ᠰᠢ ᠶᠢᠨ ᠫᠢᠩ ︽2023 · ᠳᠤᠮᠳᠠᠳᠤ ᠤᠯᠤᠰ ᠤᠨ ᠲᠥᠪᠡᠳ ᠤᠨ ᠬᠥᠭᠵᠢᠯᠲᠡ ᠶᠢᠨ ᠶᠠᠷᠢᠶᠠᠨ ᠤ ᠲᠠᠪᠴᠠᠩ︾ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2023/5/25
      ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 23 ᠤ ᠴᠠᠭᠢᠯᠭᠠᠨ ᠮᠡᠳᠡᠭᠡ 5 ᠰᠠᠷ᠎ᠠ ᠶᠢᠨ 23 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ︽2023 · ᠲᠤᠮᠳᠠᠳᠤ ᠤᠯᠤᠰ ᠤᠨ ᠲᠥᠪᠡᠳ ᠤᠨ ᠬᠥᠭᠵᠢᠯᠲᠡ ᠶᠢᠨ ᠶᠠᠷᠢᠶᠠᠨ ᠤ ᠲᠠᠪᠴᠠᠩ︾ ᠳᠤ ᠪᠠᠶᠠᠷ ᠤᠨ ᠵᠠᠬᠢᠳᠠᠯ ᠢᠯᠡᠭᠡᠪᠡ᠃       ᠰᠢ ᠶᠢᠨ ᠫᠢᠩ᠂ ᠠᠷᠠᠳ ᠲᠦᠮᠡᠨ ᠤ ᠵᠣᠯ ᠵᠢᠷᠭᠠᠯ ᠪᠣᠯ ᠬᠠᠮᠤᠭ ᠤᠨ ᠶᠡᠭᠡ ᠬᠥᠮᠥᠨ ᠤ ᠡᠷᠬᠡ ᠮᠥᠨ᠂ ᠬᠥᠭᠵᠢᠯᠲᠡ ᠪᠣᠯ ᠠᠷᠠᠳ ᠲᠦᠮᠡᠨ ᠤ ᠵᠣᠯ ᠵᠢᠷᠭᠠᠯ ᠢ ᠪᠡᠶᠡᠯᠡᠭᠦᠯᠬᠦ ᠶᠢᠨ ᠵᠠᠩᠭᠢᠯᠠᠭ᠎ᠠ ᠮᠥᠨ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠲᠥᠪ ᠤᠨ ᠵᠠᠰᠠᠭ ᠤᠨ ᠣᠷᠳᠣᠨ ᠪᠠ ᠪᠦᠭᠦ ᠤᠯᠤᠰ ᠤᠨ ᠠᠷᠠᠳ ᠲᠦᠮᠡᠨ ᠤ ᠬᠦᠴᠦᠲᠡᠢ ᠳᠡᠮᠵᠢᠯᠭᠡ ᠳᠣᠣᠷ᠎ᠠ᠂ ᠲᠥᠪᠡᠳ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠲᠡᠰᠪᠦᠷᠢ ᠬᠠᠲᠠᠭᠤᠵᠢᠯᠲᠠᠢ ᠲᠡᠮᠡᠴᠡᠨ᠂ ᠨᠤᠭᠤᠷᠠᠰᠢ ᠦᠭᠡᠢ ᠴᠢᠷᠮᠠᠶᠢᠵᠤ᠂ ᠲᠥᠪᠡᠳ ᠢ ᠮᠢᠩᠭ᠎ᠠ ᠲᠦᠮᠡᠨ ᠵᠢᠯ ᠬᠦᠯᠢᠶᠡᠰᠦᠯᠡᠵᠦ ᠪᠠᠶᠢᠭᠰᠠᠨ ᠬᠠᠷᠢᠴᠠᠯᠠᠰᠢ ᠦᠭᠡᠢ ᠶᠠᠳᠠᠭᠤ ᠬᠦᠴᠢᠷᠳᠡᠯ ᠤᠨ ᠠᠰᠠᠭᠤᠳᠠᠯ ᠠᠴᠠ ᠲᠦᠢᠯᠪᠤᠷᠢᠲᠠᠢ ᠠᠩᠭᠢᠵᠢᠷᠠᠭᠤᠯᠵᠤ᠂ ᠪᠦᠭᠦ ᠤᠯᠤᠰ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠵᠦ᠂ ᠠᠮᠢᠵᠢᠷᠠᠯ ᠪᠢᠯᠬᠠᠵᠤ ᠴᠡᠴᠡᠭᠯᠡᠨ ᠬᠥᠭᠵᠢᠭᠰᠡᠨ ᠪᠠᠶᠢᠳᠠᠯ ᠢᠯᠡᠷᠡᠭᠰᠡᠨ ᠪᠠᠶᠢᠨ᠎ᠠ ᠭᠡᠵᠦ ᠵᠢᠭᠠᠵᠤ ᠭᠠᠷᠭᠠᠵᠠᠢ᠃      ᠰᠢ ᠶᠢᠨ ᠫᠢᠩ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠰᠢᠨ᠎ᠡ ᠠᠶᠠᠨ ᠳᠤ᠂ ᠲᠥᠪᠡᠳ ᠤᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠪᠦᠯᠬᠦᠮᠳᠡᠯ ᠲᠠᠢ ᠪᠠᠶᠠᠨ ᠴᠢᠨᠡᠭᠡᠯᠢᠭ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠰᠢᠨ᠎ᠡ ᠲᠥᠪᠡᠳ ᠢ ᠴᠢᠷᠮᠠᠶᠢᠨ ᠪᠦᠲᠦᠭᠡᠨ ᠪᠠᠶᠢᠭᠤᠯᠵᠤ᠂ ᠠᠷᠠᠳ ᠲᠦᠮᠡᠨ ᠢ ᠨᠡᠩ ᠵᠣᠯ ᠵᠢᠷᠭᠠᠯ ᠲᠠᠢ ᠰᠠᠶᠢᠨ ᠰᠠᠶᠢᠬᠠᠨ ᠠᠮᠢᠳᠤᠷᠠᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃      ︽2023 · ᠳᠤᠮᠳᠠᠳᠤ ᠤᠯᠤᠰ ᠤᠨ ᠲᠥᠪᠡᠳ ᠤᠨ ᠬᠥᠭᠵᠢᠯᠲᠡ ᠶᠢᠨ ᠶᠠᠷᠢᠶᠠᠨ ᠤ ᠲᠠᠪᠴᠠᠩ︾ ᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠣᠨᠢᠨ ᠮᠡᠳᠡᠭᠡᠨ ᠤ ᠠᠯᠪᠠᠨ ᠭᠡᠷ ᠪᠣᠯᠣᠨ ᠲᠥᠪᠡᠳ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠠᠮᠲᠤ ᠪᠠᠷ ᠭᠤᠣᠯᠯᠠᠨ ᠡᠷᠭᠢᠯᠡᠵᠦ᠂ ︽ᠰᠢᠨ᠎ᠡ ᠴᠠᠭ ᠦᠶ᠎ᠡ᠂ ᠰᠢᠨ᠎ᠡ ᠲᠥᠪᠡᠳ᠂ ᠰᠢᠨ᠎ᠡ ᠠᠶᠠᠨ — ᠲᠥᠪᠡᠳ ᠤᠨ ᠴᠢᠨᠠᠷ ᠰᠠᠶᠢᠲᠠᠢ ᠬᠥᠭᠵᠢᠯᠲᠡ ᠪᠣᠯᠣᠨ ᠬᠥᠮᠥᠨ ᠤ ᠡᠷᠬᠡ ᠶᠢᠨ ᠪᠠᠲᠤᠯᠠᠭ᠎ᠠ ᠶᠢᠨ ᠰᠢᠨ᠎ᠡ ᠬᠠᠭᠤᠳᠠᠰᠤ︾ ᠪᠠᠷ ᠭᠤᠣᠯ ᠰᠡᠳᠦᠪ ᠪᠤᠯᠭᠠᠵᠤ᠂ 23 ᠤ ᠡᠳᠦᠷ ᠪᠡᠭᠡᠵᠢᠩ ᠳᠤ ᠡᠬᠢᠯᠡᠪᠡ᠃    
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ