ᠰᠢ ᠶᠢᠨ ᠫᠢᠩ ᠠᠷᠪᠠᠳᠤᠭᠠᠷ ᠬᠤᠭᠤᠴᠠᠭᠠᠨ ᠤ ᠳᠡᠯᠡᠬᠡᠢ ᠶᠢᠨ ᠳᠤᠮᠳᠠᠳᠤ ᠶᠢᠨ ᠬᠠᠷᠢᠶᠠᠲᠤ ᠳᠤᠮᠳᠠᠳᠤᠴᠤᠳ ᠤᠨ ᠡᠪᠯᠡᠯ ᠪᠦᠯᠬᠦᠮ ᠤᠨ ᠨᠥᠬᠦᠷᠯᠡᠯ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠠᠭᠤᠯᠵᠠᠪᠠ ᠸᠠᠩ ᠬᠤ᠋ ᠨᠢᠩ ᠼᠠᠢ ᠴᠢ ᠠᠭᠤᠯᠵᠠᠯᠲᠠ ᠳᠤ ᠣᠷᠣᠯᠴᠠᠵᠠᠢ
ᠨᠡᠶᠢᠲᠡᠯᠡᠭᠰᠡᠨ ᠴᠠᠭ᠄
2023/5/9
     ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 8 ᠤ ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ 8 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠷᠪᠠᠳᠤᠭᠠᠷ ᠬᠤᠭᠤᠴᠠᠭᠠᠨ ᠤ ᠳᠡᠯᠡᠬᠡᠢ ᠶᠢᠨ ᠳᠤᠮᠳᠠᠳᠤ ᠶᠢᠨ ᠬᠠᠷᠢᠶᠠᠲᠤ ᠳᠤᠮᠳᠠᠳᠤᠴᠤᠳ ᠤᠨ ᠡᠪᠯᠡᠯ ᠪᠦᠯᠬᠦᠮ ᠤᠨ ᠨᠥᠬᠦᠷᠯᠡᠯ ᠤᠨ ᠶᠡᠭᠡ ᠬᠤᠷᠠᠯ ᠤᠨ ᠲᠥᠯᠥᠭᠡᠯᠡᠭᠴᠢᠳ ᠲᠠᠢ ᠳᠣᠲᠣᠨᠣ ᠪᠠᠷ ᠠᠭᠤᠯᠵᠠᠵᠤ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠤᠯᠠᠨ ᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠳᠡᠯᠡᠬᠡᠢ ᠶᠢᠨ ᠡᠯ᠎ᠡ ᠭᠠᠵᠠᠷ ᠤᠨ ᠳᠤᠮᠳᠠᠳᠤ ᠶᠢᠨ ᠬᠠᠷᠢᠶᠠᠲᠤ ᠳᠤᠮᠳᠠᠳᠤᠴᠤᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃      

头条5.9.3.jpg

    

     5 ᠰᠠᠷ᠎ᠠ ᠶᠢᠨ 8 ᠤ ᠡᠳᠦᠷ᠂ ᠨᠠᠮ ᠪᠠ ᠲᠦᠷᠦ ᠶᠢᠨ ᠤᠳᠤᠷᠢᠳᠬᠤ ᠬᠥᠮᠥᠨ ᠰᠢ ᠶᠢᠨ ᠫᠢᠩ᠂ ᠸᠠᠩ ᠬᠤ᠋ ᠨᠢᠩ᠂ ᠼᠠᠢ ᠴᠢ ᠨᠠᠷ ᠪᠡᠭᠡᠵᠢᠩ ᠤᠨ ᠠᠷᠠᠳ ᠤᠨ

ᠶᠡᠭᠡ ᠬᠤᠷᠠᠯ ᠤᠨ ᠲᠠᠩᠬᠢᠮ ᠳᠤ ᠠᠷᠪᠠᠳᠤᠭᠠᠷ ᠬᠤᠭᠤᠴᠠᠭᠠᠨ ᠤ ᠳᠡᠯᠡᠬᠡᠢ ᠶᠢᠨ ᠳᠤᠮᠳᠠᠳᠤ ᠶᠢᠨ ᠬᠠᠷᠢᠶᠠᠲᠤ ᠳᠤᠮᠳᠠᠳᠤᠴᠤᠳ ᠤᠨ ᠡᠪᠯᠡᠯ ᠪᠦᠯᠬᠦᠮ ᠤᠨ ᠨᠥᠬᠦᠷᠯᠡᠯ ᠤᠨ

ᠶᠡᠭᠡ ᠬᠤᠷᠠᠯ ᠤᠨ ᠲᠥᠯᠥᠭᠡᠯᠡᠭᠴᠢᠳ ᠲᠠᠢ ᠠᠭᠤᠯᠵᠠᠪᠠ᠃ ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ    ᠯᠢ ᠰᠢᠤᠸᠠᠢ ᠷᠧᠨ    ᠰᠡᠭᠦᠳᠡᠷᠯᠡᠪᠡ

     ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ

ᠲᠡᠷᠢᠭᠦᠯᠡᠭᠴᠢ ᠸᠠᠩ ᠬᠤ᠋ ᠨᠢᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ

ᠲᠢᠩᠬᠢᠮ ᠤᠨ ᠡᠷᠭᠢᠯᠡᠭᠴᠢ ᠼᠠᠢ ᠴᠢ ᠠᠭᠤᠯᠵᠠᠯᠲᠠ ᠳᠤ ᠣᠷᠣᠯᠴᠠᠵᠠᠢ᠃

     ᠦᠳᠡ ᠶᠢᠨ ᠡᠮᠦᠨᠡᠬᠢ 10 ᠴᠠᠭ 30 ᠮᠢᠨᠦ᠋ᠲ ᠲᠤ᠂ ᠰᠢ ᠶᠢᠨ ᠫᠢᠩ ᠨᠠᠷ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠲᠢᠩᠬᠢᠮ ᠳᠤ

ᠬᠦᠷᠴᠦ ᠢᠷᠡᠬᠦ ᠳᠤ᠂ ᠲᠠᠯᠠᠪᠠᠢ ᠳᠠᠶᠠᠭᠠᠷ ᠢᠶᠠᠨ ᠤᠳᠠᠲᠠᠯ᠎ᠠ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃ ᠰᠢ ᠶᠢᠨ ᠫᠢᠩ ᠨᠠᠷ ᠲᠥᠯᠥᠭᠡᠯᠡᠭᠴᠢᠳ ᠲᠠᠢ ᠭᠠᠷ ᠳᠠᠯᠠᠯᠤᠨ

ᠮᠡᠨᠳᠦᠴᠢᠯᠡᠵᠦ᠂ ᠤᠯᠠᠨ ᠲᠠᠢ ᠳᠣᠲᠣᠨᠣ ᠪᠠᠷ ᠶᠠᠷᠢᠯᠴᠠᠭᠰᠠᠨ ᠪᠥᠭᠡᠳ ᠬᠠᠮᠲᠤ ᠶᠢᠨ ᠭᠡᠷᠡᠯ ᠵᠢᠷᠤᠭ ᠲᠠᠲᠠᠭᠤᠯᠵᠤ ᠳᠤᠷᠠᠰᠬᠠᠯ ᠦᠯᠡᠳᠡᠭᠡᠪᠡ᠃ 

     ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠱᠢ ᠲᠠᠢ ᠹᠧᠩ

ᠠᠭᠤᠯᠵᠠᠯᠲᠠ ᠳᠤ ᠣᠷᠣᠯᠴᠠᠭᠰᠠᠨ ᠪᠥᠭᠡᠳ ᠲᠤᠰ ᠡᠳᠦᠷ ᠤᠨ ᠦᠳᠡ ᠶᠢᠨ ᠡᠮᠦᠨᠡᠬᠢ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷ᠎ᠡ ᠶᠠᠷᠢᠶ᠎ᠠ ᠲᠠᠯᠪᠢᠪᠠ᠃

ᠲᠡᠷᠡ᠂ ᠭᠠᠳᠠᠭᠠᠳᠤ ᠳᠤ ᠰᠠᠭᠤᠭ᠎ᠠ ᠬᠠᠷᠢᠶᠠᠲᠤ ᠨᠠᠷ ᠪᠣᠯ ᠳᠤᠮᠳᠠᠳᠤ ᠭᠠᠳᠠᠭᠠᠳᠤ ᠶᠢ ᠠᠭᠤᠰᠤᠯᠴᠠᠭᠤᠯᠤᠨ ᠨᠡᠪᠲᠡᠷᠡᠯᠴᠡᠭᠦᠯᠬᠦ ᠥᠪᠡᠷᠮᠢᠴᠡ ᠳᠠᠪᠠᠭᠤᠯᠢᠭ ᠲᠠᠢ ᠶᠤᠮ᠂

ᠳᠤᠮᠳᠠᠳᠤ ᠤᠯᠤᠰ ᠪᠣᠯᠣᠨ ᠳᠡᠯᠡᠬᠡᠢ ᠳ᠋ᠠᠬᠢᠨ ᠢ ᠬᠤᠯᠪᠣᠬᠤ ᠴᠢᠬᠤᠯᠠ ᠬᠥᠭᠦᠷᠭᠡ ᠬᠤᠯᠪᠣᠭᠠᠰᠤ ᠮᠥᠨ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ

ᠴᠣᠭᠴᠠ ᠶᠢ ᠪᠠᠶᠢᠭᠤᠯᠬᠤ ᠶᠢ ᠠᠬᠢᠭᠤᠯᠬᠤ ᠠᠮᠢᠵᠢᠷᠠᠯ ᠤᠨ ᠬᠦᠴᠦᠨ ᠮᠥᠨ᠃ ᠥᠷᠭᠡᠨ ᠣᠯᠠᠨ ᠭᠠᠳᠠᠭᠠᠳᠤ ᠳᠤ ᠰᠠᠭᠤᠭ᠎ᠠ ᠬᠠᠷᠢᠶᠠᠲᠤ ᠨᠠᠷ ᠭᠠᠷ ᠬᠤᠯᠪᠣᠨ

ᠰᠡᠳᠬᠢᠯ ᠢᠶᠠᠨ ᠨᠢᠭᠡᠳᠬᠡᠵᠦ᠂ ᠡᠷᠡᠮᠡᠬᠡᠶᠢᠯᠡᠨ ᠤᠷᠤᠭᠰᠢᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ

ᠣᠶᠢᠯᠠᠭᠠᠭᠳᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠳᠤᠮᠳᠠᠳᠤ ᠭᠠᠳᠠᠭᠠᠳᠤ ᠶᠢᠨ ᠨᠥᠬᠦᠷᠯᠡᠯ ᠢ ᠢᠳᠡᠪᠬᠢᠲᠡᠢ

ᠠᠬᠢᠭᠤᠯᠵᠤ᠂ ᠪᠦᠭᠦ ᠪᠥᠮᠪᠥᠷᠴᠡᠭ ᠤᠨ ᠬᠥᠭᠵᠢᠯᠲᠡ ᠪᠣᠯᠣᠨ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠶᠢ ᠢᠳᠡᠪᠬᠢᠲᠡᠢ ᠠᠬᠢᠭᠤᠯᠵᠤ᠂ ᠳᠤᠮᠳᠠᠳᠤ

ᠭᠠᠳᠠᠭᠠᠳᠤ ᠶᠢᠨ ᠰᠣᠯᠢᠯᠴᠠᠭ᠎ᠠ ᠪᠣᠯᠣᠨ ᠪᠣᠯᠪᠠᠰᠤᠨ ᠤ ᠲᠣᠯᠢᠯᠠᠯ ᠢ ᠢᠳᠡᠪᠬᠢᠲᠡᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ

᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠰᠢᠨ᠎ᠡ ᠠᠶᠠᠨ ᠳᠤ ᠰᠢᠨ᠎ᠡ ᠬᠠᠭᠤᠳᠠᠰᠤ ᠶᠢ ᠪᠢᠴᠢᠭᠯᠡᠬᠦ ᠶᠢ ᠬᠦᠰᠡᠵᠦ

ᠪᠠᠶᠢᠨ᠎ᠠ ᠭᠡᠵᠦ ᠵᠢᠭᠠᠵᠤ ᠭᠠᠷᠭᠠᠪᠠ᠃ 

     ᠳᠡᠯᠡᠬᠡᠢ ᠶᠢᠨ ᠳᠤᠮᠳᠠᠳᠤ ᠶᠢᠨ ᠬᠠᠷᠢᠶᠠᠲᠤ ᠳᠤᠮᠳᠠᠳᠤᠴᠤᠳ ᠤᠨ ᠡᠪᠯᠡᠯ ᠪᠦᠯᠬᠦᠮ ᠤᠨ ᠨᠥᠬᠦᠷᠯᠡᠯ ᠤᠨ ᠶᠡᠭᠡ ᠬᠤᠷᠠᠯ ᠪᠣᠯ ᠪᠦᠭᠦ ᠪᠥᠮᠪᠥᠷᠴᠡᠭ ᠤᠨ

ᠳᠤᠮᠳᠠᠳᠤ ᠶᠢᠨ ᠬᠠᠷᠢᠶᠠᠲᠤ ᠳᠤᠮᠳᠠᠳᠤᠴᠤᠳ ᠤᠨ ᠭᠤᠣᠯ ᠪᠣᠯᠬᠤ ᠡᠪᠯᠡᠯ ᠪᠦᠯᠬᠦᠮ ᠵᠢᠴᠢ ᠬᠠᠷᠢᠭᠤᠴᠠᠯᠭᠠᠲᠠᠨ ᠤ ᠨᠥᠬᠦᠷᠯᠡᠯ ᠤᠨ ᠰᠣᠯᠢᠯᠴᠠᠭᠠᠨ ᠤ ᠴᠢᠬᠤᠯᠠ

ᠲᠠᠪᠴᠠᠩ ᠪᠣᠯᠣᠨ᠎ᠠ᠃ ᠲᠤᠰ ᠬᠤᠭᠤᠴᠠᠭᠠᠨ ᠤ ᠶᠡᠭᠡ ᠬᠤᠷᠠᠯ ᠨᠢ ︽ᠳᠤᠮᠳᠠᠳᠤ ᠭᠠᠳᠠᠭᠠᠳᠤ ᠶᠢ ᠠᠭᠤᠰᠤᠯᠴᠠᠭᠤᠯᠤᠨ ᠨᠡᠪᠲᠡᠷᠡᠯᠴᠡᠭᠦᠯᠵᠦ ᠬᠥᠮᠥᠨ ᠲᠥᠷᠥᠯᠬᠢᠲᠡᠨ ᠤ

ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠢ ᠠᠬᠢᠭᠤᠯᠤᠶ᠎ᠠ︾ ᠪᠠᠷ ᠭᠤᠣᠯ ᠰᠡᠳᠦᠪ ᠪᠣᠯᠭᠠᠵᠤ᠂ 130 ᠭᠠᠷᠤᠢ ᠤᠯᠤᠰ ᠪᠠ ᠭᠠᠵᠠᠷ

ᠣᠷᠣᠨ ᠠᠴᠠ ᠢᠷᠡᠭᠰᠡᠨ 500 ᠰᠢᠬᠠᠮ ᠳᠤᠮᠳᠠᠳᠤ ᠶᠢᠨ ᠬᠠᠷᠢᠶᠠᠲᠤ ᠳᠤᠮᠳᠠᠳᠤᠴᠤᠳ ᠤᠨ ᠡᠪᠯᠡᠯ ᠪᠦᠯᠬᠦᠮ ᠤᠨ ᠬᠠᠷᠢᠭᠤᠴᠠᠯᠭᠠᠲᠠᠨ ᠶᠡᠭᠡ ᠬᠤᠷᠠᠯ ᠳᠤ ᠣᠷᠣᠯᠴᠠᠪᠠ᠃

      ᠸᠠᠩ ᠢ᠂ ᠵᠢᠶᠠᠩ ᠽᠦᠸᠧ ᠵᠢᠶᠦ᠋ᠨ ᠠᠭᠤᠯᠵᠠᠯᠲᠠ ᠳᠤ ᠣᠷᠣᠯᠴᠠᠵᠠᠢ᠃ 

     

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ