ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 5 ᠤ ᠴᠠᠬᠢᠯᠭᠠᠨ ᠮᠡᠳᠡᠭᠡ ᠰᠢᠨᠬᠤᠸᠠ ᠬᠤᠷᠢᠶ᠎ᠠ ᠶᠢᠨ ᠤᠯᠤᠰ ᠤᠨ ᠳᠡᠭᠡᠳᠦ ᠲᠠᠰ ᠤᠨ ᠣᠶᠤᠨ ᠤ | ᠬᠥᠮᠥᠷᠭᠡ ᠶᠢᠨ ᠨᠠᠶᠢᠷᠠᠭᠤᠯᠤᠨ ᠵᠣᠬᠢᠶᠠᠭᠰᠠᠨ ︽ᠣᠳᠣᠬᠢᠴᠢᠯᠠᠭᠰᠠᠨ ᠬᠦᠴᠦᠷᠬᠡᠭ ᠤᠯᠤᠰ ᠲᠡᠶᠢᠰᠢ ᠤᠷᠤᠭᠰᠢᠯᠠᠬᠤ ᠬᠥᠭᠵᠢᠯᠲᠡ ᠶᠢᠨ ᠨᠢᠭᠤᠴᠠ ᠨᠣᠮᠧᠷ᠄ ᠰᠢ ᠶᠢᠨ | ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠴᠠᠭ ᠦᠶ᠎ᠡ ᠶᠢᠨ ᠣᠨᠴᠠᠯᠢᠭ ᠰᠢᠨᠵᠢ ᠪᠣᠯᠣᠨ ᠦᠢᠯᠡᠳᠦᠯᠭᠡ ᠶᠢᠨ ᠥᠷᠲᠡᠭ ︵ᠬᠢᠲᠠᠳ ᠠᠩᠭ᠍ᠯᠢ ᠬᠡᠯᠡᠨ ᠤ ᠬᠡᠪᠯᠡᠯ︶ | ︾ ᠭᠡᠬᠦ ᠨᠣᠮ ᠢ ᠣᠶᠢᠷ᠎ᠠ ᠳᠤ ᠰᠢᠨᠬᠤᠸᠠ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠪᠦᠭᠦ ᠤᠯᠤᠰ ᠲᠤ ᠲᠠᠷᠬᠠᠭᠠᠪᠠ᠃ | ᠲᠤᠰ ᠨᠣᠮ ᠳᠤ ︽ᠮᠠᠷᠺᠰ ᠤᠨ ᠦᠵᠡᠯ ᠤᠨ ᠤᠯᠤᠰ ᠲᠦᠷᠦ ᠠᠵᠤ ᠠᠬᠤᠢ ᠶᠢᠨ ᠤᠬᠠᠭᠠᠨ ᠤ ᠰᠢᠨ᠎ᠡ ᠠᠬᠤᠢ ᠪᠠᠶᠢᠳᠠᠯ ᠢ ᠨᠡᠭᠡᠭᠡᠪᠡ — ᠰᠢ ᠶᠢᠨ ᠫᠢᠩ ᠤᠨ | ᠠᠵᠤ ᠠᠬᠤᠢ ᠶᠢᠨ ᠦᠵᠡᠯ ᠰᠠᠨᠠᠭᠠᠨ ᠤ ᠢᠯᠡ ᠲᠣᠳᠣ ᠣᠨᠴᠠᠯᠢᠭ︾᠂ ︽ᠴᠢᠨᠠᠷ ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠪᠠ — ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠦᠢᠯᠡᠳᠦᠯᠭᠡ ᠶᠢᠨ ᠠᠷᠭ᠎ᠠ ᠪᠣᠳᠣᠯᠭ᠎ᠠ︾᠂ | ︽ᠠᠵᠤ ᠠᠬᠤᠢ ᠶᠢᠨ ᠵᠠᠰᠠᠯᠲᠠ ᠶᠢᠨ ᠣᠳᠣᠬᠢᠴᠢᠯᠠᠯᠲᠠ ᠶᠢᠨ ᠳᠤᠮᠳᠠᠳᠤ ᠤᠯᠤᠰ ᠤᠨ ᠤᠶᠤᠨ ᠤᠬᠠᠭᠠᠨ — ᠰᠢ ᠶᠢᠨ ᠫᠢᠩ ᠤᠨ ᠠᠵᠤ ᠠᠬᠤᠢ ᠶᠢᠨ ᠦᠵᠡᠯ | ᠰᠠᠨᠠᠭᠠᠨ ᠤ ᠰᠢᠨᠵᠢᠯᠡᠬᠦ ᠤᠬᠠᠭᠠᠨᠴᠢ ᠠᠷᠭ᠎ᠠ︾᠂ ︽ᠪᠦᠭᠦ ᠪᠥᠮᠪᠥᠷᠴᠡᠭ ᠤᠨ ᠠᠵᠤ ᠠᠬᠤᠢ ᠶᠢᠨ ᠬᠥᠭᠵᠢᠯᠲᠡ ᠶᠢᠨ ᠠᠰᠠᠭᠤᠯᠲᠠ ᠶᠢ ᠬᠠᠷᠢᠭᠤᠯᠬᠤᠢ — ᠰᠢ ᠶᠢᠨ | ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ ᠳᠡᠯᠡᠬᠡᠢ ᠶᠢᠨ ᠠᠴᠢ ᠬᠤᠯᠪᠣᠭᠳᠠᠯ︾᠂ ︽ᠡᠬᠢ ᠰᠤᠷᠪᠤᠯᠵᠢ ᠶᠢ ᠨᠢ ᠬᠠᠶᠢᠬᠤᠢ᠄ ᠰᠢ ᠶᠢᠨ ᠫᠢᠩ ᠤᠨ ᠣᠷᠣᠨ | ᠨᠤᠲᠤᠭ ᠤᠨ ᠠᠵᠤ ᠠᠬᠤᠢ ᠶᠢᠨ ᠵᠠᠰᠠᠯᠲᠠ ᠶᠢᠨ ᠦᠯᠢᠭᠡᠷ︾ ᠭᠡᠬᠦ ᠲᠠᠪᠤᠨ ᠪᠦᠯᠦᠭ ᠬᠤᠪᠢᠶᠠᠵᠤ᠂ ᠰᠢ ᠶᠢᠨ ᠫᠢᠩ ᠤᠨ ᠠᠵᠤ ᠠᠬᠤᠢ ᠶᠢᠨ ᠦᠵᠡᠯ ᠰᠠᠨᠠᠭᠠᠨ ᠤ | ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠢ ᠪᠦᠭᠦ ᠲᠠᠯ᠎ᠠ ᠪᠠᠷ ᠲᠣᠳᠣᠷᠬᠠᠶᠢᠯᠠᠨ ᠥᠭᠦᠯᠡᠪᠡ᠃ | ᠲᠤᠰ ᠨᠣᠮ ᠪᠣᠯ ︽ᠰᠢᠨᠬᠤᠸᠠ ᠬᠤᠷᠢᠶ᠎ᠠ ᠶᠢᠨ ᠤᠯᠤᠰ ᠤᠨ ᠳᠡᠭᠡᠳᠦ ᠲᠡᠰ ᠤᠨ ᠤᠶᠤᠨ ᠤ ᠬᠥᠮᠥᠷᠭᠡ︾ ᠶᠢᠨ ᠰᠢᠷᠢᠰ ᠴᠤᠪᠤᠷᠠᠯ ᠪᠢᠴᠢᠭ ᠤᠨ ᠰᠢᠨ᠎ᠡ ᠲᠦᠷᠦᠯ | ᠵᠦᠢᠯ ᠪᠣᠯᠣᠨ᠎ᠠ᠃ ᠲᠦᠷᠦᠭᠦᠬᠡᠨ᠂ ᠲᠣᠰ ᠴᠤᠪᠤᠷᠠᠯ ᠪᠢᠴᠢᠭ ᠨᠢ ᠨᠢᠭᠡᠨᠲᠡ ︽ᠳᠤᠮᠳᠠᠳᠤ ᠤᠯᠤᠰ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ | ᠤᠬᠠᠭᠠᠨ᠄ ᠤᠯᠤᠰ ᠲᠥᠷᠥ ᠠᠵᠤ ᠠᠬᠤᠢ ᠶᠢᠨ ᠤᠬᠠᠭᠠᠨ ᠤ ᠬᠠᠷᠠᠭᠠᠨ ᠳᠠᠬᠢ ᠳᠤᠮᠳᠠᠳᠤ ᠤᠯᠤᠰ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ | ᠣᠨᠣᠯ ᠪᠠ ᠦᠢᠯᠡᠳᠦᠯᠭᠡ︾᠂ ︽ᠠᠷᠠᠳ ᠲᠦᠮᠡᠨ ᠤ ᠬᠡᠮᠵᠢᠭᠦᠷ᠄ ᠵᠠᠭᠤᠨ ᠵᠢᠯ ᠤᠨ ᠲᠡᠮᠡᠴᠡᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠤᠰ | ᠲᠥᠷᠥ ᠶᠢᠨ ᠵᠣᠭᠰᠣᠯᠲᠠ ᠶᠢ ᠬᠠᠷᠠᠬᠤᠢ︾᠂ ︽ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠤᠨ ᠬᠥᠭᠡᠭᠡᠴᠡᠯᠳᠦᠯ ᠪᠠ ᠬᠠᠶᠢᠨ ᠰᠦᠪᠡᠭᠴᠢᠯᠡᠯᠲᠡ᠄ | ᠠᠷᠠᠳᠴᠢᠯᠠᠯ ᠡᠷᠬᠡ ᠴᠢᠯᠦᠭᠡ ᠬᠥᠮᠥᠨ ᠤ ᠡᠷᠬᠡ ᠶᠢᠨ ᠳᠤᠮᠳᠠᠳᠤ ᠤᠯᠤᠰ ᠤᠨ ᠦᠢᠯᠡᠳᠦᠯᠭᠡ︾ ᠵᠡᠷᠭᠡ ᠶᠢ ᠬᠡᠪᠯᠡᠭᠦᠯᠦᠭᠰᠡᠨ ᠪᠠᠶᠢᠨ᠎ᠠ᠃ | |