ᠰᠠᠭᠠᠳᠠᠭ ᠰᠣᠮᠣ ᠠᠵᠢᠯ ᠢᠶᠠᠨ ᠨᠠᠷᠢᠯᠢᠭᠵᠢᠭᠤᠯᠤᠨ ᠲᠣᠬᠢᠷᠠᠭᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/5/25
    5 ᠰᠠᠷ᠎ᠠ ᠶᠢᠨ 15 ᠤ ᠡᠳᠦᠷ ᠠᠴᠠ 5 ᠰᠠᠷ᠎ᠠ ᠶᠢᠨ 21 ᠤ ᠡᠳᠦᠷ ᠪᠣᠯᠲᠠᠯ᠎ᠠ᠂ ᠰᠠᠭᠠᠳᠠᠭ ᠰᠤᠮᠤ ᠶᠢᠨ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠬᠤ ᠺᠠᠳ᠋ᠷ ᠡᠯ᠎ᠡ ᠰᠠᠯᠠᠭ᠎ᠠ ᠮᠥᠴᠢᠷ ᠤᠨ ᠵᠣᠬᠢᠶᠠᠨ ᠪᠠᠶᠢᠭᠤᠯᠤᠭᠰᠠᠨ ᠠᠵᠢᠯᠯᠠᠭ᠎ᠠ᠂ ᠬᠤᠷᠠᠯ ᠳᠤ ᠢᠳᠡᠪᠬᠢᠲᠡᠶ ᠣᠷᠣᠯᠴᠠᠵᠤ᠂ ᠨᠠᠮ ᠤᠨ ᠪᠠᠶᠢᠭᠤᠯᠤᠯᠲᠠ᠂ ᠤᠬᠠᠭᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠣᠶ ᠰᠢᠭᠤᠶ ᠨᠤᠲᠤᠭ ᠪᠡᠯᠴᠢᠭᠡᠷ ᠤᠨ ᠠᠵᠢᠯ ᠵᠡᠷᠭᠡ ᠶᠢ ᠭᠤᠤᠯᠳᠠᠯᠭ᠎ᠠ ᠲᠠᠢ ᠠᠩᠬᠠᠷᠴᠤ᠂  ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃

微信图片_20230525101429.jpg

ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ