ᠰᠢ ᠶᠢᠨ ᠫᠢᠩ ᠤᠷᠤᠰ ᠤᠨ ᠶᠡᠷᠦᠩᠬᠡᠢ ᠰᠠᠶᠢᠳ ᠮᠢᠱᠦ᠋ᠰᠺᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2023/5/31
      5 ᠰᠠᠷ᠎ᠠ ᠶᠢᠨ 24 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠤᠷᠤᠰ ᠤᠨ ᠶᠡᠷᠦᠩᠬᠡᠢ ᠰᠠᠶᠢᠳ ᠮᠢᠱᠦ᠋ᠰᠺᠢᠨ ᠲᠠᠢ ᠠᠭᠤᠯᠵᠠᠪᠠ᠃      

俄国总理1.jpg

     ᠰᠢ ᠶᠢᠨ ᠫᠢᠩ ᠶᠡᠷᠦᠩᠬᠡᠶᠢᠯᠡᠭᠴᠢ ᠫᠦᠲ᠋ᠢᠨ ᠳᠤ ᠬᠦᠷᠭᠡᠭᠰᠡᠨ ᠴᠢᠩ ᠰᠡᠳᠬᠢᠯ ᠤᠨ ᠮᠡᠨᠳᠦᠴᠢᠯᠡᠯ ᠢ ᠳᠠᠮᠵᠢᠭᠤᠯᠬᠤ ᠶᠢ ᠮᠢᠱᠦ᠋ᠰᠺᠢᠨ ᠳᠤ ᠨᠠᠶᠢᠳᠠᠪᠠ᠃ ᠰᠢ ᠶᠢᠨ

ᠫᠢᠩ᠂ ᠡᠨᠡ ᠵᠢᠯ ᠤᠨ 3 ᠰᠠᠷ᠎ᠠ ᠳᠤ᠂ ᠪᠢ ᠣᠷᠣᠰ ᠲᠤ ᠠᠮᠵᠢᠯᠲᠠ ᠲᠠᠢ ᠪᠠᠷ ᠲᠥᠷᠥ ᠶᠢᠨ ᠶᠠᠪᠤᠳᠠᠯ ᠤᠨ ᠠᠶᠢᠯᠴᠢᠯᠠᠯᠲᠠ ᠬᠢᠵᠦ᠂ ᠶᠡᠷᠦᠩᠬᠡᠶᠢᠯᠡᠭᠴᠢ ᠫᠦᠲ᠋ᠢᠨ ᠲᠠᠢ

ᠬᠤᠶᠢᠰᠢᠳᠠ ᠶᠢᠨ ᠬᠡᠰᠡᠭ ᠬᠤᠭᠤᠴᠠᠭᠠᠨ ᠤ ᠳᠤᠮᠳᠠᠳᠤ ᠣᠷᠣᠰ ᠤᠨ ᠬᠠᠷᠢᠯᠴᠠᠭ᠎ᠠ ᠶᠢᠨ ᠬᠥᠭᠵᠢᠯᠲᠡ ᠪᠣᠯᠣᠨ ᠡᠯ᠎ᠡ ᠬᠦᠷᠢᠶᠡᠨ ᠳᠠᠬᠢ ᠬᠠᠮᠲᠤᠷᠠᠯᠴᠠᠭᠠᠨ ᠤ ᠲᠥᠰᠥᠪ ᠢ

ᠵᠢᠷᠤᠭᠯᠠᠪᠠ᠃ ᠳᠤᠮᠳᠠᠳᠤ ᠤᠷᠤᠰ ᠤᠨ ᠬᠠᠷᠢᠯᠴᠠᠭ᠎ᠠ ᠶᠢ ᠰᠠᠶᠢᠲᠤᠷ ᠪᠠᠬᠢᠵᠢᠭᠦᠯᠵᠦ ᠰᠠᠶᠢᠲᠤᠷ ᠬᠥᠭᠵᠢᠭᠦᠯᠬᠦ ᠪᠣᠯ ᠠᠷᠠᠳ ᠤᠨ ᠰᠡᠳᠬᠢᠯ ᠤᠨ ᠬᠠᠨᠳᠤᠰᠢ ᠪᠤᠯᠬᠤ

ᠪᠥᠭᠡᠳ ᠶᠡᠭᠡ ᠬᠠᠨᠳᠤᠰᠢ ᠪᠣᠯᠣᠨ᠎ᠠ᠃ ᠬᠤᠶᠠᠷ ᠲᠠᠯ᠎ᠠ ᠪᠠᠷ ᠢᠶᠠᠨ ᠳᠤᠮᠳᠠᠳᠤ ᠤᠷᠤᠰ ᠤᠨ ᠬᠠᠮᠲᠤᠷᠠᠯᠴᠠᠭᠠᠨ ᠤ ᠣᠷᠣᠨ ᠵᠠᠢ ᠶᠡᠭᠡ᠂ ᠠᠯᠤᠰ ᠢᠷᠡᠭᠡᠳᠦᠢ ᠰᠠᠷᠠᠭᠤᠯ᠂

ᠬᠥᠳᠡᠯᠭᠡᠬᠦ ᠬᠦᠴᠦᠨ ᠭᠦᠢᠴᠡᠳ ᠪᠠᠶᠢᠬᠤ ᠳᠠᠪᠠᠭᠤᠯᠢᠭ ᠢ ᠦᠷᠭᠦᠯᠵᠢᠯᠡᠨ ᠪᠠᠳᠠᠷᠠᠭᠤᠯᠵᠤ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠨᠡᠩ ᠥᠨᠳᠥᠷ ᠲᠦᠪᠰᠢᠨ

ᠲᠡᠶᠢᠰᠢ ᠠᠬᠢᠭᠤᠯᠵᠤ᠂ ᠬᠤᠶᠠᠷ ᠤᠯᠤᠰ ᠤᠨ ᠰᠢᠨ᠎ᠡ ᠴᠠᠭ ᠦᠶ᠎ᠡ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ

ᠬᠠᠷᠢᠯᠴᠠᠭ᠎ᠠ ᠶᠢᠨ ᠠᠭᠤᠯᠤᠭᠳᠠᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃

     ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠤᠷᠤᠰ ᠤᠨ ᠬᠢᠨ ᠲᠠᠢ ᠲᠤᠰ ᠲᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠠᠰᠠᠭᠤᠳᠠᠯ

ᠳᠡᠭᠡᠷ᠎ᠡ ᠦᠷᠭᠦᠯᠵᠢᠯᠡᠨ ᠬᠠᠷᠢᠯᠴᠠᠨ ᠡᠷᠡᠰ ᠳᠡᠮᠵᠢᠵᠦ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ

ᠪᠠᠶᠢᠭᠤᠯᠤᠯᠲᠠ᠂ ᠠᠯᠳᠠᠨ ᠲᠣᠭᠤᠰᠭ᠋᠎ᠠ ᠤᠯᠤᠰ ᠤᠳ᠂ ᠬᠤᠷᠢᠨ ᠤᠯᠤᠰ ᠤᠨ ᠪᠦᠯᠦᠭᠯᠡᠯ ᠵᠡᠷᠭᠡ ᠤᠯᠠᠨ ᠲᠠᠯᠠᠲᠤ ᠲᠠᠪᠴᠠᠩ ᠳᠠᠬᠢ ᠬᠠᠮᠵᠢᠯᠴᠠᠭ᠎ᠠ ᠪᠠᠨ

ᠴᠢᠩᠭᠠᠳᠬᠠᠨ᠎ᠠ᠃ ᠬᠤᠶᠠᠷ ᠲᠠᠯ᠎ᠠ ᠪᠠᠷ ᠢᠶᠠᠨ ᠦᠷᠭᠦᠯᠵᠢᠯᠡᠨ ᠲᠠᠯᠳᠠ ᠬᠦᠴᠦᠨ ᠢᠶᠠᠨ ᠭᠦᠨᠵᠡᠭᠡᠢ ᠠᠭᠤᠳᠠᠯᠵᠤ᠂ ᠠᠵᠤ ᠠᠬᠤᠢ ᠠᠷᠠᠯᠵᠢᠶ᠎ᠠ ᠪᠡᠯᠡ

ᠣᠷᠣᠭᠤᠯᠤᠯᠲᠠ ᠶᠢᠨ ᠬᠠᠮᠲᠤᠷᠠᠯᠴᠠᠭᠠᠨ ᠤ ᠲᠦᠪᠰᠢᠨ ᠢᠶᠠᠨ ᠳᠡᠭᠡᠭᠰᠢᠯᠡᠭᠦᠯᠵᠦ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠠᠶᠢᠭᠤᠯᠤᠮᠵᠢ ᠲᠣᠭᠲᠠᠴᠠ ᠶᠢ

ᠪᠦᠷᠢᠨᠰᠢᠭᠦᠯᠵᠦ᠂ ᠡᠨᠧᠷᠭᠢ᠂ ᠬᠤᠯᠪᠣᠯᠳᠤᠨ ᠨᠡᠪᠲᠡᠷᠡᠯᠴᠡᠬᠦ ᠵᠡᠷᠭᠡ ᠬᠠᠮᠲᠤᠷᠠᠯᠴᠠᠭᠠᠨ ᠤ ᠦᠨᠳᠦᠰᠦᠨ ᠪᠠᠶᠢᠳᠠᠯ ᠢ ᠪᠠᠬᠢᠵᠢᠭᠦᠯᠦᠨ ᠥᠷᠭᠡᠳᠬᠡᠵᠦ᠂ ᠨᠡᠩ ᠤᠯᠠᠨ ᠰᠢᠨ᠎ᠡ

ᠨᠡᠮᠡᠭᠳᠡᠯ ᠤᠨ ᠴᠡᠭ ᠢ ᠪᠤᠢ ᠪᠣᠯᠭᠠᠶ᠎ᠠ᠃ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠦᠷᠭᠦᠯᠵᠢᠯᠡᠨ ᠥᠷᠭᠡᠳᠬᠡᠵᠦ᠂ ᠠᠷᠠᠳ ᠤᠨ ᠰᠡᠳᠬᠢᠯ ᠤᠨ ᠨᠡᠪᠲᠡᠷᠡᠯᠴᠡᠭᠡ ᠶᠢᠨ

ᠰᠢᠨ᠎ᠡ ᠪᠠᠶᠢᠳᠠᠯ ᠢ ᠡᠭᠦᠳᠦᠶ᠎ᠡ᠃ ᠳᠤᠮᠳᠠᠳᠤ ᠤᠯᠤᠰ ᠳᠤᠷᠠᠲᠠᠶ᠎ᠠ ᠣᠷᠣᠰ ᠵᠢᠴᠢ ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢᠨ ᠡᠯ᠎ᠡ ᠤᠯᠤᠰ ᠲᠠᠢ

ᠬᠠᠮᠲᠤ ᠪᠠᠷ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠡᠸᠦ᠋ᠷᠦᠫᠡ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠲᠠᠢ

ᠵᠣᠯᠭᠠᠭᠤᠯᠬᠤ ᠶᠢ ᠠᠬᠢᠭᠤᠯᠵᠤ᠂ ᠨᠠᠩ ᠨᠡᠭᠡᠭᠡᠯᠲᠡᠲᠤ ᠣᠷᠣᠨ ᠪᠦᠰᠡ ᠶᠢᠨ ᠲᠣᠮᠣ ᠵᠠᠬ᠎ᠠ ᠳᠡᠯᠭᠡᠭᠦᠷ ᠤᠨ ᠪᠦᠷᠢᠯᠳᠦᠬᠦ ᠶᠢ ᠠᠬᠢᠭᠤᠯᠵᠤ᠂ ᠪᠦᠭᠦ ᠪᠥᠮᠪᠥᠷᠴᠡᠭ ᠤᠨ ᠠᠵᠤ

ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠰᠠᠭᠠᠳ ᠦᠭᠡᠢ ᠨᠡᠪᠲᠡᠷᠡᠬᠦ ᠶᠢ ᠪᠠᠲᠤᠯᠠᠵᠤ᠂ ᠭᠠᠵᠠᠷ ᠣᠷᠣᠨ ᠤ ᠤᠯᠤᠰ ᠤᠳ ᠲᠤ ᠦᠨᠡᠨ

ᠪᠣᠳᠠᠲᠠᠢ ᠠᠰᠢᠭ ᠲᠤᠰᠠ ᠬᠦᠷᠲᠡᠭᠡᠨ᠎ᠡ ᠭᠡᠵᠦ ᠴᠢᠬᠤᠯᠠᠴᠢᠯᠠᠪᠠ᠃ 

  

俄国总理2.jpg

   

     ᠮᠢᠱᠦ᠋ᠰᠺᠢᠨ ᠰᠢ ᠶᠢᠨ ᠫᠢᠩ ᠳᠤ ᠳᠡᠪᠰᠢᠭᠦᠯᠦᠭᠰᠡᠨ ᠫᠦᠲ᠋ᠢᠨ ᠤ ᠳᠣᠲᠣᠨᠣ ᠮᠡᠨᠳᠦᠴᠢᠯᠡᠯ ᠪᠣᠯᠣᠨ ᠰᠠᠶᠢᠨ ᠰᠠᠶᠢᠬᠠᠨ ᠵᠥᠩᠨᠡᠯ ᠢ ᠳᠠᠮᠵᠢᠭᠤᠯᠵᠤ᠂ ᠡᠨᠡ ᠵᠢᠯ ᠤᠨ

3 ᠰᠠᠷ᠎ᠠ ᠳᠤ ᠲᠡᠷᠢᠭᠦᠯᠡᠭᠴᠢ ᠰᠢ ᠶᠢᠨ ᠫᠢᠩ ᠤᠨ ᠤᠷᠤᠰ ᠲᠤ ᠬᠢᠭᠰᠡᠨ ᠲᠡᠦᠬᠡᠲᠦ ᠴᠢᠨᠠᠷᠲᠠᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠮᠠᠰᠢ ᠠᠮᠵᠢᠯᠲᠠ ᠲᠠᠢ

ᠶᠠᠪᠤᠭᠳᠠᠵᠤ᠂ ᠤᠷᠤᠰ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠰᠢᠨ᠎ᠡ ᠴᠠᠭ ᠦᠶ᠎ᠡ ᠶᠢ

ᠨᠡᠭᠡᠭᠡᠵᠡᠢ᠃ ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠬᠤᠶᠠᠷ ᠤᠯᠤᠰ ᠤᠨ ᠲᠡᠷᠢᠭᠦᠨ ᠤ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠶᠢ

ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠤᠶᠠᠷ ᠤᠯᠤᠰ ᠤᠨ ᠶᠡᠷᠦᠩᠬᠡᠢ ᠰᠠᠶᠢᠳ ᠤᠨ ᠲᠣᠭᠲᠠᠮᠠᠯ ᠬᠤᠭᠤᠴᠠᠭᠠᠲᠤ ᠠᠭᠤᠯᠵᠠᠯᠲᠠ ᠵᠢᠴᠢ ᠬᠤᠯᠪᠣᠭᠳᠠᠯ ᠪᠦᠬᠦᠢ

ᠬᠠᠮᠲᠤᠷᠠᠯᠴᠠᠭᠠᠨ ᠤ ᠲᠣᠭᠲᠠᠴᠠ ᠶᠢ ᠭᠦᠢᠴᠡᠳ ᠠᠰᠢᠭᠯᠠᠵᠤ᠂ ᠡᠯ᠎ᠡ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃

ᠤᠷᠤᠰ ᠤᠨ ᠬᠢᠨ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠳᠡᠯᠡᠬᠡᠢ ᠶᠢᠨ ᠤᠯᠠᠨ ᠲᠦᠢᠯᠵᠢᠯ ᠤᠨ ᠠᠬᠢᠴᠠ ᠶᠢ ᠠᠬᠢᠭᠤᠯᠵᠤ᠂ ᠤᠯᠠᠨ ᠤᠯᠤᠰ ᠤᠨ

ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠵᠢᠷᠤᠮ ᠢ ᠪᠠᠬᠢᠵᠢᠭᠦᠯᠦᠨ᠎ᠡ᠃ ᠤᠷᠤᠰ ᠤᠨ ᠬᠢᠨ ᠳᠤᠮᠳᠠᠳᠤ ᠤᠯᠤᠰ ᠯᠤᠭ᠎ᠠ ᠰᠣᠶᠣᠯ ᠢᠷᠭᠡᠨᠰᠢᠯ ᠤᠨ

ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠤᠷᠤᠰ ᠳᠤᠮᠳᠠᠳᠤ ᠶᠢᠨ ᠨᠥᠬᠦᠷᠯᠡᠯ ᠢ ᠦᠶ᠎ᠡ ᠶᠢᠨ ᠦᠶ᠎ᠡ ᠳᠤ ᠤᠯᠠᠮᠵᠢᠯᠠᠬᠤ ᠶᠢ ᠬᠦᠰᠡᠵᠦ ᠪᠠᠶᠢᠨ᠎ᠠ ᠭᠡᠵᠦ

ᠢᠯᠡᠳᠬᠡᠪᠡ᠃

      ᠸᠠᠩ ᠢ᠂ ᠾᠧ ᠯᠢ ᠹᠧᠩ᠂ ᠴᠢᠨ ᠭᠠᠩ ᠨᠠᠷ ᠠᠭᠤᠯᠵᠠᠯᠲᠠ ᠳᠤ ᠣᠷᠣᠯᠴᠠᠪᠠ᠃ 

     

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ