ᠵᠠᠮ ᠬᠠᠷᠢᠯᠴᠠᠭᠠᠨ ᠤ ᠥᠷᠭᠡᠨ ᠣᠯᠠᠨ ᠣᠷᠣᠯᠴᠠᠭᠴᠢ᠄ | ᠬᠤᠲᠠ ᠶᠢᠨ ᠲᠣᠭᠤᠷᠢᠭ ᠤᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠲᠠ ᠶᠢᠨ ᠲᠣᠭᠤᠷᠢᠭ ᠤᠨ ᠭᠤᠤᠯ | ᠵᠠᠮ ᠤᠨ ᠡᠮᠬᠢ ᠳᠢᠭᠯᠢᠮ ᠤᠨ ᠠᠮᠤᠷ ᠲᠦᠪᠰᠢᠨ᠂ ᠰᠠᠭᠠᠳ ᠥᠬᠡᠶ ᠨᠡᠪᠲᠡᠷᠡᠬᠦ᠂ ᠡᠮᠬᠢ ᠵᠢᠷᠤᠮ ᠲᠠᠢ ᠪᠠᠶᠢᠬᠤ ᠶᠢ ᠪᠠᠲᠤᠯᠠᠵᠤ᠂ ᠪᠣᠯᠪᠠᠰᠤᠨ ᠬᠤᠲᠠ ᠶᠢ ᠡᠭᠦᠳᠦᠨ | ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠶᠢᠨ ᠲᠥᠯᠥᠭᠡ᠂ ᠣᠲᠣ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ | ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ | ᠲᠦᠷᠢᠮ︾ ᠢ ᠦᠨᠳᠦᠰᠦᠯᠡᠬᠦ ᠶᠢᠨ ᠬᠠᠮᠲᠤ ᠤᠷᠠᠳ ᠤᠨ ᠡᠮᠦᠨᠡᠲᠦ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠠᠵᠢᠯ ᠤᠨ ᠣᠳᠣᠬᠢ ᠪᠠᠶᠢᠳᠠᠯ ᠲᠠᠢ | ᠤᠶᠠᠯᠳᠤᠭᠤᠯᠤᠨ᠂ ᠮᠤᠨᠠ ᠠᠭᠤᠯᠠ ᠪᠠᠯᠭᠠᠰᠤᠨ ᠤ ᠬᠤᠲᠠ ᠶᠢᠨ ᠲᠣᠭᠤᠷᠢᠭ ᠤᠨ ᠬᠡᠰᠡᠭ ᠵᠠᠮ ᠤᠨ ᠬᠡᠰᠡᠭ ᠲᠤ ︽ᠬᠤᠲᠠ ᠶᠢᠨ ᠵᠠᠮ ᠬᠠᠷᠢᠯᠴᠠᠭ᠎ᠠ ᠶᠢ ᠴᠢᠩᠭ᠎ᠠ | ᠬᠠᠮᠢᠶᠠᠷᠬᠤ ᠵᠠᠮ ᠤᠨ ᠬᠡᠰᠡᠭ︾ ︵︽ᠴᠢᠩᠭ᠎ᠠ ᠬᠠᠮᠢᠶᠠᠷᠬᠤ ᠵᠡᠭᠡᠯᠢ︾ ᠭᠡᠵᠦ ᠲᠣᠪᠴᠢᠯᠠᠨ᠎ᠠ︶ ᠭᠠᠷᠭᠠᠬᠤ ᠪᠠᠷ ᠲᠣᠭᠲᠠᠪᠠ᠃ ᠡᠳᠦᠭᠡ ᠬᠠᠮᠢᠶ᠎ᠠ ᠪᠥᠬᠦᠶ ᠵᠦᠢᠯᠡᠰ ᠢ | ᠳᠤᠤᠷᠠᠬᠢ ᠮᠡᠲᠦ ᠵᠠᠷᠯᠠᠶ᠎ᠠ︔ | ᠨᠢᠭᠡ ᠂ ︽ᠴᠢᠩᠭ᠎ᠠ ᠬᠠᠮᠢᠶᠠᠷᠬᠤ ᠵᠡᠭᠡᠯᠢ︾ ᠶᠢᠨ ᠬᠦᠷᠢᠶ᠎ᠡ ᠬᠡᠪᠴᠢᠶ᠎ᠡ᠄ ᠦᠨᠳᠦᠰᠦᠲᠡᠨ ᠤ ᠵᠠᠮ ᠤᠨ ᠪᠥᠬᠦ ᠬᠡᠰᠡᠭ᠂ ᠬᠤᠩ ᠸᠧᠢ ᠵᠠᠮ ᠤᠨ ᠪᠥᠬᠦ ᠬᠡᠰᠡᠭ | ᠂ ᠤᠯᠠᠭᠠᠨ ᠲᠤᠭ ᠶᠡᠭᠡ ᠵᠡᠭᠡᠯᠢ ᠶᠢᠨ ᠪᠥᠬᠦ ᠬᠡᠰᠡᠭ᠂ ᠱᠠᠨ ᠽᠦᠶ ᠵᠠᠮ ᠤᠨ ᠪᠥᠬᠦ ᠬᠡᠰᠡᠭ ︵ ᠰᠢ ᠬᠤᠩ ᠵᠠᠮ︶᠂ ᠥᠷᠲᠡᠭᠡᠨ ᠤ ᠡᠮᠦᠨᠡᠬᠢ ᠵᠠᠮ ᠤᠨ ᠪᠥᠬᠦ ᠬᠡᠰᠡᠭ᠂ | ᠳ᠋ᠦᠩ ᠹᠧᠩ ᠶᠡᠭᠡ ᠵᠡᠭᠡᠯᠢ ᠶᠢᠨ ᠪᠥᠬᠦ ᠬᠡᠰᠡᠭ᠂ ᠵᠧᠨ ᠰᠢᠩ ᠶᠡᠭᠡ ᠵᠡᠭᠡᠯᠢ ᠶᠢᠨ ᠪᠥᠬᠦ ᠬᠡᠰᠡᠭ᠂ ᠤᠷᠠᠳ ᠶᠡᠭᠡ ᠵᠡᠭᠡᠯᠢ ᠶᠢᠨ ᠪᠥᠬᠦ ᠬᠡᠰᠡᠭ᠂ ᠠᠨ ᠪᠸᠢ ᠶᠡᠭᠡ | ᠵᠡᠭᠡᠯᠢ ᠶᠢᠨ ᠤᠯᠠᠭᠠᠨᠮᠥ᠋ᠴᠢᠷ ᠤᠨ ᠠᠭᠤᠳᠠᠮ ᠲᠠᠯᠠᠪᠠᠶ ᠶᠢᠨ ᠡᠭᠦᠳᠡᠨ ᠡᠮᠦᠨᠡᠬᠢ ᠵᠠᠮ ᠤᠨ ᠬᠡᠰᠡᠭ᠃ | ᠬᠤᠶᠠᠷ᠂ ᠴᠢᠩᠭ᠎ᠠ ᠬᠠᠮᠢᠶᠠᠷᠬᠤ ᠠᠷᠭ᠎ᠠ ᠬᠡᠮᠵᠢᠶ᠎ᠡ᠄ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ︽ᠪᠦᠭᠦᠳᠡ ᠨᠠᠶᠢᠷᠠᠮᠳᠠᠬᠪ᠊ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠂ ︽ᠪᠦᠭᠦᠳᠡ ᠨᠠᠶᠢᠷᠠᠮᠳᠠᠬᠪ᠊ | ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ | ᠲᠣᠭᠲᠠᠭᠠᠯ ᠢ ᠦᠨᠳᠦᠰᠦᠯᠡᠨ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠵᠠᠯᠠᠷᠠᠭᠤᠯᠬᠤ ᠪᠠ ᠵᠠᠮ ᠬᠠᠷᠢᠯᠴᠠᠭᠠᠨ ᠤ ᠮᠡᠷᠭᠡᠵᠢᠯ ᠤᠨ ᠬᠢᠨᠠᠨ ᠡᠵᠡᠮᠳᠡᠬᠦ ᠲᠥᠬᠦᠭᠡᠷᠦᠮᠵᠢ | ᠪᠠᠷ ᠰᠡᠭᠦᠳᠡᠷᠯᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ︽ᠥᠴᠦᠬᠡᠨ ᠴᠦ | ᠢᠯᠳᠠᠷ ᠬᠠᠶᠠᠬᠤ ᠦᠭᠡᠶ︾ ᠪᠠᠶᠢᠵᠤ᠂ ᠴᠢᠩᠭ᠎ᠠ ᠪᠠᠶᠢᠴᠠᠭᠠᠬᠤ᠂ ᠴᠢᠩᠭ᠎ᠠ ᠬᠠᠮᠢᠶᠠᠷᠬᠤ᠂ ᠴᠢᠩᠭ᠎ᠠ ᠰᠢᠢᠳᠭᠡᠬᠦ᠂ ᠴᠢᠩᠭ᠎ᠠ ᠵᠠᠰᠠᠬᠤ ᠥᠨᠳᠥᠷ ᠳᠠᠷᠤᠯᠲᠠᠲᠤ ᠪᠠᠶᠢᠳᠠᠯ ᠢ | ᠪᠦᠬᠦ ᠬᠦᠴᠦ ᠪᠠᠷ ᠢᠶᠠᠨ ᠪᠤᠶ ᠪᠣᠯᠭᠠᠨ᠎ᠠ᠃ | ᠭᠤᠷᠪᠠ᠂ ᠴᠢᠩᠭ᠎ᠠ ᠬᠠᠮᠢᠶᠠᠷᠬᠤ ᠭᠤᠤᠯᠳᠠᠯᠭ᠎ᠠ᠄ | 1 . ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ ᠪᠣᠯᠤᠨ ᠶᠠᠪᠠᠭᠠᠨ ᠬᠥᠮᠦᠨ ᠵᠠᠮ ᠬᠠᠷᠢᠯᠴᠠᠭᠠᠨ ᠤ ᠳᠣᠬᠢᠶᠠᠨ ᠳ᠋ᠧᠩ᠂ ᠵᠠᠮ ᠬᠠᠷᠢᠯᠴᠠᠭᠠᠨ ᠤ ᠲᠡᠮᠳᠡᠭ | ᠵᠢᠷᠤᠭᠠᠰᠤ ᠵᠢᠴᠢ ᠵᠠᠮ ᠬᠠᠷᠢᠯᠴᠠᠭᠠᠨ ᠤ ᠠᠷᠠᠳ ᠤᠨ ᠴᠠᠭᠳᠠᠭ᠎ᠠ ᠶᠢᠨ ᠵᠢᠯᠣᠭᠤᠳᠴᠤ ᠨᠡᠪᠲᠡᠷᠡᠭᠦᠯᠬᠦ ᠦᠢᠯᠡ ᠠᠵᠢᠯᠯᠠᠭ᠎ᠠ ᠶᠢ ᠵᠢᠷᠤᠮᠯᠠᠬᠤ ᠦᠭᠡᠶ ᠪᠠᠶᠢᠬᠤ᠃ | 2 . ᠮᠠᠰᠢᠨᠲᠤ ᠲᠡᠷᠭᠡ᠂ ᠮᠠᠰᠢᠨᠲᠤ ᠪᠤᠰᠤ ᠲᠡᠷᠭᠡ ᠬᠠᠤᠯᠢ ᠠᠴᠠ ᠵᠥᠷᠢᠴᠡᠨ ᠲᠡᠷᠭᠡ ᠵᠣᠭᠰᠣᠭᠠᠬᠤ᠃ | 3 . ᠮᠠᠰᠢᠨᠲᠤ ᠲᠡᠷᠭᠡ ᠶᠠᠪᠠᠭᠠᠨ ᠬᠥᠮᠦᠨ ᠤ ᠬᠥᠨᠳᠡᠯᠡᠨ ᠵᠠᠮ ᠢᠶᠠᠷ ᠥᠩᠭᠡᠷᠡᠬᠦ ᠳᠤ ᠲᠡᠷᠭᠡ ᠵᠣᠭᠰᠣᠵᠤ ᠵᠠᠮ ᠲᠠᠯᠪᠢᠬᠤ ᠦᠭᠡᠶ᠃ | 4 . ᠴᠠᠬᠢᠯᠭᠠᠨ ᠬᠥᠳᠡᠯᠭᠡᠭᠦᠷᠲᠦ ᠲᠡᠷᠭᠡ᠂ ᠮᠣᠲ᠋ᠣᠷ ᠲᠡᠷᠭᠡ ᠤᠨᠤᠬᠤ ᠳᠤ ᠪᠠᠨ ᠠᠮᠤᠷ ᠲᠦᠪᠰᠢᠨ ᠤ ᠳᠤᠭᠤᠯᠠᠭ᠎ᠠ ᠵᠡᠭᠦᠬᠦ ᠥᠬᠡᠶ᠂ ᠬᠠᠤᠯᠢ ᠶᠢ ᠵᠥᠷᠢᠴᠡᠨ | ᠬᠥᠮᠦᠨ ᠠᠴᠢᠬᠤ᠃ | 5 . ᠶᠠᠪᠠᠭᠠᠨ ᠬᠥᠮᠦᠨ ᠵᠠᠮ ᠬᠠᠷᠢᠯᠴᠠᠭᠠᠨ ᠤ ᠳᠣᠬᠢᠶ᠎ᠠ ᠶᠢ ᠵᠢᠷᠤᠮᠯᠠᠬᠤ ᠦᠭᠡᠶ᠂ ᠵᠡᠭᠡᠯᠢ ᠥᠩᠭᠡᠷᠡᠬᠦ ᠳᠡᠭᠡᠨ ᠶᠠᠪᠠᠭᠠᠨ ᠬᠥᠮᠦᠨ ᠤ ᠬᠥᠨᠳᠡᠯᠡᠨ ᠵᠠᠮ ᠢᠶᠠᠷ | ᠶᠠᠪᠤᠬᠤ ᠦᠭᠡᠶ᠂ ᠬᠠᠯᠬᠠᠪᠴᠢ ᠬᠡᠷᠡᠰᠬᠡ ᠳᠠᠪᠠᠭ᠋ᠤ ᠦᠢᠯᠡ ᠠᠵᠢᠯᠯᠠᠭ᠎ᠠ᠃ | ᠥᠷᠭᠡᠨ ᠣᠯᠠᠨ ᠵᠠᠮ ᠬᠠᠷᠢᠯᠴᠠᠭᠠᠨ ᠤ ᠣᠷᠣᠯᠴᠠᠭᠴᠢ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ | ᠂ ᠪᠣᠯᠪᠠᠰᠤᠨ ᠢᠶᠠᠷ ᠲᠡᠷᠭᠡ ᠵᠢᠯᠣᠭᠤᠳᠤᠨ᠂ ᠲᠡᠷᠭᠡ ᠵᠣᠭᠰᠣᠭᠠᠬᠤ ᠪᠠᠨ ᠵᠢᠷᠤᠮᠵᠢᠭᠤᠯᠵᠤ᠂ ᠪᠣᠯᠪᠠᠰᠤᠨ ᠵᠠᠮ ᠬᠠᠷᠢᠯᠴᠠᠭᠠᠨ ᠤ ᠦᠢᠯᠡ ᠠᠵᠢᠯᠯᠠᠭ᠎ᠠ ᠶᠢ ᠢᠳᠡᠪᠬᠢᠲᠡᠶ ᠪᠠᠷ | ᠰᠠᠨᠠᠭᠠᠴᠢᠯᠠᠨ᠂ ᠵᠠᠮ ᠬᠠᠷᠢᠯᠴᠠᠭᠠᠨ ᠤ ᠮᠠᠭᠤ ᠳᠠᠳᠬᠠᠯ ᠢ ᠤᠬᠠᠮᠰᠠᠷ ᠠᠴᠠ ᠪᠠᠨ ᠲᠠᠶᠠᠭᠳᠠᠵᠤ᠂ ᠠᠮᠤᠷ ᠲᠦᠪᠰᠢᠨ᠂ ᠰᠠᠭᠠᠳ ᠦᠭᠡᠶ᠂ ᠡᠮᠬᠢ ᠵᠢᠷᠤᠮ ᠲᠠᠢ ᠵᠠᠮ | ᠬᠠᠷᠢᠯᠴᠠᠭᠠᠨ ᠤ ᠣᠷᠴᠢᠨ ᠲᠣᠭᠤᠷᠢᠨ ᠢ ᠬᠠᠮᠲᠤᠪᠠᠷ ᠡᠭᠦᠳᠬᠦ ᠬᠡᠷᠡᠭᠲᠡᠶ᠃ | ᠲᠣᠰ ᠠᠯᠪᠠᠨ ᠵᠠᠷ ᠢ ᠲᠣᠰ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠡᠭᠦᠨ ᠤ ᠲᠤᠯᠠ ᠣᠨᠴᠠᠭᠠᠶᠢᠯᠠᠨ ᠵᠠᠷᠯᠠᠪᠠ | | | | ᠤᠷᠠᠳ ᠤᠨ ᠡᠮᠦᠨᠡᠲᠦ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | 2023 ᠣᠨ ᠤ 5 ᠰᠠᠷ᠎ᠠ ᠶᠢᠨ 8 ᠤ ᠡᠳᠦᠷ | |