ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ ᠳᠤᠮᠳᠠᠬᠢ ᠬᠢᠨᠠᠨ ᠪᠤᠳᠤᠬᠤ ᠠᠵᠢᠯ ᠤᠨ ᠥᠪᠡᠷᠮᠢᠴᠡ ᠦᠢᠯᠡᠳᠦᠯ ᠢ ᠪᠠᠳᠠᠷᠠᠭᠤᠯᠵᠤ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠬᠡᠷᠡᠭᠲᠡᠢ ᠯᠢ ᠴᠢᠶᠠᠩ ᠯᠢ ᠰᠢ ᠣᠷᠣᠯᠴᠠᠵᠠᠢ
ᠨᠡᠶᠢᠲᠡᠯᠡᠭᠰᠡᠨ ᠴᠠᠭ᠄
2023/5/24
      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 23 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 5 ᠰᠠᠷ᠎ᠠ ᠶᠢᠨ 23 ᠤ ᠦᠳᠡ ᠶᠢᠨ ᠬᠤᠶᠢᠨ᠎ᠠ ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠠᠩᠬᠠᠳᠤᠭᠠᠷ ᠬᠤᠷᠠᠯ ᠢ ᠡᠷᠭᠢᠯᠡᠨ ᠬᠤᠷᠠᠯᠳᠤᠭᠤᠯᠪᠠ᠃ ᠰᠢ ᠶᠢᠨ ᠫᠢᠩ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ᠂ ᠬᠢᠨᠠᠨ ᠪᠤᠳᠤᠬᠤ ᠠᠵᠢᠯ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠨ᠎ᠠ᠂ ᠠᠵᠤ ᠠᠬᠤᠢ ᠳᠤ ᠬᠢᠨᠠᠯᠲᠠ ᠲᠠᠯᠪᠢᠬᠤ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠲᠦᠷᠦᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ ᠳᠤᠮᠳᠠᠬᠢ ᠬᠢᠨᠠᠨ ᠪᠤᠳᠤᠬᠤ ᠠᠵᠢᠯ ᠤᠨ ᠥᠪᠡᠷᠮᠢᠴᠡ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠰᠢᠨ᠎ᠡ ᠨᠢᠭᠡ ᠬᠤᠭᠤᠴᠠᠭᠠᠨ ᠤ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠠᠵᠢᠯ ᠢ ᠰᠠᠶᠢᠲᠤᠷ ᠬᠢᠬᠦ ᠳᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠪᠦᠭᠦ ᠲᠠᠯ᠎ᠠ ᠶᠢᠨ ᠴᠢᠨᠠᠷᠲᠠᠢ᠂ ᠠᠯᠤᠰ ᠭᠡᠳᠦ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠤᠳᠤᠬᠤ ᠬᠦᠷᠢᠶᠡᠨ ᠳᠠᠬᠢ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ ᠪᠣᠯᠣᠨ ᠦᠵᠦ ᠲᠥᠯᠥᠪᠯᠡᠭᠡ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠵᠤ᠂ ᠬᠦᠴᠦᠲᠡᠢ ᠪᠦᠲᠦᠮᠵᠢᠲᠡᠢ ᠬᠢᠨᠠᠨ ᠪᠤᠳᠤᠬᠤ ᠬᠢᠨᠠᠯᠲᠠ ᠪᠠᠷ ᠨᠠᠮ ᠪᠣᠯᠣᠨ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ᠂ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂       ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠳᠡᠳ᠋ ᠡᠷᠭᠢᠯᠡᠭᠴᠢ ᠯᠢ ᠰᠢ ᠬᠤᠷᠠᠯ ᠳᠤ ᠣᠷᠣᠯᠴᠠᠵᠠᠢ᠃      ᠬᠤᠷᠠᠯ ᠠᠴᠠ ᠲᠥᠪ ᠤᠨ ᠬᠢᠨᠠᠨ ᠪᠤᠳᠤᠬᠤ ᠬᠤᠷᠢᠶ᠎ᠠ ᠶᠢᠨ ᠠᠯᠪᠠᠨ ᠭᠡᠷ ᠤᠨ 2022 ᠣᠨ ᠤ ᠲᠥᠪ ᠤᠨ ᠲᠥᠰᠥᠪ ᠤᠨ ᠭᠦᠢᠴᠡᠳᠬᠡᠯ ᠪᠠ ᠪᠤᠰᠤᠳ ᠡᠳ᠋ ᠤᠨ ᠵᠠᠰᠠᠭ ᠤᠨ ᠵᠠᠷᠤᠯᠭ᠎ᠠ ᠶᠢᠨ ᠪᠠᠶᠢᠳᠠᠯ ᠤᠨ ᠲᠤᠬᠠᠢ ᠬᠢᠨᠠᠨ ᠪᠤᠳᠤᠬᠰᠠᠨ ᠮᠡᠳᠡᠭᠦᠯᠦᠯᠲᠡ ᠶᠢᠨ ᠬᠠᠷᠢᠭᠤ ᠮᠡᠳᠡᠭᠦᠯᠦᠯᠲᠡ ᠵᠢᠴᠢ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ᠤᠨ ᠬᠠᠷᠢᠭᠤ ᠮᠡᠳᠡᠭᠦᠯᠦᠯᠲᠡ ᠵᠡᠷᠭᠡ ᠶᠢ ᠰᠣᠨᠣᠰᠪᠠ᠃       ᠬᠤᠷᠠᠯ ᠠᠴᠠ᠂ ᠬᠢᠨᠠᠨ ᠪᠤᠳᠤᠬᠤ ᠪᠣᠯ ᠨᠠᠮ ᠪᠣᠯᠣᠨ ᠤᠯᠤᠰ ᠤᠨ ᠬᠢᠨᠠᠯᠲᠠ ᠲᠠᠯᠪᠢᠬᠤ ᠰᠢᠰᠲ᠋ᠧᠮ ᠤᠨ ᠴᠢᠬᠤᠯᠠ ᠪᠦᠷᠢᠯᠳᠦᠭᠦᠨ ᠬᠡᠰᠡᠭ ᠮᠥᠨ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠬᠦᠴᠦᠨ ᠮᠥᠨ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠲᠥᠪ ᠤᠨ ᠬᠢᠨᠠᠨ ᠪᠤᠳᠤᠬᠤ ᠬᠤᠷᠢᠶ᠎ᠠ ᠬᠢᠨᠠᠨ ᠪᠤᠳᠤᠬᠤ ᠪᠠᠶᠢᠭᠤᠯᠤᠮᠵᠢ ᠶᠢᠨ ᠰᠢᠰᠲ᠋ᠧᠮᠲᠦ ᠴᠢᠨᠠᠷᠲᠠᠢ᠂ ᠪᠦᠬᠦᠯᠢ ᠴᠣᠭᠴᠠ ᠶᠢᠨ ᠴᠢᠨᠠᠷᠲᠠᠢ ᠲᠠᠭᠢᠨ ᠪᠠᠶᠢᠭᠤᠯᠤᠯᠲᠠ ᠶᠢ ᠠᠬᠢᠭᠤᠯᠵᠤ᠂ ᠳᠤᠮᠳᠠᠳᠤ ᠤᠯᠤᠰ ᠤᠨ ᠤᠯᠤᠰ ᠤᠨ ᠪᠠᠶᠢᠳᠠᠯ ᠳᠤ ᠨᠡᠶᠢᠴᠡᠭᠰᠡᠨ ᠬᠢᠨᠠᠨ ᠪᠤᠳᠤᠬᠤ ᠰᠢᠨ᠎ᠡ ᠵᠠᠮ ᠢ ᠨᠡᠭᠡᠭᠡᠵᠦ᠂ ᠬᠢᠨᠠᠨ ᠪᠤᠳᠤᠬᠤ ᠠᠵᠢᠯ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠪᠠ᠃ ᠨᠢᠭᠡ ᠳᠤ᠂ ᠬᠢᠨᠠᠨ ᠪᠤᠳᠤᠬᠤ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠬᠢᠨᠠᠨ ᠪᠤᠳᠤᠬᠤ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠲᠠᠰᠤᠷᠠᠯᠲᠠ ᠦᠭᠡᠢ ᠨᠠᠷᠢᠯᠢᠭᠵᠢᠭᠤᠯᠤᠨ ᠪᠣᠳᠠᠲᠠᠶᠢᠵᠢᠭᠤᠯᠵᠤ ᠳᠦᠷᠢᠮᠵᠢᠭᠦᠯᠪᠡ᠃ ᠬᠤᠶᠠᠷ ᠲᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠢᠨᠠᠨ ᠪᠤᠳᠤᠬᠤ ᠦᠢᠯᠡᠰ ᠤᠨ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠲᠠᠰᠤᠷᠠᠯᠳᠠ ᠦᠭᠡᠢ ᠭᠦᠨᠵᠡᠭᠡᠶᠢᠷᠡᠪᠡ᠃ ᠭᠤᠷᠪᠠ ᠳᠤ᠂ ᠨᠠᠮ ᠪᠠ ᠤᠯᠤᠰ ᠤᠨ ᠶᠡᠭᠡ ᠲᠠᠯ᠎ᠠ ᠳᠤ ᠬᠢᠨᠠᠨ ᠪᠣᠳᠣᠯᠲᠠ ᠬᠢᠵᠦ ᠦᠢᠯᠡᠴᠢᠯᠡᠬᠦ ᠰᠠᠨᠠᠭᠠᠴᠢᠯᠠᠭᠠᠲᠤ ᠴᠢᠨᠠᠷ ᠨᠢ ᠨᠠᠩ ᠴᠢᠩᠭ᠎ᠠ᠂ ᠵᠣᠬᠢᠴᠠᠬᠤ ᠴᠢᠨᠠᠷ ᠨᠢ ᠨᠠᠩ ᠥᠨᠳᠥᠷ ᠪᠣᠯᠵᠤ᠂ ᠥᠪᠡᠷᠮᠢᠴᠡ ᠬᠢᠨᠠᠯᠲᠠ ᠲᠠᠯᠪᠢᠬᠤ ᠦᠢᠯᠡᠳᠦᠯ ᠨᠢ ᠨᠠᠩ ᠢᠯᠡᠷᠬᠡᠢ ᠪᠣᠯᠪᠠ᠃ ᠳᠥᠷᠪᠡ ᠳᠤ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠡᠷᠦᠩᠬᠡᠢ ᠪᠠᠶᠢᠷᠢᠰᠢᠯ ᠠᠩᠬ᠎ᠠ ᠠᠯᠬᠤᠮ ᠪᠦᠷᠢᠯᠳᠦᠵᠦ᠂ ᠬᠢᠨᠠᠨ ᠪᠤᠳᠤᠬᠰᠠᠨ ᠦᠷ᠎ᠡ ᠳ᠋ᠦᠩ ᠤᠨ ᠬᠡᠷᠡᠭᠯᠡᠯᠲᠡ ᠨᠡᠪᠲᠡᠷᠡᠯᠴᠡᠭᠡ ᠬᠠᠮᠵᠢᠯᠴᠠᠭ᠎ᠠ ᠨᠠᠩ ᠤᠷᠤᠭᠰᠢᠲᠠᠢ᠂ ᠡᠷᠬᠡ ᠰᠦᠷᠲᠦ᠂ ᠥᠨᠳᠥᠷ ᠪᠦᠲᠦᠮᠵᠢᠲᠡᠶ ᠪᠣᠯᠵᠠᠢ ᠭᠡᠵᠦ ᠴᠢᠬᠤᠯᠠᠴᠢᠯᠠᠪᠠ᠃      ᠬᠤᠷᠠᠯ ᠠᠴᠠ᠂ ᠰᠢᠨ᠎ᠡ ᠴᠠᠭ ᠦᠶ᠎ᠡ ᠰᠢᠨ᠎ᠡ ᠠᠶᠠᠨ ᠳᠤ ᠬᠢᠨᠠᠨ ᠪᠤᠳᠤᠬᠤ ᠠᠵᠢᠯ ᠢ ᠰᠠᠶᠢᠲᠤᠷ ᠬᠢᠬᠦ ᠶᠢᠨ ᠶᠡᠷᠦᠩᠬᠡᠢ ᠱᠠᠭᠠᠷᠳᠠᠯᠭ᠎ᠠ ᠪᠣᠯ ᠲᠥᠪᠯᠡᠷᠡᠩᠭᠦᠢ ᠨᠢᠭᠡᠳᠦᠯᠲᠡᠢ᠂ ᠪᠦᠭᠦ ᠲᠠᠯ᠎ᠠ ᠶᠢ ᠬᠠᠮᠤᠷᠤᠭᠰᠠᠨ᠂ ᠡᠷᠬᠡ ᠰᠦᠷᠲᠦ ᠥᠨᠳᠥᠷ ᠪᠦᠲᠦᠮᠵᠢᠲᠡᠢ ᠬᠢᠨᠠᠨ ᠪᠤᠳᠤᠬᠤ ᠬᠢᠨᠠᠯᠲᠠ ᠶᠢᠨ ᠰᠢᠰᠲ᠋ᠧᠮ ᠢ ᠪᠠᠶᠢᠭᠤᠯᠵᠤ᠂ ᠬᠢᠨᠠᠨ ᠪᠤᠳᠤᠬᠤ ᠬᠢᠨᠠᠯᠲᠠ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠦᠨ ᠬᠦᠴᠦᠯᠡᠬᠦ ᠶᠠᠪᠤᠳᠠᠯ ᠪᠣᠯᠣᠨ᠎ᠠ᠃ ᠵᠣᠷᠢᠭᠰᠠᠨ ᠢᠶᠠᠷ ᠢᠶᠠᠨ ᠵᠢᠯᠤᠭᠤᠳᠴᠤ᠂ ᠬᠢᠨᠠᠨ ᠪᠣᠳᠣᠯᠲᠠ ᠶᠢᠨ ᠤᠯᠤᠰ ᠲᠦᠷᠦ ᠶᠢᠨ ᠰᠢᠨᠵᠢ ᠴᠢᠨᠠᠷ ᠪᠣᠯᠣᠨ ᠤᠯᠤᠰ ᠲᠦᠷᠦ ᠶᠢᠨ ᠴᠢᠳᠠᠮᠵᠢ ᠶᠢ ᠴᠢᠩᠭᠠᠳᠬᠠᠵᠤ᠂ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠶᠢ ᠣᠨᠣᠪᠴᠢᠲᠠᠢ ᠡᠵᠡᠮᠳᠡᠵᠦ᠂ ᠲᠤᠭᠤᠷᠠᠲᠠᠯ᠎ᠠ ᠣᠶᠢᠯᠠᠭᠠᠵᠤ᠂ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠰᠡᠭᠦᠳᠡᠷ ᠮᠡᠲᠦ ᠲᠠᠭᠠᠵᠤ᠂ ᠤᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠥᠮᠴᠢᠯᠡᠯ ᠤᠨ ᠡᠳ᠋ ᠬᠥᠷᠥᠩᠭᠡ᠂ ᠤᠯᠤᠰ ᠤᠨ ᠥᠮᠴᠢᠯᠡᠯ ᠤᠨ ᠡᠬᠢ ᠪᠠᠶᠠᠯᠢᠭ ᠢ ᠬᠠᠮᠢᠶᠠᠷᠴᠤ ᠬᠡᠷᠡᠭᠯᠡᠬᠦ ᠪᠤᠢ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠪᠣᠯᠣᠨ ᠨᠢᠭᠡᠴᠢ ᠶᠢᠨ ᠬᠢᠨᠠᠨ ᠪᠤᠳᠤᠬᠤ ᠬᠢᠨᠠᠯᠲᠠ ᠲᠠᠯᠪᠢᠬᠤ ᠡᠷᠬᠡ ᠶᠢ ᠨᠢᠭᠡ ᠶᠢ ᠴᠦ ᠣᠷᠬᠢᠭᠳᠠᠭᠤᠯᠬᠤ ᠦᠭᠡᠢ ᠨᠢᠭᠡ ᠶᠢ ᠴᠦ ᠣᠨᠴᠠᠭᠠᠶᠢᠷᠠᠭᠤᠯᠬᠤ ᠦᠭᠡᠢ ᠪᠠᠶᠢᠵᠤ᠂ ᠪᠠᠶᠢᠩᠭᠤᠵᠢᠭᠰᠠᠨ᠂ ᠬᠥᠳᠡᠯᠦᠩᠭᠦᠢ ᠵᠢᠷᠦᠭᠡᠰᠢᠶᠡᠭᠦᠯᠦᠯ ᠢ ᠪᠦᠷᠢᠯᠳᠦᠭᠦᠯᠬᠦ ᠬᠡᠷᠡᠭᠲᠡᠢ᠃ ᠠᠶᠤᠩᠭ᠎ᠠ ᠨᠢᠵᠢᠭᠢᠨᠡᠬᠦ‍ ᠰᠢᠭ ᠢᠶᠠᠷ ᠬᠠᠤᠯᠢ ᠶᠣᠰᠣᠭᠠᠷ ᠬᠢᠨᠠᠨ ᠪᠤᠳᠤᠬᠤ ᠶᠢ ᠪᠠᠷᠢᠮᠲᠠᠯᠠᠵᠤ᠂ ᠰᠤᠳᠤᠯᠭᠠᠨ ᠤ ᠴᠢᠨᠠᠷᠲᠠᠢ ᠬᠢᠨᠠᠨ ᠪᠣᠳᠣᠯᠲᠠ ᠶᠢ ᠪᠣᠳᠠᠲᠠᠶᠢᠵᠢᠭᠤᠯᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠮᠡᠴᠡᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠠᠵᠤ ᠠᠬᠤᠢ ᠶᠢᠨ ᠬᠢᠨᠠᠯᠲᠠ ᠲᠠᠯᠪᠢᠬᠤ ︽ᠣᠨᠴᠠᠭᠠᠢ ᠴᠡᠷᠢᠭ ᠠᠩᠭᠢ︾ ᠶᠢ ᠪᠠᠶᠢᠭᠤᠯᠬᠤ ᠭᠡᠷᠡᠭᠲᠡᠢ︔ ᠪᠤᠰᠤᠳ ᠬᠢᠨᠠᠯᠲᠠ ᠯᠤᠭ᠎ᠠ ᠨᠡᠪᠲᠡᠷᠡᠯᠴᠡᠨ ᠬᠠᠮᠵᠢᠯᠴᠠᠬᠤ ᠶᠢ ᠰᠠᠶᠢᠲᠤᠷ ᠬᠢᠵᠦ᠂ ᠬᠢᠨᠠᠯᠲᠠ ᠲᠠᠯᠪᠢᠬᠤ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠡᠨᠡ ᠵᠢᠯ ᠤᠨ ᠬᠢᠨᠠᠨ ᠪᠤᠳᠤᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠢᠬᠤᠯᠠ ᠶᠡᠭᠡ ᠠᠰᠠᠭᠤᠳᠠᠯ ᠢ ᠲᠣᠪᠤᠶᠢᠯᠭᠠᠨ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠠᠶᠢᠲᠤᠷ ᠲᠤᠭᠤᠰᠢᠯᠠᠭᠤᠯᠵᠤ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠬᠤᠯᠠ ᠶᠡᠭᠡ ᠲᠥᠷᠥᠯ ᠵᠦᠢᠯ᠂ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠨᠡᠮᠡᠭᠳᠡᠯ ᠢ ᠲᠣᠭᠲᠠᠪᠤᠷᠢᠵᠢᠭᠤᠯᠬᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠪᠠ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠪᠣᠷ ᠨᠠᠨᠳᠢᠨ ᠡᠳ᠋ ᠤᠨ ᠵᠠᠰᠠᠭ ᠤᠨ ᠪᠡᠯᠡ ᠮᠥᠩᠭᠦ ᠶᠢ ᠦᠷᠭᠦᠯᠵᠢᠯᠡᠨ ᠰᠠᠶᠢᠲᠤᠷ ᠠᠩᠬᠠᠷᠴᠤ᠂ ᠠᠵᠤ ᠠᠬᠤᠢ ᠶᠢ ᠲᠣᠭᠲᠠᠪᠤᠷᠢᠵᠢᠭᠤᠯᠬᠤ ᠬᠠᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠢ ᠶᠢᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠮᠥᠩᠭᠦᠨ ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ᠂ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ᠂ ︽ᠬᠤᠶᠠᠷ ᠭᠤᠶᠢᠪᠢᠰᠢ ᠦᠭᠡᠢ︾ ᠶᠢ ᠰᠠᠶᠢᠲᠤᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠬᠤ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠣᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠴᠢᠩᠭ᠎ᠠ ᠠᠩᠬᠠᠷᠴᠤ᠂ ᠠᠷᠠᠳ ᠲᠤ ᠠᠰᠢᠭ ᠬᠦᠷᠲᠡᠭᠡᠵᠦ ᠠᠷᠠᠳ ᠢ ᠪᠠᠶᠠᠵᠢᠭᠤᠯᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠣᠷᠣᠨ ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ᠂ ᠮᠥᠩᠭᠦᠨ ᠭᠦᠢᠯᠭᠡᠭᠡᠨ᠂ ᠭᠡᠷ ᠭᠠᠵᠠᠷ ᠤᠨ ᠬᠥᠷᠥᠩᠭᠡ᠂ ᠠᠮᠤ ᠪᠤᠳᠠᠭ᠎ᠠ᠂ ᠡᠨᠧᠷᠭᠢ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠨᠢᠭᠲᠠ ᠠᠩᠬᠠᠷᠴᠤ᠂ ᠰᠢᠰᠲ᠋ᠧᠮ ᠤᠨ ᠴᠢᠨᠠᠷᠲᠠᠢ ᠲᠦᠭᠰᠢᠭᠦᠷᠢ ᠡᠭᠦᠰᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠡᠷᠬᠡ ᠶᠢ ᠵᠢᠷᠤᠮᠵᠢᠭᠤᠨ ᠬᠡᠷᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠢᠯᠵᠠᠷᠠᠯ ᠢ ᠡᠰᠡᠷᠭᠦᠴᠡᠵᠦ ᠰᠠᠮᠠᠭᠤᠷᠠᠯ ᠢ ᠵᠠᠰᠠᠬᠤ ᠲᠠᠯ᠎ᠠ ᠪᠠᠷ ᠬᠢ ᠬᠢᠨᠠᠨ ᠪᠤᠳᠤᠬᠤ ᠠᠵᠢᠯ ᠤᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠤᠨ᠂ ᠤᠯᠤᠰ ᠲᠦᠷᠦ ᠶᠢᠨ ᠠᠰᠠᠭᠤᠳᠠᠯ ᠪᠠ ᠠᠵᠤ ᠠᠬᠤᠢ ᠶᠢᠨ ᠠᠰᠠᠭᠤᠳᠠᠯ ᠰᠣᠯᠪᠢᠴᠠᠭᠰᠠᠨ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ ᠂ ᠡᠷᠬᠡ ᠲᠥᠪᠯᠡᠷᠡᠭᠰᠡᠨ᠂ ᠪᠡᠯᠡ ᠮᠥᠩᠭᠦ ᠬᠤᠷᠠᠭᠰᠠᠨ᠂ ᠡᠬᠢ ᠪᠠᠶᠠᠯᠢᠭ ᠬᠤᠷᠠᠭᠰᠠᠨ ᠬᠦᠷᠢᠶᠡᠨ ᠳᠠᠬᠢ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠵᠦ᠂ ᠤᠯᠠᠨ ᠲᠦᠮᠡᠨ ᠤ ᠳᠡᠷᠭᠡᠳᠡᠬᠢ ᠵᠢᠵᠢᠭ ᠱᠠᠮᠰᠢᠯ ᠪᠠᠭ᠎ᠠ ᠢᠯᠵᠠᠷᠠᠯ ᠢ ᠡᠷᠡᠰ ᠪᠠᠶᠢᠴᠠᠭᠠᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢᠨ ︽ᠰᠡᠭᠦᠯᠴᠢ ᠶᠢᠨ ᠠᠵᠢᠯ︾ ᠪᠣᠯᠣᠨ ᠬᠢᠨᠠᠨ ᠪᠤᠳᠤᠵᠤ ᠠᠰᠠᠭᠤᠳᠠᠯ ᠢ ᠢᠯᠡᠷᠡᠭᠦᠯᠬᠦ ︽ᠡᠬᠢᠨ ᠤ ᠠᠵᠢᠯ︾ ᠨᠢ ᠠᠳᠠᠯᠢᠬᠠᠨ ᠴᠢᠬᠤᠯᠠ ᠪᠣᠯᠬᠤᠷ ᠡᠷᠬᠡᠪᠰᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠬᠢᠨᠠᠨ ᠪᠤᠳᠣᠵᠤ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠶᠠᠪᠤᠳᠠᠯ ᠢ ᠡᠳᠦᠷ ᠲᠤᠲᠤᠮ ᠤᠨ ᠬᠢᠨᠠᠯᠲᠠ ᠲᠠᠯᠪᠢᠬᠤ ᠶᠢᠨ ᠴᠢᠬᠤᠯᠠ ᠭᠠᠷᠳᠠᠴᠠ ᠪᠤᠯᠭᠠᠵᠤ᠂ ᠬᠢᠨᠠᠨ ᠪᠤᠳᠣᠬᠰᠠᠨ ᠦᠷ᠎ᠡ ᠳ᠋ᠦᠩ ᠢ ᠺᠠᠳ᠋ᠷ ᠢ ᠰᠢᠯᠭᠠᠨ ᠬᠢᠨᠠᠬᠤ᠂ ᠲᠣᠮᠢᠯᠠᠬᠤ ᠪᠠᠭᠤᠯᠭᠠᠬᠤ᠂ ᠱᠠᠩᠨᠠᠵᠤ ᠲᠣᠷᠭᠠᠬᠤ ᠶᠢᠨ ᠴᠢᠬᠤᠯᠠ ᠯᠠᠪᠯᠠᠯᠲᠠ ᠪᠤᠯᠭᠠᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠤᠭᠰᠠᠨ ᠨᠢ ᠰᠤᠯᠠ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠤᠭᠰᠠᠨ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ ᠪᠠᠶᠢᠪᠠᠯ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ᠂ ᠡᠨᠡ ᠵᠢᠯ ᠪᠣᠯ ᠬᠢᠨᠠᠨ ᠪᠤᠳᠤᠬᠤ ᠪᠠᠶᠢᠭᠤᠯᠭ᠎ᠠ ᠪᠠᠶᠢᠭᠤᠯᠤᠭᠳᠠᠭᠰᠠᠨ 40 ᠵᠢᠯ ᠤᠨ ᠤᠢ ᠪᠣᠯᠣᠨ᠎ᠠ᠃ ᠨᠠᠮ ᠤᠨ ᠲᠥᠪ ᠬᠤᠷᠢᠶ᠎ᠠ ᠬᠢᠨᠠᠨ ᠪᠤᠳᠤᠬᠤ ᠠᠵᠢᠯ ᠳᠤ ᠶᠡᠭᠡ ᠬᠦᠰᠡᠯ ᠡᠷᠡᠮᠡᠯᠵᠡᠯ ᠲᠠᠯᠪᠢᠵᠤ ᠪᠠᠶᠢᠨ᠎ᠠ᠂ ᠬᠢᠨᠠᠨ ᠪᠣᠳᠣᠯᠲᠠ ᠶᠢᠨ ᠢᠷᠠᠭᠤ ᠠᠯᠳᠠᠷᠲᠤ ᠤᠯᠠᠮᠵᠢᠯᠠᠯ ᠪᠣᠯᠣᠨ ᠰᠢᠯᠢᠳᠡᠭ ᠰᠤᠷᠲᠠᠯ ᠢ ᠵᠠᠯᠭᠠᠮᠵᠢᠯᠠᠵᠤ᠂ ᠲᠤᠬᠠᠶᠢᠯᠠᠭᠰᠠᠨ ᠠᠵᠢᠯ ᠤᠨ ᠵᠣᠷᠢᠭ ᠰᠠᠨᠠᠭ᠎ᠠ ᠶᠢ ᠪᠤᠢ ᠪᠤᠯᠭᠠᠵᠤ᠂ ᠲᠤᠰᠬᠠᠢ ᠮᠡᠷᠭᠡᠵᠢᠯ ᠤᠨ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ᠃ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠵᠤ ᠬᠢᠨᠠᠨ ᠪᠤᠳᠤᠬᠤ ᠶᠢ ᠵᠠᠰᠠᠵᠤ᠂ ᠭᠤᠣᠯ ᠰᠡᠳᠦᠪᠲᠦ ᠬᠥᠮᠦᠵᠢᠯ ᠪᠣᠯᠣᠨ ᠬᠢᠨᠠᠨ ᠪᠤᠳᠤᠬᠤ ᠡᠩᠨᠡᠭᠡᠨ ᠤ ᠬᠥᠮᠦᠵᠢᠯ ᠴᠡᠭᠴᠡᠯᠡᠯᠲᠡ ᠶᠢ ᠭᠦᠨᠵᠡᠭᠡᠢ ᠥᠷᠨᠢᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠯ ᠲᠠᠢ ᠥᠨᠳᠥᠷ ᠬᠡᠪ ᠪᠣᠯᠪᠠᠰᠤᠷᠠᠯ ᠪᠦᠬᠦᠢ ᠲᠤᠰᠬᠠᠶᠢᠵᠢᠭᠰᠠᠨ ᠬᠢᠨᠠᠨ ᠪᠤᠳᠤᠬᠤ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃       ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠢᠨᠠᠨ ᠪᠤᠳᠤᠬᠤ ᠠᠵᠢᠯ ᠳᠠᠬᠢ ᠤᠳᠤᠷᠢᠳᠬᠤ ᠬᠦᠴᠦᠨ ᠢᠶᠠᠨ ᠳᠡᠭᠡᠭᠰᠢᠯᠡᠭᠦᠯᠭᠦ ᠬᠡᠷᠡᠭᠲᠡᠢ᠃ ᠭᠤᠣᠯ ᠬᠠᠷᠢᠭᠤᠴᠠᠯᠭᠠᠲᠠᠨ ᠨᠥᠬᠦᠳ ᠪᠡᠶ᠎ᠡ ᠪᠠᠷ ᠢᠶᠠᠨ ᠠᠳᠬᠤᠨ᠂ ᠪᠡᠶ᠎ᠡ ᠪᠠᠷ ᠢᠶᠠᠨ ᠬᠠᠮᠢᠶᠠᠷᠴᠤ᠂ ᠬᠢᠨᠠᠨ ᠪᠤᠳᠤᠬᠤ ᠬᠤᠷᠢᠶ᠎ᠠ ᠶᠢᠨ ᠲᠦᠷᠦᠭᠦᠯᠡᠨ ᠶᠡᠷᠦᠩᠬᠡᠶᠢᠯᠡᠨ ᠠᠳᠬᠤᠬᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃      ᠲᠥᠪ ᠤᠨ ᠬᠢᠨᠠᠨ ᠪᠤᠳᠤᠬᠤ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ