ᠦᠨᠢᠶᠡᠨ ᠰᠦ ᠶᠢ ᠶᠠᠭᠠᠬᠢᠵᠤ ᠤᠤᠭᠤᠪᠠᠯ ᠵᠤᠬᠢᠬᠤ ᠪᠣᠢ
ᠨᠡᠶᠢᠲᠡᠯᠡᠭᠰᠡᠨ ᠴᠠᠭ᠄
2023/5/24
   1. ᠠᠷᠢᠬᠢ ᠤᠤᠭᠤᠬᠤ ᠠᠴᠠ ᠡᠮᠦᠨ᠎ᠡ ᠦᠨᠢᠶᠡᠨ ᠰᠦ ᠤᠤᠭᠤᠪᠠᠯ ᠰᠤᠭᠲᠤᠬᠤ ᠶᠢ ᠰᠡᠷᠭᠡᠶᠢᠯᠡᠨ᠎ᠡ᠃ ᠠᠷᠢᠬᠢ ᠤᠤᠭᠤᠬᠤ ᠠᠴᠠ ᠡᠮᠦᠨ᠎ᠡ ᠨᠢᠭᠡ ᠴᠤᠮᠤ ᠦᠨᠢᠶᠡᠨ ᠰᠦ ᠤᠤᠭᠤᠵᠤ ︽ᠰᠠᠭᠤᠷᠢ ᠲᠠᠯᠪᠢᠪᠠᠯ︾ ᠪᠦᠬᠦ ᠪᠡᠶ᠎ᠡ ᠳᠤ ᠠᠰᠢᠭᠲᠠᠢ ᠪᠠᠶᠢᠳᠠᠭ᠃    2. ᠤᠨᠲᠠᠬᠤ ᠠᠴᠠ ᠪᠠᠨ ᠡᠮᠦᠨ᠎ᠡ ᠦᠨᠢᠶᠡᠨ ᠰᠦ ᠤᠤᠭᠤᠪᠠᠯ ᠰᠦᠰᠦᠨ ᠤ ᠴᠢᠯᠠᠭᠤᠵᠢᠯ ᠢ ᠰᠡᠷᠭᠡᠶᠢᠯᠡᠨ᠎ᠡ᠃ ᠤᠨᠲᠠᠬᠤ ᠠᠴᠠ ᠪᠠᠨ ᠡᠮᠦᠨ᠎ᠡ ᠦᠨᠢᠶᠡᠨ ᠰᠦ ᠤᠤᠭᠤᠪᠠᠯ ᠰᠦᠰᠦᠨ ᠤ ᠠᠭᠤᠲᠠᠨ ᠳᠤ ᠬᠢ ᠰᠦᠰᠦᠨ ᠰᠢᠩᠭᠡᠨ ᠢ ᠭᠡᠳᠡᠰᠦᠨ ᠵᠠᠮ ᠳᠤ ᠤᠷᠣᠰᠬᠠᠨ ᠣᠷᠣᠭᠤᠯᠬᠤ ᠲᠤᠯᠠ ᠰᠦᠰᠦᠨ ᠤ ᠤᠭᠤᠲᠠᠨ ᠳᠤ ᠦᠳᠭᠡᠷᠡᠭᠰᠡᠨ ᠰᠦᠰᠦᠨ ᠰᠢᠩᠭᠡᠨ ᠦᠭᠡᠢ ᠪᠣᠯᠣᠨ᠎ᠠ᠃ ᠢᠩᠬᠢᠪᠡᠯ ᠰᠦᠰᠦᠨ ᠤ ᠴᠢᠯᠠᠭᠤᠵᠢᠯ ᠪᠣᠢ ᠪᠣᠯᠵᠤ ᠴᠢᠳᠠᠬᠤ ᠦᠭᠡᠢ᠂ ᠭᠡᠪᠡᠴᠦ ᠳᠠᠷᠠᠭ᠎ᠠ ᠡᠳᠦᠷ ᠨᠢ ᠵᠠᠪᠠᠯ ᠡᠷᠲᠡᠭᠡᠨ ᠬᠤᠭᠤᠯᠠ ᠢᠳᠡᠬᠦ ᠬᠡᠷᠡᠭᠲᠡᠢ᠂ ᠲᠡᠭᠡᠬᠦ ᠦᠭᠡᠢ ᠪᠣᠯ ᠪᠠᠰᠠ ᠲᠠᠯᠠᠭᠠᠷ ᠪᠣᠯᠣᠨ᠎ᠠ᠃     3. ᠬᠦᠳᠡᠯᠭᠡᠭᠡᠨ ᠬᠢᠬᠦ ᠠᠴᠠ ᠡᠮᠦᠨ᠎ᠡ ᠦᠨᠢᠶᠡᠨ ᠰᠦ ᠤᠤᠭᠤᠪᠠᠯ ᠶᠠᠰᠤ ᠤᠯᠠᠮ ᠬᠠᠲᠠᠭᠤᠷᠠᠨ᠎ᠠ᠃ ᠬᠦᠳᠡᠯᠭᠡᠭᠡᠨ ᠬᠢᠬᠦ ᠶᠢᠨ ᠬᠠᠮᠲᠤ ᠺᠠᠯᠽᠢ ᠠᠭᠤᠯᠤᠭᠰᠠᠨ ᠢᠳᠡᠭᠡᠨ ᠢ ᠢᠯᠡᠬᠦᠦ ᠢᠳᠡᠪᠡᠯ ᠶᠠᠰᠤᠨ ᠤ ᠨᠢᠭᠲᠠᠴᠠ ᠨᠡᠮᠡᠭᠳᠡᠵᠦ᠂ ᠶᠠᠰᠤᠨ ᠤ ᠡᠳ᠋ ᠰᠡᠶᠢᠷᠡᠭᠵᠢᠬᠦ ᠡᠪᠡᠳᠴᠢᠨ ᠢ ᠰᠡᠷᠭᠡᠶᠢᠯᠡᠵᠦ ᠴᠢᠳᠠᠨ᠎ᠠ᠃     4. ᠴᠢᠰᠤᠨ ᠳᠠᠷᠤᠯᠲᠠ ᠦᠨᠳᠦᠷ ᠬᠦᠮᠦᠨ ᠦᠨᠢᠶᠡᠨ ᠰᠦ ᠤᠤᠭᠤᠪᠠᠯ ᠰᠠ ᠡᠪᠡᠳᠴᠢᠨ ᠳᠤ ᠳᠠᠭᠠᠷᠢᠭᠳᠠᠬᠤ  ᠶᠢ ᠰᠡᠷᠭᠡᠶᠢᠯᠡᠨ᠎ᠡ᠃ ᠴᠢᠰᠤᠨ ᠳᠠᠷᠤᠯᠲᠠ ᠳᠤᠤᠷ᠎ᠠ ᠪᠣᠶᠣ ᠳᠤᠮᠳᠠ ᠵᠡᠷᠭᠡ ᠳᠡᠭᠡᠭᠰᠢᠯᠡᠭᠰᠡᠨ ᠬᠦᠮᠦᠨ ᠳᠤ ᠠᠪᠴᠤ ᠬᠡᠯᠡᠪᠡᠯ᠂ ᠦᠨᠢᠶᠡᠨ ᠰᠦ ᠤᠤᠭᠤᠬᠤ ᠨᠢ ᠴᠢᠰᠤᠨ ᠳᠠᠷᠤᠯᠲᠠ ᠶᠢ ᠲᠤᠬᠢᠷᠠᠭᠤᠯᠬᠤ ᠰᠠᠶᠢᠨ ᠠᠷᠭ᠎ᠠ ᠪᠣᠯᠣᠨ᠎ᠠ᠃
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ