠯ ᠲᠠᠢ | ᠶᠤᠮ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠡᠯ᠎ᠡ ᠵᠦᠢᠯ ᠤᠨ ᠡᠭᠦᠷᠭᠡ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠤᠷ ᠬᠢᠵᠦ ᠨᠠᠷᠢᠯᠢᠭ | ᠬᠢᠵᠦ ᠯᠠᠪᠳᠠᠭᠤᠨ ᠪᠠᠲᠤᠲᠠᠢ ᠬᠢᠬᠦ ᠬᠡᠷᠡᠭᠲᠡᠢ᠃ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠤ ᠭᠡᠷ ᠣᠷᠣᠨ ᠤ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠳᠤ᠂ ᠤᠳᠤ ᠦᠶ᠎ᠡ ᠶᠢᠨ | ᠪᠣᠯᠪᠠᠰᠤᠨ ᠤ ᠬᠥᠮᠦᠵᠢᠯ ᠢ ᠴᠢᠩᠭᠠᠳᠬᠠᠵᠤ᠂ ᠪᠣᠯᠪᠠᠰᠤᠨ ᠢ ᠡᠭᠦᠳᠦᠨ ᠪᠠᠶᠢᠭᠤᠯᠬᠤ᠂ ᠡᠷᠬᠡᠲᠦ ᠠᠷᠠᠳ ᠤᠨ ᠶᠣᠰᠣ ᠰᠤᠷᠲᠠᠬᠤᠨ ᠢ ᠪᠠᠶᠢᠭᠤᠯᠬᠤ᠂ ᠴᠠᠭ ᠦᠶ᠎ᠡ ᠶᠢᠨ | ᠰᠢᠨ᠎ᠡ ᠬᠥᠮᠥᠨ ᠢ ᠬᠥᠮᠥᠵᠢᠭᠦᠯᠬᠦ ᠵᠡᠷᠭᠡ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠥᠲᠥᠯᠥᠨ ᠵᠢᠯᠤᠭᠤᠳᠴᠤ | ᠪᠠᠶᠢᠭᠠᠳ ᠦᠵᠡᠯ ᠰᠠᠨᠠᠭ᠎ᠠ ᠦᠵᠡᠯᠲᠡ ᠲᠠᠨᠢᠯᠲᠠ᠂ ᠤᠶᠤᠨ ᠤ ᠳᠤᠷ᠎ᠠ ᠰᠣᠨᠢᠷᠬᠠᠯ᠂ ᠠᠮᠢᠳᠤᠷᠠᠯ ᠤᠨ ᠠᠷᠭ᠎ᠠ ᠶᠢᠨ ᠲᠠᠯ᠎ᠠ ᠪᠠᠷ ᠣᠳᠣᠬᠢᠴᠢᠯᠠᠯᠲᠠ ᠲᠡᠶᠢᠰᠢ | ᠤᠷᠤᠭᠰᠢᠯᠠᠭᠤᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠡᠳᠬᠢᠯ ᠢ ᠨᠢᠭᠲᠠᠷᠠᠭᠤᠯᠤᠨ᠂ ᠤᠶᠤᠨ ᠢ ᠲᠦᠰᠢᠭᠯᠡᠭᠦᠯᠵᠦ᠂ ᠬᠥᠮᠥᠰ ᠤᠨ ᠰᠡᠳᠬᠢᠯ ᠢ | ᠨᠢᠭᠲᠠᠷᠠᠭᠤᠯᠤᠭᠰᠠᠨ᠂ ᠪᠦᠯᠬᠦᠮᠳᠡᠨ ᠲᠡᠮᠡᠴᠡᠭᠰᠡᠨ ᠬᠦᠴᠦᠷᠬᠡᠭ ᠶᠡᠭᠡ ᠤᠶᠤᠨ ᠤ ᠬᠤᠯᠪᠣᠭᠠᠰᠤ ᠶᠢ ᠪᠦᠷᠢᠯᠳᠦᠭᠦᠯᠬᠦ ᠬᠡᠷᠡᠭᠲᠡᠢ᠃ ᠦᠨᠳᠦᠰᠦᠲᠡᠨ ᠨᠦᠭᠦᠳ ᠤᠨ ᠨᠡᠶᠢᠭᠡᠮ | ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠬᠤ ᠳᠤ᠂ ᠵᠥᠷᠢᠶᠡᠴᠢᠯᠡᠭᠰᠡᠨ ᠣᠷᠣᠨ ᠪᠦᠰᠡ ᠶᠢᠨ ᠳᠡᠮᠵᠢᠯᠭᠡ ᠶᠢᠨ ᠲᠦᠷᠦ ᠶᠢᠨ | ᠪᠣᠳᠣᠯᠭ᠎ᠠ ᠶᠢ ᠲᠡᠭᠦᠯᠳᠡᠷᠵᠢᠭᠦᠯᠵᠦ᠂ ᠦᠨᠳᠦᠰᠦᠲᠡᠨ ᠤ ᠭᠠᠵᠠᠷ ᠣᠷᠣᠨ ᠤ ᠰᠠᠭᠤᠷᠢ ᠪᠡᠯᠡᠳᠬᠡᠮᠵᠢ ᠶᠢᠨ ᠪᠠᠶᠢᠭᠤᠯᠤᠯᠲᠠ᠂ ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠷᠲᠡᠮᠵᠢ ᠶᠢᠨ | ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠴᠢᠩᠭᠠᠳᠬᠠᠵᠤ᠂ ᠦᠨᠳᠦᠰᠦᠲᠡᠨ ᠨᠦᠭᠦᠳ ᠤᠨ ᠴᠠᠭ | ᠦᠶ᠎ᠡ ᠶᠢᠨ ᠠᠯᠬᠤᠮ ᠢ ᠰᠠᠯᠤᠯ ᠦᠭᠡᠢ ᠲᠠᠭᠠᠵᠤ᠂ ᠬᠠᠮᠲᠤ ᠪᠠᠷ ᠪᠦᠯᠬᠦᠮᠳᠡᠨ ᠲᠡᠮᠡᠴᠡᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠠᠬᠢᠭᠤᠯᠬᠤ ᠬᠡᠷᠡᠭᠲᠡᠢ᠃ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠬᠤ ᠳᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠪᠠᠶᠢᠷᠢᠰᠢᠭᠤᠯᠤᠯᠲᠠ ᠲᠥᠯᠦᠪᠵᠢᠭᠦᠯᠭᠡ ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠣᠷᠴᠢᠨ ᠲᠣᠭᠤᠷᠢᠨ ᠠᠭᠤᠷ ᠠᠮᠢᠰᠬᠤᠯ ᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ | ᠣᠷᠣᠨ ᠵᠠᠢ᠂ ᠰᠣᠶᠣᠯ᠂ ᠠᠵᠤ ᠠᠬᠤᠢ᠂ ᠨᠡᠶᠢᠭᠡᠮ᠂ ᠰᠡᠳᠬᠢᠴᠡ ᠵᠡᠷᠭᠡ ᠲᠠᠯ᠎ᠠ ᠪᠠᠷ ᠪᠦᠬᠦ ᠲᠠᠯ᠎ᠠ ᠪᠠᠷ ᠠᠭᠤᠰᠤᠯᠴᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ | ᠦᠨᠳᠦᠰᠦᠲᠡᠨ ᠨᠦᠭᠦᠳ ᠤᠨ ᠬᠦᠰᠡᠯᠡᠩ᠂ ᠢᠲᠡᠭᠡᠯ᠂ ᠬᠠᠶᠢᠷ᠎ᠠ ᠰᠡᠳᠬᠢᠯᠭᠡ᠂ ᠰᠣᠶᠣᠯ ᠤᠨ ᠲᠠᠯ᠎ᠠ ᠪᠠᠷ ᠪᠦᠯᠬᠦᠮᠳᠡᠨ ᠨᠢᠭᠡᠳᠬᠦ᠂ ᠰᠠᠬᠢᠨ ᠪᠠᠷᠠᠯᠠᠯᠴᠠᠵᠤ ᠬᠠᠷᠢᠯᠴᠠᠨ | ᠬᠠᠪᠰᠤᠷᠤᠯᠴᠠᠬᠤ᠂ ᠠᠬ᠎ᠠ ᠳᠡᠭᠦᠦ ᠶᠢᠨ ᠬᠠᠶᠢᠷ᠎ᠠ ᠰᠡᠳᠬᠢᠯᠭᠡ ᠪᠠᠨ ᠭᠦᠨᠵᠡᠭᠡᠶᠢᠷᠡᠭᠦᠯᠬᠦ ᠶᠢ ᠠᠬᠢᠭᠤᠯᠬᠤ ᠬᠡᠷᠡᠭᠲᠡᠢ᠃ ᠦᠨᠳᠦᠰᠦᠲᠡᠨ ᠤ ᠬᠡᠷᠡᠭ ᠶᠠᠪᠤᠳᠠᠯ ᠤᠨ | ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ᠂ ᠠᠳᠠᠯᠢ ᠪᠤᠰᠤ ᠭᠠᠵᠠᠷ ᠣᠷᠣᠨ᠂ | ᠠᠳᠠᠯᠢ ᠪᠤᠰᠤ ᠦᠨᠳᠦᠰᠦᠲᠡᠨ ᠤ ᠪᠣᠳᠠᠲᠤ ᠪᠠᠶᠢᠳᠠᠯ ᠢ ᠦᠨᠳᠦᠰᠦᠯᠡᠵᠦ᠂ ᠡᠷᠬᠡ ᠲᠡᠭᠰᠢ ᠲᠥᠪ ᠭᠤᠣᠯᠴᠢ ᠪᠠᠶᠢᠬᠤ ᠪᠠᠷ ᠵᠠᠷᠴᠢᠮ ᠪᠣᠯᠭᠠᠵᠤ᠂ ᠣᠷᠣᠨ ᠪᠦᠰᠡᠴᠢᠯᠡᠬᠦ | ᠪᠠ ᠨᠠᠷᠢᠯᠢᠭ ᠣᠨᠣᠴᠠᠲᠠᠢ ᠪᠠᠶᠢᠬᠤ ᠶᠢ ᠲᠣᠪᠤᠶᠢᠯᠭᠠᠨ᠂ ᠣᠨᠴᠠ ᠲᠣᠭᠲᠠᠭᠰᠠᠨ ᠭᠠᠵᠠᠷ ᠣᠷᠣᠨ᠂ ᠣᠨᠴᠠᠭᠠᠶ ᠠᠰᠠᠭᠤᠳᠠᠯ᠂ ᠣᠨᠴᠠᠭᠠᠶ ᠬᠡᠷᠡᠭ ᠶᠠᠪᠤᠳᠠᠯ ᠳᠤ | ᠴᠢᠭᠯᠡᠭᠦᠯᠦᠨ ᠣᠷᠣᠨ ᠪᠦᠰᠡ ᠶᠢᠨ ᠵᠥᠷᠢᠶᠡᠴᠢᠯᠡᠭᠰᠡᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠨᠡᠩ ᠢᠯᠡᠭᠦᠦ ᠲᠣᠭᠲᠠᠭᠠᠨ ᠬᠡᠷᠡᠭᠵᠢᠭᠦᠯᠵᠦ᠂ ᠦᠨᠳᠦᠰᠦᠲᠡᠨ ᠤ | ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠶᠢ ᠪᠠᠷᠢᠮᠲᠠᠯᠠᠬᠤ ᠬᠡᠷᠡᠭᠲᠡᠢ᠃ ᠦᠨᠳᠦᠰᠦᠲᠡᠨ ᠤ ᠬᠦᠷᠢᠶᠡᠨ ᠳᠠᠬᠢ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ | ᠬᠡᠮ ᠢ ᠡᠷᠡᠰ ᠰᠡᠷᠭᠡᠶᠢᠯᠡᠬᠦ ᠳᠤ᠂ ᠦᠵᠡᠯ ᠤᠬᠠᠮᠰᠠᠷ ᠤᠨ ᠪᠠᠬᠢᠯᠡᠯᠲᠡ ᠶᠢ ᠪᠠᠲᠤ ᠰᠠᠬᠢᠵᠤ᠂ ᠦᠨᠳᠦᠰᠦᠲᠡᠨ ᠤ ᠡᠯᠧᠮᠧᠨ᠋ᠲ ᠲᠤ ᠬᠤᠯᠪᠣᠭᠳᠠᠭᠰᠠᠨ ᠦᠵᠡᠯ | ᠤᠬᠠᠮᠰᠠᠷ ᠤᠨ ᠠᠰᠠᠭᠤᠳᠠᠯ ᠢ ᠢᠳᠡᠪᠬᠢᠲᠡᠢ ᠯᠠᠪᠳᠠᠭᠤᠨ ᠢᠶᠠᠷ ᠰᠢᠢᠳᠪᠦᠷᠢᠯᠡᠵᠦ᠂ ᠦᠨᠳᠦᠰᠦᠲᠡᠨ ᠤ ᠬᠠᠭᠠᠴᠠᠯ᠂ ᠱᠠᠰᠢᠨ ᠤ ᠬᠡᠲᠦᠷᠡᠮᠡᠬᠡᠢ ᠦᠵᠡᠯ ᠤᠨ ᠬᠤᠣᠷᠯᠠᠯ ᠢ | ᠦᠷᠭᠦᠯᠵᠢᠯᠡᠨ ᠠᠷᠢᠯᠭᠠᠵᠤ᠂ ᠤᠯᠠᠨ ᠤᠯᠤᠰ ᠤᠨ ᠰᠦᠷᠳᠡᠭᠦᠯᠦᠯ ᠢ ᠡᠰᠡᠷᠭᠦᠴᠡᠬᠦ ᠬᠠᠮᠲᠤᠷᠠᠯᠴᠠᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠤᠯᠤᠰ ᠪᠠ ᠭᠠᠵᠠᠷ | ᠣᠷᠣᠨ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ᠂ ᠭᠠᠳᠠᠭᠠᠳᠤ ᠳᠤ ᠪᠠᠶᠢᠭ᠎ᠠ ᠴᠥᠭᠡᠨ ᠲᠣᠭᠠᠲᠤ ᠦᠨᠳᠦᠰᠦᠲᠡᠨ ᠤ ᠳᠤᠮᠳᠠᠳᠤ ᠶᠢᠨ ᠬᠠᠷᠢᠶᠠᠲᠤ ᠪᠠ | ᠳᠤᠮᠳᠠᠳᠤᠴᠤᠳ ᠵᠡᠷᠭᠡ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ᠦᠨᠳᠦᠰᠦᠲᠡᠨ ᠨᠦᠭᠦᠳ ᠤᠨ ᠠᠷᠠᠳ ᠲᠦᠮᠡᠨ ᠨᠢᠭᠡ ᠭᠡᠷ ᠪᠦᠯᠢ ᠰᠢᠭ ᠳᠣᠲᠣᠨᠣ ᠪᠠᠶᠢᠬᠤ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ | ᠮᠠᠨᠳᠤᠯᠲᠠ ᠶᠢ ᠵᠠᠪᠠᠯ ᠪᠡᠶᠡᠯᠡᠭᠦᠯᠬᠦ ᠦᠨᠳᠦᠰᠦᠨ ᠪᠠᠲᠤᠯᠠᠭ᠎ᠠ ᠮᠥᠨ᠃ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠵᠦᠭ ᠤᠷᠤᠭᠰᠢᠯᠠᠬᠤ ᠰᠢᠨ᠎ᠡ | ᠠᠶᠠᠨ ᠳᠤ ᠮᠣᠷᠳᠠᠬᠤ ᠳᠤ᠂ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ | ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠶᠢ ᠨᠠᠮ ᠤᠨ ᠦᠨᠳᠦᠰᠦᠲᠡᠨ ᠤ ᠠᠵᠢᠯ ᠤᠨ ᠪᠦᠬᠦ ᠶᠠᠪᠤᠴᠠ ᠡᠯ᠎ᠡ | ᠲᠠᠯ᠎ᠠ ᠳᠤ ᠲᠤᠭᠤᠰᠢᠯᠠᠭᠤᠯᠵᠤ᠂ ᠦᠨᠳᠦᠰᠦᠲᠡᠨ ᠨᠦᠭᠦᠳ ᠤᠨ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠳᠤ ᠠᠨᠠᠷ ᠤᠨ ᠦᠷ᠎ᠡ ᠰᠢᠭ ᠨᠢᠭᠲᠠᠷᠠᠨ | ᠪᠦᠯᠬᠦᠮᠳᠡᠬᠦ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠮᠡᠳᠡᠷᠡᠮᠵᠢ ᠶᠢᠨ ᠬᠡᠮᠵᠢᠶ᠎ᠡ ᠨᠡᠩ ᠥᠨᠳᠥᠷ᠂ ᠢᠯᠡᠭᠦᠦ ᠨᠢᠭᠲᠠᠷᠠᠯ ᠤᠨ ᠬᠦᠴᠦᠨ ᠢᠶᠠᠷ ᠨᠡᠩ ᠴᠢᠩᠭ᠎ᠠ | ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠬᠤ ᠶᠢ ᠠᠬᠢᠭᠤᠯᠬᠤ ᠬᠡᠷᠡᠭᠲᠡᠢ︕ | |