ᠰᠢ ᠶᠢᠨ ᠫᠢᠩ 2023 ᠣᠨ ᠤ ᠵᠦᠩ ᠭᠤᠸᠠᠨ ᠼᠦᠨ ᠤ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ
ᠨᠡᠶᠢᠲᠡᠯᠡᠭᠰᠡᠨ ᠴᠠᠭ᠄
2023/5/26
    5 ᠰᠠᠷ᠎ᠠ ᠶᠢᠨ 25 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ 2023 ᠣᠨ ᠤ ᠵᠦᠩ ᠭᠤᠸᠠᠨ ᠼᠦᠨ ᠤ ᠶᠠᠷᠢᠶᠠᠨ ᠤ ᠲᠠᠪᠴᠠᠩ ᠳᠤ ᠪᠠᠶᠠᠷ ᠤᠨ ᠵᠠᠬᠢᠳᠠᠯ ᠢᠯᠡᠭᠡᠪᠡ᠃    ᠰᠢ ᠶᠢᠨ ᠫᠢᠩ᠂ ᠣᠳᠣᠬᠠᠨ ᠳᠤ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠭᠦᠨᠵᠡᠭᠡᠶᠢᠷᠡᠨ ᠬᠥᠭᠵᠢᠵᠦ᠂ ᠬᠥᠮᠦᠨ ᠲᠥᠷᠥᠯᠬᠢᠲᠡᠨ ᠬᠠᠮᠲᠤ ᠪᠠᠷ ᠬᠥᠭᠵᠢᠬᠦ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠤᠯᠠᠨ ᠤᠯᠤᠰ ᠤᠨ ᠬᠠᠮᠲᠤᠷᠠᠯᠴᠠᠭ᠎ᠠ ᠪᠣᠯᠤᠨ ᠨᠡᠬᠡᠬᠡᠯᠳᠡ ᠬᠢᠵᠦ ᠬᠠᠮᠲᠤ ᠪᠠᠷ ᠡᠳ᠋ᠯᠡᠬᠦ ᠶᠢ ᠱᠠᠭᠠᠷᠳᠠᠵᠤ ᠪᠠᠶᠢᠨ᠎ᠠ᠃ ᠳᠤᠮᠳᠠᠳᠤ ᠤᠯᠤᠰ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠨᠡᠭᠡᠭᠡᠯᠳᠡᠳᠦ ᠪᠠᠶᠢᠯᠳᠤᠬᠤ ᠪᠤᠳᠤᠯᠭ᠎ᠠ ᠶᠢ ᠡᠷᠡᠰ ᠬᠡᠷᠡᠭᠵᠢᠭᠦᠯᠵᠦ᠂ ᠳᠤᠷᠠᠲᠠᠶ᠎ᠠ ᠳᠡᠯᠡᠬᠡᠢ ᠶᠢᠨ ᠡᠯ᠎ᠡ ᠤᠯᠤᠰ ᠯᠤᠭ᠎ᠠ ᠬᠠᠮᠲᠤ ᠪᠠᠷ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠭᠠᠷ ᠬᠤᠯᠪᠣᠨ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠯ᠎ᠡ ᠤᠯᠤᠰ ᠤᠨ ᠠᠷᠠᠳ ᠲᠦᠮᠡᠨ ᠳᠤ ᠨᠡᠩ ᠰᠠᠶᠢᠳᠤᠷ ᠪᠤᠶᠠᠨ ᠦᠢᠯᠡᠳᠬᠦ ᠶᠢ ᠠᠬᠢᠭᠤᠯᠤᠨ᠎ᠠ ᠭᠡᠵᠤ ᠵᠢᠭᠠᠵᠤ ᠭᠠᠷᠭᠠᠪᠠ᠃    ᠰᠢ ᠶᠢᠨ ᠫᠢᠩ᠂ ᠪᠡᠭᠡᠵᠢᠩ ᠤᠨ ᠬᠢᠨ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠴᠢᠳᠠᠪᠤᠷᠢᠲᠠᠨ ᠤ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠦᠷᠢᠮ ᠤᠨ ᠰᠢᠨ᠎ᠡ ᠶᠢ ᠡᠭᠦᠳᠬᠦ ᠶᠢ ᠬᠠᠮᠵᠢᠯᠴᠠᠨ ᠠᠬᠢᠭᠤᠯᠵᠤ᠂ ᠵᠥᠩ ᠭᠤᠸᠠᠨ ᠼᠦᠨ ᠤ ᠤᠷᠢᠳ ᠢᠶᠠᠷ ᠬᠡᠷᠡᠭᠵᠢᠭᠦᠯᠵᠦ ᠤᠷᠢᠳ ᠢᠶᠠᠷ ᠲᠤᠷᠰᠢᠬᠤ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠳᠡᠯᠡᠬᠡᠶ ᠶᠢᠨ ᠲᠡᠷᠢᠭᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠴᠢᠨᠠᠭᠰᠢᠳᠠ ᠲᠦᠷᠭᠡᠳᠭᠡᠵᠦ᠂ ᠬᠤᠰᠢᠭᠤᠷᠠᠯ ᠮᠡᠷᠭᠡᠵᠢᠯ ᠤᠨ ᠰᠢᠨ᠎ᠡ ᠶᠢ ᠡᠭᠦᠳᠬᠦ᠂ ᠳᠡᠭᠡᠳᠦ ᠨᠠᠷᠢᠯᠢᠭ ᠤᠷᠦ᠋ᠢᠯᠠᠬᠰᠠᠨ ᠠᠵᠤ ᠦᠢᠯᠡᠰ ᠤᠨ ᠬᠥᠭᠵᠢᠯᠲᠡ ᠶᠢᠨ ᠲᠠᠯ᠎ᠠ ᠪᠠᠷ ᠡᠮᠦᠨ᠎ᠡ ᠡᠩᠨᠡᠭᠡᠨ ᠳᠤ ᠬᠤᠰᠢᠭᠤᠷᠠᠬᠤ ᠪᠠᠷ ᠴᠢᠷᠮᠠᠶᠢᠬᠤ ᠬᠡᠷᠡᠭᠲᠡᠶ ᠭᠡᠵᠤ ᠴᠢᠬᠤᠯᠠᠴᠢᠯᠠᠪᠠ᠃    2023 ᠤᠨ ᠤ ᠵᠦᠩ ᠭᠤᠸᠠᠨ ᠼᠦᠨ ᠤ ᠶᠠᠷᠢᠶᠠᠨ ᠤ ᠲᠠᠪᠴᠠᠩ ᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠠᠮᠤᠨ᠂ ᠤᠯᠤᠰ ᠤᠨ ᠬᠥᠭᠵᠢᠭᠦᠯᠦ᠋ᠯᠲᠡ ᠪᠠ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠥᠮᠴᠢᠯᠡᠯ ᠤᠨ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ᠂ ᠪᠡᠭᠡᠵᠢᠩ ᠬᠤᠳᠠ ᠶᠢᠨ ᠵᠠᠰᠠᠭ ᠤᠨ ᠣᠷᠳᠣᠨ ᠬᠠᠮᠲᠤ ᠪᠠᠷ ᠭᠤᠣᠯᠯᠠᠨ ᠡᠷᠬᠢᠯᠡᠵᠦ᠂ 25 ᠤ ᠡᠳᠦᠷ ᠪᠡᠭᠡᠵᠢᠩ ᠳᠤ ᠡᠬᠢᠯᠡᠵᠤ᠂ ︽ᠨᠡᠭᠡᠭᠡᠯᠲᠡ ᠬᠢᠵᠦ ᠬᠠᠮᠲᠤᠷᠠᠯᠴᠠᠨ᠂ ᠢᠷᠡᠭᠡᠳᠦᠢ ᠪᠠᠨ ᠬᠠᠮᠲᠤ ᠪᠠᠷ ᠡᠳ᠋ᠯᠡᠶ᠎ᠡ︾ ᠪᠠᠷ ᠭᠤᠤᠯ ᠰᠡᠳᠦᠪ ᠢᠶᠠᠨ ᠪᠤᠯᠭᠠᠪᠠ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 25 ᠤ ᠴᠠᠬᠢᠯᠭᠠᠨ ᠮᠡᠳᠡᠭᠡ︶
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ