110 ᠤᠯᠤᠰ ᠤᠨ ᠵᠠᠮ ᠤᠨ K793+062 ᠬᠡᠰᠡᠭ ᠤᠨ ᠠᠶᠤᠯᠲᠠᠢ ᠬᠥᠭᠦᠷᠭᠡ ᠶᠢ ᠰᠡᠯᠪᠢᠨ ᠵᠠᠰᠠᠵᠤ ᠥᠭᠡᠷᠡᠴᠢᠯᠡᠬᠦ ᠲᠤᠬᠠᠢ ᠠᠯᠪᠠᠨ ᠵᠠᠷ
ᠨᠡᠶᠢᠲᠡᠯᠡᠭᠰᠡᠨ ᠴᠠᠭ᠄
2023/6/1
    110 ᠤᠯᠤᠰ ᠤᠨ ᠵᠠᠮ ᠤᠨ ᠤᠷᠠᠳ ᠤᠨ ᠡᠮᠦᠨᠡᠲᠦ ᠬᠤᠰᠢᠭᠤᠨ ᠤ ᠬᠢᠯᠢ ᠳᠣᠲᠣᠷᠠᠬᠢ K793 + 062 ᠬᠡᠰᠡᠭ ᠤᠨ ᠵᠢᠵᠢᠭ ᠬᠥᠭᠦᠷᠭᠡ ᠡᠪᠳᠡᠷᠡᠵᠦ᠂ ᠲᠡᠷᠭᠡ ᠬᠦᠰᠬᠡ ᠶᠠᠪᠤᠬᠤ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠬᠤ ᠤᠴᠢᠷ ᠠᠴᠠ ᠬᠥᠭᠦᠷᠭᠡ ᠶᠢᠨ ᠬᠡᠪ ᠤᠨ ᠠᠵᠢᠯᠯᠠᠭ᠎ᠠ ᠶᠢ ᠲᠦᠷᠭᠡᠨ ᠰᠡᠷᠭᠦᠭᠡᠬᠦ ᠶᠢᠨ ᠲᠦᠯᠦᠭᠡ ᠂ 110 ᠤᠯᠤᠰ ᠤᠨ ᠵᠠᠮ ᠤᠨ ᠬᠡᠰᠡᠭ ᠢ ᠪᠢᠲᠡᠭᠦᠮᠵᠢᠯᠡᠨ ᠬᠠᠮᠢᠶᠠᠷᠣᠨ᠎ᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄    ᠨᠢᠭᠡ᠂ ᠪᠢᠲᠡᠭᠦᠮᠵᠢᠯᠡᠬᠦ ᠬᠡᠰᠡᠭ᠄ 110 ᠤᠯᠤᠰ ᠤᠨ ᠵᠠᠮ ᠤᠨ ᠤᠷᠠᠳ ᠤᠨ ᠡᠮᠦᠨᠡᠲᠦ ᠬᠤᠰᠢᠭᠤᠨ ᠤ ᠭᠦᠩ ᠤᠨ ᠰᠦᠮ᠎ᠡ ᠠᠴᠠ ᠮᠤᠨᠠ ᠠᠭᠤᠯᠠ ᠬᠦᠷᠬᠦ ᠬᠡᠰᠡᠭ ︵K768 + 000 ︱ K794 + 000︶᠃    ᠬᠤᠶᠠᠷ᠂ ᠪᠢᠲᠡᠭᠦᠮᠵᠢᠯᠡᠬᠦ ᠴᠠᠭ᠄ 2023 ᠣᠨ ᠤ 5 ᠳ᠋ᠤᠭᠠᠷ ᠰᠠᠷ᠎ᠠ ᠶᠢᠨ 30 ᠤ ᠡᠳᠦᠷ ᠠᠴᠠ 8 ᠰᠠᠷ᠎ᠠ ᠶᠢᠨ 30 ᠤ ᠡᠳᠦᠷ ᠪᠣᠯᠲᠠᠯ᠎ᠠ ︵ᠬᠡᠷᠪᠡ ᠲᠣᠰ ᠴᠠᠭ ᠬᠤᠭᠤᠴᠠᠭᠠᠨ ᠳᠤ ᠪᠠᠷᠢᠯᠭ᠎ᠠ ᠶᠢᠨ ᠠᠵᠢᠯ ᠳᠠᠭᠤᠰᠤᠭᠠᠳᠤᠢ ᠪᠠᠶᠢᠪᠠᠯ᠂ ᠪᠢᠲᠡᠭᠦᠮᠵᠢᠯᠡᠬᠦ ᠴᠠᠭ ᠢ ᠪᠠᠷᠢᠯᠭ᠎ᠠ ᠶᠢᠨ ᠠᠵᠢᠯ ᠳᠠᠭᠤᠰᠬᠤ ᠡᠳᠦᠷ ᠬᠦᠷᠲᠡᠯ᠎ᠡ ᠤᠷᠲᠤᠳᠬᠠᠨ᠎ᠠ︶᠃     ᠭᠤᠷᠪᠠ᠂ ᠵᠠᠮ ᠢ ᠪᠢᠲᠡᠭᠦᠮᠵᠢᠯᠡᠭᠰᠡᠨ ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠲᠡᠷᠭᠡ ᠬᠥᠰᠬᠡ ᠶᠢᠨ ᠲᠣᠭᠤᠷᠢᠨ ᠶᠠᠪᠤᠬᠤ ᠵᠠᠮ ᠱᠤᠭᠤᠮ ᠨᠢ ᠳᠣᠣᠷᠠᠬᠢ ᠮᠡᠲᠦ᠄     G6 ᠳᠡᠭᠡᠳᠦ ᠬᠤᠷᠳᠣᠴᠠᠲᠣ ᠵᠠᠰᠠᠮᠠᠯ ᠵᠠᠮ᠂ S24 ᠣᠷᠳᠣᠰ ᠤᠨ ᠬᠠᠲᠤᠨ ᠭᠤᠣᠯ ᠳᠠᠭᠠᠤ ᠶᠢᠨ ᠨᠢᠭᠡᠳᠦᠭᠡᠷ ᠳᠡᠰ ᠤᠨ ᠵᠠᠰᠠᠮᠠᠯ ᠵᠠᠮ ᠪᠤᠶᠤ ᠪᠤᠰᠤᠳ ᠨᠡᠪᠲᠡᠷᠡᠬᠦ ᠨᠥᠬᠦᠴᠡᠯ ᠲᠠᠢ ᠵᠠᠰᠠᠮᠠᠯ ᠵᠠᠮ ᠢᠶᠠᠷ ᠲᠣᠭᠤᠷᠢᠵᠤ ᠶᠠᠪᠤᠬᠤ ᠶᠢ ᠰᠣᠩᠭᠤᠵᠤ ᠪᠣᠯᠣᠨ᠎ᠠ᠃ᠳᠥᠷᠪᠡ᠂ ᠨᠠᠰᠢ ᠴᠠᠰᠢ ᠥᠩᠭᠡᠷᠡᠬᠦ ᠲᠡᠷᠭᠡ ᠬᠦᠰᠬᠡ ᠪᠠ ᠶᠠᠪᠠᠭᠠᠨ ᠬᠥᠮᠥᠨ ᠵᠠᠮ ᠬᠠᠷᠢᠯᠴᠠᠭᠠᠨ ᠤ ᠵᠢᠭᠠᠯᠲᠠ ᠶᠢᠨ ᠲᠡᠮᠳᠡᠭ ᠪᠠ ᠪᠠᠷᠢᠯᠭ᠎ᠠ ᠶᠢᠨ ᠠᠵᠢᠯ ᠤᠨ ᠰᠠᠨᠠᠭᠤᠯᠤᠮᠵᠢ ᠪᠠᠷ ᠶᠠᠪᠤᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠴᠤ᠂ ᠲᠤᠬᠠᠢ ᠶᠢᠨ ᠭᠠᠵᠠᠷ ᠤᠨ ᠠᠮᠤᠷ ᠲᠦᠪᠰᠢᠨ ᠢ ᠬᠠᠮᠠᠭᠠᠯᠠᠬᠤ ᠠᠵᠢᠯᠲᠠᠨ ᠤ ᠵᠢᠯᠣᠭᠤᠳᠤᠯᠭ᠎ᠠ ᠶᠢ ᠲᠠᠭᠠᠬᠤ ᠬᠡᠷᠡᠭᠲᠡᠢ᠃       ᠪᠠᠷᠢᠯᠭ᠎ᠠ ᠶᠢᠨ ᠠᠵᠢᠯ ᠤᠨ ᠬᠤᠭᠤᠴᠠᠭᠠᠨ ᠳᠤ ᠳᠥᠭᠦᠮ ᠦᠭᠡᠢ ᠪᠣᠯᠤᠭᠰᠠᠨ ᠳᠤ ᠣᠶᠢᠯᠠᠭᠠᠨ ᠠᠭᠤᠴᠢᠯᠠᠬᠤ ᠪᠣᠯᠪᠠᠤ᠃               ᠡᠬᠦᠨ ᠤ ᠲᠣᠯᠠᠳᠠ ᠣᠨᠴᠠᠭᠠᠶᠢᠯᠠᠨ ᠵᠠᠷᠯᠠᠪᠠ                             ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                        2023 ᠣᠨ ᠤ 5 ᠰᠠᠷ᠎ᠠ ᠶᠢᠨ 29
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ