ᠰᠢ ᠶᠢᠨ ᠫᠢᠩ ᠮᠢᠺᠷᠤᠨᠧᠰᠢᠶ᠎ᠠ ᠶᠢᠨ ᠬᠤᠯᠪᠣᠭᠠᠨ ᠤ ᠰᠢᠨ᠎ᠡ ᠪᠠᠷ ᠲᠤᠰᠢᠶᠠᠯ ᠳᠤ ᠭᠠᠷᠤᠭᠰᠠᠨ ᠶᠡᠷᠦᠩᠬᠡᠶᠢᠯᠡᠭᠴᠢ ᠰᠢᠮᠢᠨᠠ ᠳᠤ ᠪᠠᠶᠠᠷ ᠤᠨ ᠴᠠᠭᠢᠯᠭᠠᠨ ᠴᠢᠮᠡᠭᠡ ᠶᠠᠪᠤᠭᠤᠯᠪᠠ
ᠨᠡᠶᠢᠲᠡᠯᠡᠭᠰᠡᠨ ᠴᠠᠭ᠄
2023/5/24
     5 ᠰᠠᠷ᠎ᠠ ᠶᠢᠨ 18 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠸᠧᠢᠢᠰᠯᠢ · ᠰᠢᠮᠢᠨᠠ ᠳᠤ ᠴᠠᠭᠢᠯᠭᠠᠨ ᠴᠢᠮᠡᠭᠡ ᠶᠠᠪᠤᠭᠤᠯᠵᠤ᠂ ᠲᠡᠭᠦᠨ ᠤ ᠮᠢᠺᠷᠤᠨᠧᠰᠢᠶ᠎ᠠ ᠶᠢᠨ ᠬᠤᠯᠪᠣᠭᠠᠨ ᠤ ᠶᠡᠷᠦᠩᠬᠡᠶᠢᠯᠡᠭᠴᠢ ᠶᠢᠨ ᠲᠤᠰᠢᠶᠠᠯ ᠳᠤ ᠭᠠᠷᠤᠭᠰᠠᠨ ᠳᠤ ᠪᠠᠶᠠᠷ ᠬᠦᠷᠭᠡᠪᠡ᠃      ᠰᠢ ᠶᠢᠨ ᠫᠢᠩ᠂ ᠳᠤᠮᠳᠠᠳᠤ ᠮᠢᠺᠷᠤᠨᠧᠰᠢᠶ᠎ᠠ ᠬᠠᠷᠢᠯᠴᠠᠭ᠎ᠠ ᠪᠠᠶᠢᠭᠤᠯᠤᠭᠰᠠᠨ 34 ᠵᠢᠯ ᠤᠨ ᠲᠤᠷᠰᠢ᠂ ᠬᠤᠶᠠᠷ ᠤᠯᠤᠰ ᠤᠨ ᠬᠠᠷᠢᠯᠴᠠᠭ᠎ᠠ ᠬᠠᠷᠢᠯᠴᠠᠨ ᠬᠦᠨᠳᠦᠳᠬᠡᠬᠦ᠂ ᠬᠠᠷᠢᠯᠴᠠᠨ ᠡᠷᠬᠡ ᠲᠡᠭᠰᠢ ᠬᠠᠨᠳᠤᠭᠰᠠᠨ ᠰᠠᠭᠤᠷᠢᠨ ᠳᠡᠭᠡᠷ᠎ᠡ ᠲᠦᠷᠭᠡᠨ ᠢᠶᠠᠷ ᠬᠥᠭᠵᠢᠵᠦ᠂ ᠬᠤᠶᠠᠷ ᠲᠠᠯ᠎ᠠ ᠶᠢᠨ ᠠᠷᠠᠳ ᠲᠦᠮᠡᠨ ᠳᠤ ᠦᠨᠡᠨ ᠪᠣᠳᠠᠲᠠᠢ ᠪᠤᠶᠠᠨ ᠵᠢᠷᠭᠠᠯ ᠣᠯᠭᠤᠭᠰᠠᠨ ᠪᠠᠶᠢᠨ᠎ᠠ᠃      ᠶᠡᠷᠦᠩᠬᠡᠶᠢᠯᠡᠭᠴᠢ ᠰᠢᠮᠢᠨᠠ ᠤᠷᠳᠤ ᠬᠤᠭᠤᠴᠠᠭ᠎ᠠ ᠪᠠᠷ ᠳᠤᠮᠳᠠᠳᠤ ᠮᠢᠺᠷᠤᠨᠧᠰᠢᠶ᠎ᠠ ᠶᠢᠨ ᠨᠥᠬᠦᠷᠯᠡᠯ ᠢ ᠠᠬᠢᠭᠤᠯᠬᠤ ᠪᠠᠷ ᠴᠢᠷᠮᠠᠶᠢᠪᠠ᠂ ᠪᠢ ᠡᠭᠦᠨ ᠢ ᠮᠠᠭᠲᠠᠨ ᠰᠠᠶᠢᠰᠢᠶᠠᠵᠤ ᠪᠠᠶᠢᠨ᠎ᠠ᠃ ᠪᠢ ᠳᠤᠮᠳᠠᠳᠤ ᠮᠢᠺᠷᠤᠨᠧᠰᠢᠶ᠎ᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠶᠡᠷᠦᠩᠬᠡᠶᠢᠯᠡᠭᠴᠢ ᠰᠢᠮᠢᠨᠠ ᠲᠠᠢ ᠭᠠᠷ ᠬᠤᠯᠪᠣᠨ ᠴᠢᠷᠮᠠᠶᠢᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠤᠨ ᠲᠠᠯ᠎ᠠ ᠪᠠᠷ ᠬᠠᠷᠢᠯᠴᠠᠨ ᠲᠡᠮᠵᠢᠵᠤ᠂ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠤᠮᠳᠠᠳᠤ ᠮᠢᠺᠷᠤᠨᠧᠰᠢᠶ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ