ᠣᠶᠢᠷ᠎ᠠ ᠶᠢᠨ ᠡᠳᠦᠷ ᠲᠤ᠂ ᠤᠷᠠᠳ ᠤᠨ ᠡᠮᠦᠨᠡᠲᠦ ᠬᠤᠰᠢᠭᠤᠨ ᠤ ᠰᠤᠳᠠᠯ ᠤᠨ ᠬᠤᠳᠳᠤᠭ ᠪᠠᠯᠭᠠᠰᠤᠨ ᠤ ᠲᠥᠪᠡᠳ ᠬᠠᠰᠢ ᠳᠠᠷᠢᠬᠤ ᠡᠷᠦᠬᠡ ᠤᠳ | ᠮᠧᠬᠠᠨᠢᠭᠵᠢᠭᠤᠯᠤᠨ ᠳᠠᠷᠢᠬᠤ ᠠᠷᠭ᠎ᠠ ᠶᠢ ᠬᠡᠷᠡᠭᠯᠡᠨ᠂ ᠲᠥᠪᠡᠳ ᠬᠠᠰᠢ ᠶᠢᠨ ᠴᠢᠬᠢ ᠰᠢᠯᠵᠢᠭᠦᠯᠦᠨ ᠵᠠᠶᠢᠯᠠᠬᠤ ᠠᠵᠢᠯ ᠢ ᠡᠮᠬᠢ ᠵᠢᠷᠤᠮ ᠲᠠᠢ ᠥᠷᠨᠢᠭᠦᠯᠵᠦ᠂ ᠳᠠᠷᠢᠬᠤ | ᠥᠪᠡᠷ ᠤᠨ ᠥᠷᠲᠡᠭ ᠢ ᠶᠡᠭᠡ ᠪᠠᠷ ᠪᠠᠭᠤᠷᠠᠭᠤᠯᠵᠤ᠂ ᠥᠪᠡᠷ ᠤᠨ ᠥᠷᠲᠡᠭ ᠢᠶᠠᠨ ᠠᠷᠪᠢᠯᠠᠨ ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠡᠶᠡᠯᠡᠭᠦᠯᠪᠡ᠃ | ᠲᠠᠷᠢᠶᠠᠯᠠᠩ ᠤᠨ ᠤᠰᠤ ᠠᠷᠪᠢᠯᠠᠬᠤ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠭᠳᠡᠬᠦ ᠶᠢ ᠳᠠᠭᠠᠯᠳᠤᠨ᠂ ᠮᠥ ᠪᠦᠷᠢ ᠳᠤ 310 ᠪᠣᠰᠤᠭ᠎ᠠ ᠳᠦᠷᠪᠡᠯᠵᠢᠨ | ᠮᠧᠲᠷ ᠶᠢᠨ ᠤᠰᠤ ᠬᠡᠷᠡᠭᠯᠡᠬᠦ ᠪᠠᠷᠢᠮᠵᠢᠶ᠎ᠠ ᠶᠣᠰᠣᠭᠠᠷ᠂ ᠡᠷᠳᠡᠨᠢ ᠰᠢᠰᠢ ᠳᠠᠷᠢᠬᠤ ᠤᠰᠤᠨ ᠤ ᠬᠡᠮᠵᠢᠶ᠎ᠡ ᠨᠢ ᠳᠠᠭᠠᠵᠤ ᠳᠡᠶᠢᠯᠬᠦ ᠥᠬᠡᠶ ᠪᠣᠯ ᠦᠷ᠎ᠡ ᠠᠰᠢᠭ ᠨᠢ ᠡᠳᠦᠶ | ᠲᠡᠳᠦᠶ ᠬᠤᠷᠣᠭᠳᠠᠬᠤ ᠪᠣᠯᠤᠨ᠎ᠠ᠃ ᠤᠰᠤ ᠠᠷᠪᠢᠯᠠᠬᠤ ᠪᠠ ᠠᠵᠤ ᠠᠬᠤᠶ ᠶᠢᠨ ᠦᠷ᠎ᠡ ᠠᠰᠢᠭ ᠢ ᠵᠡᠷᠭᠡ ᠳᠤᠨᠢ ᠬᠠᠷᠠᠭᠠᠯᠵᠠᠬᠤ ᠶᠢ ᠪᠣᠳᠣᠯᠬᠢᠯᠠᠨ᠂ ᠡᠨᠡ ᠵᠢᠯ ᠶᠠᠨ | ᠵᠢᠶᠠᠩ ᠲᠠᠷᠢᠮᠠᠯ ᠤᠨ ᠰᠡᠳᠬᠢᠮᠵᠢ ᠪᠠᠨ ᠬᠤᠪᠢᠷᠠᠭᠤᠯᠵᠤ ᠨᠠᠶᠢᠵᠠ ᠲᠠᠢ ᠪᠠᠨ ᠬᠠᠮᠲᠤ 1000 ᠭᠠᠷᠤᠶ ᠮᠥ ᠭᠠᠵᠠᠷ ᠲᠤ ᠲᠥᠪᠡᠳ ᠬᠠᠰᠢ ᠳᠠᠷᠢᠬᠤ ᠪᠠᠷ ᠪᠠᠶᠢᠨ᠎ᠠ᠃ | 《 ᠲᠥᠪᠡᠳ ᠬᠠᠰᠢ ᠳᠠᠷᠢᠬᠤ ᠠᠰᠢᠭ ᠬᠤᠨᠵᠢᠪᠣᠷᠢ ᠨᠢ ᠡᠷᠳᠡᠨᠢ ᠰᠢᠰᠢ ᠠᠴᠠ ᠥᠨᠳᠥᠷ᠂ ᠪᠢᠳᠡ ᠲᠠᠷᠢᠶᠠᠨ ᠭᠠᠵᠠᠷ ᠢᠶᠠᠨ ᠮᠥ ᠪᠦᠷᠢ ᠳᠤ 1500 ᠲᠥᠭᠦᠷᠢᠭ | ᠢᠶᠠᠷ ᠳᠠᠭᠠᠭᠠᠴᠢᠯᠠᠭᠰᠠᠨ ᠶᠤᠮ᠂ ᠡᠨᠡ ᠵᠢᠯ ᠪᠣᠯ ᠵᠠᠬᠢᠶᠠᠯᠠᠭ᠎ᠠ ᠶᠢᠨ ᠬᠠᠭᠤᠳᠠᠰᠤ ᠪᠠᠷ ᠳᠠᠷᠢᠵᠤ ᠪᠠᠶᠢᠨ᠎ᠠ᠂ ᠬᠤᠳᠠᠯᠳᠤᠨ ᠠᠪᠬᠤ ᠦᠨ᠎ᠡ ᠨᠢ ᠨᠢᠭᠡ ᠲᠣᠨ ᠳᠤ | 550 ᠠᠴᠠ 600 ᠲᠥᠭᠦᠷᠢᠭ ᠬᠦᠷᠦᠨ᠎ᠡ᠂ ᠢᠩᠭᠢᠵᠦ ᠪᠤᠳᠤᠪᠠᠯ 6 ᠲᠣᠨ ᠤ ᠡᠬᠡ ᠮᠥᠩᠭᠦ ᠶᠢ ᠪᠠᠲᠤᠯᠠᠨ᠎ᠠ᠃ ᠲᠥᠪᠡᠳ ᠬᠠᠰᠢ ᠶᠢᠨ ᠭᠠᠷᠤᠯᠲᠠ ᠮᠦ ᠪᠦᠷᠢ ᠳᠡᠭᠡᠨ | ᠪᠠᠷᠤᠭ 8 ᠲᠣᠨ ᠬᠠᠭᠠᠰ᠂ 2 ᠲᠣᠨ ᠬᠠᠭᠠᠰ ᠤᠨ ᠵᠣᠭᠤᠰ ᠨᠢ ᠴᠡᠪᠡᠷ ᠠᠰᠢᠭ ᠣᠷᠣᠯᠭ᠎ᠠ᠂ ᠳᠠᠷᠤᠶ 1000 ᠭᠠᠷᠤᠶ ᠲᠥᠭᠦᠷᠢᠭ᠂ ᠡᠷᠳᠡᠨᠢ ᠰᠢᠰᠢ ᠶᠢᠨ ᠠᠰᠢᠭ | ᠬᠤᠨᠵᠢᠪᠣᠷᠢ ᠠᠴᠠ ᠬᠡᠳᠦᠨ ᠵᠠᠭᠤᠨ ᠲᠥᠭᠦᠷᠢᠭ ᠥᠨᠳᠥᠷ᠃ ᠨᠥᠭᠦᠭᠡ ᠲᠠᠯ᠎ᠠ ᠪᠠᠷ᠂ ᠡᠷᠳᠡᠨᠢ ᠰᠢᠰᠢ ᠳᠠᠷᠢᠬᠤ ᠳᠤ ᠨᠡᠯᠢᠶᠡᠳ ᠵᠣᠭᠤᠰ ᠵᠠᠷᠤᠴᠠᠭᠤᠯᠤᠨ᠎ᠠ᠂ | ᠤᠯᠤᠰ ᠠᠴᠠ ᠣᠲᠣ ᠤᠰᠤ ᠠᠷᠪᠢᠯᠠᠬᠤ ᠶᠢ ᠰᠠᠨᠠᠭᠠᠴᠢᠯᠠᠵᠤ᠂ ᠡᠷᠳᠡᠨᠢ ᠰᠢᠰᠢ ᠶᠢ ᠶᠡᠭᠡ ᠬᠡᠰᠡᠭ ᠢᠶᠠᠷ ᠳᠠᠷᠢᠵᠤ ᠪᠠᠶᠢᠨ᠎ᠠ᠂ ᠡᠷᠳᠡᠨᠢ ᠰᠢᠰᠢ ᠶᠢᠨ ᠮᠥ ᠪᠦᠷᠢ ᠶᠢᠨ | ᠬᠡᠷᠡᠭᠰᠡᠬᠦ ᠤᠰᠤᠨ ᠤ ᠬᠡᠮᠵᠢᠶ᠎ᠡ 400 ᠲᠡᠭᠰᠢ ᠳᠥᠷᠪᠡᠯᠵᠢᠨ ᠮᠧᠲᠷ ᠣᠷᠴᠢᠮ ᠪᠠᠶᠢᠪᠠᠯ ᠵᠣᠬᠢᠨ᠎ᠠ᠂ ᠲᠥᠪᠡᠳ ᠬᠠᠰᠢ ᠳᠠᠷᠢᠬᠤ ᠳᠤ ᠵᠥᠪᠬᠡᠨ 280 ᠲᠡᠭᠰᠢ | ᠳᠥᠷᠪᠡᠯᠵᠢᠨ ᠮᠧᠲᠷ ᠣᠷᠴᠢᠮ ᠪᠠᠶᠢᠪᠠᠯ ᠪᠣᠯᠴᠢᠬᠠᠨ᠎ᠠ᠂ ᠮᠥ ᠪᠦᠷᠢ 100 ᠭᠠᠷᠤᠶ ᠲᠡᠭᠰᠢ ᠳᠥᠷᠪᠡᠯᠵᠢᠨ ᠮᠧᠲᠷ ᠤᠨ ᠤᠰᠤ ᠶᠢ ᠠᠷᠪᠢᠯᠠᠵᠤ ᠲᠠᠶᠢᠯᠤᠨ᠎ᠠ 》 ᠭᠡᠵᠦ | ᠶᠠᠨ ᠵᠢᠶᠠᠩ ᠬᠡᠯᠡᠪᠡ᠃ | ᠤᠢᠢᠷ᠎ᠡ ᠶᠢᠨ ᠵᠢᠯ ᠠᠴᠠ᠂ ᠰᠣᠳᠠᠯ ᠤᠨ ᠬᠤᠳᠳᠤᠭ ᠪᠠᠯᠭᠠᠰᠤᠨ ᠤ ᠬᠢᠨ ᠤᠰᠤ ᠠᠷᠪᠢᠯᠠᠬᠤ ᠠᠵᠢᠯ ᠢ ᠢᠳᠡᠪᠬᠢᠲᠡᠢ ᠥᠷᠨᠢᠭᠦᠯᠵᠦ᠂ ᠲᠠᠷᠢᠶᠠᠯᠠᠩ ᠤᠨ | ᠤᠰᠤᠯᠠᠯᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠴᠢᠬᠤᠯᠠ ᠴᠢᠨᠠᠷ ᠤᠨ ᠲᠤᠬᠠᠢ ᠤᠬᠠᠭᠤᠯᠭ᠎ᠠ ᠶᠢ ᠴᠢᠩᠭᠠᠳᠬᠠᠵᠤ᠂ ᠤᠯᠠᠨ ᠲᠦᠮᠡᠨ ᠢ ᠬᠦᠳᠦᠯᠥᠨ | ᠳᠠᠭᠠᠭᠤᠯᠵᠤ ᠪᠠᠶᠢᠭᠠᠳ ᠤᠰᠤ ᠶᠢ ᠠᠷᠪᠢᠯᠠᠨ ᠬᠡᠷᠡᠭᠯᠡᠬᠦ᠂ ᠠᠮᠢ ᠠᠬᠤᠢ ᠶᠢ ᠬᠠᠮᠠᠭᠠᠯᠠᠬᠤ ᠤᠬᠠᠮᠰᠠᠷ ᠪᠣᠯᠤᠨ ᠲᠤᠰᠤᠯᠭᠠᠨ ᠤᠰᠤᠯᠠᠬᠤ ᠮᠡᠷᠭᠡᠵᠢᠯ ᠢ ᠵᠥᠪ ᠬᠡᠷᠡᠭᠯᠡᠬᠦ | ᠪᠣᠯᠭᠠᠵᠤ᠂ ᠬᠤᠳᠳᠤᠭ ᠤᠨ ᠳᠠᠷᠤᠭ᠎ᠠ ᠳᠤ ᠪᠣᠯᠪᠠᠰᠤᠷᠠᠯ ᠬᠦᠷᠲᠡᠭᠡᠬᠦ ᠪᠠᠷ ᠲᠠᠮᠵᠢᠨ ᠤᠰᠤᠯᠠᠯᠲᠠ ᠶᠢᠨ ᠤᠰᠤ ᠶᠢ ᠵᠣᠬᠢᠰᠲᠠᠢ ᠬᠤᠪᠢᠶᠠᠷᠢᠯᠠᠵᠤ᠂ ᠤᠰᠤᠨ ᠤ ᠡᠬᠢ | ᠪᠠᠶᠠᠯᠢᠭ ᠢ ᠪᠦᠷᠢᠯᠭᠡᠨ ᠰᠦᠢᠳᠬᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ ᠡᠭᠦᠨ ᠤ ᠬᠠᠮᠲᠤ᠂ ᠣᠯᠠᠨ ᠲᠦᠮᠡᠨ ᠤ ᠲᠠᠷᠢᠮᠠᠯ ᠤᠨ ᠪᠦᠲᠦᠴᠡ ᠳᠤ ᠵᠦᠶ | ᠵᠣᠬᠢᠰᠲᠠᠶ ᠲᠣᠬᠢᠷᠠᠭᠤᠯᠤᠯᠲᠠ ᠬᠢᠬᠦ ᠶᠢ ᠬᠥᠲᠥᠯᠥᠨ ᠵᠢᠯᠣᠭᠤᠳᠴᠤ᠂ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠲᠠᠢ ᠵᠣᠯᠭᠠᠯᠳᠤᠭᠤᠯᠤᠨ ᠬᠠᠮᠲᠤᠷᠠᠯᠴᠠᠬᠤ ᠶᠢ | ᠴᠢᠩᠭᠠᠳᠬᠠᠨ᠂ ᠲᠠᠷᠢᠶᠠᠯᠠᠩ ᠤᠨ ᠵᠠᠬᠢᠶᠠᠯᠠᠭ᠎ᠠ ᠶᠢᠨ ᠵᠠᠭᠪᠤᠷ ᠢ ᠰᠦᠪᠡᠭᠴᠢᠯᠡᠨ ᠠᠬᠢᠭᠤᠯᠵᠤ᠂ ᠤᠰᠤ ᠠᠷᠪᠢᠯᠠᠬᠤ ᠲᠠᠷᠢᠮᠠᠯ ᠤᠨ ᠳᠠᠷᠢᠬᠤ ᠲᠠᠯᠠᠪᠠᠶ ᠶᠢ ᠥᠷᠭᠡᠳᠬᠡᠨ᠂ | ᠲᠠᠷᠢᠶᠠᠯᠠᠩ ᠤᠨ ᠤᠰᠤᠯᠠᠯᠲᠠ ᠶᠢᠨ ᠭᠠᠵᠠᠷ ᠳᠤᠤᠷᠠᠬᠢ ᠤᠰᠤ ᠬᠡᠷᠡᠭᠯᠡᠬᠦ ᠬᠡᠮᠵᠢᠶ᠎ᠡ ᠶᠢ ᠪᠦᠲᠦᠮᠵᠢᠲᠡᠶ ᠪᠠᠭᠠᠰᠬᠠᠵᠤ᠂ ᠣᠯᠠᠨ ᠲᠦᠮᠡᠨ ᠤ ᠶᠡᠷᠦᠩᠬᠡᠶ ᠤᠰᠤᠨ ᠤ | ᠬᠡᠮᠵᠢᠶ᠎ᠡ ᠶᠢ ᠬᠤᠪᠢᠶᠠᠷᠢᠯᠠᠬᠤ ᠤᠷᠢᠲᠠᠯ ᠳᠤᠤᠷ᠎ᠠ ᠠᠵᠤ ᠠᠬᠤᠶ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠪᠠᠲᠤᠯᠠᠪᠠ᠃ |