ᠰᠢ ᠶᠢᠨ ᠫᠢᠩ ᠱᠠᠩᠬᠠᠢ ᠬᠤᠳᠠ ᠶᠢᠨ ᠬᠤᠩ ᠺᠧᠦ ᠲᠣᠭᠤᠷᠢᠭ ᠤᠨ ᠵᠢᠶᠠ ᠰᠢᠩ ᠵᠠᠮ ᠵᠡᠭᠡᠯᠢ ᠭᠤᠳᠤᠮᠵᠢ ᠶᠢᠨ ᠬᠤᠭ ᠨᠣᠪᠰᠢ ᠶᠢ ᠠᠩᠭᠢᠯᠠᠬᠤ ᠰᠠᠶᠢᠨ ᠳᠤᠷᠠᠴᠤᠳ ᠲᠤ ᠬᠠᠷᠢᠭᠤ ᠵᠠᠬᠢᠳᠠᠯ ᠢᠯᠡᠭᠡᠵᠦ ᠵᠣᠷᠢᠭᠵᠢᠭᠤᠯᠤᠭᠰᠠᠨ ᠨᠢ — ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠡᠳᠬᠢᠯ ᠠᠴᠠ ᠪᠠᠨ ᠬᠠᠶᠢᠷᠠᠯᠠᠨ ᠰᠠᠶᠢᠲᠤᠷ ᠬᠢᠵᠦ ᠬᠤᠭ ᠨᠣᠪᠰᠢ ᠶᠢ ᠠᠩᠭᠢᠯᠠᠬᠤ ᠶᠢ ᠪᠠᠭ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠰᠢᠨ᠎ᠡ ᠬᠡᠪ ᠵᠠᠩᠰᠢᠯ ᠪᠤᠯᠭᠠᠬᠤ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2023/5/24
      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 22 ᠤᠨ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 5 ᠰᠠᠷ᠎ᠠ ᠶᠢᠨ 21 ᠤ ᠡᠳᠦᠷ ᠱᠠᠩᠬᠠᠢ ᠬᠤᠳᠠ ᠶᠢᠨ ᠬᠤᠩ ᠺᠧᠦ ᠲᠣᠭᠤᠷᠢᠭ ᠤᠨ ᠵᠢᠶᠠ ᠰᠢᠩ ᠵᠠᠮ ᠵᠡᠭᠡᠯᠢ ᠭᠤᠳᠤᠮᠵᠢ ᠶᠢᠨ ᠬᠤᠭ ᠨᠣᠪᠰᠢ ᠶᠢ ᠠᠩᠭᠢᠯᠠᠬᠤ ᠰᠠᠶᠢᠨ ᠲᠤᠷᠠᠴᠤᠳ ᠲᠤ ᠬᠠᠷᠢᠭᠤ ᠵᠠᠬᠢᠳᠠᠯ ᠢᠯᠡᠭᠡᠵᠦ᠂ ᠬᠤᠭ ᠨᠣᠪᠰᠢ ᠶᠢ ᠠᠩᠭᠢᠯᠠᠬᠤ ᠠᠵᠢᠯ ᠢ ᠠᠬᠢᠭᠤᠯᠬᠤ ᠳᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠳᠤᠷᠠᠳᠪᠠ᠃       ᠰᠢ ᠶᠢᠨ ᠫᠢᠩ ᠬᠠᠷᠢᠭᠤ ᠵᠠᠬᠢᠳᠠᠯ ᠳᠠᠭᠠᠨ᠂ ᠢᠷᠡᠭᠦᠯᠦᠭᠰᠡᠨ ᠵᠠᠬᠢᠳᠠᠯ ᠢ ᠴᠢᠨᠢ ᠦᠵᠡᠭᠡᠳ᠂ ᠲᠠᠪᠤᠨ ᠵᠢᠯ ᠤᠨ ᠡᠮᠦᠨ᠎ᠡ ᠤᠯᠠᠨ ᠲᠠᠢ ᠬᠠᠮᠲᠤ ᠬᠤᠭ ᠨᠣᠪᠰᠢ ᠶᠢ ᠠᠩᠭᠢᠯᠠᠬᠤ ᠠᠵᠢᠯ ᠤᠨ ᠪᠠᠶᠢᠳᠠᠯ ᠤᠨ ᠲᠤᠬᠠᠢ ᠶᠠᠷᠢᠯᠴᠠᠭᠰᠠᠨ ᠢᠶᠠᠨ ᠪᠤᠳᠤᠵᠤ ᠣᠯᠣᠯ᠎ᠠ᠂ ᠲᠠ ᠨᠠᠷ ᠤᠨ ᠨᠡᠶᠢᠲᠡ ᠶᠢᠨ ᠠᠰᠠᠷᠠᠮᠵᠢ ᠶᠢᠨ ᠠᠵᠢᠯ ᠳᠤ ᠬᠠᠯᠠᠭᠤᠨ ᠰᠡᠳᠬᠢᠯᠭᠡ ᠲᠠᠢ ᠤᠷᠤᠯᠴᠠᠵᠤ ᠤᠯᠠᠨ ᠲᠦᠮᠡᠨ ᠳᠤ ᠦᠢᠯᠡᠴᠢᠯᠡᠵᠦ ᠪᠠᠶᠢᠭ᠎ᠠ ᠡᠷᠴᠢ ᠵᠣᠷᠢᠭ ᠴᠢᠨᠢ ᠨᠠᠳᠠ ᠳᠤ ᠭᠦᠨ ᠰᠠᠭᠤᠭᠳᠠᠯ ᠦᠯᠡᠳᠡᠭᠡᠵᠡᠢ᠃ ᠡᠨᠡ ᠬᠡᠳᠦᠨ ᠵᠢᠯ ᠤᠨ ᠤᠬᠠᠭᠤᠯᠭ᠎ᠠ ᠶᠢᠨ ᠠᠬᠢᠭᠤᠯᠤᠯ ᠳᠣᠣᠷ᠎ᠠ ᠬᠤᠭ ᠨᠣᠪᠰᠢ ᠶᠢ ᠠᠩᠭᠢᠯᠠᠬᠤ ᠠᠵᠢᠯ ᠲᠠᠨ ᠤ ᠲᠡᠨᠳᠡ ᠰᠢᠨ᠎ᠡ ᠦᠷ᠎ᠡ ᠪᠦᠲᠦᠮᠵᠢ ᠣᠯᠵᠤ᠂ ᠰᠠᠭᠤᠭᠠᠯᠢ ᠠᠷᠠᠳ ᠤᠨ ᠪᠣᠯᠪᠠᠰᠤᠨ ᠤ ᠬᠡᠮᠵᠢᠶ᠎ᠡ ᠳᠡᠭᠡᠭᠰᠢᠯᠡᠵᠦ᠂ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠨᠠᠩ ᠭᠤᠶᠤᠵᠢᠬᠰᠡᠨ ᠢ ᠰᠣᠨᠣᠰᠤᠭᠠᠳ ᠪᠢ ᠮᠠᠰᠢ ᠪᠠᠶᠠᠷᠯᠠᠵᠤ ᠪᠠᠶᠢᠨ᠎ᠠ ᠭᠡᠵᠦ ᠬᠡᠯᠡᠪᠡ᠃       ᠰᠢ ᠶᠢᠨ ᠫᠢᠩ᠂ ᠬᠤᠭ ᠨᠣᠪᠰᠢ ᠶᠢ ᠠᠩᠭᠢᠯᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠪᠣᠯ ᠰᠢᠰᠲ᠋ᠧᠮᠲᠦ ᠢᠨᠵᠧᠨᠧᠷᠢᠩ ᠮᠥᠨ᠂ ᠡᠯ᠎ᠡ ᠲᠠᠯ᠎ᠠ ᠶᠢᠨ ᠬᠢᠨ ᠬᠠᠮᠵᠢᠯᠴᠠᠨ ᠬᠦᠴᠦᠯᠡᠵᠦ᠂ ᠣᠨᠣᠴᠠᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠤᠳᠠᠭᠠᠨ ᠳᠠᠭᠠᠭᠠᠮᠠᠭᠠᠢ ᠵᠢᠳᠬᠦᠯ ᠴᠢᠷᠮᠠᠶᠢᠯᠭ᠎ᠠ ᠭᠠᠷᠭᠠᠬᠤ ᠶᠢ ᠱᠠᠭᠠᠷᠳᠠᠨ᠎ᠠ᠂ ᠥᠷᠭᠡᠨ ᠤᠯᠠᠨ ᠬᠤᠳᠠ ᠬᠥᠳᠡᠭᠡ ᠶᠢᠨ ᠰᠠᠭᠤᠭᠠᠯᠢ ᠠᠷᠠᠳ ᠢᠳᠡᠪᠬᠢᠲᠡᠢ ᠣᠷᠣᠯᠴᠠᠵᠤ᠂ ᠰᠠᠨᠠᠭᠠᠴᠢᠯᠠᠭ᠎ᠠ ᠠᠴᠠ ᠪᠠᠨ ᠵᠢᠳᠬᠦᠯ ᠴᠢᠷᠮᠠᠶᠢᠯᠭ᠎ᠠ ᠭᠠᠷᠭᠠᠬᠤ ᠶᠢ ᠱᠠᠭᠠᠷᠳᠠᠨ᠎ᠠ᠃ ᠲᠠ ᠨᠠᠷ ᠦᠨᠳᠦᠰᠦᠨ ᠱᠠᠲᠤᠨ ᠤ ᠵᠠᠰᠠᠯᠲᠠ ᠳᠤᠮᠳᠠᠬᠢ ᠰᠠᠶᠢᠨ ᠲᠤᠷᠠᠴᠤᠳ ᠤᠨ ᠥᠪᠡᠷᠮᠢᠴᠡ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠤᠬᠠᠭᠤᠯᠵᠤ ᠬᠥᠲᠥᠯᠥᠨ ᠵᠢᠯᠤᠭᠤᠳᠬᠤ ᠠᠵᠢᠯ ᠢ ᠰᠡᠳᠬᠢᠯ ᠠᠴᠠ ᠪᠠᠨ ᠬᠠᠶᠢᠷᠠᠯᠠᠨ ᠰᠠᠶᠢᠲᠤᠷ ᠬᠢᠵᠦ᠂ ᠨᠡᠩ ᠤᠯᠠᠨ ᠰᠠᠭᠤᠭᠠᠯᠢ ᠠᠷᠠᠳ ᠢ ᠲᠠᠶᠢᠴᠢᠯᠡᠨ ᠠᠩᠭᠢᠯᠠᠵᠤ ᠲᠠᠯᠪᠢᠬᠤ ᠰᠠᠶᠢᠨ ᠰᠠᠶᠢᠬᠠᠨ ᠳᠠᠳᠬᠠᠯ ᠲᠠᠢ ᠪᠤᠯᠭᠠᠵᠤ᠂ ᠬᠤᠭ ᠨᠣᠪᠰᠢ ᠶᠢ ᠠᠩᠭᠢᠯᠠᠬᠤ ᠶᠢ ᠪᠠᠭ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠰᠢᠨ᠎ᠡ ᠬᠡᠪ ᠵᠠᠩᠰᠢᠯ ᠪᠤᠯᠭᠠᠬᠤ ᠶᠢ ᠠᠬᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ᠂ ᠪᠦᠭᠦ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠳᠡᠭᠡᠭᠰᠢᠯᠡᠭᠦᠯᠭᠦ ᠳᠤ ᠢᠳᠡᠪᠬᠢᠲᠡᠢ ᠪᠠᠷ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃       ᠶᠡᠷᠦᠩᠬᠡᠢ ᠱᠦᠵᠢ ᠰᠢ ᠶᠢᠨ ᠫᠢᠩ ᠬᠤᠭ ᠨᠣᠪᠰᠢ ᠶᠢ ᠠᠩᠭᠢᠯᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠢᠯ ᠢᠶᠠᠷ ᠠᠩᠬᠠᠷᠴᠤ᠂ ᠤᠯᠠᠨ ᠤᠳᠠᠭ᠎ᠠ ᠴᠢᠬᠤᠯᠠ ᠵᠢᠭᠠᠪᠤᠷᠢ ᠥᠭᠴᠡᠢ᠃ ᠣᠶᠢᠷ᠎ᠠ ᠶᠢᠨ ᠵᠢᠯ ᠳᠤ ᠮᠠᠨ ᠤ ᠤᠯᠤᠰ ᠤᠨ ᠬᠤᠭ ᠨᠣᠪᠰᠢ ᠶᠢ ᠠᠩᠭᠢᠯᠠᠬᠤ ᠠᠵᠢᠯ ᠦᠷᠭᠦᠯᠵᠢᠯᠡᠨ ᠭᠦᠨᠵᠡᠭᠡᠶᠢᠷᠡᠨ ᠠᠬᠢᠵᠤ᠂ 297 ᠲᠤᠰᠬᠠᠢ ᠣᠷᠣᠨ ᠤ ᠲᠠᠰ ᠠᠴᠠ ᠳᠡᠭᠡᠭᠰᠢᠬᠢ ᠬᠤᠲᠠ ᠳᠤ ᠠᠮᠢᠳᠤᠷᠠᠯ ᠤᠨ ᠬᠤᠭ ᠨᠣᠪᠰᠢ ᠶᠢ ᠠᠩᠭᠢᠯᠠᠬᠤ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠰᠠᠭᠤᠭᠠᠯᠢ ᠠᠷᠠᠳ ᠤᠨ ᠲᠣᠭᠤᠷᠢᠭ ᠤᠨ ᠳᠤᠮᠳᠠᠴᠢ ᠪᠦᠷᠬᠦᠴᠡ ᠶᠢᠨ ᠨᠣᠷᠮ᠎ᠠ 82.5% ᠳᠤ ᠬᠦᠷᠴᠡᠢ᠃ ᠣᠶᠢᠷ᠎ᠠ ᠳᠤ ᠱᠠᠩᠬᠠᠢ ᠬᠤᠲᠠ ᠶᠢᠨ ᠬᠤᠩ ᠺᠧᠦ ᠲᠣᠭᠤᠷᠢᠭ ᠤᠨ ᠵᠢᠶᠠ ᠰᠢᠩ ᠵᠠᠮ ᠵᠡᠭᠡᠯᠢ ᠭᠤᠳᠤᠮᠵᠢ ᠶᠢᠨ ᠬᠤᠭ ᠨᠣᠪᠰᠢ ᠶᠢ ᠠᠩᠭᠢᠯᠠᠬᠤ ᠰᠠᠶᠢᠨ ᠳᠤᠷᠠᠴᠤᠳ ᠤᠨ ᠲᠥᠯᠥᠭᠡᠯᠡᠭᠴᠢ ᠶᠡᠷᠦᠩᠬᠡᠢ ᠱᠦᠵᠢ ᠰᠢ ᠶᠢᠨ ᠫᠢᠩ ᠳᠤ ᠵᠠᠬᠢᠳᠠᠯ ᠪᠢᠴᠢᠵᠦ᠂ ᠲᠤᠬᠠᠢ ᠶᠢᠨ ᠭᠠᠵᠠᠷ ᠤᠨ ᠬᠤᠭ ᠨᠣᠪᠰᠢ ᠶᠢ ᠠᠩᠭᠢᠯᠠᠬᠤ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠬᠠᠷᠢᠭᠤ ᠮᠡᠳᠡᠭᠦᠯᠵᠦ᠂ ᠬᠤᠭ ᠨᠣᠪᠰᠢ ᠶᠢ ᠠᠩᠭᠢᠯᠠᠬᠤ ᠠᠵᠢᠯ ᠤᠨ ᠨᠠᠩ ᠶᠡᠭᠡ ᠬᠡᠪᠴᠢᠶᠡᠨ ᠳᠤ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠵᠣᠷᠢᠭ ᠢᠶᠠᠨ ᠢᠯᠡᠳᠬᠡᠪᠡ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ