ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠨᠡᠶᠢᠲᠡᠯᠡᠯ—2023 ᠣᠨ ᠤ ᠨᠢᠭᠡᠳᠦᠭᠡᠷ ᠬᠤᠭᠤᠴᠠᠭ᠎ᠠ ︵ᠨᠢᠭᠡ︶
ᠨᠡᠶᠢᠲᠡᠯᠡᠭᠰᠡᠨ ᠴᠠᠭ᠄
2023/6/14
ᠤᠷᠠᠳ ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ ︽ᠤᠷᠠᠳ ᠤᠨ ᠡᠮᠦᠨᠡᠲᠦ ᠬᠤᠰᠢᠭᠤᠨ ᠤ ᠬᠤᠳᠳᠤᠭ ᠤᠨ ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠠᠵᠢᠯ ᠤᠨ ᠲᠥᠰᠦᠯ︾  ᠢ  ᠲᠠᠷᠬᠠᠭᠠᠬᠤ  ᠲᠤᠬᠠᠶ ᠮᠡᠳᠡᠭᠳᠡᠯ               ᠤᠷᠠᠳ ᠠᠯᠪᠠᠨ ᠲᠠᠷᠬᠠᠭᠠᠭᠰᠠᠨ〔 2023〕1  ᠳ᠋ᠤᠭᠡᠷ ᠲᠣᠭᠠᠲᠤ  ᠡᠯ᠎ᠡ ᠬᠤᠯᠪᠣᠭᠳᠠᠯ ᠪᠥᠬᠦᠶ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ᠂ ᠬᠤᠰᠢᠭᠤᠨ ᠤ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄      ᠬᠤᠰᠢᠭᠤᠨ ᠤ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ︽ᠤᠷᠠᠳ ᠤᠨ ᠡᠮᠦᠨᠡᠲᠦ ᠬᠤᠰᠢᠭᠤᠨ ᠤ ᠬᠤᠳᠳᠤᠭ ᠤᠨ ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠠᠵᠢᠯ ᠤᠨ ᠲᠥᠰᠦᠯ︾ ᠢ ᠲᠠᠨᠠᠷ ᠲᠤ ᠳᠠᠷᠤᠮᠠᠯᠯᠠᠨ ᠲᠠᠷᠬᠠᠭᠠᠯ᠎ᠠ᠂ ᠨᠠᠷᠢᠨ ᠬᠢᠨᠠᠮᠠᠭᠠᠶ ᠰᠠᠶᠢᠲᠤᠷ ᠠᠳᠬᠤᠵᠤ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠠᠷᠠᠢ᠃                          ᠤᠷᠠᠳ  ᠤᠨ ᠡᠮᠦᠨᠡᠲᠦ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                     2023 ᠣᠨ ᠤ 1 ᠰᠠᠷ᠎ᠠ ᠶᠢᠨ 19 ᠤ ᠡᠳᠦᠷ ᠤᠷᠠᠳ ᠤᠨ ᠡᠮᠦᠨᠡᠲᠦ ᠬᠤᠰᠢᠭᠤᠨ ᠤ ᠬᠤᠳᠳᠤᠭ ᠤᠨ ᠤᠰᠤᠯᠠᠯᠲᠠ ᠶᠢᠨ ᠣᠷᠣᠨ ᠤ ᠲᠠᠷᠢᠶᠠᠯᠠᠩ ᠤᠨ  ᠭᠦᠨᠵᠡᠭᠡᠢ ᠤᠰᠤ ᠠᠷᠪᠢᠯᠠᠬᠤ ᠠᠵᠢᠯ ᠤᠨ ᠲᠥᠰᠦᠯ        ᠤᠷᠠᠳ ᠤᠨ ᠡᠮᠦᠨᠡᠲᠦ ᠬᠤᠰᠢᠭᠤᠨ ᠤ ᠬᠤᠳᠳᠤᠭ ᠤᠨ ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠶᠢ ᠭᠦᠨᠵᠡᠭᠡᠶ ᠠᠬᠢᠭᠤᠯᠵᠤ᠂ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠵᠠᠰᠠᠬᠤ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ︽ᠤᠷᠠᠳ ᠤᠨ ᠡᠮᠦᠨᠡᠲᠦ ᠬᠤᠰᠢᠭᠤᠨ ᠤ ᠲᠣᠮᠣ ᠬᠡᠯᠪᠡᠷᠢ ᠶᠢᠨ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠵᠠᠰᠠᠯᠲᠠ ᠶᠢᠨ ᠲᠤᠰᠬᠠᠶ ᠠᠵᠢᠯᠯᠠᠭ᠎ᠠ ᠶᠢᠨ ᠲᠥᠰᠦᠯ ︵2022—2025︶︾ ︵  ᠪᠠᠶᠠᠨᠨᠠᠭᠤᠷ ᠵᠠᠰᠠᠭ ᠥᠰᠥᠭ〔2022〕6 ᠳ᠋ᠤᠭᠠᠷ ᠳᠤᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃     ᠨᠢᠭᠡ᠂ ᠦᠨᠳᠦᠰᠦᠨ ᠪᠠᠶᠢᠳᠠᠯ      ᠤᠷᠠᠳ ᠤᠨ ᠡᠮᠦᠨᠡᠲᠦ ᠬᠤᠰᠢᠭᠤᠨ ᠤ ᠬᠤᠳᠳᠤᠭ ᠤᠨ ᠤᠰᠤᠯᠠᠯᠲᠠ ᠶᠢᠨ ᠣᠷᠣᠨ ᠨᠢ ᠭᠤᠤᠯᠳᠠᠭᠤ 5 ᠰᠤᠮᠤ ᠪᠠᠯᠭᠠᠰᠤ᠂ 1 ᠲᠠᠷᠢᠶᠠᠯᠠᠩ ᠮᠠᠯᠵᠢᠯ ᠤᠨ ᠲᠠᠯᠠᠪᠠᠶ ᠳᠤ ᠬᠤᠯᠪᠣᠭᠳᠠᠵᠤ᠂ ᠲᠠᠯᠠᠪᠠᠶ ᠨᠢ 3757.8 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 9.77 ᠲᠦᠮᠡᠨ ᠬᠥᠮᠦᠨ ᠠᠮᠠ ᠲᠠᠢ ᠬᠤᠯᠪᠣᠭᠳᠠᠵᠤ᠂ ᠨᠡᠶᠢᠲᠡ 4433 ᠲᠠᠷᠢᠶᠠᠯᠠᠩ ᠤᠨ ᠤᠰᠤᠯᠠᠯᠲᠠ ᠶᠢᠨ ᠮᠠᠰᠢᠨ ᠬᠤᠳᠳᠤᠭ  ᠪᠣᠢ᠃ ᠤᠷᠠᠳ ᠤᠨ ᠡᠮᠦᠨᠡᠲᠦ ᠬᠤᠰᠢᠭᠤᠨ ᠤ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠨᠢ ᠭᠤᠤᠯᠳᠠᠭᠤ ᠶᠡᠭᠡ ᠰᠢᠭᠡᠲᠡᠶ ᠪᠠᠯᠭᠠᠰᠤ᠂ ᠡᠷᠳᠡᠨᠢᠪᠤᠯᠠᠭ ᠰᠤᠮᠤ᠂ ᠰᠤᠳᠠᠯ ᠤᠨ ᠬᠤᠳᠳᠤᠭ ᠪᠠᠯᠭᠠᠰᠤ᠂ ᠮᠢᠩᠭᠠᠨ ᠪᠠᠯᠭᠠᠰᠤᠨ ᠤ ᠪᠠᠷᠠᠭᠤᠨ ᠬᠡᠰᠡᠭ ᠲᠤ ᠲᠥᠪᠯᠡᠷᠡᠵᠦ᠂ ᠲᠠᠯᠠᠪᠠᠶ ᠨᠢ 1086 .93 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠣᠯᠠᠨ ᠵᠢᠯ ᠤᠨ ᠨᠡᠭᠡᠭᠡᠨ ᠮᠠᠯᠲᠠᠭᠰᠠᠨ ᠳᠤᠮᠳᠠᠴᠢ ᠬᠡᠮᠵᠢᠶ᠎ᠡ ᠨᠢ 16110.23 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠨᠡᠭᠡᠭᠡᠨ ᠮᠠᠯᠲᠠᠵᠤ ᠪᠣᠯᠬᠤ ᠬᠡᠮᠵᠢᠶ᠎ᠡ ᠨᠢ 7565.03 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠣᠯᠠᠨ ᠵᠢᠯ ᠤᠨ ᠳᠤᠮᠳᠠᠴᠢ ᠬᠡᠲᠦᠷᠡᠲᠡᠯ᠎ᠡ ᠮᠠᠯᠲᠠᠭᠰᠠᠨ ᠤᠰᠤᠨ ᠤ ᠬᠡᠮᠵᠢᠶ᠎ᠡ ᠨᠢ 8545.2 ᠲᠦᠮᠡᠨ ᠲᠡᠭᠰᠢ ᠳᠥᠷᠪᠡᠯᠵᠢᠨ ᠮᠧᠲᠷ ᠪᠠᠶᠢᠨ᠎ᠠ᠃ 2021 ᠣᠨ ᠤ ᠡᠴᠦᠰ ᠪᠣᠯᠲᠠᠯ᠎ᠠ᠂ ᠬᠡᠲᠦᠷᠡᠭᠦᠯᠦᠨ ᠲᠠᠲᠠᠭᠰᠠᠨ ᠤᠰᠤᠨ ᠤ ᠬᠡᠮᠵᠢᠶ᠎ᠡ ᠶᠢ ᠨᠡᠶᠢᠲᠡ 6547.64 ᠲᠦᠮᠡᠨ ᠲᠡᠭᠰᠢ ᠳᠥᠷᠪᠡᠯᠵᠢᠨ ᠮᠧᠲᠷ ᠪᠠᠭᠠᠰᠬᠠᠵᠤ᠂ ᠮᠥᠨ ᠬᠦ 1997.56 ᠲᠦᠮᠡᠨ ᠲᠡᠭᠰᠢ ᠳᠥᠷᠪᠡᠯᠵᠢᠨ ᠮᠧᠲᠷ ᠬᠡᠲᠦᠷᠡᠭᠦᠯᠦᠨ ᠮᠠᠯᠲᠠᠵᠤ᠂ 2025 ᠣᠨ ᠳᠤ ᠮᠠᠯᠲᠠᠬᠤ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠷᠠᠯᠲᠠ ᠡᠭᠦᠷᠭᠡ ᠳᠤ ᠬᠦᠷᠦᠭᠦᠯᠬᠦ  ᠳᠤ ᠪᠠᠰᠠ  ᠨᠡᠯᠢᠶᠡᠳ ᠵᠥᠷᠢᠶ᠎ᠡ ᠲᠠᠢ ᠪᠠᠶᠢᠨ᠎ᠠ᠃      ᠬᠤᠶᠠᠷ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠵᠢᠴᠢ ︽ᠤᠰᠤ ᠪᠠᠷ ᠬᠤᠲᠠ ᠶᠢ ᠲᠣᠭᠲᠠᠭᠠᠬᠤ᠂ ᠤᠰᠤ ᠪᠠᠷ ᠭᠠᠵᠠᠷ ᠢ  ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ︾ ᠰᠢᠨ᠎ᠡ ᠴᠠᠭ ᠦᠶ᠎ᠡ ᠶᠢᠨ ᠤᠰᠤ ᠵᠠᠰᠠᠬᠤ ᠴᠢᠭᠯᠡᠯᠲᠡ ᠶᠢ ᠪᠠᠷᠢᠮᠲᠠᠯᠠᠵᠤ᠂ ᠭᠠᠵᠠᠷ ᠳᠤᠤᠷᠠᠬᠢ ᠤᠰᠤ ᠶᠢ ᠦᠷᠭᠦᠯᠵᠢᠯᠡᠨ ᠠᠰᠢᠭᠯᠠᠬᠤ ᠪᠠᠶᠢᠯᠳᠤᠬᠤ ᠪᠣᠳᠣᠯᠭ᠎ᠠ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠵᠤ᠂ ᠤᠰᠤ ᠠᠷᠪᠢᠯᠠᠬᠤ᠂ ᠡᠬᠢ ᠰᠤᠷᠪᠤᠯᠵᠢ ᠶᠢ ᠨᠥᠬᠦᠪᠥᠷᠢᠯᠡᠬᠦ ᠬᠢᠭᠡᠳ ᠭᠠᠵᠠᠷ ᠳᠤᠤᠷᠠᠬᠢ ᠤᠰᠤ ᠶᠢ ᠨᠡᠭᠡᠭᠡᠨ ᠠᠰᠢᠭᠯᠠᠬᠤ ᠶᠢ ᠬᠢᠵᠠᠭᠠᠷᠯᠠᠬᠤ ᠶᠢ ᠣᠷᠭᠠᠨᠢᠭ ᠢᠶᠠᠷ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠬᠤ ᠶᠢ ᠪᠠᠷᠢᠮᠲᠠᠯᠠᠵᠤ᠂ ᠭᠠᠵᠠᠷ ᠳᠤᠤᠷᠠᠬᠢ ᠤᠰᠤ ᠶᠢ ᠬᠡᠲᠦᠷᠡᠲᠡᠯ᠎ᠡ ᠲᠠᠲᠠᠬᠤ ᠶᠢ ᠬᠤᠷᠢᠭᠯᠠᠵᠤ᠂ ᠠᠪᠬᠤ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠠᠮᠢ ᠠᠬᠤᠶ ᠣᠷᠴᠢᠨ ᠲᠣᠭᠤᠷᠢᠨ ᠢ ᠦᠷᠭᠦᠯᠵᠢᠯᠡᠨ ᠰᠡᠷᠭᠦᠭᠡᠵᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠬᠦᠴᠦᠲᠡᠶ ᠲᠤᠯᠭᠠᠭᠤᠷᠢᠯᠠᠨ᠎ᠠ᠃      ᠭᠤᠷᠪᠠ᠂ ᠠᠵᠢᠯ ᠤᠨ ᠬᠠᠷᠠᠯᠲᠠ      ᠲᠥᠷᠥᠯ ᠵᠦᠢᠯ ᠤᠨ ᠣᠷᠣᠨ ᠤ ᠳᠣᠲᠣᠷ᠎ᠠ ᠲᠠᠷᠢᠶᠠᠯᠠᠩ ᠤᠨ ᠤᠰᠤᠯᠠᠯᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠤᠰᠤᠨ ᠤ ︽ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠨᠣᠷᠮ᠎ᠠ ᠲᠣᠭᠲᠠᠭᠠᠨ ᠬᠠᠮᠢᠶᠠᠷᠬᠤ︾ ᠶᠢ ᠬᠡᠷᠡᠭᠵᠢᠭᠦᠯᠦᠨ᠂ ᠬᠡᠲᠦᠷᠡᠲᠡᠯ᠎ᠡ ᠮᠠᠯᠲᠠᠭᠰᠠᠨ ᠣᠷᠣᠨ ᠤ 2025 ᠣᠨ ᠪᠣᠯᠬᠤ ᠳᠤ ᠤᠰᠤ ᠪᠠᠭᠠᠰᠬᠠᠬᠤ ᠬᠡᠮᠵᠢᠶ᠎ᠡ ᠶᠢ 1997.56 ᠲᠦᠮᠡᠨ ᠪᠣᠰᠤᠭ᠎ᠠ ᠳᠥᠷᠪᠡᠯᠵᠢᠨ ᠮᠧᠲᠷ ᠪᠣᠯᠭᠠᠬᠤ ᠶᠢ ᠦᠨᠡᠨᠬᠦ ᠪᠠᠲᠤᠯᠠᠵᠤ᠂ ᠮᠠᠯᠲᠠᠬᠤ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠬᠠᠷᠠᠯᠲᠠ ᠶᠢ ᠪᠡᠶᠡᠯᠡᠭᠦᠯᠦᠨ᠎ᠡ᠃      ᠳᠥᠷᠪᠡ᠂ ᠠᠵᠢᠯ ᠤᠨ ᠠᠷᠭ᠎ᠠ ᠬᠡᠮᠵᠢᠶ᠎ᠡ      ︵ᠨᠢᠭᠡ︶ ᠭᠠᠵᠠᠷ ᠰᠢᠷᠣᠶ ᠶᠢᠨ ᠰᠢᠨᠵᠢ ᠴᠢᠨᠠᠷ ᠤᠨ ᠨᠡᠶᠢᠳᠡᠮ ᠪᠠᠶᠢᠴᠠᠭᠠᠯᠲᠠ᠃      ᠶᠡᠭᠡ ᠰᠢᠭᠡᠲᠡᠢ ᠪᠠᠯᠭᠠᠰᠤ᠂ ᠡᠷᠳᠡᠨᠢᠪᠤᠯᠠᠭ ᠰᠤᠮᠤ᠂ ᠰᠤᠳᠠᠯ ᠤᠨ ᠬᠤᠳᠳᠤᠭ ᠪᠠᠯᠭᠠᠰᠤ᠂ ᠮᠢᠩᠭᠠᠨ ᠪᠠᠯᠭᠠᠰᠤ᠂ ᠪᠠᠭ᠎ᠠ ᠰᠢᠭᠡᠲᠡᠢ ᠪᠠᠯᠭᠠᠰᠤ᠂ ᠶᠡᠭᠡ ᠰᠢᠭᠡᠲᠡᠢ ᠮᠠᠯᠵᠢᠯ ᠤᠨ ᠲᠠᠯᠠᠪᠠᠢ ᠶᠢᠨ ᠬᠠᠷᠢᠶᠠᠲᠤ ᠣᠷᠣᠨ ᠤ ᠬᠡᠪᠴᠢᠶᠡᠨ ᠳᠠᠬᠢ ᠲᠠᠷᠢᠶᠠᠨ ᠭᠠᠵᠠᠷ ᠲᠤ ᠪᠦᠬᠦ ᠲᠠᠯ᠎ᠠ ᠶᠢᠨ ᠨᠡᠶᠢᠳᠡᠮ ᠪᠠᠶᠢᠴᠠᠭᠠᠯᠲᠠ ᠥᠷᠨᠢᠭᠦᠯᠵᠦ᠂ ᠬᠠᠷᠢᠶᠠᠲᠤ ᠣᠷᠣᠨ ᠤ ᠳᠣᠲᠣᠷᠠᠬᠢ ᠲᠠᠷᠢᠶᠠᠨ ᠭᠠᠵᠠᠷ ᠤᠨ ᠡᠷᠬᠡ ᠶᠢ ᠨᠤᠲᠠᠯᠠᠨ ᠲᠣᠭᠲᠠᠭᠠᠬᠤ᠂ ᠲᠠᠷᠢᠶᠠᠨ ᠭᠠᠵᠠᠷ ᠢ ᠳᠠᠩᠰᠠᠯᠠᠨ ᠲᠡᠮᠳᠡᠭᠯᠡᠬᠦ᠂ ᠠᠲᠠᠷ ᠬᠠᠭᠠᠯᠪᠤᠷᠢᠯᠠᠬᠤ᠂ ᠬᠠᠤᠯᠢ ᠪᠤᠰᠤ ᠪᠠᠷ ᠣᠢ ᠰᠢᠭᠤᠢ ᠨᠤᠲᠤᠭ ᠪᠡᠯᠴᠢᠭᠡᠷ ᠢ ᠡᠵᠡᠯᠡᠨ ᠬᠡᠷᠡᠭᠯᠡᠵᠦ ᠬᠠᠭᠠᠯᠪᠤᠷᠢᠯᠠᠭᠰᠠᠨ ᠭᠠᠵᠠᠷ ᠰᠢᠷᠣᠢ ᠵᠢᠴᠢ ᠮᠠᠰᠢᠨ ᠴᠠᠬᠢᠯᠭᠠᠨ ᠬᠤᠳᠳᠤᠭ ᠤᠨ ᠲᠤᠭ᠎ᠠ ᠬᠡᠮᠵᠢᠶ᠎ᠡ ᠶᠢ ᠭᠤᠣᠯᠳᠠᠯᠭ᠎ᠠ ᠲᠠᠢ ᠪᠠᠶᠢᠴᠠᠭᠠᠵᠤ᠂ ᠮᠠᠰᠢᠨ ᠴᠠᠬᠢᠯᠭᠠᠨ ᠬᠤᠳᠳᠤᠭ ᠢᠶᠠᠷ ᠨᠢᠭᠡᠴᠢ ᠪᠣᠯᠭᠠᠨ ᠵᠢᠭᠰᠠᠭᠠᠨ ᠪᠠᠶᠢᠴᠠᠭᠠᠬᠤ ᠡᠬᠡ ᠳᠠᠩᠰᠠ ᠪᠠᠶᠢᠭᠤᠯᠤᠨ᠎ᠠ᠃      ᠬᠠᠷᠢᠭᠤᠴᠠᠯᠭᠠᠲᠤ ᠨᠢᠭᠡᠴᠢ᠄ ᠡᠯ᠎ᠡ ᠬᠠᠮᠢᠶ᠎ᠠ ᠪᠥᠬᠦᠶ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ᠂ ᠤᠰᠤᠨ ᠠᠰᠢᠭᠯᠠᠯᠲᠠ ᠶᠢᠨ ᠲᠣᠪᠴᠢᠶ᠎ᠠ᠃    ︵ᠬᠤᠶᠠᠷ︶ ᠤᠰᠤ ᠬᠡᠷᠡᠭᠯᠡᠬᠦ ᠬᠡᠮᠵᠢᠯᠲᠡ ᠶᠢᠨ ᠪᠡᠯᠡᠳᠬᠡᠮᠵᠢ ᠶᠢ ᠢᠵᠢ ᠪᠥᠷᠢᠳᠦᠭᠦᠯᠦᠨ᠎ᠡ᠃ ᠶᠡᠭᠡ ᠰᠢᠭᠡᠲᠡᠢ ᠪᠠᠯᠭᠠᠰᠤ᠂ ᠡᠷᠳᠡᠨᠢᠪᠤᠯᠠᠭ ᠰᠤᠮᠤ᠂ ᠰᠤᠳᠠᠯ ᠤᠨ ᠬᠤᠳᠳᠤᠭ ᠪᠠᠯᠭᠠᠰᠤ᠂ ᠮᠢᠩᠭᠠᠨ ᠪᠠᠯᠭᠠᠰᠤ᠂ ᠶᠡᠭᠡ ᠰᠢᠭᠡᠲᠡᠢ ᠮᠠᠯᠵᠢᠯ ᠤᠨ ᠲᠠᠯᠠᠪᠠᠢ᠂ ᠪᠠᠭ᠎ᠠ ᠰᠢᠭᠡᠲᠡᠢ ᠪᠠᠯᠭᠠᠰᠤᠨ ᠳᠤ ᠰᠢᠨ᠎ᠡ ᠬᠡᠯᠪᠡᠷᠢ ᠶᠢᠨ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ IC ᠺᠠᠷᠲ ᠤᠨ ᠣᠶᠤᠨᠴᠢᠯᠠᠭᠰᠠᠨ ᠤᠰᠤ ᠡᠵᠡᠮᠳᠡᠬᠦ ᠲᠥᠬᠦᠭᠡᠷᠦᠮᠵᠢ ᠶᠢ ᠤᠭᠰᠠᠷᠠᠵᠤ᠂ ᠲᠠᠷᠢᠶᠠᠯᠠᠩ ᠤᠨ ᠤᠰᠤᠯᠠᠯᠲᠠ ᠶᠢᠨ ︽ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠨᠣᠷᠮ᠎ᠠ ᠲᠣᠭᠲᠠᠭᠠᠨ ᠬᠠᠮᠢᠶᠠᠷᠬᠤ︾ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠬᠤᠰᠢᠭᠤ᠂ ᠪᠠᠯᠭᠠᠰᠤ ᠂ ᠲᠣᠰᠬᠤᠨ ᠭᠤᠷᠪᠠᠨ ᠱᠠᠲᠤᠨ ᠤ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠬᠤᠰᠢᠭᠤ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠤᠰᠤ ᠬᠠᠮᠢᠶᠠᠷᠬᠤ ᠰᠢᠰᠲ᠋ᠧᠮᠵᠢ ᠶᠢ ᠪᠠᠶᠢᠭᠤᠯᠤᠨ᠂ ᠤᠭᠰᠠᠷᠠᠬᠤ ᠠᠵᠢᠯ ᠢ 2023 ᠣᠨ ᠤ 2  ᠰᠠᠷ᠎ᠠ ᠶᠢᠨ 15 ᠤ ᠡᠳᠦᠷ ᠠᠴᠠ ᠡᠮᠦᠨ᠎ᠡ ᠪᠡᠶᠡᠯᠡᠭᠦᠯᠵᠦ᠂ 3 ᠰᠠᠷ᠎ᠠ ᠶᠢᠨ 5 ᠤ ᠡᠳᠦᠷ ᠠᠴᠠ ᠡᠮᠦᠨ᠎ᠡ ᠲᠣᠬᠢᠷᠠᠭᠤᠯᠤᠨ ᠲᠤᠷᠰᠢᠬᠤ ᠶᠢ ᠪᠡᠶᠡᠯᠡᠭᠦᠯᠬᠦ ᠶᠢᠨ ᠬᠠᠮᠲᠤ ᠡᠬᠢᠯᠡᠨ ᠠᠵᠢᠯᠯᠠᠭᠤᠯᠤᠨ᠎ᠠ᠃      ᠬᠠᠷᠢᠭᠤᠴᠠᠯᠭᠠᠲᠤ ᠨᠢᠭᠡᠴᠢ᠄ ᠤᠰᠤᠨ ᠠᠰᠢᠭᠯᠠᠯᠲᠠ ᠶᠢᠨ ᠲᠣᠪᠴᠢᠶ᠎ᠠ᠂ ᠡᠯ᠎ᠡ ᠬᠠᠮᠢᠶ᠎ᠠ ᠪᠦᠬᠦᠢ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠢ᠃     ︵ᠭᠤᠷᠪᠠ︶ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢᠴᠢ ᠤᠰᠤ ᠬᠡᠷᠡᠭᠯᠡᠬᠦ ᠲᠥᠯᠥᠪᠯᠡᠭᠡ ᠶᠢ ᠵᠦᠶ ᠵᠣᠬᠢᠰᠲᠠᠶ ᠲᠣᠭᠲᠠᠭᠠᠬᠤ ᠬᠡᠷᠡᠭᠲᠡᠶ᠃ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠳᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ᠂ ᠨᠣᠷᠮ᠎ᠠ ᠲᠣᠭᠲᠠᠭᠠᠨ ᠬᠠᠮᠢᠶᠠᠷᠬᠤ᠂ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠪᠠᠶᠢᠯᠭᠠᠬᠤ᠂ ᠠᠯᠬᠤᠮ ᠬᠤᠪᠢᠶᠠᠨ ᠶᠠᠪᠤᠭᠳᠠᠭᠤᠯᠬᠤ᠂ ᠠᠯᠬᠤᠮ ᠠᠯᠬᠤᠮ ᠢᠶᠠᠷ ᠪᠠᠭᠠᠰᠬᠠᠬᠤ᠂ ᠮᠠᠯᠲᠠᠬᠤ ᠪᠠ ᠨᠥᠬᠦᠪᠥᠷᠢᠯᠡᠬᠦ ᠶᠢ ᠲᠡᠩᠴᠡᠭᠦᠷᠢ ᠲᠠᠢ ᠪᠠᠶᠢᠯᠭᠠᠬᠤ ᠵᠠᠷᠴᠢᠮ ᠢ  ᠵᠢᠷᠤᠮᠯᠠᠨ᠎ᠠ᠃      1. ᠬᠤᠪᠢᠶᠠᠷᠢᠯᠠᠯᠲᠠ ᠶᠢᠨ ᠦᠨᠳᠦᠰᠦᠯᠡᠯ      ︵1︶ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠢ ᠬᠠᠮᠢᠶᠠᠷᠤᠨ ᠡᠵᠡᠮᠳᠡᠬᠦ  ᠭᠦᠢᠴᠡᠳᠭᠡᠯ ᠲᠤᠭ᠎ᠠ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠤᠰᠤᠨ ᠤ ᠡᠬᠢ ᠪᠠᠶᠠᠯᠢᠭ ᠢ ᠲᠣᠬᠢᠷᠠᠭᠤᠯᠤᠨ ᠠᠰᠢᠭᠯᠠᠬᠤ ᠲᠥᠯᠥᠪᠵᠢᠭᠦᠯᠭᠡ︾ ᠶᠢᠨ ᠭᠠᠵᠠᠷ ᠳᠤᠤᠷᠠᠬᠢ ᠤᠰᠤ ᠶᠢ ᠨᠡᠭᠡᠭᠡᠨ ᠮᠠᠯᠲᠠᠵᠤ ᠪᠣᠯᠬᠤ ᠬᠡᠮᠵᠢᠶ᠎ᠡ ᠶᠢᠨ ᠱᠠᠭᠠᠷᠳᠠᠯᠭ᠎ᠠ ᠶᠣᠰᠣᠭᠠᠷ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠰᠢᠭᠤᠨ ᠤ ᠭᠠᠵᠠᠷ ᠳᠤᠤᠷᠠᠬᠢ ᠤᠰᠤᠨ ᠤ ᠡᠬᠢ ᠪᠠᠶᠠᠯᠢᠭ ᠢ ᠬᠠᠮᠢᠶᠠᠷᠤᠨ ᠡᠵᠡᠮᠳᠡᠬᠦ ᠭᠦᠢᠴᠡᠳᠭᠡᠯ ᠲᠤᠭ᠎ᠠ ᠶᠢ ᠨᠡᠶᠢᠲᠡ 2.26 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠭᠤᠯᠭᠠᠪᠠ᠂ ᠡᠭᠦᠨ ᠳᠤ  ᠮᠢᠩᠭᠠᠨ ᠪᠠᠯᠭᠠᠰᠤ᠂ ᠪᠠᠭ᠎ᠠ ᠰᠢᠭᠡᠲᠡᠢ ᠪᠠᠯᠭᠠᠰᠤ᠂ ᠶᠡᠭᠡ ᠰᠢᠭᠡᠲᠡᠢ ᠪᠠᠯᠭᠠᠰᠤ᠂  ᠰᠤᠳᠠᠯ ᠤᠨ ᠬᠤᠳᠳᠤᠭ ᠪᠠᠯᠭᠠᠰᠤ᠂ ᠡᠷᠳᠡᠨᠢᠪᠤᠯᠠᠭ ᠰᠤᠮᠤ ᠵᠢᠴᠢ ᠮᠤᠨᠠ ᠠᠭᠤᠯᠠ ᠪᠠᠯᠭᠠᠰᠤ᠂  ᠰᠢᠶᠠᠨ ᠹᠧᠩ ᠪᠠᠯᠭᠠᠰᠤ᠂ ᠪᠠᠶᠠᠨᠬᠤᠸᠠ ᠪᠠᠯᠭᠠᠰᠤ ᠵᠡᠷᠭᠡ ᠭᠠᠵᠠᠷ ᠣᠷᠣᠨ ᠪᠠᠭᠲᠠᠨ᠎ᠠ᠃     ︵2︶ ᠬᠡᠲᠦᠷᠡᠲᠡᠯ᠎ᠡ ᠮᠠᠯᠲᠠᠭᠰᠠᠨ ᠣᠷᠣᠨ ᠤ ᠬᠡᠷᠡᠭᠯᠡᠵᠦ ᠪᠣᠯᠬᠤ ᠤᠰᠤᠨ ᠤ ᠡᠬᠢ ᠪᠠᠶᠠᠯᠢᠭ ᠤᠨ ᠬᠡᠮᠵᠢᠶ᠎ᠡ᠄ 2015 ᠣᠨ ᠳᠤ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠰᠢᠭᠤᠨ ᠤ ᠬᠡᠲᠦᠷᠡᠲᠡᠯ᠎ᠡ ᠮᠠᠯᠲᠠᠭᠰᠠᠨ ᠣᠷᠣᠨ ᠢ ᠵᠠᠭᠠᠭᠯᠠᠨ ᠲᠣᠭᠲᠠᠭᠠᠬᠤ ᠦᠶᠡᠰ᠂ ᠬᠡᠲᠦᠷᠡᠲᠡᠯ᠎ᠡ ᠮᠠᠯᠲᠠᠭᠰᠠᠨ ᠣᠷᠣᠨ ᠤ ᠳᠣᠲᠣᠷᠠᠬᠢ ᠭᠠᠵᠠᠷ ᠳᠤᠤᠷᠠᠬᠢ ᠤᠰᠤ ᠶᠢ 7565 ᠲᠦᠮᠡᠨ ᠪᠣᠰᠤᠭ᠎ᠠ ᠳᠥᠷᠪᠡᠯᠵᠢᠨ ᠮᠧᠲᠷ ᠢᠶᠠᠷ ᠮᠠᠭᠠᠳᠯᠠᠨ ᠲᠣᠭᠲᠠᠭᠠᠪᠠ᠃     ︵3︶ ᠣᠯᠠᠨ ᠵᠢᠯ ᠤᠨ ᠳᠤᠮᠳᠠᠴᠢ ᠶᠡᠷᠦᠩᠬᠡᠶᠢᠯᠡᠭᠰᠡᠨ ᠡᠷᠳᠡᠨᠢ ᠰᠢᠰᠢ ᠶᠢᠨ ᠤᠰᠤᠯᠠᠯᠲᠠ ᠶᠢᠨ ᠬᠤᠭᠤᠴᠠᠭᠠᠨ ᠳᠠᠬᠢ ᠬᠡᠷᠡᠭᠰᠡᠬᠦ ᠤᠰᠤᠨ ᠤ ᠬᠡᠮᠵᠢᠶ᠎ᠡ᠄ ᠡᠷᠳᠡᠨᠢ ᠰᠢᠰᠢ ᠶᠢᠨ ᠪᠦᠬᠦ ᠦᠷᠡᠵᠢᠯ ᠤᠨ ᠬᠤᠭᠤᠴᠠᠭᠠᠨ ᠳᠠᠬᠢ ᠮᠦ ᠪᠦᠷᠢ ᠶᠢᠨ ᠳᠤᠮᠳᠠᠴᠢ ᠬᠡᠷᠡᠭᠰᠡᠬᠦ ᠤᠰᠤᠨ ᠤ ᠬᠡᠮᠵᠢᠶ᠎ᠡ 490 ᠮᠢᠯᠢᠮᠧᠲᠷ᠂ ᠳᠤᠮᠳᠠᠴᠢ ᠬᠤᠷ᠎ᠠ ᠲᠣᠨᠣᠳᠠᠰᠤ ᠶᠢᠨ ᠬᠡᠮᠵᠢᠶ᠎ᠡ 260 ᠮᠢᠯᠢᠮᠧᠲᠷ᠂ ᠬᠤᠷ᠎ᠠ ᠲᠣᠨᠣᠳᠠᠰᠤ ᠶᠢᠨ ᠪᠦᠲᠦᠮᠵᠢᠲᠡᠶ ᠨᠥᠬᠦᠪᠥᠷᠢ 156 ᠮᠢᠯᠢᠮᠧᠲᠷ ︵60 % ᠪᠠᠷ ᠪᠣᠳᠣᠨ᠎ᠠ︶᠂ ᠬᠤᠷ᠎ᠠ ᠲᠣᠨᠣᠳᠠᠰᠤ ᠶᠢᠨ ᠨᠥᠬᠦᠪᠥᠷᠢ ᠠᠴᠠ ᠭᠠᠳᠠᠨ᠎ᠠ᠂ ᠤᠰᠤᠯᠠᠯᠲᠠ ᠶᠢᠨ ᠤᠰᠤᠨ ᠤ ᠬᠡᠮᠵᠢᠶ᠎ᠡ 334 ᠮᠢᠯᠢᠮᠧᠲᠷ᠂ ᠲᠤᠬᠠᠶᠢᠯᠠᠪᠠᠯ 223 ᠲᠡᠭᠰᠢ ᠳᠥᠷᠪᠡᠯᠵᠢᠨ ᠪᠣᠯᠤᠨ᠎ᠠ᠂ ᠪᠣᠳᠠᠲᠠᠶ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ︵0.623︶ ᠪᠠᠷ ᠨᠤᠭᠤᠯᠤᠨ ᠪᠤᠳᠤᠪᠠᠯ᠂ ᠪᠣᠳᠠᠲᠠᠶ ᠬᠡᠷᠡᠭᠰᠡᠬᠦ ᠤᠰᠤᠨ ᠤ ᠬᠡᠮᠵᠢᠶ᠎ᠡ ᠨᠢ 358 ᠲᠡᠭᠰᠢ ᠳᠥᠷᠪᠡᠯᠵᠢᠨ ᠮᠧᠲᠷ ᠪᠣᠯᠤᠨ᠎ᠠ᠃      ︵4︶ ᠬᠡᠲᠦᠷᠡᠲᠡᠯ᠎ᠡ ᠮᠠᠯᠲᠠᠭᠰᠠᠨ ᠣᠷᠣᠨ ᠵᠢᠴᠢ ᠠᠭᠤᠯᠠᠨ ᠠᠷᠤ ᠶᠢᠨ ᠭᠠᠵᠠᠷ ᠣᠷᠣᠨ ᠤ ᠲᠠᠷᠢᠶᠠᠨ ᠭᠠᠵᠠᠷ ᠤᠨ ᠲᠠᠯᠠᠪᠠᠶ᠄ ᠵᠢᠭᠰᠠᠭᠠᠨ ᠪᠠᠶᠢᠴᠠᠭᠠᠬᠤ ᠪᠠᠷ ᠳᠠᠮᠵᠢᠭᠠᠳ᠂ ᠬᠡᠲᠦᠷᠡᠲᠡᠯ᠎ᠡ ᠮᠠᠯᠲᠠᠭᠰᠠᠨ ᠣᠷᠣᠨ ᠵᠢᠴᠢ ᠠᠭᠤᠯᠠᠨ ᠠᠷᠤ ᠶᠢᠨ ᠭᠠᠵᠠᠷ ᠣᠷᠣᠨ ᠤ ᠲᠠᠷᠢᠶᠠᠨ ᠭᠠᠵᠠᠷ ᠤᠨ ᠲᠠᠯᠠᠪᠠᠶ ᠨᠡᠶᠢᠲᠡ 126 . 79 ᠲᠦᠮᠡᠨ ᠮᠥ ᠬᠦᠷᠴᠡᠶ᠃      2 .  ᠪᠠᠭᠠᠰᠬᠠᠵᠤ ᠮᠠᠯᠲᠠᠬᠤ ᠬᠠᠷᠠᠯᠲᠠ      ᠡᠷᠳᠡᠨᠢ ᠰᠢᠰᠢ ᠶᠢᠨ ᠤᠰᠤᠯᠠᠯᠲᠠ ᠶᠢᠨ ᠬᠤᠭᠤᠴᠠᠭᠠᠨ ᠳᠠᠬᠢ ᠮᠦ ᠪᠦᠷᠢ ᠶᠢᠨ ᠳᠤᠮᠳᠠᠴᠢ ᠤᠰᠤ ᠬᠡᠷᠡᠭᠰᠡᠬᠦ ᠬᠡᠮᠵᠢᠶ᠎ᠡ 358 ᠲᠡᠭᠰᠢ ᠳᠥᠷᠪᠡᠯᠵᠢᠨ ᠮᠧᠲᠷ᠂ ᠲᠠᠷᠢᠶᠠᠨ ᠭᠠᠵᠠᠷ ᠤᠨ ᠲᠠᠯᠠᠪᠠᠶ 126.79 ᠲᠦᠮᠡᠨ ᠮᠦ ᠪᠠᠷ ᠪᠣᠳᠣᠪᠠᠯ᠂ ᠨᠡᠶᠢᠲᠡ ᠤᠰᠤ ᠬᠡᠷᠡᠭᠯᠡᠬᠦ ᠬᠡᠮᠵᠢᠶ᠎ᠡ 45390.82 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠲᠤᠰ ᠤᠳᠠᠭ᠎ᠠ ᠮᠦ ᠪᠦᠷᠢ ᠶᠢᠨ ᠳᠤᠮᠳᠠᠴᠢ ᠤᠰᠤ ᠲᠣᠬᠢᠷᠠᠭᠤᠯᠬᠤ ᠬᠡᠮᠵᠢᠶ᠎ᠡ 310 ᠲᠡᠭᠰᠢ ᠳᠥᠷᠪᠡᠯᠵᠢᠨ ᠮᠧᠲᠷ᠂ ᠨᠡᠶᠢᠲᠡ ᠤᠰᠤ ᠬᠡᠷᠡᠭᠰᠡᠬᠦ ᠬᠡᠮᠵᠢᠶ᠎ᠡ 39304.9 ᠲᠦᠮᠡᠨ ᠲᠡᠭᠰᠢ ᠳᠥᠷᠪᠡᠯᠵᠢᠨ ᠮᠧᠲᠷ᠂ ᠤᠰᠤ ᠪᠠᠭᠠᠰᠬᠠᠬᠤ ᠬᠡᠮᠵᠢᠶ᠎ᠡ 6085.92 ᠲᠦᠮᠡᠨ ᠲᠡᠭᠰᠢ ᠳᠥᠷᠪᠡᠯᠵᠢᠨ ᠮᠧᠲᠷ ᠪᠣᠯᠤᠨ᠎ᠠ᠃      3. ᠬᠤᠪᠢᠶᠠᠷᠢᠯᠠᠬᠤ ᠲᠥᠯᠥᠪᠯᠡᠭᠡ       ᠡᠯ᠎ᠡ ᠬᠠᠮᠢᠶ᠎ᠠ ᠪᠥᠬᠦᠶ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠶᠢᠨ ᠲᠠᠷᠢᠶᠠᠨ ᠭᠠᠵᠠᠷ ᠤᠨ ᠡᠵᠡᠩᠨᠡᠯᠲᠡ ᠶᠢᠨ ᠰᠢᠨᠵᠢ ᠴᠢᠨᠠᠷ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ ᠮᠥ ᠪᠦᠷᠢ ᠶᠢᠨ ᠬᠤᠪᠢᠶᠠᠷᠢᠯᠠᠬᠤ ᠤᠰᠤᠨ ᠤ ᠬᠡᠮᠵᠢᠶ᠎ᠡ ᠶᠢ 310 ᠲᠡᠭᠰᠢ ᠳᠥᠷᠪᠡᠯᠵᠢᠨ ᠮᠧᠲᠷ᠂ ᠶᠡᠷᠦᠩᠬᠡᠶ ᠪᠠᠭᠠᠰᠬᠠᠬᠤ ᠤᠰᠤᠨ ᠤ ᠬᠡᠮᠵᠢᠶ᠎ᠡ ᠶᠢ ᠬᠤᠪᠢᠷᠠᠭᠤᠯᠬᠤ ᠥᠬᠡᠶ ᠪᠠᠶᠢᠬᠤ ᠵᠠᠷᠴᠢᠮ ᠶᠣᠰᠣᠭᠠᠷ᠂ ᠲᠥᠷᠥᠯ ᠵᠦᠢᠯ ᠤᠨ ᠣᠷᠣᠨ ᠳᠤ ︽ᠶᠡᠷᠦᠩᠬᠡᠶ ᠬᠡᠮᠵᠢᠶ᠎ᠡ ᠶᠢ ᠡᠵᠡᠮᠳᠡᠬᠦ᠂ ᠨᠣᠷᠮ᠎ᠠ ᠲᠣᠭᠲᠠᠭᠠᠨ ᠬᠠᠮᠢᠶᠠᠷᠬᠤ︾ ᠶᠢ ᠬᠡᠷᠡᠭᠵᠢᠭᠦᠯᠵᠦ᠂ ᠵᠠᠷᠴᠢᠮ ᠳᠡᠭᠡᠷ᠎ᠡ ᠪᠠᠨ ᠳᠤᠤᠷᠠᠬᠢ ᠬᠤᠪᠢᠶᠠᠷᠢᠯᠠᠬᠤ ᠲᠥᠰᠦᠯ ᠶᠣᠰᠣᠭᠠᠷ ᠬᠡᠷᠡᠭᠵᠢᠭᠦᠯᠦᠨ᠎ᠡ᠄       ︵1︶ ᠭᠠᠵᠠᠷ ᠰᠢᠷᠣᠶ ᠶᠢᠨ ᠡᠷᠬᠡ ᠶᠢ ᠨᠤᠲᠠᠯᠠᠨ ᠲᠣᠭᠲᠠᠭᠠᠭᠰᠠᠨ ᠲᠠᠯᠠᠪᠠᠶ ᠪᠠᠷ ᠭᠤᠤᠯ ᠪᠣᠯᠭᠠᠨ ᠬᠤᠪᠢᠶᠠᠷᠢᠯᠠᠨ᠎ᠠ ︵ᠡᠷᠬᠡ ᠶᠢ ᠨᠤᠲᠠᠯᠠᠨ ᠲᠣᠭᠲᠠᠭᠠᠭᠰᠠᠨ ᠲᠠᠯᠠᠪᠠᠶ ᠶᠢ 330 ᠲᠡᠭᠰᠢ ᠳᠥᠷᠪᠡᠯᠵᠢᠨ/ ᠮᠥ ᠪᠠᠷ ᠬᠤᠪᠢᠶᠠᠷᠢᠯᠠᠨ᠎ᠠ᠂ ᠡᠷᠬᠡ ᠶᠢ ᠨᠤᠲᠠᠯᠠᠨ ᠲᠣᠭᠲᠠᠭᠠᠭᠰᠠᠨ ᠪᠤᠰᠤ ᠲᠠᠯᠠᠪᠠᠶ ᠶᠢ ᠦᠯᠡᠳᠡᠭᠰᠡᠨ ᠤᠰᠤᠨ ᠤ ᠬᠡᠮᠵᠢᠶ᠎ᠡ ᠪᠠᠷ ᠲᠡᠭᠰᠢᠳᠬᠡᠨ ᠬᠤᠪᠢᠶᠠᠷᠢᠯᠠᠨ᠎ᠠ︶᠃ ᠶᠡᠷᠦᠩᠬᠡᠶ ᠭᠠᠵᠠᠷ ᠰᠢᠷᠣᠶ ᠶᠢᠨ ᠲᠠᠯᠠᠪᠠᠶ ᠨᠢ 126.79 ᠲᠦᠮᠡᠨ ᠮᠥ᠂ ᠤᠰᠤ ᠲᠦᠭᠡᠭᠡᠬᠦ ᠲᠣᠭᠲᠠᠭᠰᠠᠨ ᠨᠣᠷᠮ᠎ᠠ ᠨᠢ 310 ᠲᠡᠭᠰᠢ ᠳᠥᠷᠪᠡᠯᠵᠢᠨ / ᠮᠥ ᠪᠠᠶᠢᠵᠤ᠂ ᠨᠡᠶᠢᠲᠡ 39304.9 ᠲᠦᠮᠡᠨ ᠲᠡᠭᠰᠢ ᠳᠥᠷᠪᠡᠯᠵᠢᠨ ᠮᠧᠲᠷ ᠤᠰᠤ ᠳᠣᠭᠢᠷᠠᠭᠤᠯᠵᠤ᠂ 6085.92 ᠲᠦᠮᠡᠨ ᠲᠡᠭᠰᠢ ᠳᠥᠷᠪᠡᠯᠵᠢᠨ ᠮᠧᠲᠷ ᠤᠰᠤ  ᠠᠷᠪᠢᠯᠠᠨ᠎ᠠ᠃      ︵2︶ ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢᠨ ᠲᠠᠯᠠᠪᠠᠶ ᠪᠠᠷ ᠭᠤᠤᠯ ᠪᠣᠯᠭᠠᠨ ᠬᠤᠪᠢᠶᠠᠷᠢᠯᠠᠨ᠎ᠠ ︵ᠬᠤᠶᠠᠳᠤᠭᠠᠷ ᠡᠭᠡᠯᠵᠢ ᠶᠢᠨ ᠳᠠᠭᠠᠭᠠᠴᠢᠯᠠᠯᠲᠠ ᠶᠢᠨ ᠭᠠᠵᠠᠷ ᠰᠢᠷᠣᠶ ᠶᠢᠨ ᠲᠠᠯᠠᠪᠠᠶ ᠶᠢ 360 ᠲᠡᠭᠰᠢ ᠳᠥᠷᠪᠡᠯᠵᠢᠨ/ ᠮᠥ ᠪᠠᠷ ᠬᠤᠪᠢᠶᠠᠷᠢᠯᠠᠨ᠎ᠠ᠂ ᠬᠤᠶᠠᠳᠤᠭᠠᠷ ᠡᠭᠡᠯᠵᠢ ᠶᠢᠨ ᠪᠤᠰᠤ ᠳᠠᠭᠠᠭᠠᠴᠢᠯᠠᠯᠲᠠ ᠶᠢᠨ ᠭᠠᠵᠠᠷ ᠰᠢᠷᠣᠶ ᠶᠢᠨ ᠲᠠᠯᠠᠪᠠᠶ ᠶᠢ ᠦᠯᠡᠳᠡᠭᠰᠡᠨ ᠤᠰᠤᠨ ᠤ ᠬᠡᠮᠵᠢᠶ᠎ᠡ ᠪᠠᠷ ᠲᠡᠭᠰᠢᠳᠬᠡᠨ ᠬᠤᠪᠢᠶᠠᠷᠢᠯᠠᠨ᠎ᠠ︶᠃ ᠶᠡᠷᠦᠩᠬᠡᠶ ᠭᠠᠵᠠᠷ ᠰᠢᠷᠣᠶ ᠶᠢᠨ ᠲᠠᠯᠠᠪᠠᠶ ᠨᠢ 126.79 ᠲᠦᠮᠡᠨ ᠮᠥ᠂ ᠤᠰᠤ ᠲᠦᠭᠡᠭᠡᠬᠦ ᠲᠣᠭᠲᠠᠭᠰᠠᠨ ᠨᠣᠷᠮ᠎ᠠ ᠨᠢ 310 ᠲᠡᠭᠰᠢ ᠳᠥᠷᠪᠡᠯᠵᠢᠨ ᠮᠥ ᠪᠠᠶᠢᠵᠤ᠂ ᠨᠡᠶᠢᠲᠡ 39304.9 ᠲᠦᠮᠡᠨ ᠲᠡᠭᠰᠢ ᠳᠥᠷᠪᠡᠯᠵᠢᠨ ᠮᠧᠲᠷ ᠤᠰᠤ ᠳᠣᠭᠢᠷᠠᠭᠤᠯᠵᠤ᠂ 6085.92 ᠲᠦᠮᠡᠨ ᠲᠡᠭᠰᠢ ᠳᠥᠷᠪᠡᠯᠵᠢᠨ ᠮᠧᠲᠷ ᠤᠰᠤ  ᠠᠷᠪᠢᠯᠠᠨ᠎ᠠ᠃     ︵3︶ ᠭᠠᠶᠢᠯᠢ ᠪᠤᠳᠤᠬᠤ ᠲᠠᠯᠠᠪᠠᠶ ᠪᠠᠷ ᠭᠤᠤᠯ ᠪᠣᠯᠭᠠᠨ ᠬᠤᠪᠢᠶᠠᠷᠢᠯᠠᠨ᠎ᠠ ︵ᠭᠠᠶᠢᠯᠢ ᠪᠤᠳᠤᠬᠤ ᠭᠠᠵᠠᠷ ᠰᠢᠷᠣᠶ ᠶᠢᠨ ᠲᠠᠯᠠᠪᠠᠶ ᠶᠢ 360 ᠲᠡᠭᠰᠢ ᠳᠥᠷᠪᠡᠯᠵᠢᠨ / ᠮᠥ ᠪᠠᠷ ᠬᠤᠪᠢᠶᠠᠷᠢᠯᠠᠨ᠎ᠠ᠂ ᠭᠠᠶᠢᠯᠢ ᠪᠤᠳᠤᠬᠤ ᠪᠤᠰᠤ ᠲᠠᠯᠠᠪᠠᠶ ᠶᠢ ᠦᠯᠡᠳᠡᠭᠰᠡᠨ ᠤᠰᠤᠨ ᠤ ᠬᠡᠮᠵᠢᠶ᠎ᠡ ᠪᠠᠷ ᠲᠡᠭᠰᠢᠳᠬᠡᠨ ᠬᠤᠪᠢᠶᠠᠷᠢᠯᠠᠨ᠎ᠠ︶᠃ ᠶᠡᠷᠦᠩᠬᠡᠶ ᠭᠠᠵᠠᠷ ᠰᠢᠷᠣᠶ ᠶᠢᠨ ᠲᠠᠯᠠᠪᠠᠶ ᠨᠢ 126.79 ᠲᠦᠮᠡᠨ ᠮᠥ᠂ ᠤᠰᠤ ᠲᠦᠭᠡᠭᠡᠬᠦ ᠲᠣᠭᠲᠠᠭᠰᠠᠨ ᠨᠣᠷᠮ᠎ᠠ ᠨᠢ 310 ᠲᠡᠭᠰᠢ ᠳᠥᠷᠪᠡᠯᠵᠢᠨ ᠮᠥ ᠪᠠᠶᠢᠵᠤ᠂ ᠨᠡᠶᠢᠲᠡ 39304.9 ᠲᠦᠮᠡᠨ ᠲᠡᠭᠰᠢ ᠳᠥᠷᠪᠡᠯᠵᠢᠨ ᠮᠧᠲᠷ ᠤᠰᠤ ᠳᠣᠭᠢᠷᠠᠭᠤᠯᠵᠤ᠂ 6085.92 ᠲᠦᠮᠡᠨ ᠲᠡᠭᠰᠢ ᠳᠥᠷᠪᠡᠯᠵᠢᠨ ᠮᠧᠲᠷ ᠤᠰᠤ  ᠠᠷᠪᠢᠯᠠᠨ᠎ᠠ᠃      ︵4︶ ᠲᠠᠷᠢᠶᠠᠨ ᠭᠠᠵᠠᠷ ᠤᠨ ᠶᠡᠷᠦᠩᠬᠡᠶ ᠲᠠᠯᠠᠪᠠᠶ ᠶᠢᠨ ᠶᠣᠰᠣᠭᠠᠷ ᠤᠰᠤᠨ ᠤ ᠬᠡᠮᠵᠢᠶ᠎ᠡ ᠶᠢ ᠲᠡᠭᠰᠢᠳᠬᠡᠨ ᠬᠤᠪᠢᠶᠠᠷᠢᠯᠠᠪᠠᠯ᠂ ᠭᠠᠵᠠᠷ ᠰᠢᠷᠣᠶ ᠶᠢᠨ ᠶᠡᠷᠦᠩᠬᠡᠶ ᠲᠠᠯᠠᠪᠠᠶ ᠨᠢ 126.79 ᠲᠦᠮᠡᠨ ᠮᠥ᠂ ᠤᠰᠤ ᠲᠦᠭᠡᠭᠡᠬᠦ ᠲᠣᠭᠲᠠᠭᠰᠠᠨ ᠨᠣᠷᠮ᠎ᠠ ᠨᠢ 310 ᠲᠡᠭᠰᠢ ᠳᠥᠷᠪᠡᠯᠵᠢᠨ / ᠮᠥ᠂ ᠨᠡᠶᠢᠲᠡ 39304.9 ᠲᠦᠮᠡᠨ ᠲᠡᠭᠰᠢ ᠳᠥᠷᠪᠡᠯᠵᠢᠨ ᠮᠧᠲᠷ ᠤᠰᠤ ᠳᠣᠭᠢᠷᠠᠭᠤᠯᠵᠤ᠂ 6085.92 ᠲᠦᠮᠡᠨ ᠲᠡᠭᠰᠢ ᠳᠥᠷᠪᠡᠯᠵᠢᠨ ᠮᠧᠲᠷ ᠤᠰᠤ ᠠᠷᠪᠢᠯᠠᠨ᠎ᠠ᠃       4 . ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠤᠪᠢᠶᠠᠷᠢᠯᠠᠯᠲᠠ ᠶᠢᠨ ᠲᠥᠰᠦᠯ      ︵1︶ ᠶᠡᠭᠡ ᠰᠢᠭᠡᠲᠡᠢ ᠪᠠᠯᠭᠠᠰᠤᠨ ᠤ ᠲᠠᠷᠢᠶᠠᠨ ᠭᠠᠵᠠᠷ ᠤᠨ ᠲᠠᠯᠠᠪᠠᠢ ᠨᠢ 46. 64 ᠲᠦᠮᠡᠨ ᠮᠦ᠂ ᠤᠰᠤ ᠲᠣᠬᠢᠷᠠᠭᠤᠯᠬᠤ ᠨᠣᠷᠮ᠎ᠠ ᠨᠢ 310 ᠲᠡᠭᠰᠢ ᠳᠥᠷᠪᠡᠯᠵᠢᠨ/ ᠮᠦ᠂ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠨᠢ 14458.4 ᠲᠦᠮᠡᠨ ᠪᠣᠰᠤᠭ᠎ᠠ ᠳᠥᠷᠪᠡᠯᠵᠢᠨ ᠮᠧᠲᠷ᠂ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠨᠢ ᠭᠠᠶᠢᠯᠢ ᠪᠣᠳᠣᠬᠤ ᠲᠠᠯᠠᠪᠠᠢ ᠪᠠᠷ ᠭᠤᠣᠯ ᠪᠣᠯᠭᠠᠵᠤ ︵ᠳᠠᠷᠤᠶ ᠬᠤᠪᠢᠶᠠᠷᠢᠯᠠᠬᠤ ᠲᠥᠰᠦᠯ 3︶᠂ ᠪᠤᠰᠤᠳ ᠬᠤᠪᠢᠶᠠᠷᠢᠯᠠᠬᠤ ᠲᠥᠰᠦᠯ ᠨᠢ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠳᠤ ᠬᠠᠪᠰᠤᠷᠤᠮᠵᠢ ᠪᠣᠯᠭᠠᠨ᠎ᠠ᠃      ︵2︶ ᠡᠷᠳᠡᠨᠢᠪᠤᠯᠠᠭ ᠰᠤᠮᠤ ᠶᠢᠨ ᠲᠠᠷᠢᠶᠠᠨ ᠭᠠᠵᠠᠷ ᠤᠨ ᠶᠡᠷᠦᠩᠬᠡᠶ ᠲᠠᠯᠠᠪᠠᠶ ᠨᠢ 19. 85 ᠲᠦᠮᠡᠨ ᠮᠥ᠂ ᠤᠰᠤ ᠲᠣᠬᠢᠷᠠᠭᠤᠯᠬᠤ ᠨᠣᠷᠮ᠎ᠠ ᠨᠢ 310 ᠲᠡᠭᠰᠢ ᠳᠥᠷᠪᠡᠯᠵᠢᠨ/ ᠮᠥ᠂ ᠬᠤᠪᠢᠶᠠᠷᠢᠯᠠᠬᠤ ᠤᠰᠤᠨ ᠤ ᠬᠡᠮᠵᠢᠶ᠎ᠡ ᠨᠢ 6153. 5 ᠲᠦᠮᠡᠨ ᠪᠣᠰᠤᠭ᠎ᠠ ᠳᠥᠷᠪᠡᠯᠵᠢᠨ ᠮᠧᠲᠷ᠂ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠨᠢ ᠬᠤᠶᠠᠳᠤᠭᠠᠷ ᠡᠭᠡᠯᠵᠢ ᠶᠢᠨ ᠲᠠᠯᠠᠪᠠᠶ ᠪᠠᠷ ᠭᠤᠤᠯ ︵ᠳᠠᠷᠤᠶ ᠬᠤᠪᠢᠶᠠᠷᠢᠯᠠᠬᠤ ᠲᠥᠰᠦᠯ 2︶ ᠪᠣᠯᠭᠠᠵᠤ᠂ ᠪᠤᠰᠤᠳ ᠬᠤᠪᠢᠶᠠᠷᠢᠯᠠᠬᠤ ᠲᠥᠰᠦᠯ ᠢᠶᠠᠷ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠳᠤ ᠬᠠᠪᠰᠤᠷᠤᠮᠵᠢ ᠪᠣᠯᠭᠠᠨ᠎ᠠ᠃       ︵3︶ ᠰᠤᠳᠠᠯ ᠤᠨ ᠬᠤᠳᠳᠤᠭ ᠪᠠᠯᠭᠠᠰᠤ ᠶᠢᠨ ᠲᠠᠷᠢᠶᠠᠨ ᠭᠠᠵᠠᠷ ᠤᠨ ᠶᠡᠷᠦᠩᠬᠡᠶ ᠲᠠᠯᠠᠪᠠᠶ ᠨᠢ 18. 29 ᠲᠦᠮᠡᠨ ᠮᠥ᠂ ᠤᠰᠤ ᠲᠣᠬᠢᠷᠠᠭᠤᠯᠬᠤ ᠲᠣᠭᠲᠠᠭᠰᠠᠨ ᠨᠣᠷᠮ᠎ᠠ ᠨᠢ 310 ᠲᠡᠭᠰᠢ ᠳᠥᠷᠪᠡᠯᠵᠢᠨ / ᠮᠥ᠂ ᠬᠤᠪᠢᠶᠠᠷᠢᠯᠠᠬᠤ ᠤᠰᠤᠨ ᠤ ᠶᠡᠷᠦᠩᠬᠡᠶ ᠬᠡᠮᠵᠢᠶ᠎ᠡ ᠨᠢ 5669. 9 ᠲᠦᠮᠡᠨ ᠪᠣᠰᠤᠭ᠎ᠠ ᠳᠥᠷᠪᠡᠯᠵᠢᠨ ᠮᠧᠲᠷ᠂ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠳᠤ ᠡᠷᠬᠡ ᠶᠢ ᠨᠤᠲᠠᠯᠠᠨ ᠲᠣᠭᠲᠠᠭᠠᠬᠤ ᠲᠠᠯᠠᠪᠠᠶ ᠪᠠᠷ ᠭᠤᠤᠯ ᠪᠣᠯᠭᠠᠵᠤ ︵ᠳᠠᠷᠤᠶ ᠬᠤᠪᠢᠶᠠᠷᠢᠯᠠᠬᠤ ᠲᠥᠰᠦᠯ 1︶᠂ ᠪᠤᠰᠤᠳ ᠬᠤᠪᠢᠶᠠᠷᠢᠯᠠᠬᠤ ᠲᠥᠰᠦᠯ ᠢᠶᠠᠷ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠳᠤ ᠬᠠᠪᠰᠤᠷᠤᠮᠵᠢ ᠪᠣᠯᠭᠠᠨ᠎ᠠ᠃    ︵4︶ ᠮᠢᠩᠭᠠᠨ ᠪᠠᠯᠭᠠᠰᠤᠨ ᠤ ᠲᠠᠷᠢᠶᠠᠨ ᠭᠠᠵᠠᠷ ᠤᠨ ᠶᠡᠷᠦᠩᠬᠡᠶ ᠲᠠᠯᠠᠪᠠᠶ ᠨᠢ 30. 58 ᠲᠦᠮᠡᠨ ᠮᠥ᠂ ᠤᠰᠤ ᠲᠣᠬᠢᠷᠠᠭᠤᠯᠬᠤ ᠲᠣᠭᠲᠠᠭᠰᠠᠨ ᠨᠣᠷᠮ᠎ᠠ ᠨᠢ 310 ᠲᠡᠭᠰᠢ ᠳᠥᠷᠪᠡᠯᠵᠢᠨ / ᠮᠥ᠂ ᠬᠤᠪᠢᠶᠠᠷᠢᠯᠠᠬᠤ ᠤᠰᠤᠨ ᠤ ᠬᠡᠮᠵᠢᠶ᠎ᠡ ᠨᠢ 9479. 8 ᠲᠦᠮᠡᠨ ᠪᠣᠰᠤᠭ᠎ᠠ ᠳᠥᠷᠪᠡᠯᠵᠢᠨ ᠮᠧᠲᠷ᠂ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠳᠤ ᠡᠷᠬᠡ ᠶᠢ ᠨᠤᠲᠠᠯᠠᠬᠤ ᠲᠠᠯᠠᠪᠠᠶ ᠪᠠᠷ ᠭᠤᠤᠯ ᠪᠣᠯᠭᠠᠵᠤ ︵ᠳᠠᠷᠤᠶ ᠬᠤᠪᠢᠶᠠᠷᠢᠯᠠᠬᠤ ᠲᠥᠰᠦᠯ 1︶᠂ ᠪᠤᠰᠤᠳ ᠬᠤᠪᠢᠶᠠᠷᠢᠯᠠᠬᠤ ᠲᠥᠰᠦᠯ ᠢᠶᠠᠷ ᠤᠰᠤᠨ ᠤ ᠬᠡᠮᠵᠢᠶ᠎ᠡ ᠶᠢ  ᠬᠤᠪᠢᠶᠠᠷᠢᠯᠠᠬᠤ ᠳᠤ ᠬᠠᠪᠰᠤᠷᠤᠮᠵᠢ ᠪᠣᠯᠭᠠᠨ᠎ᠠ᠃ ᠃     ︵5︶ ᠪᠠᠭ᠎ᠠ ᠰᠢᠭᠡᠲᠡᠢ ᠪᠠᠯᠭᠠᠰᠤ ᠶᠢᠨ ᠲᠠᠷᠢᠶᠠᠨ ᠭᠠᠵᠠᠷ ᠤᠨ ᠶᠡᠷᠦᠩᠬᠡᠢ ᠲᠠᠯᠠᠪᠠᠢ ᠨᠢ 9. 39 ᠲᠦᠮᠡᠨ ᠮᠦ᠂ ᠤᠰᠤ ᠲᠣᠬᠢᠷᠠᠭᠤᠯᠬᠤ ᠨᠣᠷᠮ᠎ᠠ ᠨᠢ 310 ᠲᠡᠭᠰᠢ ᠳᠥᠷᠪᠡᠯᠵᠢᠨ / ᠮᠦ᠂ ᠬᠤᠪᠢᠶᠠᠷᠢᠯᠠᠬᠤ ᠤᠰᠤᠨ ᠤ ᠬᠡᠮᠵᠢᠶ᠎ᠡ ᠨᠢ 2910. 9 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠲᠥᠰᠦᠯ ᠨᠢ ᠡᠷᠬᠡ ᠶᠢ ᠨᠤᠲᠠᠯᠠᠨ ᠲᠣᠭᠲᠠᠭᠠᠬᠤ ᠲᠠᠯᠠᠪᠠᠢ ᠪᠠᠷ ᠭᠤᠣᠯ ︵ᠳᠠᠷᠤᠢ ᠬᠤᠪᠢᠶᠠᠷᠢᠯᠠᠬᠤ ᠲᠥᠰᠦᠯ 1︶ ᠪᠣᠯᠭᠠᠵᠤ᠂ ᠪᠤᠰᠤᠳ ᠬᠤᠪᠢᠶᠠᠷᠢᠯᠠᠬᠤ ᠲᠥᠰᠦᠯ ᠢᠶᠠᠷ ᠤᠰᠤᠨ ᠤ ᠬᠡᠮᠵᠢᠶ᠎ᠡ ᠶᠢ  ᠬᠤᠪᠢᠶᠠᠷᠢᠯᠠᠬᠤ ᠳᠤ ᠬᠠᠪᠰᠤᠷᠤᠮᠵᠢ ᠪᠣᠯᠭᠠᠨ᠎ᠠ᠃     ︵6︶ ᠶᠡᠭᠡ ᠰᠢᠭᠡᠲᠡᠢ ᠮᠠᠯᠵᠢᠯ ᠤᠨ ᠲᠠᠯᠠᠪᠠᠢ ᠶᠢᠨ ᠲᠠᠷᠢᠶᠠᠨ ᠭᠠᠵᠠᠷ ᠤᠨ ᠶᠡᠷᠦᠩᠬᠡᠢ ᠲᠠᠯᠠᠪᠠᠢ ᠨᠢ 2.04 ᠲᠦᠮᠡᠨ ᠮᠦ᠂ ᠤᠰᠤ ᠲᠣᠬᠢᠷᠠᠭᠤᠯᠬᠤ ᠨᠣᠷᠮ᠎ᠠ ᠨᠢ 310 ᠲᠡᠭᠰᠢ ᠳᠥᠷᠪᠡᠯᠵᠢᠨ / ᠮᠦ᠂ ᠬᠤᠪᠢᠶᠠᠷᠢᠯᠠᠬᠤ ᠤᠰᠤᠨ ᠤ ᠬᠡᠮᠵᠢᠶ᠎ᠡ ᠨᠢ 632. 4 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠶᠡᠷᠦᠩᠬᠡᠢ ᠭᠠᠵᠠᠷ ᠰᠢᠷᠣᠢ ᠶᠢᠨ ᠲᠠᠯᠠᠪᠠᠢ ᠪᠠᠷ ᠲᠡᠭᠰᠢᠳᠬᠡᠨ ᠬᠤᠪᠢᠶᠠᠷᠢᠯᠠᠨ᠎ᠠ ︵ᠳᠠᠷᠤᠢ ᠬᠤᠪᠢᠶᠠᠷᠢᠯᠠᠬᠤ ᠲᠥᠰᠦᠯ 4︶᠃       ᠲᠤᠰ ᠤᠳᠠᠭᠠᠨ ᠤ ᠤᠰᠤᠨ ᠤ ᠬᠡᠮᠵᠢᠶ᠎ᠡ ᠶᠢᠨ ᠬᠤᠪᠢᠶᠠᠷᠢᠯᠠᠯᠲᠠ ᠳᠤ ᠭᠤᠣᠯᠳᠠᠭᠤ ᠲᠠᠷᠢᠶᠠᠯᠠᠬᠤ ᠡᠷᠦᠬᠡ ᠶᠢᠨ ᠪᠦᠬᠦ ᠤᠰᠤᠯᠠᠯᠲᠠ ᠶᠢᠨ ᠬᠤᠭᠤᠴᠠᠭᠠᠨ ᠳᠠᠬᠢ ᠤᠰᠤᠨ ᠤ ᠡᠬᠢ ᠪᠠᠶᠠᠯᠢᠭ ᠤᠨ ᠪᠦᠷᠢᠯᠭᠡᠵᠦ ᠪᠠᠶᠢᠭ᠎ᠠ ᠬᠡᠰᠡᠭ ᠢ ᠬᠠᠮᠢᠶᠠᠷᠤᠨ ᠡᠵᠡᠮᠳᠡᠵᠦ᠂ ᠴᠥᠭᠦᠷᠥᠮ ᠤᠨ ᠤᠰᠤᠯᠠᠯᠲᠠ ᠶᠢᠨ ᠣᠷᠣᠨ ᠤ ᠲᠠᠷᠢᠶᠠᠨ ᠭᠠᠵᠠᠷ ᠢ 180 ᠲᠡᠭᠰᠢ ᠳᠥᠷᠪᠡᠯᠵᠢᠨ / ᠮᠦ ᠪᠠᠷ ᠬᠤᠪᠢᠶᠠᠷᠢᠯᠠᠨ᠂ ᠣᠶ ᠰᠢᠭᠤᠶ ᠳᠤ ᠬᠡᠷᠡᠭᠯᠡᠬᠦ ᠭᠠᠵᠠᠷ ᠢ 180 ᠲᠡᠭᠰᠢ ᠳᠥᠷᠪᠡᠯᠵᠢᠨ ᠮᠦ ᠪᠠᠷ ᠬᠤᠪᠢᠶᠠᠷᠢᠯᠠᠨ᠎ᠠ᠃ ᠡᠯ᠎ᠡ ᠬᠠᠮᠢᠶ᠎ᠠ ᠪᠥᠬᠦᠶ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠡᠷᠬᠡᠪᠰᠢ ᠬᠤᠪᠢᠶᠠᠷᠢᠯᠠᠯᠲᠠ ᠶᠢᠨ ᠶᠡᠷᠦᠩᠬᠡᠶ ᠤᠰᠤᠨ ᠤ ᠬᠡᠮᠵᠢᠶ᠎ᠡ ᠶᠢ ᠵᠢᠯ ᠪᠦᠷᠢ ᠶᠢᠨ 2 ᠰᠠᠷ᠎ᠠ ᠶᠢᠨ 10 ᠤ ᠡᠳᠦᠷ ᠠᠴᠠ ᠡᠮᠦᠨ᠎ᠡ ᠲᠠᠷᠢᠶᠠᠴᠢᠨ ᠡᠷᠦᠬᠡ ᠳᠤ ᠬᠤᠪᠢᠶᠠᠷᠢᠯᠠᠨ ᠥᠭᠴᠦ᠂ ᠲᠠᠷᠢᠶᠠᠴᠢᠨ ᠡᠷᠦᠬᠡ ᠳᠤ ᠥᠪᠡᠷ ᠤᠨ ᠪᠥᠬᠦ ᠵᠢᠯ ᠤᠨ ᠬᠤᠪᠢᠶᠠᠷᠢᠯᠠᠯᠲᠠ ᠶᠢᠨ ᠤᠰᠤᠨ ᠤ ᠬᠡᠮᠵᠢᠶ᠎ᠡ ᠶᠢ ᠤᠷᠢᠳᠴᠢᠯᠠᠨ ᠣᠶᠢᠯᠠᠭᠠᠭᠤᠯᠵᠤ᠂ ᠲᠠᠷᠢᠮᠠᠯ ᠤᠨ ᠪᠦᠲᠦᠴᠡ ᠶᠢ ᠵᠦᠶ ᠵᠣᠬᠢᠰᠲᠠᠶ ᠳᠣᠭᠢᠷᠠᠭᠤᠯᠤᠨ᠂ ᠲᠠᠷᠢᠶᠠᠴᠢᠨ ᠡᠷᠦᠬᠡ ᠶᠢᠨ ᠠᠵᠤ ᠠᠬᠤᠶ ᠶᠢᠨ ᠠᠰᠢᠭ ᠲᠤᠰᠠ ᠨᠢ ᠤᠰᠤ ᠶᠢ ᠡᠵᠡᠮᠳᠡᠭᠰᠡᠨ ᠠᠴᠠ ᠪᠣᠯᠵᠣ ᠬᠤᠬᠢᠷᠠᠯ ᠳᠤ ᠤᠴᠠᠷᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠡᠷᠪᠡ 2023 ᠣᠨ ᠤ ᠤᠰᠤᠨ ᠲᠦᠪᠰᠢᠨ ᠤ ᠪᠠᠭᠤᠷᠠᠯᠲᠠ ᠶᠢᠨ ᠬᠠᠨᠳᠤᠰᠢ ᠰᠠᠶᠢᠵᠢᠷᠠᠭᠠᠳᠤᠶ ᠪᠠᠶᠢᠪᠠᠯ᠂ 2024 ᠣᠨ ᠳᠤ ᠤᠰᠤᠨ ᠲᠦᠪᠰᠢᠨ ᠤ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠦᠷᠭᠦᠯᠵᠢᠯᠡᠨ ᠤᠰᠤ ᠲᠠᠲᠠᠷᠠᠭᠤᠯᠬᠤ ᠨᠣᠷᠮ᠎ᠠ ᠶᠢ ᠪᠠᠭᠠᠰᠬᠠᠨ᠎ᠠ᠃ ᠵᠢᠱᠢᠶᠡᠯᠡᠪᠡᠯ 2024 ᠣᠨ ᠳᠤ ᠤᠰᠤᠨ ᠲᠦᠪᠰᠢᠨ ᠳᠣᠷᠣᠭᠰᠢᠯᠠᠬᠤ ᠬᠠᠨᠳᠤᠰᠢ ᠮᠥᠨ ᠯᠡ ᠰᠠᠶᠢᠵᠢᠷᠠᠵᠤ ᠳᠡᠶᠢᠯᠦᠭᠡᠳᠦᠶ ᠪᠠᠶᠢᠪᠠᠯ᠂ ︽ᠲᠠᠷᠢᠶᠠᠯᠠᠬᠤ ᠪᠠᠨ ᠪᠤᠯᠢᠵᠤ ᠤᠰᠤᠯᠠᠬᠤ ᠪᠠᠨ ᠪᠠᠭᠠᠰᠬᠠᠬᠤ︾ ᠵᠡᠷᠭᠡ ᠠᠷᠭ᠎ᠠ ᠬᠡᠮᠵᠢᠶ᠎ᠡ ᠠᠪᠴᠤ ᠪᠠᠶᠢᠭᠠᠳ ᠤᠰᠤ ᠬᠡᠷᠡᠭᠯᠡᠬᠦ ᠬᠡᠮᠵᠢᠶ᠎ᠡ ᠶᠢ ᠪᠠᠭᠠᠰᠬᠠᠵᠤ᠂ 2025 ᠣᠨ ᠳᠤ ᠭᠠᠵᠠᠷ ᠳᠤᠤᠷᠠᠬᠢ ᠤᠰᠤ ᠶᠢ ᠲᠠᠲᠠᠬᠤ ᠪᠠ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠦᠨᠡᠨ ᠬᠦ ᠪᠠᠲᠤᠯᠠᠨ᠎ᠠ᠃ ᠲᠣᠭᠲᠠᠭᠠᠯ ᠠᠴᠠ ᠵᠥᠷᠢᠴᠡᠨ ᠣᠶᠢᠲᠤ ᠭᠠᠵᠠᠷ᠂ ᠡᠪᠡᠰᠦᠲᠦ ᠭᠠᠵᠠᠷ᠂ ᠭᠤᠤᠯ ᠤᠨ ᠵᠠᠮ ᠢ  ᠬᠠᠭᠠᠯᠪᠤᠷᠢᠯᠠᠬᠤ ᠵᠡᠷᠭᠡ ᠠᠷᠭ᠎ᠠ ᠬᠡᠯᠪᠡᠷᠢ ᠪᠠᠷ ᠣᠯᠤᠭᠰᠠᠨ ᠲᠠᠷᠢᠶᠠᠨ ᠭᠠᠵᠠᠷ ᠲᠤ ᠵᠠᠷᠴᠢᠮ ᠳᠡᠭᠡᠷ᠎ᠡ ᠪᠠᠨ ᠤᠰᠤ ᠲᠣᠬᠢᠷᠠᠭᠤᠯᠵᠤ ᠪᠣᠯᠬᠤ ᠥᠬᠡᠶ᠂ 2022 ᠣᠨ ᠠᠴᠠ ᠬᠤᠶᠢᠰᠢ ᠰᠢᠨ᠎ᠡ ᠪᠠᠷ ᠨᠡᠮᠡᠭᠳᠡᠭᠰᠡᠨ ᠲᠠᠷᠢᠶᠠᠨ ᠭᠠᠵᠠᠷ ᠲᠤ ᠴᠥᠮ ᠤᠰᠤ ᠲᠣᠬᠢᠷᠠᠭᠤᠯᠵᠤ ᠪᠣᠯᠬᠤ ᠥᠬᠡᠶ᠃       ᠬᠠᠷᠢᠭᠤᠴᠠᠯᠭᠠᠲᠤ ᠨᠢᠭᠡᠴᠢ᠄ ᠤᠰᠤᠨ ᠠᠰᠢᠭᠯᠠᠯᠲᠠ ᠶᠢᠨ ᠲᠣᠪᠴᠢᠶ᠎ᠠ᠂ ᠡᠯ᠎ᠡ ᠬᠠᠮᠢᠶ᠎ᠠ ᠪᠦᠬᠦᠢ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠢ᠃     ︵ᠳᠥᠷᠪᠡ︶ ᠤᠰᠤᠨ ᠤ ᠡᠷᠬᠡ ᠶᠢᠨ ᠠᠷᠠᠯᠵᠢᠶ᠎ᠠ ᠶᠢ ᠠᠬᠢᠭᠤᠯᠤᠨ᠎ᠠ᠃ ᠤᠰᠤ ᠬᠡᠷᠡᠭᠯᠡᠬᠦ ᠶᠢᠨ ᠬᠤᠶᠠᠳᠠᠬᠢ ᠤᠳᠠᠭ᠎ᠠ ᠬᠤᠪᠢᠶᠠᠷᠢᠯᠠᠬᠤ ᠳᠦᠷᠢᠮ ᠢ ᠪᠠᠶᠢᠭᠤᠯᠤᠨ᠂ ᠲᠠᠷᠢᠶᠠᠯᠠᠬᠤ ᠡᠷᠦᠬᠡ ᠶᠢᠨ ᠦᠯᠡᠳᠡᠪᠦᠷᠢ ᠤᠰᠤᠨ ᠤ ᠬᠡᠮᠵᠢᠶ᠎ᠡ ᠶᠢ ᠤᠰᠤᠨ ᠤ ᠡᠷᠬᠡ ᠶᠢᠨ ᠠᠷᠠᠯᠵᠢᠶᠠᠨ ᠤ ᠲᠠᠪᠴᠠᠩ ᠢᠶᠠᠷ ᠳᠠᠮᠵᠢᠭᠤᠯᠤᠨ ᠥᠪᠡᠷ ᠲᠡᠭᠡᠨ ᠠᠷᠠᠯᠵᠢᠶᠠᠯᠠᠵᠤ ᠪᠣᠯᠤᠨ᠎ᠠ᠃ ᠤᠰᠤᠨ ᠤ ᠡᠷᠬᠡ ᠶᠢ ᠲᠣᠰᠬᠤᠨ ᠤ ᠱᠠᠲᠤᠨ ᠤ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ ᠰᠠᠶ᠋ᠢ ᠠᠷᠠᠯᠵᠢᠶᠠᠯᠠᠵᠤ ᠪᠣᠯᠬᠤ ᠪᠥᠭᠡᠳ ᠠᠷᠠᠯᠵᠢᠶᠠᠯᠠᠵᠤ ᠣᠯᠤᠭᠰᠠᠨ ᠤᠰᠤᠨ ᠤ ᠡᠷᠬᠡ ᠶᠢ ᠵᠥᠪᠬᠡᠨ ᠲᠤᠰ ᠲᠣᠰᠬᠤᠨ ᠬᠤᠷᠰᠢᠶ᠎ᠠ ᠳᠤ ᠬᠡᠷᠡᠭᠯᠡᠨ᠎ᠡ᠃ ᠠᠷᠠᠯᠵᠢᠶᠠᠯᠠᠬᠤ ᠤᠰᠤᠨ ᠤ ᠦᠨ᠎ᠡ ᠶᠢ ᠲᠣᠰᠬᠤᠨ ᠤ ᠱᠠᠲᠤᠨ ᠤ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠠᠴᠠ ᠦᠪᠡᠷᠲᠡᠭᠡᠨ ᠲᠣᠭᠲᠠᠭᠠᠵᠤ᠂ ᠬᠡᠪ ᠤᠨ ᠤᠰᠤᠨ ᠤ ᠦᠨ᠎ᠡ ᠠᠴᠠ ᠥᠨᠳᠥᠷ ᠪᠠᠶᠢᠯᠭᠠᠬᠤ ᠬᠡᠷᠡᠭᠲᠡᠶ᠃ ᠲᠠᠷᠢᠶᠠᠴᠢᠨ ᠡᠷᠦᠬᠡ ᠶᠢᠨ ᠺᠠᠷᠲ ᠲᠠᠬᠢ ᠤᠰᠤᠨ ᠤ ᠬᠡᠮᠵᠢᠶ᠎ᠡ ᠳᠤ ᠵᠢᠯ ᠤᠨ ᠳᠣᠲᠣᠷ᠎ᠠ ᠲᠡᠭ ᠪᠣᠯᠭᠠᠬᠤ ᠲᠦᠷᠢᠮ ᠢ ᠬᠡᠷᠡᠭᠵᠢᠭᠦᠯᠵᠦ᠂ ᠳᠠᠷᠠᠭ᠎ᠠ ᠵᠢᠯ ᠳᠤ ᠰᠢᠯᠵᠢᠭᠦᠯᠦᠨ ᠬᠡᠷᠡᠭᠯᠡᠵᠦ ᠪᠣᠯᠬᠤ ᠥᠬᠡᠶ︔ ᠤᠰᠤᠨ ᠤ ᠡᠷᠬᠡ ᠶᠢ ᠠᠷᠠᠯᠵᠢᠶᠠᠯᠠᠬᠤ ᠪᠠᠷ ᠳᠠᠮᠵᠢᠭᠠᠳ ᠣᠯᠤᠭᠰᠠᠨ ᠤᠰᠤᠨ ᠤ ᠬᠡᠮᠵᠢᠶ᠎ᠡ ᠶᠢ ᠲᠤᠰ ᠵᠢᠯ ᠳᠡᠭᠡᠨ ᠯᠡ ᠬᠡᠷᠡᠭᠯᠡᠬᠦ ᠬᠡᠷᠡᠭᠲᠡᠶ᠂ ᠵᠢᠯ ᠠᠯᠤᠰᠯᠠᠨ ᠬᠡᠷᠡᠭᠯᠡᠵᠦ ᠪᠣᠯᠬᠤ ᠦᠭᠡᠶ᠃       ᠬᠠᠷᠢᠭᠤᠴᠠᠯᠭᠠᠲᠤ  ᠨᠢᠭᠡᠴᠢ᠄ ᠡᠯ᠎ᠡ ᠬᠠᠮᠢᠶ᠎ᠠ ᠪᠥᠬᠦᠶ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠤᠰᠤᠨ ᠠᠰᠢᠭᠯᠠᠯᠲᠠ ᠶᠢᠨ ᠲᠣᠪᠴᠢᠶ᠎ᠠ᠃       ︵ᠲᠠᠪᠤ︶ ᠲᠥᠬᠦᠭᠡᠷᠦᠮᠵᠢ ᠬᠡᠷᠡᠭᠯᠡᠬᠦ ᠵᠠᠭᠪᠤᠷ       ᠨᠢᠭᠡ ᠳᠤ᠂ ᠡᠯ᠎ᠡ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠢ ᠪᠣᠳᠠᠲᠤ ᠪᠠᠶᠢᠳᠠᠯ ᠢᠶᠠᠨ ᠦᠨᠳᠦᠰᠦᠯᠡᠨ᠂ IC ᠺᠠᠷᠲ᠂ ᠤᠲᠠᠰᠤ ᠥᠬᠡᠶ ᠠᠯᠤᠰ ᠡᠵᠡᠮᠰᠢᠭᠦᠷ᠂ ᠭᠠᠷ ᠤᠲᠠᠰᠤᠨ ᠤ App ᠭᠤᠷᠪᠠᠨ ᠵᠦᠢᠯ ᠤᠨ ᠡᠵᠡᠮᠳᠡᠬᠦ ᠲᠥᠬᠦᠭᠡᠷᠦᠮᠵᠢ ᠲᠠᠷᠬᠠᠭᠠᠵᠤ ᠪᠣᠯᠤᠨ᠎ᠠ︔ ᠬᠤᠶᠠᠷ ᠲᠤ᠂ ᠠᠵᠢᠯᠯᠠᠭᠤᠯᠵᠤ ᠬᠠᠮᠠᠭᠠᠯᠠᠬᠤ  ᠦᠢᠯᠡᠴᠢᠯᠡᠭᠡᠨ ᠤ ᠨᠢᠭᠡᠴᠢ ᠪᠠ ᠭᠠᠴᠠᠭᠠᠨ ᠤ ᠠᠷᠠᠳ ᠤᠨ ᠵᠥᠪᠯᠡᠯ ᠠᠴᠠ ᠪᠥᠲᠥᠭᠡᠨ ᠪᠠᠶᠢᠭᠤᠯᠵᠤ ᠬᠠᠮᠢᠶᠠᠷᠬᠤ  ᠦᠢᠯᠡᠴᠢᠯᠡᠬᠦ ᠬᠠᠮᠢᠶᠠᠷᠤᠯᠲᠠ ᠶᠢᠨ ᠲᠥᠪ ᠪᠠᠶᠢᠭᠤᠯᠵᠤ᠂ ᠲᠠᠷᠢᠶᠠᠴᠢᠨ ᠡᠷᠦᠬᠡ ᠶᠢᠨ ᠬᠡᠮᠵᠢᠯᠲᠡ ᠶᠢᠨ ᠲᠥᠬᠦᠭᠡᠷᠦᠮᠵᠢ ᠶᠢ ᠡᠪᠳᠡᠭᠰᠡᠨ᠂ ᠬᠡᠮᠵᠢᠯᠲᠡ ᠶᠢᠨ ᠲᠥᠬᠦᠭᠡᠷᠦᠮᠵᠢ ᠠᠴᠠ ᠠᠯᠭᠠᠰᠠᠨ ᠭᠠᠷᠴᠤ ᠤᠰᠤ ᠬᠤᠯᠠᠭᠠᠶᠢᠯᠠᠭᠰᠠᠨ ᠵᠡᠷᠭᠡ  ᠦᠢᠯᠡ ᠠᠵᠢᠯᠯᠠᠭ᠎ᠠ ᠶᠢ ᠲᠣᠭᠤᠷᠢᠨ ᠪᠠᠶᠢᠴᠠᠭᠠᠬᠤ ᠶᠢ ᠬᠠᠷᠢᠭᠤᠴᠠᠨ᠎ᠠ︔ ᠭᠤᠷᠪᠠ ᠳᠤ ᠲᠠᠷᠢᠶᠠᠯᠠᠬᠤ ᠡᠷᠦᠬᠡ ᠶᠢᠨ ᠤᠰᠤᠨ ᠤ ᠡᠷᠬᠡ ᠶᠢᠨ ᠬᠡᠮᠵᠢᠶ᠎ᠡ ᠶᠢ ᠰᠤᠮᠤ ᠪᠠᠯᠭᠠᠰᠤ ᠪᠣᠯᠤᠨ ᠲᠣᠰᠬᠤᠨ ᠤ ᠵᠥᠪᠯᠡᠯ ᠠᠴᠠ ᠲᠣᠭᠲᠠᠭᠠᠵᠤ᠂ ᠤᠰᠤᠨ ᠤ ᠡᠷᠬᠡ ᠶᠢᠨ ᠬᠠᠮᠢᠶᠠᠷᠤᠯᠲᠠ ᠶᠢᠨ ᠲᠠᠪᠴᠠᠩ ᠢᠶᠠᠷ ᠳᠠᠮᠵᠢᠭᠤᠯᠤᠨ ᠣᠷᠣᠭᠤᠯᠵᠤ ᠲᠣᠬᠢᠷᠠᠭᠤᠯᠤᠯᠲᠠ ᠬᠢᠨ᠎ᠡ᠃       ᠬᠠᠷᠢᠭᠤᠴᠠᠯᠭᠠᠲᠤ  ᠨᠢᠭᠡᠴᠢ᠄ ᠡᠯ᠎ᠡ ᠬᠠᠮᠢᠶ᠎ᠠ ᠪᠥᠬᠦᠶ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ᠂ ᠲᠡᠭᠡᠭᠡᠪᠦᠷᠢᠯᠡᠨ ᠬᠠᠮᠠᠭᠠᠯᠠᠬᠤ ᠺᠣᠮᠫᠠᠨᠢ᠂ ᠤᠰᠤᠨ ᠠᠰᠢᠭᠯᠠᠯᠲᠠ ᠶᠢᠨ ᠲᠣᠪᠴᠢᠶ᠎ᠠ᠃       ︵ᠵᠢᠷᠭᠤᠭ᠎ᠠ︶ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ        ᠨᠢᠭᠡ ᠳᠤ ᠲᠠᠷᠢᠶᠠᠴᠢᠳ ᠤᠨ ᠤᠰᠤ ᠬᠡᠷᠡᠭᠯᠡᠬᠦ ᠬᠤᠷᠰᠢᠶ᠎ᠠ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠵᠤ᠂ ᠨᠡᠶᠢᠭᠡᠮᠯᠢᠭ ᠤᠨ ᠲᠦᠷᠢᠮ ᠲᠣᠭᠲᠠᠭᠠᠯ᠂ ᠤᠰᠤᠯᠠᠯᠲᠠ ᠶᠢᠨ ᠬᠠᠮᠢᠶᠠᠷᠤᠯᠲᠠ᠂ ᠲᠥᠬᠦᠭᠡᠷᠦᠮᠵᠢ ᠶᠢᠨ ᠬᠠᠮᠢᠶᠠᠷᠤᠯᠲᠠ᠂ ᠡᠳ᠋ ᠤᠨ ᠶᠠᠪᠤᠳᠠᠯ ᠤᠨ ᠬᠠᠮᠢᠶᠠᠷᠤᠯᠲᠠ ᠵᠡᠷᠭᠡ ᠬᠠᠮᠢᠶ᠎ᠠ ᠪᠥᠬᠦᠶ ᠲᠦᠷᠢᠮ ᠢ ᠪᠠᠶᠢᠭᠤᠯᠵᠤ᠂ ᠣᠯᠠᠨ ᠲᠦᠮᠡᠨ ᠢ ᠠᠵᠢᠯᠯᠠᠭᠠᠨ ᠤ ᠬᠠᠮᠢᠶᠠᠷᠤᠯᠲᠠ ᠳᠤ ᠪᠥᠬᠦ ᠶᠠᠪᠤᠴᠠ ᠪᠠᠷ ᠣᠷᠣᠯᠴᠠᠭᠤᠯᠤᠨ᠎ᠠ᠃ ᠬᠤᠶᠠᠷ ᠲᠤ᠂ ᠡᠯ᠎ᠡ ᠬᠠᠮᠢᠶ᠎ᠠ ᠪᠥᠬᠦᠶ ᠰᠤᠮᠤ ᠪᠠᠯᠭᠠᠰᠤ ᠨᠢ ᠠᠵᠢᠯᠯᠠᠭᠤᠯᠵᠤ ᠬᠠᠮᠠᠭᠠᠯᠠᠬᠤ ᠲᠠᠯ᠎ᠠ ᠲᠠᠢ ᠠᠵᠢᠯᠯᠠᠭᠤᠯᠵᠤ ᠬᠠᠮᠠᠭᠠᠯᠠᠬᠤ ᠭᠡᠷ᠎ᠡ ᠲᠣᠭᠲᠠᠵᠤ᠂ ᠠᠵᠢᠯᠯᠠᠭᠤᠯᠵᠤ ᠬᠠᠮᠠᠭᠠᠯᠠᠬᠤ ᠺᠣᠮᠫᠠᠨᠢ ᠠᠴᠠ ᠪᠠᠷᠢᠯᠭ᠎ᠠ ᠶᠢᠨ ᠲᠣᠨᠤᠭ ᠲᠥᠬᠦᠭᠡᠷᠦᠮᠵᠢ ᠶᠢ ᠬᠠᠮᠠᠭᠠᠯᠠᠬᠤ᠂ ᠮᠡᠷᠭᠡᠵᠢᠯ ᠢ ᠪᠠᠶᠢᠴᠠᠭᠠᠨ ᠵᠠᠰᠠᠬᠤ᠂ ᠮᠡᠷᠭᠡᠵᠢᠯ ᠤᠨ ᠪᠣᠯᠪᠠᠰᠤᠷᠠᠭᠤᠯᠤᠯ ᠬᠢᠬᠦ᠂ ᠬᠤᠳᠠᠯᠳᠤᠭᠰᠠᠨ ᠤ ᠳᠠᠷᠠᠭᠠᠬᠢ  ᠦᠢᠯᠡᠴᠢᠯᠡᠭᠡ ᠵᠡᠷᠭᠡ ᠠᠵᠢᠯ ᠢ ᠰᠠᠶᠢᠲᠤᠷ ᠬᠢᠨ᠎ᠠ᠃ ᠭᠤᠷᠪᠠ ᠳᠤ᠂ ᠠᠵᠢᠯᠯᠠᠭᠠᠨ ᠤ  ᠦᠢᠯᠡᠴᠢᠯᠡᠭᠡᠨ ᠤ ᠪᠠᠯᠠ ᠮᠥᠩᠭᠦ ᠶᠢᠨ ᠪᠠᠲᠤᠯᠠᠭ᠎ᠠ ᠶᠢ ᠪᠠᠶᠢᠭᠤᠯᠵᠤ᠂ ᠤᠰᠤ ᠪᠦᠷᠢ ᠠᠴᠠ 0.01 ᠲᠥᠭᠦᠷᠢᠭ ᠲᠠᠲᠠᠪᠤᠷᠢᠯᠠᠨ᠎ᠠ ︵ᠭᠤᠷᠪᠠᠳᠠᠬᠢ ᠡᠲᠡᠭᠡᠳ ᠤᠨ ᠲᠡᠭᠡᠭᠡᠪᠦᠷᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠵᠠᠷᠤᠳᠠᠯ ᠢ 60% ᠪᠠᠷ ᠪᠤᠳᠤᠵᠤ᠂ ᠲᠣᠰᠬᠤᠨ ᠤ ᠬᠠᠮᠲᠤ ᠶᠢᠨ ᠲᠡᠭᠡᠭᠡᠪᠦᠷᠢ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠵᠠᠷᠤᠳᠠᠯ ᠢ 40% ᠪᠠᠷ ᠪᠤᠳᠤᠵᠤ ᠠᠪᠤᠨ᠎ᠠ︶᠂ ᠲᠡᠭᠡᠭᠡᠪᠦᠷᠢ ᠶᠢᠨ ᠬᠠᠮᠠᠭᠠᠯᠠᠬᠤ ᠲᠠᠯ᠎ᠠ ᠶᠢᠨ ᠦᠢᠯᠡᠴᠢᠯᠡᠭᠡᠨ ᠤ ᠬᠠᠮᠢᠶᠠᠷᠤᠯᠲᠠ ᠪᠠ ᠲᠣᠰᠬᠤᠨ ᠤ ᠤᠰᠤ ᠬᠡᠷᠡᠭᠯᠡᠬᠦ ᠨᠡᠶᠢᠭᠡᠮᠯᠢᠭ ᠤᠨ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠵᠠᠷᠤᠳᠠᠯ ᠪᠣᠯᠭᠠᠵᠤ᠂ ᠬᠡᠮᠵᠢᠯᠲᠡ ᠶᠢᠨ ᠪᠡᠯᠡᠳᠬᠡᠮᠵᠢ ᠶᠢᠨ ᠬᠡᠪ ᠤᠨ ᠠᠵᠢᠯᠯᠠᠭᠠᠨ ᠢ ᠪᠠᠲᠤᠯᠠᠬᠤ ᠳᠤ ᠬᠡᠷᠡᠭᠯᠡᠨ᠎ᠡ᠂ ᠬᠠᠮᠢᠶ᠎ᠠ ᠪᠥᠬᠦᠶ ᠵᠠᠷᠤᠳᠠᠯ ᠢ ︽ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ ᠤᠨ ᠤᠰᠤᠯᠠᠯᠲᠠ ᠶᠢᠨ ᠮᠠᠰᠢᠨ ᠬᠤᠳᠳᠤᠭ ᠤᠰᠤ ᠴᠠᠬᠢᠯᠭᠠᠨ ᠤ ᠬᠤᠤᠰ ᠡᠵᠡᠮᠰᠢᠯᠲᠦ ᠲᠥᠷᠥᠯ ᠵᠦᠢᠯ ᠤᠨ ᠰᠡᠭᠦᠯᠴᠢ ᠶᠢᠨ ᠬᠤᠭᠤᠴᠠᠭᠠᠨ ᠤ ᠲᠡᠭᠡᠭᠡᠪᠦᠷᠢ ᠶᠢᠨ ᠬᠠᠮᠠᠭᠠᠯᠠᠬᠤ ᠵᠠᠷᠤᠳᠠᠯ ᠤᠨ ᠨᠠᠷᠢᠨ ᠬᠦᠰᠦᠨᠦᠭᠲᠦ︾ ᠪᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ᠃       ᠬᠠᠷᠢᠭᠤᠴᠠᠯᠭᠠᠲᠤ  ᠨᠢᠭᠡᠴᠢ᠄ ᠡᠯ᠎ᠡ ᠬᠠᠮᠢᠶ᠎ᠠ ᠪᠥᠬᠦᠶ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ᠂ ᠲᠡᠭᠡᠭᠡᠪᠦᠷᠢᠯᠡᠨ ᠬᠠᠮᠠᠭᠠᠯᠠᠬᠤ ᠺᠣᠮᠫᠠᠨᠢ᠂ ᠤᠰᠤᠨ ᠠᠰᠢᠭᠯᠠᠯᠲᠠ ᠶᠢᠨ ᠲᠣᠪᠴᠢᠶ᠎ᠠ᠃      ᠠᠵᠢᠯᠯᠠᠭᠤᠯᠵᠤ ᠬᠠᠮᠠᠭᠠᠯᠠᠬᠤ ᠲᠠᠯ᠎ᠠ ᠵᠢᠴᠢ ᠲᠣᠰᠬᠤᠨ ᠤ ᠱᠠᠲᠤᠨ ᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠪᠣᠳᠠᠲᠠᠶ ᠡᠭᠦᠷᠭᠡ ᠬᠠᠷᠢᠭᠤᠴᠠᠯᠭ᠎ᠠ᠄         1 . ᠠᠵᠢᠯᠯᠠᠭᠤᠯᠵᠤ ᠬᠠᠮᠠᠭᠠᠯᠠᠬᠤ ᠲᠠᠯ᠎ᠠ ᠶᠢᠨ ᠡᠭᠦᠷᠭᠡ ᠬᠠᠷᠢᠭᠤᠴᠠᠯᠭ᠎ᠠ        ︵1 ︶ ᠲᠣᠨᠤᠭ ᠲᠥᠬᠦᠭᠡᠷᠦᠮᠵᠢ ᠶᠢᠨ ᠰᠡᠯᠪᠢᠨ ᠵᠠᠰᠠᠯᠲᠠ ᠠᠷᠠᠴᠢᠯᠠᠯᠲᠠ ᠶᠢ ᠬᠠᠷᠢᠭᠤᠴᠠᠵᠤ᠂ ᠠᠯᠢᠪᠠ ᠠᠶᠠᠨᠳᠠᠭᠠᠨ ᠡᠪᠳᠡᠭᠳᠡᠭᠰᠡᠨ ᠲᠣᠨᠤᠭ ᠲᠥᠬᠦᠭᠡᠷᠦᠮᠵᠢ ᠶᠢ ᠴᠦᠮ ᠠᠵᠢᠯᠯᠠᠭᠤᠯᠤᠨ ᠬᠠᠮᠠᠭᠠᠯᠠᠬᠤ ᠲᠠᠯ᠎ᠠ ᠠᠴᠠ ᠰᠡᠯᠪᠢᠨ ᠵᠠᠰᠠᠬᠤ ᠪᠤᠶᠤ ᠰᠣᠯᠢᠬᠤ ᠶᠢ ᠬᠠᠷᠢᠭᠤᠴᠠᠨ᠎ᠠ︔     ︵2︶ ᠲᠣᠨᠤᠭ ᠲᠥᠬᠦᠭᠡᠷᠦᠮᠵᠢ ᠶᠢᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠶᠢ ᠬᠠᠷᠢᠭᠤᠴᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠣᠨᠤᠭ ᠲᠥᠬᠦᠭᠡᠷᠦᠮᠵᠢ ᠶᠢ ᠪᠠᠶᠢᠴᠠᠭᠠᠨ ᠰᠡᠯᠪᠢᠨ᠎ᠡ︔      ︵  3 ︶  ᠲᠥᠬᠦᠭᠡᠷᠦᠮᠵᠢ ᠶᠢᠨ  ᠰᠢᠰᠲ᠋ᠧᠮ ᠤᠨ ᠳᠡᠰ ᠳᠡᠪᠰᠢᠬᠦ ᠵᠢᠴᠢ ᠰᠠᠭᠤᠷᠢ ᠲᠤᠭ᠎ᠠ ᠪᠠᠷᠢᠮᠲᠠ ᠴᠤᠭᠯᠠᠭᠤᠯᠬᠤ ᠠᠵᠢᠯ ᠢ ᠬᠠᠷᠢᠭᠤᠴᠠᠨ᠎ᠠ︔      ︵4︶ ᠲᠠᠷᠢᠶᠠᠴᠢᠨ ᠡᠷᠦᠬᠡ ᠶᠢᠨ ᠠᠵᠢᠯᠯᠠᠬᠤ ᠲᠦᠷᠢᠮ᠂ ᠬᠡᠮᠵᠢᠯᠲᠡ ᠶᠢᠨ ᠲᠥᠬᠦᠭᠡᠷᠦᠮᠵᠢ ᠶᠢᠨ ᠬᠠᠮᠢᠶᠠᠷᠤᠯᠲᠠ ᠶᠢᠨ ᠠᠷᠭ᠎ᠠ ᠵᠢᠴᠢ ᠡᠪᠳᠡᠭᠰᠡᠨ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ ᠵᠡᠷᠭᠡ ᠶᠢ ᠬᠠᠷᠢᠭᠤᠴᠠᠨ ᠪᠣᠯᠪᠠᠰᠤᠷᠠᠭᠤᠯᠤᠨ᠎ᠠ︔      ︵5︶ ᠪᠣᠷᠣᠯᠠᠭᠤᠯᠤᠭᠰᠠᠨ ᠤ ᠳᠠᠷᠠᠭᠠᠬᠢ ᠦᠢᠯᠡᠴᠢᠯᠡᠭᠡ ᠶᠢ ᠬᠠᠷᠢᠭᠤᠴᠠᠵᠤ᠂ ᠲᠤᠰᠬᠠᠶ ᠮᠡᠷᠭᠡᠵᠢᠯ ᠤᠨ ᠠᠵᠢᠯᠲᠠᠨ ᠳᠣᠭᠢᠷᠠᠭᠤᠯᠤᠨ ᠠᠯᠤᠰ ᠠᠴᠠ ᠰᠠᠭᠠᠳ ᠲᠣᠳᠬᠠᠷ ᠢ ᠵᠢᠭᠰᠠᠭᠠᠨ ᠪᠠᠶᠢᠴᠠᠭᠠᠬᠤ ᠵᠢᠴᠢ ᠬᠡᠷᠡᠭᠯᠡᠬᠦ ᠶᠢ ᠵᠢᠯᠣᠭᠤᠳᠬᠤ ᠳᠤ᠂ ᠠᠯᠤᠰ ᠠᠴᠠ ᠮᠡᠷᠭᠡᠵᠢᠯ ᠤᠨ ᠠᠵᠢᠯᠲᠠᠨ ᠰᠢᠢᠳᠪᠦᠷᠢᠯᠡᠵᠦ ᠳᠡᠶᠢᠯᠬᠦ ᠥᠬᠡᠶ ᠪᠠᠶᠢᠪᠠᠯ᠂ ᠴᠠᠭ ᠲᠤᠬᠠᠶ ᠳᠤᠨᠢ ᠮᠡᠷᠭᠡᠵᠢᠯ ᠤᠨ ᠠᠵᠢᠯᠲᠠᠨ ᠲᠣᠬᠢᠷᠠᠭᠤᠯᠤᠨ ᠲᠤᠬᠠᠶ ᠶᠢᠨ ᠲᠠᠯᠠᠪᠠᠶ ᠳᠤ ᠣᠴᠢᠭᠤᠯᠵᠤ ᠲᠥᠬᠦᠭᠡᠷᠦᠮᠵᠢ ᠪᠠᠨ ᠰᠡᠯᠪᠢᠨ ᠵᠠᠰᠠᠬᠤ ᠶᠢ ᠪᠠᠲᠤᠯᠠᠬᠤ ᠬᠡᠷᠡᠭᠲᠡᠶ︔      ︵6︶ ᠠᠵᠢᠯᠯᠠᠭᠠᠨ ᠤ ᠲᠠᠪᠴᠠᠩ ᠤᠨ ᠰᠡᠭᠦᠯᠴᠢ ᠶᠢᠨ ᠬᠤᠭᠤᠴᠠᠭᠠᠨ ᠤ ᠮᠡᠷᠭᠡᠵᠢᠯ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯᠯᠠᠭᠠᠨ ᠢ ᠬᠠᠷᠢᠭᠤᠴᠠᠨ᠎ᠠ︔      ︵7︶ ᠴᠢᠮᠡᠭᠡ ᠨᠡᠪᠲᠡᠷᠡᠯᠭᠡ ᠶᠢᠨ ᠰᠦᠢᠳᠬᠡᠯ ᠲᠤᠰᠢᠶᠠᠬᠤ ᠶᠢ ᠬᠠᠷᠢᠭᠤᠴᠠᠨ᠎ᠠ︔      ︵8︶ ᠲᠥᠷᠥᠯ ᠵᠦᠢᠯ ᠤᠨ ᠣᠷᠣᠨ ᠤ ᠶᠡᠷᠦᠩᠬᠡᠶ ᠴᠣᠭᠴᠠ ᠶᠢᠨ ᠮᠡᠷᠭᠡᠵᠢᠯ ᠤᠨ ᠠᠵᠢᠯᠯᠠᠭᠠᠨ ᠤ ᠬᠠᠮᠠᠭᠠᠯᠠᠯᠲᠠ ᠶᠢ ᠬᠠᠷᠢᠭᠤᠴᠠᠨ᠎ᠠ︔      ︵9︶ ᠲᠥᠬᠦᠭᠡᠷᠦᠮᠵᠢ ᠪᠠᠨ ᠭᠡᠭᠡᠬᠦ ᠪᠤᠶᠤ ᠲᠤᠬᠠᠶ ᠶᠢᠨ ᠲᠠᠯᠠᠪᠤᠷ ᠢ ᠬᠥᠮᠦᠨ ᠤ ᠬᠦᠴᠦ ᠪᠠᠷ ᠡᠪᠳᠡᠬᠦ ᠳᠤ ᠬᠠᠮᠵᠢᠯᠴᠠᠨ ᠭᠡᠷᠡᠴᠢ ᠠᠪᠬᠤ ᠶᠢ ᠬᠠᠷᠢᠭᠤᠴᠠᠨ᠎ᠠ᠃      2. ᠭᠠᠴᠠᠭᠠᠨ ᠤ ᠱᠠᠲᠤᠨ ᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠲᠤᠰᠢᠶᠠᠯ ᠬᠠᠷᠢᠭᠤᠴᠠᠯᠭ᠎ᠠ      ︵1︶ ᠤᠰᠤᠨ ᠤ ᠬᠡᠮᠵᠢᠶ᠎ᠡ ᠶᠢ ᠨᠡᠮᠡᠬᠦ ᠵᠢᠴᠢ ᠠᠵᠢᠯᠯᠠᠭᠤᠯᠵᠤ ᠪᠠᠲᠤᠯᠠᠬᠤ ᠦᠢᠯᠡᠴᠢᠯᠡᠭᠡᠨ ᠤ ᠰᠦᠢᠳᠭᠡᠯ ᠬᠤᠷᠢᠶᠠᠬᠤ ᠶᠢ ᠬᠠᠷᠢᠭᠤᠴᠠᠨ᠎ᠠ︔      ︵2︶ ᠲᠥᠬᠦᠭᠡᠷᠦᠮᠵᠢ ᠶᠢ ᠲᠣᠭᠤᠷᠢᠨ ᠪᠠᠶᠢᠴᠠᠭᠠᠬᠤ ᠶᠢ ᠬᠠᠷᠢᠭᠤᠴᠠᠵᠤ᠂ ᠲᠥᠬᠦᠭᠡᠷᠦᠮᠵᠢ ᠶᠢ ᠵᠣᠷᠢᠭᠤᠳᠠ ᠡᠪᠳᠡᠬᠦ ᠵᠢᠴᠢ ᠲᠥᠬᠦᠭᠡᠷᠦᠮᠵᠢ ᠠᠴᠠ ᠵᠠᠶᠢᠯᠠᠵᠤ ᠤᠰᠤ ᠠᠪᠬᠤ ᠠᠰᠠᠭᠤᠳᠠᠯ ᠭᠠᠷᠬᠤ ᠠᠴᠠ ᠰᠡᠷᠭᠡᠶᠢᠯᠡᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ ᠳᠤᠨᠢ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ︔     ︵3︶ ᠤᠰᠤ ᠠᠪᠬᠤ IC ᠺᠠᠷᠲ ᠢᠶᠠᠨ ᠭᠡᠭᠡᠭᠰᠡᠨ ᠵᠢᠴᠢ ᠨᠥᠬᠦᠵᠦ ᠭᠦᠢᠴᠡᠳᠭᠡᠬᠦ ᠶᠢ ᠬᠠᠷᠢᠭᠤᠴᠠᠨ᠎ᠠ︔      ︵4︶ ᠲᠠᠷᠢᠶᠠᠯᠠᠬᠤ ᠡᠷᠦᠬᠡ ᠶᠢᠨ ᠬᠤᠭᠤᠷᠣᠨᠳᠣᠬᠢ ᠤᠰᠤᠨ ᠤ ᠡᠷᠬᠡ ᠶᠢᠨ ᠠᠷᠠᠯᠵᠢᠶ᠎ᠠ ᠬᠢᠭᠡᠳ ᠤᠰᠤᠨ ᠤ ᠡᠷᠬᠡ ᠶᠢ ᠬᠤᠪᠢᠷᠠᠭᠤᠯᠬᠤ ᠶᠢ ᠬᠠᠷᠢᠭᠤᠴᠠᠨ᠎ᠠ︔      ︵5︶ ᠲᠠᠷᠢᠶᠠᠯᠠᠬᠤ ᠡᠷᠦᠬᠡ ᠶᠢᠨ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠵᠢᠴᠢ ᠪᠣᠳᠠᠲᠠᠶ ᠤᠰᠤ ᠬᠡᠷᠡᠭᠯᠡᠬᠦ ᠡᠬᠡ ᠳᠠᠩᠰᠠ ᠪᠠᠶᠢᠭᠤᠯᠬᠤ ᠶᠢ ᠬᠠᠷᠢᠭᠤᠴᠠᠨ᠎ᠠ︔      ︵6︶ ᠲᠥᠬᠦᠭᠡᠷᠦᠮᠵᠢ ᠪᠠᠨ ᠭᠡᠭᠡᠭᠰᠡᠨ ᠪᠤᠶᠤ ᠵᠣᠷᠢᠭᠤᠳᠠ ᠡᠪᠳᠡᠨ ᠰᠦᠢᠳᠬᠡᠭᠰᠡᠨ ᠲᠤᠬᠠᠢ ᠶᠢᠨ ᠲᠠᠯᠠᠪᠤᠷ ᠠᠴᠠ ᠭᠡᠷᠡᠴᠢ ᠠᠪᠬᠤ ᠳᠤ ᠬᠠᠮᠵᠢᠯᠴᠠᠬᠤ ᠶᠢ ᠬᠠᠷᠢᠭᠤᠴᠠᠨ᠎ᠠ︔      ︵7︶ ᠲᠣᠰᠬᠤᠨ ᠤ ᠱᠠᠲᠤᠨ ᠤ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ ᠬᠠᠮᠢᠶᠠᠷᠤᠯᠲᠠ ᠶᠢᠨ ᠵᠠᠷᠤᠳᠠᠯ ᠤᠨ ᠬᠡᠷᠡᠭᠯᠡᠯᠲᠡ ᠬᠠᠮᠢᠶᠠᠷᠤᠯᠲᠠ ᠶᠢ ᠬᠠᠷᠢᠭᠤᠴᠠᠨ ᠰᠠᠶᠢᠲᠤᠷ ᠬᠢᠵᠦ᠂ ᠳᠡᠭᠡᠳᠦ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠯᠲᠠ ᠲᠠᠯᠪᠢᠵᠤ ᠬᠢᠨᠠᠨ ᠪᠣᠳᠣᠬᠤ ᠶᠢ ᠬᠦᠯᠢᠶᠡᠨ᠎ᠡ︔     ︵8︶ ᠠᠵᠢᠯᠯᠠᠭᠤᠯᠵᠤ ᠬᠠᠮᠠᠭᠠᠯᠠᠬᠤ ᠲᠠᠯ᠎ᠠ ᠳᠤ ᠬᠠᠮᠵᠢᠯᠴᠠᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠲᠥᠷᠥ ᠶᠢᠨ ᠪᠣᠳᠣᠯᠭ᠎ᠠ ᠶᠢᠨ ᠤᠬᠠᠭᠤᠯᠤᠨ ᠲᠠᠶᠢᠯᠪᠤᠷᠢᠯᠠᠬᠤ᠂ ᠲᠥᠬᠦᠭᠡᠷᠦᠮᠵᠢ ᠶᠢ ᠰᠡᠯᠪᠢᠨ ᠵᠠᠰᠠᠬᠤ ᠵᠡᠷᠭᠡ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ︵ᠲᠤᠯᠤᠭ᠎ᠠ︶ ᠬᠠᠤᠯᠢ ᠴᠠᠭᠠᠵᠠ ᠶᠢᠨ ᠪᠠᠲᠤᠯᠠᠭ᠎ᠠ ᠶᠢᠨ ᠰᠢᠰᠲ᠋ᠧᠮ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾ ᠶᠢᠨ ᠵᠢᠷᠠᠨ ᠵᠢᠷᠭᠤᠳᠤᠭᠠᠷ ᠵᠦᠢᠯ᠄ ᠳᠤᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠮᠥᠷᠲᠡᠭᠡᠨ ᠦᠶᠡᠷ ᠢ ᠰᠡᠷᠭᠡᠶᠢᠯᠡᠬᠦ ᠬᠠᠤᠯᠢ ᠳᠤ ᠲᠣᠭᠲᠠᠭᠠᠭᠰᠠᠨ ᠦᠭᠡᠶ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ ᠤᠨ ᠪᠠᠶᠢᠭᠤᠯᠤᠮᠵᠢ ᠠᠴᠠ ᠡᠷᠬᠡ ᠲᠤᠰᠢᠶᠠᠯ ᠢᠶᠠᠨ ᠦᠨᠳᠦᠰᠦᠯᠡᠨ ᠵᠠᠷᠯᠢᠭᠳᠠᠵᠤ ᠪᠠᠶᠢᠭᠠᠳ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠨᠢ ᠵᠣᠭᠰᠣᠭᠠᠯᠭᠠᠵᠤ᠂ ᠬᠤᠭᠤᠴᠠᠭ᠎ᠠ ᠲᠣᠭᠲᠠᠭᠠᠨ ᠬᠠᠷᠰᠢ ᠰᠠᠭᠠᠳ ᠢ ᠠᠷᠢᠯᠭᠠᠭᠤᠯᠬᠤ ᠪᠤᠶᠤ ᠪᠤᠰᠤᠳ ᠨᠥᠬᠦᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ ᠂ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃ ᠨᠢᠭᠡ ᠳᠤ ᠭᠤᠣᠯ ᠮᠥᠷᠡᠨ᠂ ᠨᠠᠭᠤᠷ᠂ ᠴᠥᠭᠦᠷᠥᠮ᠂ ᠲᠠᠲᠠᠮᠠᠯ ᠭᠤᠣᠯ ᠤᠨ ᠰᠤᠪᠠᠭ ᠳᠣᠲᠣᠷ᠎ᠠ ᠦᠶᠡᠷ ᠤᠷᠤᠰᠬᠠᠬᠤ ᠶᠢ ᠬᠠᠷᠰᠢᠯᠠᠬᠤ ᠪᠣᠳᠠᠰ ᠬᠠᠶᠠᠬᠤ᠂ ᠣᠪᠣᠭᠠᠯᠠᠬᠤ ᠪᠠ ᠦᠶᠡᠷ ᠤᠷᠤᠰᠬᠠᠬᠤ ᠶᠢ ᠬᠠᠷᠰᠢᠯᠠᠬᠤ ᠤᠢ ᠮᠣᠳᠣ ᠵᠢᠴᠢ ᠥᠨᠳᠥᠷ ᠡᠰᠢᠲᠦ ᠲᠠᠷᠢᠮᠠᠯ ᠲᠠᠷᠢᠬᠤ︔ ᠬᠤᠶᠠᠷ ᠲᠤ ᠨᠠᠭᠤᠷ ᠢ ᠬᠦᠷᠢᠶᠡᠯᠡᠨ ᠲᠠᠷᠢᠶᠠᠨ ᠭᠠᠵᠠᠷ ᠭᠠᠷᠭᠠᠭᠰᠠᠨ ᠪᠤᠶᠤ ᠵᠥᠪᠰᠢᠶᠡᠷᠡᠭᠦᠯᠦᠭᠰᠡᠨ ᠦᠭᠡᠢ ᠪᠠᠷ ᠭᠤᠣᠯ ᠤᠨ ᠵᠠᠮ ᠢ ᠬᠦᠷᠢᠶᠡᠯᠡᠨ ᠬᠠᠭᠠᠯᠪᠤᠷᠢᠯᠠᠭᠰᠠᠨ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤ ᠲᠠᠲᠠᠬᠤ ᠵᠥᠪᠰᠢᠶᠡᠷᠡᠯ ᠪᠣᠯᠤᠨ ᠤᠰᠤᠨ ᠤ ᠡᠬᠢ ᠪᠠᠶᠠᠯᠢᠭ ᠤᠨ ᠰᠦᠢᠳᠬᠡᠯ ᠲᠠᠲᠠᠪᠤᠷᠢᠯᠠᠬᠤ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ᠶᠢᠨ ᠭᠤᠴᠢᠨ ᠭᠤᠷᠪᠠᠳᠤᠭᠠᠷ ᠵᠦᠢᠯ ᠤᠰᠤ ᠲᠠᠲᠠᠬᠤ ᠨᠢᠭᠡᠴᠡ ᠪᠤᠶᠤ ᠬᠤᠪᠢ ᠬᠥᠮᠦᠨ ᠳᠤ ᠳᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ ᠤᠰᠤ ᠲᠠᠲᠠᠬᠤ ᠵᠥᠪᠰᠢᠶᠡᠷᠡᠯ ᠢ ᠬᠢᠨᠠᠨ ᠵᠥᠪᠰᠢᠶᠡᠷᠡᠬᠦ ᠪᠠᠶᠢᠭᠤᠯᠤᠯᠭ᠎ᠠ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ ᠬᠠᠮᠲᠤ 5000 ᠲᠥᠭᠦᠷᠢᠭ ᠠᠴᠠ ᠳᠡᠭᠡᠭᠰᠢ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃ ᠨᠢᠭᠡ ᠳᠤ ᠤᠰᠤ ᠠᠷᠪᠢᠯᠠᠬᠤ ᠪᠡᠯᠡᠳᠬᠡᠮᠵᠢ ᠪᠣᠯᠤᠨ ᠤᠰᠤ ᠲᠠᠲᠠᠬᠤ ᠬᠡᠮᠵᠢᠯᠲᠡ ᠶᠢᠨ ᠪᠡᠯᠡᠳᠬᠡᠮᠵᠢ ᠬᠡᠷᠡᠭᠯᠡᠬᠦ ᠶᠢ ᠳᠤᠷ᠎ᠠ ᠪᠠᠷ ᠢᠶᠠᠨ ᠵᠣᠭᠰᠣᠭᠠᠭᠰᠠᠨ︔ ᠬᠤᠶᠠᠷ ᠲᠤ ᠤᠰᠤ ᠲᠠᠲᠠᠬᠤ ᠬᠡᠮᠵᠢᠭᠦᠷ ᠤᠨ ᠲᠤᠭ᠎ᠠ ᠪᠠᠷᠢᠮᠲᠠ ᠶᠢᠨ  ᠮᠠᠲ᠋ᠧᠷᠢᠶᠠᠯ ᠢ ᠲᠣᠭᠲᠠᠭᠠᠯ ᠶᠣᠰᠣᠭᠠᠷ ᠬᠠᠩᠭᠠᠭᠰᠠᠨ ᠦᠭᠡᠶ ᠪᠤᠶᠤ ᠬᠤᠳᠠᠯ ᠬᠠᠭᠤᠷᠮᠠᠭ ᠢᠶᠠᠷ ᠬᠠᠩᠭᠠᠭᠰᠠᠨ᠃ ᠤᠰᠤᠨ ᠠᠰᠢᠭᠯᠠᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠨᠤᠭᠤᠳ ᠨᠢᠭᠲᠠ ᠬᠠᠮᠵᠢᠯᠴᠠᠵᠤ᠂ ᠳᠡᠭᠡᠷ᠎ᠡ ᠳᠤᠷᠠᠳᠤᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠬᠠᠮᠢᠶ᠎ᠠ ᠪᠦᠬᠦᠢ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠪᠦᠲᠦᠮᠵᠢᠲᠡᠶ ᠬᠠᠤᠯᠢ ᠴᠠᠭᠠᠵᠠ ᠶᠢᠨ ᠰᠦᠷᠳᠡᠭᠦᠯᠦᠯ ᠢ ᠪᠣᠶ ᠪᠣᠯᠭᠠᠬᠤ ᠬᠡᠷᠡᠭᠲᠡᠶ᠃       ᠬᠠᠷᠢᠭᠤᠴᠠᠯᠭᠠᠲᠤ ᠨᠢᠭᠡᠴᠡ᠄ ᠡᠯ᠎ᠡ ᠬᠠᠮᠢᠶ᠎ᠠ ᠪᠥᠬᠦᠶ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ᠂ ᠤᠰᠤᠨ ᠠᠰᠢᠭᠯᠠᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ᠃       ᠲᠠᠪᠤ᠂ ᠤᠰᠤᠨ ᠰᠤᠷᠪᠤᠯᠵᠢ ᠶᠢ ᠬᠠᠳᠠᠭᠠᠯᠠᠬᠤ ᠢᠨᠵᠧᠨᠧᠷᠢᠩ ᠢ ᠢᠳᠡᠪᠬᠢᠲᠡᠶ ᠲᠡᠮᠡᠴᠡᠨ ᠣᠯᠬᠤ ᠬᠡᠷᠡᠭᠲᠡᠶ᠃       ᠮᠠᠨ ᠤ ᠬᠤᠰᠢᠭᠤᠨ ᠤ ᠠᠭᠤᠯᠠᠨ ᠦᠶᠡᠷ ᠵᠢᠴᠢ ᠭᠤᠤᠯ ᠤᠨ ᠵᠠᠮ ᠤᠨ ᠪᠣᠳᠠᠲᠤ ᠪᠠᠶᠢᠳᠠᠯ ᠢ  ᠭᠦᠢᠴᠡᠳ ᠠᠰᠢᠭᠯᠠᠨ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠢᠴᠢ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠢᠨᠵᠧᠨᠧᠷᠢᠩ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠶᠡᠭᠡ ᠰᠢᠭᠡᠲᠡᠢ ᠪᠠᠯᠭᠠᠰᠤ ︵ᠰᠤᠬᠠᠢ ᠭᠤᠣᠯ︶᠂ ᠡᠷᠳᠡᠨᠢᠪᠤᠯᠠᠭ ᠰᠤᠮᠤ ︵ᠳᠠᠪᠠᠭᠠᠨ ᠤ ᠭᠤᠣᠯ︶᠂ ᠰᠤᠳᠠᠯ ᠤᠨ ᠬᠤᠳᠳᠤᠭ ᠪᠠᠯᠭᠠᠰᠤ ︵ᠴᠢᠤᠸᠠᠨ ᠱᠧᠩ ᠤᠨ ᠪᠠᠷᠠᠭᠤᠨ ᠭᠤᠤ︶᠂ ᠮᠢᠩᠭᠠᠨ ᠪᠠᠯᠭᠠᠰᠤ ︵ᠲᠣᠣᠷᠠᠢ ᠶᠢᠨ ᠭᠤᠤ ᠶᠢᠨ ᠠᠮᠠ᠂ ᠰᠡᠷᠡᠮ᠎ᠡ ᠶᠢᠨ ᠭᠤᠤ︶᠂ ᠪᠠᠭ᠎ᠠ ᠰᠢᠭᠡᠲᠡᠢ ᠪᠠᠯᠭᠠᠰᠤ ︵ᠵᠢᠦ ᠹᠧᠨ ᠭᠤᠤ︶᠂ ᠶᠡᠭᠡ ᠰᠢᠭᠡᠲᠡᠢ ᠮᠠᠯᠵᠢᠯ ᠤᠨ ᠲᠠᠯᠠᠪᠠᠢ ︵ᠤᠰᠤᠲᠤᠯ ᠤᠨ ᠭᠤᠣᠯ︶ ᠵᠡᠷᠭᠡ ᠬᠤᠯᠪᠣᠭᠳᠠᠯ ᠪᠦᠬᠦᠢ ᠭᠤᠤ ᠳᠣᠲᠣᠷ᠎ᠠ 20 ᠦᠶᠡᠷ ᠢ ᠲᠣᠭᠲᠠᠭᠠᠬᠤ ᠴᠥᠭᠦᠷᠥᠮ ᠢ ᠰᠢᠨ᠎ᠡ ᠪᠠᠷ ᠪᠠᠶᠢᠭᠤᠯᠵᠤ᠂ ᠪᠠᠷᠢᠯᠭ᠎ᠠ ᠳᠠᠭᠤᠰᠤᠭᠰᠠᠨ ᠤ ᠳᠠᠷᠠᠭ᠎ᠠ 1000 ᠲᠦᠮᠡᠨ ᠲᠡᠭᠰᠢ ᠳᠥᠷᠪᠡᠯᠵᠢᠨ ᠮᠧᠲᠷ ᠤᠨ ᠦᠶᠡᠷ ᠤᠨ ᠤᠰᠤ ᠶᠢ ᠬᠠᠳᠠᠭᠠᠯᠠᠵᠤ᠂ ᠭᠠᠵᠠᠷ ᠳᠣᠣᠷᠠᠬᠢ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠳᠤ ᠢᠳᠡᠪᠬᠢᠲᠡᠢ ᠦᠢᠯᠡᠳᠦᠯ ᠦᠵᠡᠭᠦᠯᠵᠦ᠂ ᠢᠨᠵᠧᠨᠧᠷᠢᠩ ᠳᠤ 1.6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠣᠳᠣᠬᠠᠨ ᠳᠤ ᠶᠠᠭ ᠬᠡᠷᠡᠭᠵᠢᠭᠦᠯᠵᠦ ᠪᠣᠯᠬᠤᠶᠢᠴᠠ ᠰᠤᠳᠤᠯᠭᠠᠨ ᠤ ᠲᠥᠰᠦᠯ ᠢ ᠨᠠᠶᠢᠷᠠᠭᠤᠯᠤᠨ ᠵᠣᠬᠢᠶᠠᠵᠤ ᠪᠤᠢ᠃      ᠵᠢᠷᠭᠤᠭ᠎ᠠ᠂ ᠭᠠᠵᠠᠷ ᠤᠨ ᠭᠠᠳᠠᠷᠭᠤ ᠶᠢᠨ ᠤᠰᠤ ᠶᠢ ᠭᠠᠵᠠᠷ ᠳᠣᠣᠷᠠᠬᠢ ᠤᠰᠤ ᠪᠠᠷ ᠰᠣᠯᠢᠬᠤ ᠢᠨᠵᠧᠨᠧᠷᠢᠩ ᠢ ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃       ᠣᠲᠣ ᠨᠢᠭᠡᠨᠲᠡ ᠤᠷᠠᠳ ᠤᠨ ᠡᠮᠦᠨᠡᠲᠦ ᠬᠤᠰᠢᠭᠤᠨ ᠤ ᠬᠡᠲᠦᠷᠡᠲᠡᠯ᠎ᠡ ᠮᠠᠯᠲᠠᠭᠰᠠᠨ ᠣᠷᠣᠨ ᠤ  ᠭᠠᠵᠠᠷ ᠤᠨ ᠭᠠᠳᠠᠷᠭᠤ ᠶᠢᠨ ᠤᠰᠤ ᠶᠢ ᠭᠠᠵᠠᠷ ᠳᠤᠤᠷᠠᠬᠢ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠪᠣᠯᠭᠠᠨ ᠬᠤᠪᠢᠷᠠᠭᠤᠯᠬᠤ ᠶᠢ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠤᠰᠤᠨ ᠤ ᠠᠮᠤᠷ ᠲᠦᠪᠰᠢᠨ ᠤ ᠲᠥᠯᠥᠪᠯᠡᠭᠡ ᠳᠤ ᠣᠷᠣᠭᠤᠯᠬᠤ ᠶᠢᠨ ᠬᠠᠮᠲᠤ ᠲᠥᠷᠥᠯ ᠵᠦᠢᠯ ᠳᠤ ᠲᠤᠰᠬᠠᠶ ᠰᠡᠳᠦᠪ ᠢᠶᠠᠷ ᠨᠤᠲᠠᠯᠠᠯᠲᠠ ᠬᠢᠪᠠ᠃ ᠪᠠᠶᠠᠨᠨᠠᠭᠤᠷ ᠬᠤᠲᠠ  ᠶᠢᠨ ᠢᠳᠡᠪᠬᠢᠲᠡᠶ ᠵᠣᠬᠢᠴᠠᠭᠤᠯᠵᠤ ᠪᠠᠶᠢᠭᠠᠳ 12 ᠲᠦᠮᠡᠨ ᠮᠥ ᠤᠰᠤ ᠲᠠᠲᠠᠬᠤ  ᠭᠦᠢᠴᠡᠳᠭᠡᠬᠦ ᠲᠤᠭ᠎ᠠ ᠶᠢ ᠳᠣᠭᠢᠷᠠᠭᠤᠯᠤᠨ ᠰᠢᠢᠳᠪᠦᠷᠢᠯᠡᠵᠦ᠂ ᠬᠠᠲᠤᠨ ᠭᠤᠤᠯ ᠤᠨ ᠬᠤᠳᠳᠤᠭ ᠤᠨ ᠰᠤᠪᠠᠭ ᠤᠨ ᠬᠤᠤᠰ ᠤᠰᠤᠯᠠᠯᠲᠠ ᠶᠢ ᠬᠡᠷᠡᠭᠵᠢᠭᠦᠯᠦᠨ᠎ᠡ᠃ ᠶᠡᠷᠦᠩᠬᠡᠶ ᠭᠤᠤᠯ ᠰᠤᠪᠠᠭ ᠢᠶᠠᠷ ᠳᠠᠮᠵᠢᠭᠤᠯᠤᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ︵ᠤᠯᠠᠭᠠᠨᠰᠤᠬᠠᠢ ᠨᠠᠭᠤᠷ ᠤᠨ ᠬᠥᠪᠡᠭᠡᠨ ᠳᠠᠬᠢ ᠵᠠᠪᠰᠠᠷ ᠤᠨ ᠪᠦᠰᠡ ᠶᠢᠨ ᠲᠥᠷᠥᠯ  ᠵᠦᠢᠯ ᠤᠨ ᠬᠥᠭᠡᠷᠭᠡ ᠶᠢᠨ ᠥᠷᠲᠡᠭᠡ︶ ᠢᠨᠵᠧᠨᠧᠷᠢᠩ ᠢ ᠬᠡᠷᠡᠭᠵᠢᠭᠦᠯᠵᠦ᠂ ᠰᠤᠳᠠᠯ ᠤᠨ ᠭᠤᠤᠯ᠂ ᠲᠦᠩ ᠵᠢᠶ ᠰᠤᠪᠠᠭ ᠲᠤ ᠲᠦᠰᠢᠭᠯᠡᠨ ᠪᠠᠷᠠᠭᠤᠨᠳᠠᠬᠢ ᠤᠰᠤ ᠶᠢ ᠵᠡᠭᠦᠨᠰᠢ ᠬᠦᠷᠭᠡᠬᠦ ᠵᠡᠷᠭᠡ ᠣᠯᠠᠨ ᠠᠷᠭ᠎ᠠ ᠵᠠᠮ ᠢᠶᠠᠷ ᠤᠰᠤ ᠨᠥᠬᠦᠪᠥᠷᠢᠯᠡᠵᠦ᠂ ᠬᠠᠲᠤᠨ ᠭᠤᠤᠯ ᠤᠨ ᠤᠰᠤ ᠪᠠᠷ ᠭᠤᠤᠯ ᠤᠰᠤᠨ ᠰᠤᠷᠪᠤᠯᠵᠢ ᠪᠣᠯᠭᠠᠵᠤ᠂ ᠭᠠᠵᠠᠷ ᠳᠤᠤᠷᠠᠬᠢ ᠤᠰᠤ ᠪᠠᠷ ᠤᠰᠤᠨ ᠰᠤᠷᠪᠤᠯᠵᠢ ᠶᠢ ᠨᠥᠬᠦᠪᠥᠷᠢᠯᠡᠵᠦ᠂ ᠬᠤᠳᠳᠤᠭ ᠬᠠᠲᠤᠨ ᠭᠤᠤᠯ ᠤᠨ ᠬᠤᠤᠰ ᠤᠰᠤᠯᠠᠯᠲᠠ ᠶᠢ ᠪᠡᠶᠡᠯᠡᠭᠦᠯᠵᠦ᠂ ᠭᠠᠵᠠᠷ ᠳᠤᠤᠷᠠᠬᠢ ᠤᠰᠤ ᠶᠢ ᠨᠡᠭᠡᠭᠡᠨ ᠮᠠᠯᠲᠠᠬᠤ ᠶᠢ ᠪᠦᠲᠦᠮᠵᠢᠲᠡᠶ ᠪᠠᠭᠠᠰᠬᠠᠨ᠎ᠠ᠃ ᠡᠭᠦᠨ ᠤ ᠬᠠᠮᠲᠤ ᠲᠣᠮᠣ ᠬᠡᠯᠪᠡᠷᠢ ᠶᠢᠨ ᠤᠰᠤ ᠬᠠᠳᠠᠭᠠᠯᠠᠬᠤ ᠴᠥᠭᠦᠷᠥᠮ ︵ᠵᠢᠱᠢᠶᠡᠯᠡᠪᠡᠯ ᠤᠰᠤᠨ ᠰᠤᠷᠪᠤᠯᠵᠢ ᠶᠢ ᠬᠠᠳᠠᠭᠠᠯᠠᠬᠤ ᠢᠨᠵᠧᠨᠧᠷᠢᠩ︶ ᠢ ᠪᠠᠶᠢᠭᠤᠯᠵᠤ᠂ ᠬᠠᠪᠤᠷ ᠤᠨ ᠭᠤᠤᠯ ᠭᠡᠰᠬᠦ᠂ ᠡᠪᠦᠯ ᠤᠨ ᠭᠤᠤᠯ ᠪᠢᠲᠡᠭᠦᠷᠡᠬᠦ ᠬᠤᠭᠤᠴᠠᠭᠠᠨ ᠳᠤ᠂ ᠬᠠᠲᠤᠨ ᠭᠤᠤᠯ ᠤᠨ ᠬᠡᠰᠡᠭ ᠰᠦᠩ ᠬᠠᠯᠢᠶ᠎ᠠ ᠦᠶᠡᠷ ᠤᠨ ᠤᠰᠤ ᠶᠢ ᠬᠠᠳᠠᠭᠠᠯᠠᠵᠤ᠂ ᠨᠢᠭᠡ ᠳᠤ ᠭᠠᠵᠠᠷ ᠳᠤᠤᠷᠠᠬᠢ ᠤᠰᠤᠨ ᠤ ᠠᠮᠢ ᠠᠬᠤᠶ ᠶᠢᠨ ᠨᠥᠬᠦᠪᠥᠷᠢ ᠶᠢ ᠴᠢᠩᠭᠠᠳᠬᠠᠨ᠎ᠠ᠂ ᠬᠤᠶᠠᠷ ᠲᠤ ᠬᠤᠶᠠᠳᠤᠭᠠᠷ ᠵᠢᠯ ᠳᠤᠨᠢ ᠬᠤᠳᠳᠤᠭ ᠤᠨ ᠤᠰᠤᠯᠠᠯᠲᠠ ᠶᠢᠨ ᠣᠷᠣᠨ ᠤ ᠤᠰᠤᠯᠠᠯᠲᠠ ᠶᠢ ᠨᠥᠬᠦᠪᠥᠷᠢᠯᠡᠵᠦ ᠭᠠᠵᠠᠷ ᠳᠤᠤᠷᠠᠬᠢ ᠤᠰᠤ ᠶᠢ ᠨᠡᠭᠡᠭᠡᠨ ᠮᠠᠯᠲᠠᠬᠤ ᠶᠢ ᠪᠠᠭᠠᠰᠬᠠᠬᠤ ᠳᠤ ᠬᠡᠷᠡᠭᠯᠡᠵᠦ ᠪᠣᠯᠤᠨ᠎ᠠ᠃ ᠳᠡᠭᠡᠷᠡᠬᠢ ᠬᠤᠶᠠᠷ  ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠠᠲᠤᠨ ᠭᠤᠤᠯ ᠤᠨ ᠤᠰᠤ ᠶᠢ ᠲᠠᠲᠠᠵᠤ ᠤᠰᠤᠯᠠᠬᠤ ᠲᠠᠯᠠᠪᠠᠶ ᠶᠢ 12 ᠲᠦᠮᠡᠨ ᠮᠥ ᠥᠷᠭᠡᠳᠬᠡᠬᠦ ᠪᠠᠷ ᠲᠥᠯᠥᠪᠯᠡᠵᠦ ᠪᠠᠶᠢᠨ᠎ᠠ᠃       ᠳᠣᠯᠤᠭ᠎ᠠ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠲᠠᠷᠢᠮᠠᠯ ᠤᠨ ᠪᠦᠲᠦᠴᠡ ᠶᠢ ᠨᠢ ᠲᠣᠬᠢᠷᠠᠭᠤᠯᠤᠨ᠎ᠠ᠃      ᠣᠯᠠᠨ ᠲᠦᠮᠡᠨ ᠤ ᠶᠡᠷᠦᠩᠬᠡᠶ ᠤᠰᠤᠨ ᠤ ᠬᠡᠮᠵᠢᠶ᠎ᠡ ᠶᠢ ᠬᠤᠪᠢᠶᠠᠷᠢᠯᠠᠬᠤ ᠤᠷᠢᠲᠠᠯ ᠳᠣᠣᠷ᠎ᠠ ᠠᠵᠤ ᠠᠬᠤᠶ ᠶᠢᠨ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠪᠠᠲᠤᠯᠠᠬᠤ ᠶᠢᠨ ᠲᠤᠰᠠᠳᠠ᠂ ᠡᠯ᠎ᠡ ᠬᠠᠮᠢᠶ᠎ᠠ ᠪᠦᠬᠦᠢ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠨᠤᠭᠤᠳ ᠣᠯᠠᠨ ᠲᠦᠮᠡᠨ ᠢ ᠤᠯᠠᠮ ᠨᠢᠭᠡ ᠠᠯᠬᠤᠮ ᠤᠬᠠᠭᠤᠯᠤᠨ ᠬᠥᠲᠥᠯᠥᠨ ᠵᠢᠯᠣᠭᠤᠳᠴᠤ ᠪᠠᠶᠢᠭᠠᠳ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠯᠭᠡᠵᠦ᠂ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠯᠤᠭ᠎ᠠ ᠶᠢᠨ ᠵᠣᠯᠭᠠᠭᠤᠯᠤᠨ ᠬᠤᠷᠰᠢᠯᠴᠠᠬᠤ ᠶᠢ ᠴᠢᠩᠭᠠᠳᠬᠠᠨ᠂ ᠲᠠᠷᠢᠶᠠᠯᠠᠩ ᠤᠨ ᠵᠠᠬᠢᠶᠠᠯᠠᠭ᠎ᠠ ᠶᠢᠨ ᠵᠠᠭᠪᠤᠷ ᠢ ᠰᠦᠪᠡᠭᠴᠢᠯᠡᠨ ᠠᠬᠢᠭᠤᠯᠵᠤ᠂ ᠣᠯᠠᠨ ᠲᠦᠮᠡᠨ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠤᠰᠤ ᠪᠠᠭ᠎ᠠ ᠬᠤᠷᠣᠭᠳᠠᠭᠤᠯᠬᠤ ᠲᠠᠷᠢᠮᠠᠯ ᠤᠨ ᠲᠠᠯᠠᠪᠠᠶ ᠶᠢ ᠥᠷᠭᠡᠳᠬᠡᠨ᠂ ᠲᠠᠷᠢᠶᠠᠯᠠᠩ ᠤᠨ ᠤᠰᠤᠯᠠᠯᠲᠠ ᠶᠢᠨ ᠭᠠᠵᠠᠷ ᠳᠣᠣᠷᠠᠬᠢ ᠤᠰᠤ ᠬᠡᠷᠡᠭᠯᠡᠬᠦ ᠬᠡᠮᠵᠢᠶ᠎ᠡ ᠶᠢ ᠪᠦᠲᠦᠮᠵᠢᠲᠡᠶ ᠪᠠᠭᠠᠰᠬᠠᠬᠤ ᠬᠡᠷᠡᠭᠲᠡᠶ᠃       ᠨᠠᠢᠮᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ       ᠤᠷᠠᠳ ᠤᠨ ᠡᠮᠦᠨᠡᠲᠦ ᠬᠤᠰᠢᠭᠤᠨ ᠤ ᠬᠤᠳᠳᠤᠭ ᠤᠨ ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠭᠦᠨ ᠤᠰᠤ ᠠᠷᠪᠢᠯᠠᠬᠤ ᠠᠵᠢᠯ ᠢ ᠭᠦᠨᠵᠡᠭᠡᠶ ᠠᠬᠢᠭᠤᠯᠬᠤ ᠶᠢᠨ ᠲᠥᠯᠥᠭᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠠᠷᠢᠭᠤᠴᠠᠬᠤ ᠲᠦᠷᠢᠮ ᠢ ᠬᠡᠷᠡᠭᠵᠢᠭᠦᠯᠵᠦ᠂ ᠣᠲᠣ ᠤᠷᠠᠳ ᠤᠨ ᠡᠮᠦᠨᠡᠲᠦ ᠬᠤᠰᠢᠭᠤᠨ ᠤ ᠬᠤᠳᠳᠤᠭ ᠤᠨ ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠭᠠᠵᠠᠷ ᠤᠨ ᠲᠠᠰ ᠤᠨ ᠤᠳᠤᠷᠢᠳᠤᠯᠭ᠎ᠠ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠬᠡᠷᠡᠭᠵᠢᠭᠦᠯᠵᠦ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠤᠳᠳᠤᠭ ᠤᠨ ᠤᠰᠤᠯᠠᠯᠲᠠ ᠶᠢᠨ ᠣᠷᠣᠨ ᠤ ᠲᠠᠷᠢᠶᠠᠯᠠᠩ ᠤᠨ ᠤᠰᠤ ᠠᠷᠪᠢᠯᠠᠬᠤ ᠠᠵᠢᠯ ᠤᠨ ᠡᠭᠦᠷᠭᠡ ᠬᠠᠷᠢᠭᠤᠴᠠᠯᠭ᠎ᠠ ᠶᠢ ᠦᠨᠡᠨ ᠬᠦ ᠪᠣᠳᠠᠲᠠᠶᠢᠵᠢᠭᠤᠯᠤᠨ᠎ᠠ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢ ᠳᠣᠣᠷᠠᠬᠢ ᠮᠡᠲᠦ᠄        ᠳᠤᠭᠤᠶᠢᠯᠠᠩ ᠤᠨ ᠳᠠᠷᠤᠭ᠎ᠠ᠄       ᠸᠠᠩ ᠵᠢᠶᠦ᠋ᠨ ᠵᠢᠶᠧ       ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ                              ᠵᠠᠰᠠᠭ ᠤᠨ ᠣᠷᠳᠣᠨ ᠤ  ᠬᠤᠰᠢᠭᠤ ᠳᠠᠷᠤᠭ᠎ᠠ        ᠳᠤᠭᠤᠶᠢᠯᠠᠩ ᠤᠨ ᠳᠡᠳ᠋ ᠳᠠᠷᠤᠭ᠎ᠠ᠄        ᠵᠢᠶᠠ ᠵᠧᠨ ᠬᠤᠸᠠ       ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ                             ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠱᠦᠵᠢ         ᠱᠢ ᠸᠠᠩ ᠴᠢᠩ          ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ                              ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ         ᠪᠢᠶᠠᠨ ᠴᠢᠶᠣᠤ ᠬᠤᠩ     ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ                              ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ         ᠤᠶᠤᠨ᠎ᠠ               ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ                              ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ  ᠬᠤᠷᠢᠶᠠᠨ ᠤ ᠱᠦᠵᠢ᠂                              ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ        ᠷᠧᠨ ᠶᠢᠨ ᠮᠢᠩ          ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ                             ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ         ᠬᠤᠤ ᠮᠢᠨ             ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ                             ᠤᠬᠠᠭᠤᠯᠬᠤ ᠬᠡᠯᠲᠡᠰ ᠤᠨ ᠬᠡᠯᠲᠡᠰ ᠤᠨ ᠳᠠᠷᠤᠭ᠎ᠠ                             ᠶᠡᠭᠡ ᠰᠢᠭᠡᠲᠡᠢ ᠪᠠᠯᠭᠠᠰᠤ ᠶᠢᠨ ᠨᠠᠮ ᠤᠨ ᠬᠤᠷᠢᠶᠠᠨ ᠤ ᠱᠦᠵᠢ         ᠶᠠᠩ ᠭᠧᠨ ᠬᠤ᠋          ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ                             ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ        ᠭᠤᠤ  ᠯᠸᠢ            ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠳᠡᠳ᠋ ᠡᠷᠬᠢᠯᠡᠭᠴᠢ       ᠪᠦᠷᠢᠯᠳᠦᠬᠦᠨ᠄         ᠸᠠᠩ ᠶᠦᠩ ᠯᠢᠶᠠᠩ     ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ        ᠸᠠᠩ ᠯᠢ ᠵᠢᠶᠦ᠋ᠨ       ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ         ᠸᠠᠩ ᠵᠣᠣ            ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ        ᠯᠢ ᠵᠢᠩ             ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ         ᠸᠠᠩ ᠱᠦᠸᠧ ᠰᠢ      ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠲᠣᠪᠴᠢᠶᠠᠨ ᠳᠠᠷᠤᠭ᠎ᠠ         ᠶᠠᠩ ᠶᠦᠩ ᠵᠢᠶᠦ᠋ᠨ    ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠭᠡ ᠮᠡᠷᠭᠡᠵᠢᠯ ᠤᠨ ᠲᠣᠪᠴᠢᠶᠠᠨ ᠤ ᠲᠣᠪᠴᠢᠶᠠᠨ ᠳᠠᠷᠤᠭ᠎ᠠ         ᠵᠣᠣ ᠭᠦᠸᠧ ᠴᠧᠨ     ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶᠠᠨ ᠤ ᠲᠣᠪᠴᠢᠶᠠᠨ ᠳᠠᠷᠤᠭ᠎ᠠ         ᠭᠤᠤ  ᠹᠧᠩ         ᠬᠤᠰᠢᠭᠤᠨ ᠤ ᠠᠵᠤ ᠦᠢᠯᠡᠳᠪᠦᠷᠢ ᠪᠠ ᠰᠤᠷᠠᠭ ᠵᠠᠩᠭᠢᠵᠢᠯᠲᠠ ᠶᠢᠨ ᠲᠣᠪᠴᠢᠶᠠᠨ ᠤ ᠲᠣᠪᠴᠢᠶᠠᠨ ᠳᠠᠷᠤᠭ᠎ᠠ         ᠯᠢᠦ ᠵᠢᠶᠠᠨ ᠲᠤᠤ      ᠬᠤᠰᠢᠭᠤᠨ ᠤ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ ᠶᠢᠨ ᠲᠣᠪᠴᠢᠶᠠᠨ ᠳᠠᠷᠤᠭ᠎ᠠ        ᠾᠧᠦ ᠳ᠋ᠦᠩ         ᠡᠷᠳᠡᠨᠢᠪᠤᠯᠠᠭ ᠰᠤᠮᠤᠨ ᠤ ᠨᠠᠮ ᠤᠨ ᠬᠤᠷᠢᠶᠠᠨ ᠤ ᠱᠦᠵᠢ        ᠬᠤ᠋ ᠮᠢᠩ ᠰᠢᠤ        ᠮᠢᠩᠭᠠᠨ ᠪᠠᠯᠭᠠᠰᠤᠨ ᠤ ᠨᠠᠮ ᠤᠨ ᠬᠤᠷᠢᠶᠠᠨ ᠤ ᠱᠦᠵᠢ        ᠵᠧᠩ ᠰᠢᠨ ᠱᠧᠩ      ᠪᠠᠭ᠎ᠠ ᠰᠢᠭᠡᠲᠡᠢ ᠪᠠᠯᠭᠠᠰᠤᠨ ᠤ ᠨᠠᠮ ᠤᠨ ᠬᠤᠷᠢᠶᠠᠨ ᠤ ᠱᠦᠵᠢ         ᠳ᠋ᠤᠸᠠᠨ ᠬᠤᠶ         ᠶᠡᠭᠡ ᠰᠢᠭᠡᠲᠡᠢ ᠮᠠᠯᠵᠢᠯ ᠤᠨ ᠲᠠᠯᠠᠪᠠᠶ ᠶᠢᠨ ᠨᠠᠮ ᠤᠨ  ᠬᠤᠷᠢᠶᠠᠨ ᠤ ᠱᠦᠵᠢ        ᠹᠦ᠋ ᠷᠦ᠋             ᠰᠤᠳᠠᠯ ᠶᠢᠨ ᠬᠤᠳᠳᠤᠭ ᠪᠠᠯᠭᠠᠰᠤᠨ ᠤ ᠳᠠᠷᠤᠭ᠎ᠠ         ᠨᠢᠤ ᠪᠧᠨ            ᠶᠡᠭᠡ ᠰᠢᠭᠡᠲᠡᠢ ᠪᠠᠯᠭᠠᠰᠤᠨ ᠤ ᠳᠠᠷᠤᠭ᠎ᠠ         ᠸᠠᠩ  ᠰᠢᠦᠸᠠᠨ       ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ        ᠵᠢᠶ ᠱᠢ ᠵᠢᠶᠧ        ᠬᠠᠲᠤᠨ ᠭᠤᠤᠯ ᠤᠨ ᠤᠰᠤᠯᠠᠯᠲᠠ ᠶᠢᠨ ᠤᠷᠠᠳ ᠤᠨ ᠡᠮᠦᠨᠡᠲᠦ  ᠬᠤᠰᠢᠭᠤᠨ ᠤ ᠬᠤᠪᠢᠶᠠᠷᠢ ᠲᠥᠪ ᠤᠨ ᠡᠷᠬᠢᠯᠡᠭᠴᠢ       ᠱᠢ ᠯᠸᠢ               ᠬᠤᠰᠢᠭᠤᠨ ᠤ ᠴᠠᠬᠢᠯᠭᠠᠨ ᠬᠠᠩᠭᠠᠬᠤ ᠲᠣᠪᠴᠢᠶᠠᠨ ᠤ ᠳᠠᠷᠤᠭ᠎ᠠ       ᠯᠢᠶᠠᠩ ᠶᠦᠩ ᠾᠧᠩ     ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ       ᠸᠠᠩ ᠴᠢᠤᠸᠠᠨ ᠱᠧᠩ     ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ       ᠵᠣᠣ ᠶᠦᠩ ᠱᠧᠩ       ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ       ᠢᠦᠶ ᠷᠦᠢ ᠵᠢᠶᠦ᠋ᠨ      ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠡᠳ᠋ ᠳᠠᠷᠤᠭ᠎ᠠ       ᠸᠠᠩ ᠰᠧ ᠴᠢᠩ         ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠬᠤᠶᠠᠳᠤᠭᠠᠷ ᠳᠡᠰ ᠤᠨ ᠡᠷᠬᠢᠯᠡᠭᠴᠢ  ᠠᠵᠢᠯᠲᠠᠨ       ᠪᠠᠶ ᠶᠦᠩ ᠳ᠋ᠦᠩ        ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠤᠰᠤᠨ ᠤ ᠶᠠᠪᠤᠳᠠᠯ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠲᠠᠰᠤᠭ ᠤᠨ ᠳᠠᠷᠤᠭ᠎ᠠ       ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ ᠪᠠᠶᠢᠭᠤᠯᠵᠤ᠂ ᠡᠳᠦᠷ ᠲᠤᠲᠤᠮ ᠤᠨ ᠬᠠᠮᠢᠶᠠᠷᠤᠯᠲᠠ ᠪᠠ ᠵᠣᠬᠢᠶᠠᠨ ᠪᠠᠶᠢᠭᠤᠯᠵᠤ ᠵᠣᠬᠢᠴᠠᠭᠤᠯᠬᠤ ᠵᠡᠷᠭᠡ ᠠᠵᠢᠯ ᠢ ᠬᠠᠷᠢᠭᠤᠴᠠᠨ᠎ᠠ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠸᠠᠩ ᠯᠢ ᠵᠢᠶᠦ᠋ᠨ ᠨᠥᠬᠦᠷ ᠬᠠᠪᠰᠤᠷᠭᠠᠨ ᠬᠠᠷᠢᠭᠤᠴᠠᠨ᠎ᠠ᠃       ᠶᠡᠭᠡ ᠰᠢᠭᠡᠲᠡᠢ ᠪᠠᠯᠭᠠᠰᠤᠨ ᠤ ᠳᠠᠭᠠᠭᠠᠴᠢᠯᠠᠨ ᠬᠤᠯᠪᠣᠭᠠᠯᠠᠬᠤ ᠳᠤᠭᠤᠶᠢᠯᠠᠩ᠄       ᠳᠤᠭᠤᠶᠢᠯᠠᠩ ᠤᠨ ᠳᠠᠷᠤᠭ᠎ᠠ᠄ ᠶᠠᠩ ᠭᠧᠨ ᠬᠤ᠋        ᠳᠤᠭᠤᠶᠢᠯᠠᠩ ᠤᠨ ᠳᠡᠳ᠋ ᠳᠠᠷᠤᠭ᠎ᠠ᠄ ᠨᠢᠤ ᠪᠧᠨ᠂ ᠵᠤᠤ ᠶᠦᠩ ᠱᠧᠩ        ᠪᠦᠷᠢᠯᠳᠦᠬᠦᠨ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂  ᠬᠠᠲᠤᠨ ᠭᠤᠤᠯ ᠤᠨ ᠤᠰᠤᠯᠠᠯᠲᠠ ᠶᠢᠨ ᠤᠷᠠᠳ ᠤᠨ ᠡᠮᠦᠨᠡᠲᠦ ᠬᠤᠰᠢᠭᠤᠨ ᠤ ᠬᠤᠪᠢᠶᠠᠷᠢ ᠲᠥᠪ᠂ ᠴᠠᠬᠢᠯᠭᠠᠨ ᠬᠠᠩᠭᠠᠬᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠃      ᠡᠷᠳᠡᠨᠢᠪᠤᠯᠠᠭ ᠰᠤᠮᠤ ᠶᠢᠨ ᠳᠠᠭᠠᠭᠠᠴᠢᠯᠠᠨ ᠬᠤᠯᠪᠣᠭᠠᠯᠠᠬᠤ ᠳᠤᠭᠤᠶᠢᠯᠠᠩ ᠳᠤ᠄       ᠳᠤᠭᠤᠶᠢᠯᠠᠩ ᠤᠨ ᠳᠠᠷᠤᠭ᠎ᠠ ᠄ ᠷᠧᠨ ᠶᠢᠨ ᠮᠢᠩ       ᠳᠤᠭᠤᠶᠢᠯᠠᠩ ᠤᠨ ᠳᠡᠳ᠋ ᠳᠠᠷᠤᠭ᠎ᠠ᠄ ᠾᠧᠦ ᠳ᠋ᠦᠩ᠂ ᠯᠢᠶᠠᠩ ᠶᠦᠩ ᠾᠧᠩ       ᠪᠦᠷᠢᠯᠳᠦᠬᠦᠨ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂  ᠬᠠᠲᠤᠨ ᠭᠤᠤᠯ ᠤᠨ ᠤᠰᠤᠯᠠᠯᠲᠠ ᠶᠢᠨ ᠤᠷᠠᠳ ᠤᠨ ᠡᠮᠦᠨᠡᠲᠦ ᠬᠤᠰᠢᠭᠤᠨ ᠤ ᠬᠤᠪᠢᠶᠠᠷᠢ ᠲᠥᠪ᠂ ᠴᠠᠬᠢᠯᠭᠠᠨ ᠬᠠᠩᠭᠠᠬᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠃       ᠰᠤᠳᠠᠯ ᠤᠨ ᠬᠤᠳᠳᠤᠭ ᠪᠠᠯᠭᠠᠰᠤᠨ ᠤ ᠳᠠᠭᠠᠭᠠᠴᠢᠯᠠᠨ ᠬᠤᠯᠪᠣᠭᠠᠯᠠᠬᠤ ᠳᠤᠭᠤᠶᠢᠯᠠᠩ᠄        ᠳᠤᠭᠤᠶᠢᠯᠠᠩ ᠤᠨ ᠳᠠᠷᠤᠭ᠎ᠠ᠄ ᠤᠶᠤᠨ᠎ᠠ        ᠳᠤᠭᠤᠶᠢᠯᠠᠩ ᠤᠨ ᠳᠡᠳ᠋ ᠳᠠᠷᠤᠭ᠎ᠠ᠄ ᠹᠦ᠋ ᠷᠦ᠋᠂ ᠸᠠᠩ ᠰᠧ ᠴᠢᠩ        ᠪᠦᠷᠢᠯᠳᠦᠬᠦᠨ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂  ᠬᠠᠲᠤᠨ ᠭᠤᠤᠯ ᠤᠨ ᠤᠰᠤᠯᠠᠯᠲᠠ ᠶᠢᠨ ᠤᠷᠠᠳ ᠤᠨ ᠡᠮᠦᠨᠡᠲᠦ ᠬᠤᠰᠢᠭᠤᠨ ᠤ ᠬᠤᠪᠢᠶᠠᠷᠢ ᠲᠥᠪ᠂ ᠴᠠᠬᠢᠯᠭᠠᠨ ᠬᠠᠩᠭᠠᠬᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠃       ᠮᠢᠩᠭᠠᠨ ᠪᠠᠯᠭᠠᠰᠤᠨ ᠤ ᠳᠠᠭᠠᠭᠠᠴᠢᠯᠠᠨ ᠬᠤᠯᠪᠣᠭᠠᠯᠠᠬᠤ ᠳᠤᠭᠤᠶᠢᠯᠠᠩ᠄        ᠳᠤᠭᠤᠶᠢᠯᠠᠩ ᠤᠨ ᠳᠠᠷᠤᠭ᠎ᠠ᠄ ᠬᠤᠤ ᠮᠢᠨ        ᠳᠤᠭᠤᠶᠢᠯᠠᠩ ᠤᠨ ᠳᠡᠳ᠋ ᠳᠠᠷᠤᠭ᠎ᠠ᠄ ᠬᠤ᠋ ᠮᠢᠩ ᠰᠢᠤ᠂ ᠸᠠᠩ ᠴᠢᠤᠸᠠᠨ ᠱᠧᠩ         ᠪᠦᠷᠢᠯᠳᠦᠬᠦᠨ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠬᠠᠲᠤᠨ ᠭᠤᠤᠯ ᠤᠨ ᠤᠰᠤᠯᠠᠯᠲᠠ ᠶᠢᠨ ᠤᠷᠠᠳ ᠤᠨ ᠡᠮᠦᠨᠡᠲᠦ ᠬᠤᠰᠢᠭᠤᠨ ᠤ ᠬᠤᠪᠢᠶᠠᠷᠢ ᠲᠥᠪ᠂ ᠴᠠᠬᠢᠯᠭᠠᠨ ᠬᠠᠩᠭᠠᠬᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠃       ᠪᠠᠭ᠎ᠠ ᠰᠢᠭᠡᠲᠡᠢ ᠪᠠᠯᠭᠠᠰᠤᠨ ᠤ ᠳᠠᠭᠠᠭᠠᠴᠢᠯᠠᠨ ᠬᠤᠯᠪᠣᠭᠠᠯᠠᠬᠤ ᠳᠤᠭᠤᠶᠢᠯᠠᠩ᠄        ᠳᠤᠭᠤᠶᠢᠯᠠᠩ ᠤᠨ ᠳᠠᠷᠤᠭ᠎ᠠ ᠄ ᠱᠢ ᠸᠠᠩ ᠴᠢᠩ       ᠳᠤᠭᠤᠶᠢᠯᠠᠩ ᠤᠨ ᠳᠡᠳ᠋ ᠳᠠᠷᠤᠭ᠎ᠠ᠄ ᠵᠧᠩ ᠰᠢᠨ ᠱᠧᠩ᠂ ᠢᠦᠶ ᠷᠦᠢ ᠵᠢᠶᠦ᠋ᠨ        ᠪᠦᠷᠢᠯᠳᠦᠬᠦᠨ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠵᠤ  ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠴᠠᠬᠢᠯᠭᠠᠨ ᠬᠠᠩᠭᠠᠬᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠃       ᠶᠡᠭᠡ ᠰᠢᠭᠡᠲᠡᠢ ᠮᠠᠯᠵᠢᠯ ᠤᠨ ᠲᠠᠯᠠᠪᠠᠢ ᠶᠢᠨ ᠳᠠᠭᠠᠭᠠᠴᠢᠯᠠᠨ ᠬᠤᠯᠪᠣᠭᠠᠯᠠᠬᠤ ᠳᠤᠭᠤᠢᠯᠠᠩ᠄        ᠳᠤᠭᠤᠶᠢᠯᠠᠩ ᠤᠨ ᠳᠠᠷᠤᠭ᠎ᠠ᠄ ᠭᠤᠤ ᠯᠸᠢ       ᠳᠤᠭᠤᠶᠢᠯᠠᠩ ᠤᠨ ᠳᠡᠳ᠋ ᠳᠠᠷᠤᠭ᠎ᠠ ᠄ ᠳᠤᠸᠠᠨ ᠾᠦᠢ᠂ ᠢᠦᠢ ᠷᠦᠢ ᠵᠢᠶᠦ᠋ᠨ        ᠪᠦᠷᠢᠯᠳᠦᠬᠦᠨ᠄ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ᠂ ᠴᠠᠬᠢᠯᠭᠠᠨ ᠬᠠᠩᠭᠠᠬᠤ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ᠃       ᠶᠢᠰᠦ᠂ ᠠᠵᠢᠯ ᠤᠨ ᠱᠠᠭᠠᠷᠳᠠᠯᠭ᠎ᠠ         ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠶ᠃ ᠡᠯ᠎ᠡ ᠬᠠᠮᠢᠶ᠎ᠠ ᠪᠥᠬᠦᠶ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ᠂ ᠰᠠᠯᠠᠭ᠎ᠠ ᠮᠥᠴᠢᠷ ᠤᠳ ᠤᠰᠤ ᠠᠷᠪᠢᠯᠠᠬᠤ ᠡᠭᠦᠷᠭᠡ ᠶᠢᠨ ᠲᠤᠯᠭᠠᠮ᠎ᠠ ᠴᠢᠨᠠᠷ ᠪᠠ ᠴᠢᠬᠤᠯᠠ ᠴᠢᠨᠠᠷ ᠢ  ᠭᠦᠢᠴᠡᠳ ᠲᠠᠨᠢᠵᠤ᠂ ᠢᠯᠠᠩᠭᠤᠶ᠎ᠠ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠶᠢᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢᠶᠠᠨ ᠨᠠᠷᠢᠯᠢᠬᠵᠢᠭᠤᠯᠵᠤ᠂ ᠲᠠᠷᠢᠶᠠᠯᠠᠩ ᠳᠤ ᠬᠡᠷᠡᠭᠯᠡᠬᠦ ᠤᠰᠤᠨ ᠤ ᠬᠡᠮᠵᠢᠯᠲᠡ ᠶᠢᠨ ᠬᠠᠮᠢᠶᠠᠷᠤᠯᠲᠠ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠨ᠂ ᠲᠠᠷᠢᠶᠠᠯᠠᠩ ᠤᠨ ᠤᠰᠤᠯᠠᠯᠲᠠ ᠶᠢᠨ ︽ᠶᠡᠷᠦᠩᠬᠡᠶ ᠬᠡᠮᠵᠢᠶ᠎ᠡ ᠶᠢ ᠡᠵᠡᠮᠳᠡᠬᠦ᠂ ᠨᠣᠷᠮ᠎ᠠ ᠲᠣᠭᠲᠠᠭᠠᠨ ᠬᠠᠮᠢᠶᠠᠷᠬᠤ︾ ᠶᠢ ᠡᠷᠲᠡᠬᠡᠨ ᠪᠡᠶᠡᠯᠡᠭᠦᠯᠬᠦ ᠬᠡᠷᠡᠭᠲᠡᠶ᠃      ︵ᠬᠤᠶᠠᠷ︶ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠤᠨ᠎ᠠ᠃ ᠡᠯ᠎ᠡ ᠬᠠᠮᠢᠶ᠎ᠠ ᠪᠥᠬᠦᠶ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠬᠠᠮᠢᠶ᠎ᠠ ᠪᠥᠬᠦᠶ ᠰᠤᠮᠤ ᠪᠠᠯᠭᠠᠰᠤᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠪᠥᠬᠦ ᠬᠦᠴᠦᠨ ᠢᠶᠠᠷ ᠢᠶᠠᠨ ᠬᠠᠮᠵᠢᠯᠴᠠᠵᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ᠂ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠬᠠᠭᠠᠯᠪᠤᠷᠢᠯᠠᠬᠤ᠂ ᠲᠣᠭᠲᠠᠭᠠᠯ ᠠᠴᠠ ᠵᠥᠷᠢᠴᠡᠨ ᠭᠠᠵᠠᠷ ᠳᠤᠤᠷᠠᠬᠢ ᠤᠰᠤ ᠶᠢ ᠲᠠᠲᠠᠵᠤ ᠬᠡᠷᠡᠭᠯᠡᠬᠦ  ᠦᠢᠯᠡ ᠠᠵᠢᠯᠯᠠᠭ᠎ᠠ᠂ ᠣᠶᠤᠨᠴᠢ ᠬᠡᠮᠵᠢᠯᠲᠡ ᠶᠢᠨ ᠲᠥᠬᠦᠭᠡᠷᠦᠮᠵᠢ ᠶᠢ ᠳᠤᠷ᠎ᠠ ᠪᠠᠷ ᠢᠶᠠᠨ ᠡᠪᠳᠡᠬᠦ ᠵᠡᠷᠭᠡ ᠦᠢᠯᠡ ᠠᠵᠢᠯᠯᠠᠭ᠎ᠠ ᠳᠤ ᠴᠣᠬᠢᠯᠲᠠ ᠥᠭᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠠᠷᠢᠶᠠᠯᠠᠩ ᠤᠨ ᠤᠰᠤᠯᠠᠯᠲᠠ ᠶᠢᠨ ᠣᠶᠤᠨᠴᠢ ᠬᠡᠮᠵᠢᠯᠲᠡ ᠶᠢᠨ ᠲᠥᠬᠦᠭᠡᠷᠦᠮᠵᠢ ᠶᠢᠨ ᠦᠷᠭᠦᠯᠵᠢᠯᠡᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃     ︵ᠭᠤᠷᠪᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ ᠡᠯ᠎ᠡ ᠬᠠᠮᠢᠶ᠎ᠠ ᠪᠥᠬᠦᠶ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠨᠤᠭᠤᠳ ᠣᠯᠠᠨ ᠲᠦᠮᠡᠨ ᠳᠤ ᠤᠬᠠᠭᠤᠯᠭ᠎ᠠ ᠪᠣᠯᠪᠠᠰᠤᠷᠠᠭᠤᠯᠤᠯ ᠬᠢᠬᠦ ᠡᠷᠴᠢᠮ ᠢᠶᠠᠨ ᠴᠢᠩᠭᠠᠷᠠᠭᠤᠯᠵᠤ᠂ ᠤᠯᠤᠰ ᠤᠨ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ᠂ ᠬᠡᠲᠦᠷᠡᠲᠡᠯ᠎ᠡ ᠮᠠᠯᠲᠠᠭᠰᠠᠨ ᠣᠷᠣᠨ ᠢ ᠵᠠᠰᠠᠬᠤ ᠪᠠ ᠲᠠᠷᠢᠶᠠᠯᠠᠩ ᠤᠨ ᠤᠰᠤᠯᠠᠯᠲᠠ ᠶᠢ ᠨᠠᠷᠢᠯᠢᠬᠵᠢᠭᠤᠯᠤᠨ ᠬᠠᠮᠢᠶᠠᠷᠬᠤ ᠶᠢᠨ ᠴᠢᠬᠤᠯᠠ ᠴᠢᠨᠠᠷ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠤᠬᠠᠭᠤᠯᠭ᠎ᠠ ᠥᠷᠨᠢᠭᠦᠯᠵᠦ᠂ ᠣᠯᠠᠨ ᠲᠦᠮᠡᠨ ᠢ ᠬᠠᠪᠰᠤᠷᠤᠨ ᠤᠰᠤ ᠶᠢ ᠠᠷᠪᠢᠯᠠᠨ ᠬᠡᠷᠡᠭᠯᠡᠬᠦ᠂ ᠠᠮᠢ ᠠᠬᠤᠶ ᠶᠢ ᠬᠠᠮᠠᠭᠠᠯᠠᠬᠤ ᠦᠵᠡᠯ ᠤᠬᠠᠮᠰᠠᠷ ᠢ ᠪᠣᠶ ᠪᠣᠯᠭᠠᠵᠤ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ ᠬᠡᠷᠡᠭᠲᠡᠶ᠃ ᠡᠭᠦᠨ ᠤ ᠬᠠᠮᠲᠤ᠂ ᠲᠠᠷᠢᠶᠠᠴᠢᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠳᠤᠰᠤᠯᠭᠠᠨ ᠤᠰᠤᠯᠠᠬᠤ ᠮᠡᠷᠭᠡᠵᠢᠯ ᠢ ᠵᠥᠪ ᠬᠡᠷᠡᠭᠯᠡᠭᠦᠯᠵᠦ᠂ ᠢᠯᠠᠩᠭᠤᠶ᠎ᠠ ᠬᠤᠳᠳᠤᠭ ᠤᠨ ᠳᠠᠷᠤᠭ᠎ᠠ ᠳᠤ ᠲᠤᠰᠬᠠᠶ ᠪᠣᠯᠪᠠᠰᠤᠷᠠᠭᠤᠯᠤᠯ ᠬᠢᠵᠦ᠂ ᠬᠤᠪᠢᠶᠠᠷᠢᠯᠠᠬᠤ ᠤᠰᠤᠨ ᠤ ᠬᠡᠮᠵᠢᠶ᠎ᠡ ᠶᠢ ᠦᠨᠳᠦᠰᠦᠯᠡᠨ ᠵᠦᠢ ᠵᠣᠬᠢᠰᠲᠠᠶ ᠤᠰᠤᠯᠠᠵᠤ᠂ ᠤᠰᠤᠨ ᠤ ᠡᠬᠢ ᠪᠠᠶᠠᠯᠢᠭ ᠢ ᠪᠦᠷᠢᠯᠭᠡᠨ ᠰᠦᠢᠳᠬᠡᠬᠦ ᠶᠢ ᠪᠠᠭᠠᠰᠬᠠᠬᠤ ᠬᠡᠷᠡᠭᠲᠡᠶ᠃      ︵ᠳᠥᠷᠪᠡ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠎ᠠ᠃ ᠤᠳᠤᠷᠢᠳᠬᠤ ᠳᠤᠭᠤᠶᠢᠯᠠᠩ ᠤᠨ ᠠᠯᠪᠠᠨ ᠬᠡᠷ ᠨᠢ ᠲᠣᠭᠲᠠᠮᠠᠯ ᠬᠤᠭᠤᠴᠠᠭ᠎ᠠ ᠲᠠᠢ ᠪᠠᠷ ᠡᠯ᠎ᠡ ᠵᠦᠢᠯ ᠤᠨ ᠠᠵᠢᠯ ᠤᠨ ᠠᠬᠢᠴᠠ ᠶᠢᠨ ᠪᠠᠶᠢᠳᠠᠯ ᠳᠤ ᠲᠣᠬᠢᠷᠠᠭᠤᠯᠤᠯᠲᠠ ᠬᠢᠬᠦ ᠪᠠ ᠮᠡᠳᠡᠭᠡᠯᠡᠵᠦ᠂ ᠵᠠᠰᠠᠭ ᠤᠨ ᠣᠷᠳᠣᠨ ᠤ ᠠᠯᠪᠠᠨ ᠬᠡᠷ ᠨᠢ ᠲᠠᠷᠢᠶᠠᠯᠠᠩ ᠤᠨ ᠤᠰᠤ  ᠶᠢ ᠠᠷᠪᠢᠯᠠᠬᠤ ᠠᠵᠢᠯ ᠢ ᠠᠬᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠭᠤᠤᠯᠳᠠᠯᠭ᠎ᠠ ᠪᠠᠨ ᠪᠣᠯᠭᠠᠵᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠰᠢᠮᠳᠠᠭᠤᠯᠤᠨ ᠪᠠᠶᠢᠴᠠᠭᠠᠬᠤ ᠬᠡᠷᠡᠭᠲᠡᠶ᠃ ᠡᠯ᠎ᠡ ᠬᠠᠮᠢᠶ᠎ᠠ ᠪᠥᠬᠦᠶ ᠰᠤᠮᠤ ᠪᠠᠯᠭᠠᠰᠤ᠂ ᠲᠠᠷᠢᠶᠠᠯᠠᠩ ᠮᠠᠯᠵᠢᠯ ᠤᠨ ᠲᠠᠯᠠᠪᠠᠶ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ᠂ ᠱᠠᠭᠠᠷᠳᠠᠯᠭ᠎ᠠ ᠶᠣᠰᠣᠭᠠᠷ ᠬᠠᠮᠢᠶ᠎ᠠ ᠪᠥᠬᠦᠶ ᠡᠭᠦᠷᠭᠡ ᠪᠠᠨ ᠪᠡᠶᠡᠯᠡᠭᠦᠯᠵᠦ ᠳᠡᠶᠢᠯᠦᠭᠰᠡᠨ ᠥᠬᠡᠶ ᠪᠣᠯ ᠪᠠᠶᠢᠳᠠᠯ ᠢ ᠨᠢ ᠦᠵᠡᠵᠦ ᠪᠠᠶᠢᠭᠠᠳ ᠬᠠᠮᠢᠶ᠎ᠠ ᠪᠥᠬᠦᠶ ᠬᠠᠷᠢᠭᠤᠴᠠᠯᠭ᠎ᠠ ᠶᠢ ᠨᠡᠬᠡᠮᠵᠢᠯᠡᠨ᠎ᠡ᠃            
ᠢᠷᠡᠯᠲᠡ᠄ ᠤᠷᠠᠳ ᠤᠨ ᠡᠮᠦᠨᠡᠲᠦ ᠬᠤᠰᠢᠭᠤᠨ ᠤ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ