【 ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠳᠠᠬᠢ ᠠᠶᠠᠯᠠᠯ】︽ᠶᠡᠷᠦᠩᠬᠡᠢ ᠱᠦᠵᠢ ᠪᠢᠳᠡᠨ ᠳᠤ ᠨᠢᠭᠡᠨ ᠲᠠᠩᠰᠠ ᠪᠤᠳᠤᠵᠤ ᠥᠭᠪᠡ︾ — ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨᠰᠤᠬᠠᠢ ᠶᠢᠨ ᠡᠮᠦᠨ᠎ᠡ ᠬᠥᠪᠡᠭᠡᠨ ᠳᠠᠬᠢ ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠲᠤ ᠰᠢᠨᠵᠢᠯᠡᠨ ᠪᠠᠶᠢᠴᠠᠭᠠᠭᠰᠠᠨ ᠲᠤᠬᠠᠢ ᠡᠷᠭᠢᠵᠦ ᠰᠤᠷᠪᠤᠯᠵᠢᠯᠠᠭᠰᠠᠨ ᠲᠡᠮᠳᠡᠭᠯᠡᠯ
ᠨᠡᠶᠢᠲᠡᠯᠡᠭᠰᠡᠨ ᠴᠠᠭ᠄
2023/6/15
      ᠰᠢᠨᠵᠢᠯᠡᠨ ᠪᠠᠶᠢᠴᠠᠭᠠᠭᠰᠠᠨ ᠴᠡᠭ᠄      ᠤᠯᠠᠭᠠᠨᠰᠤᠬᠠᠢ ᠶᠢᠨ ᠡᠮᠦᠨ᠎ᠡ ᠬᠥᠪᠡᠭᠡᠨ ᠳᠠᠬᠢ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ     ᠬᠦᠷᠢᠶᠡᠯᠡᠩ ᠲᠣᠭᠤᠷᠢᠭ ᠤᠨ ᠶᠡᠷᠦᠩᠬᠡᠢ ᠲᠠᠯᠠᠪᠠᠶ ᠨᠢ 9800 ᠮᠦ ᠪᠠᠶᠢᠵᠤ᠂ ᠡᠭᠦᠨ ᠳᠤ ᠭᠤᠣᠯ ᠲᠣᠭᠤᠷᠢᠭ ᠤᠨ ᠲᠠᠯᠠᠪᠠᠶ ᠨᠢ 4000 ᠮᠦ᠂ ᠨᠥᠯᠥᠭᠡᠯᠡᠨ ᠳᠠᠶᠢᠴᠢᠯᠠᠭᠰᠠᠨ ᠲᠠᠯᠠᠪᠠᠶ ᠨᠢ 5800 ᠮᠦ ᠪᠠᠶᠢᠵᠤ᠂ ᠬᠦᠷᠢᠶᠡᠯᠡᠩ ᠲᠣᠭᠤᠷᠢᠭ ᠨᠢ ︽ᠠᠵᠤ ᠠᠬᠤᠶᠢᠯᠠᠯ + ᠰᠠᠭᠤᠷᠢᠨ + ᠰᠢᠨᠵᠢᠯᠡᠬᠦ ᠤᠬᠠᠭᠠᠨ ᠤ ᠰᠤᠳᠤᠯᠭᠠᠨ ᠤ ᠳᠡᠭᠡᠳᠦ ᠰᠤᠷᠭᠠᠭᠤᠯᠢ + ᠨᠡᠶᠢᠭᠡᠮᠴᠢᠯᠡᠭᠰᠡᠨ ᠦᠢᠯᠡᠴᠢᠯᠡᠭᠡ︾ ᠶᠢᠨ ᠵᠠᠭᠪᠤᠷ ᠢᠶᠠᠷ ᠠᠵᠢᠯᠯᠠᠵᠤ ᠪᠤᠢ᠃      ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠲᠤ 12 ᠲᠣᠭᠤᠷᠢᠭ ᠪᠠᠭᠲᠠᠵᠤ᠂ ᠡᠷᠳᠡᠨᠢ ᠰᠢᠰᠢ᠂ ᠬᠤᠯᠤ᠂ ᠪᠤᠭᠤᠳᠠᠢ ᠳᠤ ᠢᠵᠢ ᠪᠦᠷᠢᠳᠦᠭᠦᠯᠦᠨ ᠯᠠᠵᠤᠤ ᠳᠠᠷᠢᠬᠤ ᠵᠡᠷᠭᠡ ᠲᠤᠷᠰᠢᠯᠲᠠ ᠶᠢᠨ ᠲᠣᠭᠤᠷᠢᠭ ᠪᠠᠶᠢᠭᠤᠯᠵᠤ᠂ ᠳᠣᠬᠢᠭᠤᠷ ᠲᠤᠯᠤᠭᠠᠨ ᠣᠲᠣ ᠵᠠᠮᠴᠢᠯᠠᠭ᠎ᠠ ᠶᠢᠨ ᠵᠢᠯᠣᠭᠤᠴᠢ ᠦᠭᠡᠢ ᠲᠠᠷᠢᠶᠠᠯᠠᠩ ᠤᠨ ᠮᠠᠰᠢᠨ ᠢᠶᠠᠷ ᠳᠠᠷᠢᠬᠤ᠂ ᠣᠶᠤᠨᠴᠢ ᠪᠠᠷ ᠤᠰᠤᠯᠠᠬᠤ᠂ ᠵᠢᠯᠣᠭᠤᠴᠢ ᠦᠭᠡᠢ ᠨᠢᠰᠬᠡᠯ ᠢᠶᠠᠷ ᠲᠠᠷᠢᠮᠠᠯ ᠢ ᠬᠠᠮᠠᠭᠠᠯᠠᠬᠤ ᠵᠡᠷᠭᠡ ᠮᠡᠷᠭᠡᠵᠢᠯ ᠢ ᠬᠡᠷᠡᠭᠯᠡᠵᠦ᠂ ᠲᠠᠷᠢᠶᠠᠨ ᠭᠠᠵᠠᠷ ᠤᠨ ᠨᠠᠷᠢᠯᠢᠭ ᠣᠨᠣᠴᠠᠲᠠᠢ ᠳᠠᠷᠢᠵᠤ ᠬᠠᠮᠢᠶᠠᠷᠬᠤ ᠶᠢ ᠠᠬᠢᠭᠤᠯᠵᠠᠢ᠃ ᠲᠠᠷᠢᠶᠠᠯᠠᠩ ᠤᠨ ᠥᠨᠳᠥᠷ ᠤᠨᠠᠯᠲᠠ ᠲᠠᠢ᠂ ᠴᠢᠨᠠᠷ ᠰᠠᠶᠢᠲᠠᠢ᠂ ᠥᠨᠳᠥᠷ ᠪᠦᠲᠦᠮᠵᠢᠲᠡᠶ ᠬᠥᠭᠵᠢᠯᠲᠡ ᠶᠢ ᠠᠬᠢᠭᠤᠯᠤᠭᠰᠠᠨ ᠰᠠᠭᠤᠷᠢᠨ ᠳᠡᠭᠡᠷ᠎ᠡ᠂ ᠪᠣᠷᠳᠣᠭᠤᠷ ᠢ ᠬᠢᠵᠠᠭᠠᠷᠯᠠᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠨ ᠡᠮ ᠢ ᠬᠢᠵᠠᠭᠠᠷᠯᠠᠨ ᠬᠤᠣᠷᠳᠠᠯ ᠢ ᠪᠠᠭᠠᠰᠬᠠᠬᠤ᠂ ᠤᠰᠤ ᠶᠢ ᠬᠢᠵᠠᠭᠠᠷᠯᠠᠨ ᠬᠤᠷᠣᠭᠳᠠᠯ ᠢ ᠪᠠᠭᠠᠰᠬᠠᠬᠤ᠂ ᠰᠦᠯᠢᠶᠥᠦ ᠪᠦᠷᠬᠦᠪᠴᠢ ᠶᠢ ᠬᠢᠵᠠᠭᠠᠷᠯᠠᠨ ᠦᠷ᠎ᠡ ᠠᠰᠢᠭ ᠢ ᠳᠡᠭᠡᠭᠰᠢᠯᠡᠭᠦᠯᠭᠦ ᠶᠢ ᠪᠡᠶᠡᠯᠡᠭᠦᠯᠪᠡ᠃ ᠮᠦ ᠳᠤᠮᠳᠠᠴᠢ ᠶᠢᠨ ᠬᠢᠮᠢ ᠶᠢᠨ ᠪᠣᠷᠳᠣᠭᠤᠷ᠂ ᠲᠠᠷᠢᠶᠠᠨ ᠡᠮ ᠬᠡᠷᠡᠭᠯᠡᠬᠦ ᠬᠡᠮᠵᠢᠶ᠎ᠡ ᠶᠢ 10 % ᠪᠠᠷ ᠪᠠᠭᠠᠰᠬᠠᠵᠤ᠂ ᠬᠠᠷᠢᠴᠠᠭᠤᠯᠤᠭᠰᠠᠨ ᠣᠷᠣᠨ ᠤ ᠬᠢ ᠠᠴᠠ ᠤᠨᠠᠯᠳᠠ ᠶᠢ ᠨᠢ 15 % ᠭᠠᠷᠤᠢ ᠨᠡᠮᠡᠭᠳᠡᠭᠦᠯᠪᠡ᠃ 

内蒙调研1.1.png

     

      ᠣᠳᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠤᠨ ᠪᠤᠭᠤᠳᠠᠢ ᠶᠢᠨ ᠲᠠᠷᠢᠶᠠᠨ ᠤ ᠤᠷᠭᠤᠴᠠ ᠶᠡᠭᠡ ᠰᠠᠶᠢᠨ ᠪᠠᠶᠢᠨ᠎ᠠ

     ︽ᠪᠣᠭᠤᠮᠲᠠ ᠶᠢᠨ ᠭᠠᠳᠠᠨᠠᠬᠢ ᠠᠮᠤ ᠪᠤᠳᠠᠭ᠎ᠠ︾ ᠶᠢ ᠰᠠᠶᠢᠲᠤᠷ ᠲᠠᠷᠢᠵᠤ 

     ︽ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠶᠢ ᠡᠯᠪᠡᠭ ᠲᠠᠩᠰᠤᠭ ᠪᠣᠯᠭᠠᠨ᠎ᠠ

      ᠥᠪᠥᠷ ᠮᠣᠩᠭᠤᠯ ᠪᠣᠯ ᠳᠤᠮᠳᠠᠳᠤ ᠤᠯᠤᠰ ᠤᠨ ︽ᠠᠮᠤ ᠶᠢᠨ ᠰᠠᠩ︾ ᠪᠣᠯᠣᠨ᠎ᠠ᠃

      ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠪᠣᠯᠤᠭᠰᠠᠨ ᠤ ᠬᠤᠪᠢ ᠳᠤ᠂ ᠥᠪᠥᠷ

ᠮᠣᠩᠭᠤᠯ ︽ᠭᠠᠵᠠᠷ᠂ ᠤᠰᠤ᠂ ᠦᠷ᠎ᠡ︾ ᠪᠠ ︽ᠠᠮᠤ᠂ ᠮᠢᠬ᠎ᠠ᠂ ᠰᠦ︾ ᠶᠢᠨ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠤ ᠪᠤᠳᠠᠭᠠᠨ ᠤ ᠮᠦ

ᠨᠢᠭᠡᠴᠢ ᠶᠢᠨ ᠤᠨᠠᠯᠲᠠ ᠶᠢ ᠳᠠᠭᠢᠨ ᠳᠡᠭᠡᠭᠰᠢᠯᠡᠭᠦᠯᠭᠦ ᠶᠢ ᠠᠬᠢᠭᠤᠯᠪᠠ᠃

     — 2021 ᠣᠨ ᠳᠤ᠂ ᠳᠤᠮᠳᠠᠳᠤ ᠤᠯᠤᠰ · ᠥᠪᠥᠷ ᠮᠣᠩᠭᠤᠯ ᠤᠨ ᠠᠮᠤ ᠪᠤᠳᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠵᠢᠭᠠᠯᠲᠠ ᠲᠤᠭ᠎ᠠ 125.85

ᠴᠡᠭ ᠲᠤ ᠬᠦᠷᠴᠦ᠂ ᠳᠡᠭᠡᠷ᠎ᠡ ᠵᠢᠯ ᠤᠨ ᠬᠢ ᠠᠴᠠ 4.77 % ᠪᠠᠷ ᠨᠡᠮᠡᠭᠳᠡᠪᠡ᠃ 

     — 2022 ᠣᠨ ᠳᠤ᠂ ᠥᠪᠥᠷ ᠮᠣᠩᠭᠤᠯ ᠤᠨ ᠠᠮᠤ ᠪᠤᠳᠠᠭᠠᠨ ᠤ ᠤᠨᠠᠯᠲᠠ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ᠂ 780 .1 ᠳ᠋ᠦᠩᠰᠢᠭᠤᠷ

ᠵᠢᠩ ᠳᠤ ᠬᠦᠷᠴᠦ᠂ ᠨᠡᠮᠡᠭᠳᠡᠯ ᠤᠨ ᠬᠡᠮᠵᠢᠶ᠎ᠡ ᠨᠢ 1.6 % ᠳᠤ ᠬᠦᠷᠴᠦ᠂ ᠶᠡᠷᠦᠩᠬᠡᠢ ᠤᠨᠠᠯᠲᠠ ᠨᠢ ᠪᠦᠭᠦ ᠤᠯᠤᠰ ᠲᠤ ᠵᠢᠷᠭᠤᠳᠤᠭᠠᠷ ᠲᠤ ᠣᠷᠣᠪᠠ᠃ 

     — ᠥᠪᠥᠷ ᠮᠣᠩᠭᠤᠯ ᠪᠣᠯ ᠪᠦᠭᠦ ᠤᠯᠤᠰ ᠤᠨ ᠠᠮᠤ ᠪᠤᠳᠠᠭᠠᠨ ᠤ ᠭᠤᠣᠯᠳᠠᠯᠭ᠎ᠠ ᠲᠠᠢ ᠦᠢᠯᠡᠳᠪᠦᠷᠢᠯᠡᠯ ᠤᠨ 13 ᠮᠤᠵᠢ ᠣᠷᠣᠨ ᠤ ᠨᠢᠭᠡ ᠪᠠᠶᠢᠵᠤ᠂ ᠠᠮᠤ

ᠪᠤᠳᠠᠭᠠᠨ ᠤ ᠦᠢᠯᠡᠳᠪᠦᠷᠢᠯᠡᠯ ︽ᠠᠷᠪᠠ ᠶᠢᠰᠦᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠪᠠ︾᠃

     — ᠲᠠᠷᠢᠮᠠᠯ ᠢ ᠲᠠᠷᠢᠵᠤ ᠬᠤᠷᠢᠶᠠᠬᠤ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠨᠣᠷᠮ᠎ᠠ 2017 ᠣᠨ ᠳᠤ 83.5 % ᠪᠠᠶᠢᠭᠰᠠᠨ ᠠᠴᠠ ᠪᠠᠨ 2022

ᠣᠨ ᠳᠤ 87 % ᠪᠣᠯᠵᠤ ᠳᠡᠭᠡᠭᠰᠢᠯᠡᠪᠡ᠃

     — ᠮᠠᠯ ᠠᠵᠤ ᠠᠬᠤᠢ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠤᠪᠢ ᠨᠡᠮᠡᠷᠢ ᠶᠢᠨ ᠨᠣᠷᠮ᠎ᠠ 2017 ᠣᠨ ᠳᠤ 54. 5 %

ᠪᠠᠶᠢᠭᠰᠠᠨ ᠠᠴᠠ ᠪᠠᠨ 2022 ᠣᠨ ᠳᠤ 61 % ᠪᠣᠯᠵᠤ ᠳᠡᠭᠡᠭᠰᠢᠯᠡᠪᠡ᠃

     — ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠠᠶᠢᠴᠠᠭᠠᠨ ᠬᠡᠮᠵᠢᠯᠲᠡ ᠳᠤ ᠬᠢᠷᠢ ᠲᠡᠩᠴᠡᠭᠰᠡᠨ

ᠨᠣᠷᠮ᠎ᠠ ᠢᠮᠠᠭᠲᠠ 98% ᠠᠴᠠ ᠳᠡᠭᠡᠭᠰᠢ ᠳᠤ ᠲᠣᠭᠲᠠᠪᠤᠷᠢᠵᠢᠵᠤ᠂ ᠪᠦᠭᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠠᠶᠢᠨ᠎ᠠ᠃

      — ᠬᠢᠮᠢ ᠶᠢᠨ ᠪᠣᠷᠳᠣᠭᠤᠷ ᠲᠠᠷᠢᠶᠠᠨ ᠡᠮ ᠬᠡᠷᠡᠭᠯᠡᠬᠦ ᠬᠡᠮᠵᠢᠶ᠎ᠡ 4 ᠵᠢᠯ ᠳᠠᠷᠠᠭᠠᠯᠠᠨ ᠰᠥᠭᠡᠷᠭᠦ ᠨᠡᠮᠡᠭᠳᠡᠯ ᠢᠶᠠᠨ ᠪᠠᠲᠤᠯᠠᠵᠤ᠂ ᠰᠦᠯᠢᠶᠥᠦ ᠪᠦᠷᠬᠦᠪᠴᠢ᠂ ᠡᠰᠢ

ᠰᠦᠷᠡᠯ ᠢ ᠬᠤᠷᠢᠶᠠᠨ ᠠᠪᠴᠤ ᠠᠰᠢᠭᠯᠠᠬᠤ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃

      ᠲᠤᠭ᠎ᠠ ᠪᠠᠷᠢᠮᠲᠠ ᠪᠣᠯ ᠥᠪᠥᠷ ᠮᠣᠩᠭᠤᠯ ᠤᠨ ᠠᠮᠤ ᠪᠤᠳᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠭᠡᠷᠡᠴᠢ ᠪᠤᠯᠬᠤ ᠪᠥᠭᠡᠳ ᠥᠪᠥᠷ ᠮᠣᠩᠭᠤᠯ ᠤᠨ ︽

ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠶᠢ ᠰᠠᠶᠢᠲᠤᠷ ᠠᠪᠴᠤ ᠶᠠᠪᠤᠬᠤ ᠰᠢᠨ᠎ᠡ ᠡᠭᠦᠷᠭᠡᠯᠡᠯ ᠢ ᠡᠭᠦᠷᠭᠡᠯᠡᠵᠦ ᠪᠠᠶᠢᠭ᠎ᠠ ᠶᠢᠨ ᠬᠠᠮᠤᠭ ᠤᠨ ᠰᠠᠶᠢᠨ ᠭᠡᠷᠡᠴᠢ

ᠪᠣᠯᠣᠨ᠎ᠠ᠃ ᠥᠪᠥᠷ ᠮᠣᠩᠭᠤᠯ ᠤᠨ ᠠᠮᠤ ᠪᠤᠳᠠᠭᠠᠨ ᠤ ᠴᠢᠨᠠᠷ ᠰᠠᠶᠢᠲᠠᠢ ᠬᠥᠭᠵᠢᠯᠲᠡ ᠶᠢᠨ ᠠᠯᠬᠤᠭ᠎ᠠ ᠠᠴᠠ ᠥᠪᠥᠷ ᠮᠣᠩᠭᠤᠯ ᠤᠨ ᠪᠦᠲᠦᠴᠡ ᠶᠢ ᠲᠣᠬᠢᠷᠠᠭᠤᠯᠬᠤ᠂

ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠠᠵᠤ ᠠᠬᠤᠶᠢᠯᠠᠯ ᠢ ᠬᠦᠴᠦᠷᠬᠡᠭᠵᠢᠭᠦᠯᠬᠦ᠂ ᠬᠡᠯᠬᠢᠶ᠎ᠡ ᠶᠢ ᠤᠷᠲᠤᠳᠬᠠᠬᠤ ᠯᠠᠪᠳᠠᠭᠤᠨ ᠪᠠᠲᠤᠲᠠᠢ ᠤᠯᠠ ᠮᠥᠷ ᠲᠣᠳᠣᠬᠠᠨ

ᠬᠠᠷᠠᠭᠳᠠᠨ᠎ᠠ᠃

      ᠲᠠᠷᠢᠶᠠᠯᠠᠩ ᠪᠣᠯ ᠤᠯᠤᠰ ᠭᠦᠷᠦᠨ ᠤ ᠦᠨᠳᠦᠰᠦ ᠪᠤᠯᠠᠢ᠂ ᠦᠨᠳᠦᠰᠦ ᠪᠠᠬᠢᠵᠢᠪᠡᠰᠦ ᠤᠯᠤᠰ ᠭᠦᠷᠦᠨ ᠠᠮᠤᠭᠤᠯᠠᠩ ᠪᠣᠯᠣᠮᠤᠢ᠃ ᠨᠠᠩ ᠴᠢᠨᠠᠷ ᠰᠠᠶᠢᠲᠠᠢ᠂

ᠨᠠᠩ ᠦᠷ᠎ᠡ ᠪᠦᠲᠦᠮᠵᠢᠲᠡᠶ᠂ ᠨᠠᠩ ᠦᠷᠭᠦᠯᠵᠢᠯᠡᠬᠦ ᠬᠥᠭᠵᠢᠯᠲᠡ ᠶᠢ ᠣᠨᠢᠯᠠᠵᠤ᠂ ᠥᠪᠥᠷ ᠮᠣᠩᠭᠤᠯ ᠨᠠᠩ ᠶᠡᠭᠡ ᠡᠷᠴᠢᠮ ᠪᠠ ᠨᠠᠩ ᠪᠣᠳᠠᠲᠠᠢ ᠠᠷᠭ᠎ᠠ ᠬᠡᠮᠵᠢᠶ᠎ᠡ ᠪᠠᠷ

ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠲᠦᠷᠭᠡᠳᠬᠡᠨ ᠪᠠᠶᠢᠭᠤᠯᠵᠤ᠂ ︽

ᠪᠣᠭᠤᠮᠲᠠ ᠶᠢᠨ ᠭᠠᠳᠠᠨᠠᠬᠢ ᠠᠮᠤ︾ ᠶᠢ ᠰᠠᠶᠢᠲᠤᠷ ᠳᠠᠷᠢᠵᠤ ︽ᠳᠤᠮᠳᠠᠳᠤ ᠤᠯᠤᠰ ᠤᠨ ᠪᠤᠳᠠᠭᠠᠨ ᠠᠶᠠᠭ᠎ᠠ︾ ᠶᠢ ᠡᠯᠪᠡᠭ ᠲᠠᠩᠰᠤᠭ ᠪᠤᠯᠭᠠᠵᠤ ᠪᠤᠢ᠃ 

      ᠪᠣᠷᠣᠳᠣᠬᠤᠢ ᠶᠢᠨ ᠲᠠᠯ᠎ᠠ ᠭᠠᠵᠠᠷ ᠲᠤ ᠪᠤᠭᠤᠳᠠᠢ ᠶᠢᠨ ᠳᠠᠪᠠᠯᠭᠠᠨ ᠬᠠᠶᠠᠯᠠᠨ᠎ᠠ᠃

      ᠪᠤᠭᠤᠳᠠᠢ ᠪᠣᠯᠪᠠᠰᠤᠷᠠᠬᠤ ᠤᠯᠠᠷᠢᠯ ᠳᠤ᠂ ᠶᠠᠭ ᠪᠣᠷᠣᠳᠣᠬᠤᠢ ᠶᠢᠨ ᠲᠠᠯ᠎ᠠ ᠭᠠᠵᠠᠷ ᠤᠨ ᠪᠤᠭᠤᠳᠠᠢ ᠶᠢᠨ ᠲᠦᠷᠦᠭᠦᠦ ᠰᠠᠭᠤᠬᠤ ᠢᠳᠡᠷᠡᠭᠦᠨ ᠤᠷᠭᠤᠬᠤ

ᠦᠶ᠎ᠡ ᠳᠤ ᠲᠣᠬᠢᠶᠠᠭᠰᠠᠨ ᠢᠶᠠᠷ ᠡᠨᠡ ᠬᠦ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠡᠯᠪᠡᠭ ᠬᠤᠷᠢᠶᠠᠯᠲᠠ ᠶᠢᠨ ᠬᠦᠰᠡᠯ ᠡᠷᠡᠮᠡᠯᠵᠡᠯ ᠢ ᠬᠥᠪᠥᠷᠡᠭᠦᠯᠦᠭᠰᠡᠨ

ᠪᠠᠶᠢᠨ᠎ᠠ᠃

      6 ᠰᠠᠷ᠎ᠠ ᠶᠢᠨ 5 ᠤ ᠦᠳᠡ ᠶᠢᠨ ᠬᠤᠶᠢᠨ᠎ᠠ᠂ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ

ᠤᠯᠠᠭᠠᠨᠰᠤᠬᠠᠢ ᠶᠢᠨ ᠡᠮᠦᠨ᠎ᠡ ᠬᠥᠪᠡᠭᠡᠨ ᠳᠠᠬᠢ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠲᠤ ᠬᠦᠷᠴᠦ᠂ ᠬᠥᠷᠥᠰᠥ ᠰᠢᠷᠣᠢ᠂

ᠦᠷ᠎ᠡ ᠶᠢᠨ ᠥᠯᠢᠭᠡᠷ ᠶᠠᠩᠵᠤ ᠵᠡᠷᠭᠡ ᠶᠢᠨ ᠦᠵᠡᠭᠦᠯᠭᠡ ᠶᠢ ᠪᠠᠶᠢᠴᠠᠭᠠᠨ ᠦᠵᠡᠵᠦ᠂ ᠪᠠᠶᠠᠨᠨᠠᠭᠤᠷ ᠬᠤᠲᠠ ᠶᠢᠨ ᠬᠤᠵᠢᠷᠯᠢᠭ ᠡᠯᠡᠰᠦᠷᠬᠡᠭ ᠡᠵᠡᠭᠦᠢ ᠭᠠᠵᠠᠷ ᠢ

ᠥᠭᠡᠷᠡᠴᠢᠯᠡᠨ ᠰᠠᠶᠢᠵᠢᠷᠠᠭᠤᠯᠬᠤ ᠪᠠ ᠶᠡᠷᠦᠩᠬᠡᠶᠢᠯᠡᠨ ᠠᠰᠢᠭᠯᠠᠬᠤ᠂ ᠰᠢᠨᠵᠢᠯᠡᠬᠦ ᠤᠬᠠᠭᠠᠨᠴᠢ ᠪᠠᠷ ᠤᠰᠤᠯᠠᠬᠤ ᠶᠢ ᠠᠬᠢᠭᠤᠯᠬᠤ᠂ ᠣᠲᠣ ᠦᠶ᠎ᠡ ᠶᠢᠨ ᠲᠠᠷᠢᠶᠠᠯᠠᠩ ᠢ

ᠳᠡᠯᠭᠡᠷᠡᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ 

   

内蒙调研1.2.jpg

      ᠤᠷᠭᠤᠴᠠ ᠤᠷᠭᠤᠴᠠ ᠰᠠᠶᠢᠲᠠᠢ ᠪᠤᠭᠤᠳᠠᠢ᠂ ᠪᠤᠭᠤᠳᠠᠢ᠂ ᠯᠠᠵᠤᠤ ᠰᠠᠯᠬᠢᠨ ᠤ ᠰᠠᠯᠬᠢᠨ ᠤ ᠠᠶ᠎ᠠ ᠪᠠᠷ ᠨᠠᠶᠢᠭᠤᠨ᠎ᠠ

      ᠣᠭᠲᠠᠷᠭᠤᠢ ᠠᠴᠠ ᠬᠠᠷᠠᠬᠤᠶ᠎ᠠ᠂ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠲᠤ᠂ ᠲᠦᠮᠡᠨ ᠮᠦ ᠲᠠᠷᠢᠶᠠᠨ ᠭᠠᠵᠠᠷ ᠨᠢ

ᠶᠠᠭ ᠯᠠ ᠨᠢᠭᠡ ᠬᠡᠰᠡᠭ ᠨᠣᠭᠤᠭᠠᠨ ᠥᠩᠭᠡᠲᠦ ᠲᠣᠮᠣ ᠭᠡᠯᠪᠡᠷᠢ ᠶᠢᠨ ᠵᠢᠷᠤᠭ ᠮᠡᠲᠦ ᠪᠠᠶᠢᠪᠠ᠃

      ᠤᠷᠭᠤᠴᠠ ᠰᠠᠶᠢᠲᠠᠢ ᠡᠷᠳᠡᠨᠢ ᠰᠢᠰᠢ᠂ ᠪᠤᠭᠤᠳᠠᠢ᠂ ᠯᠠᠵᠤᠤ ᠰᠠᠯᠬᠢᠨ ᠤ ᠠᠶ᠎ᠠ ᠪᠠᠷ ᠨᠠᠶᠢᠭᠤᠨ᠎ᠠ᠃

      ᠶᠡᠷᠦᠩᠬᠡᠢ ᠱᠦᠵᠢ ᠲᠠᠷᠢᠶᠠᠨ ᠭᠠᠵᠠᠷ ᠲᠤ ᠬᠦᠷᠴᠦ᠂ ᠲᠠᠶᠢᠯᠪᠤᠷᠢᠯᠠᠬᠤ ᠶᠢ ᠰᠣᠨᠣᠰᠴᠤ᠂ ᠤᠨᠠᠯᠲᠠ ᠶᠢ ᠰᠤᠷᠠᠵᠤ᠂ ᠠᠰᠢᠭ ᠣᠷᠣᠯᠭ᠎ᠠ ᠶᠢ ᠠᠰᠠᠭᠤᠵᠤ᠂

ᠳᠤᠮᠳᠠᠳᠤ ᠤᠯᠤᠰ ᠤᠨ ᠠᠮᠤ ᠶᠢᠨ ᠰᠠᠩ᠂ ᠳᠤᠮᠳᠠᠳᠤ ᠤᠯᠤᠰ ᠤᠨ ᠪᠤᠳᠠᠭᠠᠨ ᠠᠶᠠᠭ᠎ᠠ ᠶᠢ ᠭᠦᠨ᠎ᠡ ᠬᠠᠯᠠᠮᠵᠢᠯᠠᠵᠤ ᠪᠠᠶᠢᠭ᠎ᠠ ᠨᠢ ᠢᠯᠡᠭᠡᠨ ᠪᠠᠶᠢᠯ᠎ᠠ᠃

     ︽ᠶᠡᠷᠦᠩᠬᠡᠢ ᠱᠦᠵᠢ ᠠᠮᠤ ᠪᠤᠳᠠᠭᠠᠨ ᠤ ᠠᠮᠤᠷ ᠲᠦᠪᠰᠢᠨ ᠢ ᠢᠮᠠᠭᠲᠠ ᠬᠠᠯᠠᠮᠵᠢᠯᠠᠵᠤ ᠪᠠᠶᠢᠨ᠎ᠠ︾

     ︽ᠲᠡᠭᠷᠢ ᠶᠢᠨ ᠳᠣᠣᠷᠠᠬᠢ ᠬᠠᠳᠤᠨ ᠭᠤᠣᠯ ᠤᠨ ᠤᠷᠤᠰᠬᠠᠯ ᠣᠷᠣᠨ ᠳᠤ ᠭᠠᠭᠴᠠ ᠬᠦ ᠪᠣᠷᠣᠳᠣᠬᠤᠢ ᠯᠡ ᠥᠩ ᠰᠢᠮᠡᠯᠢᠭ ᠪᠠᠶᠢᠳᠠᠭ︾᠃

     ᠪᠠᠶᠠᠨᠨᠠᠭᠤᠷ ᠬᠤᠲᠠ ᠶᠢᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠨᠢ ᠬᠠᠲᠤᠨ ᠭᠤᠣᠯ ᠤᠨ ︽ᠶᠡᠭᠡ ᠲᠣᠬᠤᠢ︾ ᠶᠢᠨ ᠦᠵᠦᠭᠦᠷ ᠲᠤ ᠪᠠᠶᠢᠷᠢᠯᠠᠵᠤ ᠪᠤᠶ᠃

ᠣᠷᠳᠣ ᠬᠤᠭᠤᠴᠠᠭᠠᠨ ᠤ ᠲᠤᠷᠰᠢ᠂ ᠬᠠᠲᠤᠨ ᠭᠤᠣᠯ ᠤᠨ ᠤᠰᠤᠯᠠᠯᠲᠠ ᠶᠢᠨ ᠠᠴᠢ ᠪᠠᠷ ᠡᠨᠡ ᠬᠡᠰᠡᠭ ᠭᠠᠵᠠᠷ ᠨᠤᠲᠤᠭ ᠣᠨᠴᠠ ᠥᠩ ᠰᠢᠮᠡᠯᠢᠭ ᠪᠠᠶᠢᠵᠠᠢ᠃

ᠭᠡᠪᠡᠴᠦ ᠥᠩᠭᠡᠷᠡᠭᠰᠡᠨ ᠤ ᠶᠡᠭᠡ ᠤᠰᠤ ᠪᠠᠷ ᠨᠠᠯᠠᠶᠢᠲᠠᠯ᠎ᠠ ᠤᠰᠤᠯᠠᠬᠤ ᠵᠡᠷᠭᠡ ᠵᠦᠢ ᠵᠣᠬᠢᠰ ᠦᠭᠡᠢ ᠤᠰᠤᠯᠠᠯᠲᠠ ᠶᠢᠨ ᠠᠷᠭ᠎ᠠ ᠭᠡᠯᠪᠡᠷᠢ ᠠᠴᠠ ᠪᠣᠯᠵᠤ᠂ ᠬᠤᠵᠢᠷᠰᠢᠯ

ᠡᠭᠦᠰᠦᠭᠰᠡᠨ ᠵᠢᠴᠢ ᠲᠠᠷᠢᠶᠠᠯᠠᠩ ᠤᠨ ᠣᠯᠠᠨ ᠡᠬᠢᠲᠦ ᠪᠣᠬᠢᠷᠳᠤᠯ ᠵᠡᠷᠭᠡ ᠠᠰᠠᠭᠤᠳᠠᠯ ᠢ ᠪᠤᠶ ᠪᠣᠯᠭᠠᠵᠠᠢ᠃

     ᠶᠡᠷᠦᠩᠬᠡᠢ ᠱᠦᠵᠢ ᠰᠢ ᠶᠢᠨ ᠫᠢᠩ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠤᠵᠢᠷᠯᠢᠭ ᠡᠯᠡᠰᠦᠷᠬᠡᠭ ᠡᠵᠡᠭᠦᠢ ᠭᠠᠵᠠᠷ ᠢ ᠰᠠᠶᠢᠵᠢᠷᠠᠭᠤᠯᠤᠭᠰᠠᠨ

ᠪᠠᠶᠢᠳᠠᠯ ᠢ ᠲᠦᠢᠯ ᠢᠶᠠᠷ ᠬᠠᠯᠠᠮᠵᠢᠯᠠᠵᠤ ᠪᠠᠶᠢᠯ᠎ᠠ᠃

     ︽ᠠᠷᠪᠠ ᠭᠠᠷᠤᠢ ᠵᠢᠯ ᠤᠨ ᠲᠤᠷᠰᠢ᠂ ᠪᠢᠳᠡ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠭᠤᠯᠤᠨ᠂ ᠤᠰᠤᠯᠠᠬᠤ ᠪᠠ

ᠤᠰᠤ ᠵᠠᠯᠠᠬᠤ ᠶᠢ ᠢᠵᠢ ᠪᠦᠷᠢᠳᠦᠭᠦᠯᠬᠦ᠂ ᠯᠠᠶᠢᠳᠠᠬᠤ ᠪᠠ ᠤᠰᠤᠯᠠᠬᠤ ᠵᠢᠴᠢ ᠤᠰᠤ ᠵᠠᠯᠠᠬᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠤᠵᠢᠷᠯᠢᠭ

ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠰᠢᠨ᠎ᠡ ᠮᠡᠷᠭᠡᠵᠢᠯ ᠢ ᠶᠡᠭᠡ ᠪᠠᠷ ᠳᠡᠯᠭᠡᠷᠡᠭᠦᠯᠦᠨ ᠬᠡᠷᠡᠭᠯᠡᠭᠰᠡᠨ ᠤ ᠵᠡᠷᠭᠡ ᠪᠠᠷ ᠵᠠᠷᠢᠮ ᠬᠤᠵᠢᠷᠯᠢᠭ ᠲᠤ ᠳᠠᠭᠠᠭᠠᠮᠠᠭᠠᠢ

ᠲᠠᠷᠢᠮᠠᠯ ᠢ ᠪᠤᠶᠢᠵᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠨᠡᠶᠢᠳᠡᠮ ᠳᠡᠭᠡᠭᠰᠢᠯᠡᠭᠦᠯᠪᠡ︾᠃ ᠤᠷᠠᠳ ᠤᠨ ᠡᠮᠦᠨᠡᠲᠦ ᠬᠤᠰᠢᠭᠤᠨ ᠤ ᠨᠠᠮ ᠤᠨ ᠬᠤᠷᠢᠶ᠎ᠠ ᠶᠢᠨ

ᠱᠦᠵᠢ ᠰᠣᠶᠣᠯᠲᠤ ᠶᠡᠷᠦᠩᠬᠡᠢ ᠱᠦᠵᠢ ᠳᠤ ᠤᠷᠠᠳ ᠤᠨ ᠡᠮᠦᠨᠡᠲᠦ ᠬᠤᠰᠢᠭᠤᠨ ᠤ ᠦᠨᠳᠦᠰᠦᠨ ᠪᠠᠶᠢᠳᠠᠯ ᠪᠣᠯᠣᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ

ᠬᠤᠵᠢᠷᠯᠢᠭ ᠭᠠᠵᠠᠷ ᠢ ᠰᠠᠶᠢᠵᠢᠷᠠᠭᠤᠯᠤᠭᠰᠠᠨ ᠬᠠᠮᠢᠶ᠎ᠠ ᠪᠦᠬᠦᠢ ᠪᠠᠶᠢᠳᠠᠯ ᠢ ᠬᠠᠷᠢᠭᠤ ᠮᠡᠳᠡᠭᠦᠯᠪᠡ᠃ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽

ᠭᠠᠶᠢᠬᠠᠮᠰᠢᠭ︾ ᠤᠨ ᠠᠴᠢ ᠪᠠᠷ ᠪᠣᠷᠣᠳᠣᠬᠤᠢ ᠶᠢᠨ ᠤᠰᠤᠯᠠᠯᠲᠠ ᠶᠢᠨ ᠣᠷᠣᠨ ᠬᠤᠵᠢᠷᠯᠢᠭ ᠭᠠᠵᠠᠷ ᠤᠨ ᠠᠮᠢ ᠠᠬᠤᠢ ᠶᠢᠨ ᠥᠨᠳᠥᠷ ᠪᠦᠲᠦᠮᠵᠢᠲᠡᠢ ᠲᠠᠷᠢᠶᠠᠯᠠᠩ ᠤᠨ

ᠬᠥᠭᠵᠢᠯᠲᠡ ᠶᠢᠨ ᠵᠠᠮ ᠢ ᠨᠡᠭᠡᠭᠡᠭᠰᠡᠨ ᠪᠠᠶᠢᠨ᠎ᠠ᠃

      ᠡᠳᠡᠭᠡᠷ ᠠᠷᠭ᠎ᠠ ᠪᠠᠷᠢᠯ ᠪᠠ ᠠᠷᠭ᠎ᠠ ᠬᠡᠮᠵᠢᠶ᠎ᠡ ᠶᠢ ᠰᠣᠨᠣᠰᠤᠭᠠᠳ ᠶᠡᠷᠦᠩᠬᠡᠢ ᠱᠦᠵᠢ ᠮᠠᠭᠲᠠᠨ ᠰᠠᠶᠢᠰᠢᠶᠠᠵᠤ ᠲᠣᠯᠣᠭᠠᠢ ᠳᠣᠬᠢᠪᠠ᠃

      ᠲᠠᠷᠢᠶᠠᠨ ᠳᠠᠬᠢ ᠨᠢᠭᠡ ᠵᠢᠵᠢᠭ ᠰᠢᠷᠡᠭᠡᠨ ᠳᠡᠭᠡᠷ᠎ᠡ ᠬᠥᠷᠥᠰᠥ ᠰᠢᠷᠣᠢ ᠪᠠ ᠦᠷ᠎ᠡ ᠶᠢᠨ ᠶᠠᠩᠵᠤ ᠶᠢ ᠲᠠᠯᠪᠢᠵᠤ ᠪᠠᠶᠢᠯ᠎ᠠ᠃ ︽ᠠᠳᠡᠬᠢ ᠮᠠᠰᠢ ᠣᠯᠠᠨ ᠦᠷ᠎ᠡ ᠶᠢ

ᠪᠣᠯ ᠴᠥᠮ ᠪᠢᠳᠡᠨ ᠤ ᠡᠨᠡ ᠬᠦ ᠲᠤᠷᠰᠢᠯᠲᠠ ᠶᠢᠨ ᠲᠠᠷᠢᠶᠠᠨ ᠳᠠᠭᠠᠨ ᠥᠪᠡᠷ ᠢᠶᠠᠨ ᠪᠤᠶᠢᠵᠢᠭᠤᠯᠤᠭᠰᠠᠨ ᠭᠡᠬᠦ ᠮᠢᠨᠤ ᠬᠡᠯᠡᠬᠦ ᠶᠢ ᠰᠣᠨᠣᠰᠤᠭᠠᠳ ᠶᠡᠷᠤᠨᠬᠭᠡᠢ ᠱᠦᠵᠢ

ᠡᠲᠡᠭᠡᠷ ᠦᠷ᠎ᠡ ᠶᠢ ᠳᠡᠯᠭᠡᠷᠡᠭᠦᠯᠦᠭᠰᠡᠨ ᠪᠠᠶᠢᠳᠠᠯ ᠪᠠ ᠳᠠᠪᠠᠭᠤᠯᠢᠭ ᠢ ᠨᠠᠷᠢᠨ ᠠᠰᠠᠭᠤᠪᠠ︾᠃ ᠶᠡᠷᠦᠩᠬᠡᠢ ᠱᠦᠵᠢ ᠳᠤ ᠬᠠᠷᠢᠭᠤ ᠮᠡᠳᠡᠭᠦᠯᠬᠦ ᠳᠡᠭᠡᠨ᠂ ᠶᠡᠷᠦᠩᠬᠡᠢ ᠱᠦᠵᠢ

ᠰᠠᠶᠢᠨ ᠡᠭᠦᠯᠳᠡᠷ ᠢ ᠪᠤᠶᠢᠵᠢᠭᠤᠯᠬᠤ ᠪᠠ ᠳᠡᠯᠭᠡᠷᠡᠭᠦᠯᠬᠦ ᠶᠢ ᠣᠨᠴᠠᠭᠠᠶᠢᠯᠠᠨ ᠠᠩᠬᠠᠷᠴᠤ ᠪᠠᠶᠢᠭᠰᠠᠨ ᠢ ᠰᠣᠶᠣᠯᠲᠤ ᠲᠣᠪ ᠲᠣᠳᠣᠷᠬᠠᠢ ᠴᠡᠭᠡᠵᠢᠯᠡᠭᠰᠡᠭᠡᠷ ᠪᠠᠶᠢᠯ᠎ᠠ᠃

      ᠰᠣᠶᠣᠯᠲᠤ᠂ ᠬᠦᠷᠢᠶᠡᠯᠡᠩ ᠲᠣᠭᠤᠷᠢᠭ ᠲᠤ ᠳᠠᠷᠢᠭᠰᠠᠨ ᠪᠤᠭᠤᠳᠠᠢ ᠪᠣᠯ ︽ᠪᠠ ᠮᠠᠢ 13 ᠳ᠋ᠤᠭᠠᠷ︾ ᠪᠣᠯᠣᠨ᠎ᠠ᠂ ᠭᠠᠷᠤᠯᠲᠠ ᠥᠨᠳᠥᠷ᠂ ᠳᠠᠭᠠᠭᠠᠮᠠᠭᠠᠢ

ᠴᠢᠨᠠᠷ ᠢᠶᠠᠷ ᠴᠢᠩᠭ᠎ᠠ᠂ ᠠᠰᠢᠭ ᠣᠯᠵᠠᠪᠤᠷᠢ ᠰᠠᠶᠢᠨ ᠪᠠᠶᠢᠵᠤ᠂ ᠣᠨᠴᠠᠭᠠᠶᠢᠯᠠᠨ ᠪᠣᠷᠣᠳᠣᠬᠤᠢ ᠣᠷᠣᠨ ᠳᠤ ᠳᠠᠷᠢᠬᠤ ᠳᠤ ᠮᠠᠰᠢ ᠲᠣᠬᠢᠷᠠᠮᠵᠢᠲᠠᠢ᠂ ᠶᠠᠭ ᠪᠣᠷᠣᠳᠣᠬᠤᠢ

ᠣᠷᠣᠨ ᠳᠤ ᠶᠡᠭᠡ ᠬᠡᠪᠴᠢᠶ᠎ᠡ ᠪᠠᠷ ᠳᠡᠯᠭᠡᠷᠡᠭᠦᠯᠵᠦ ᠪᠠᠶᠢᠨ᠎ᠠ ᠭᠡᠵᠦ ᠲᠠᠨᠢᠯᠴᠠᠭᠤᠯᠪᠠ᠃

      ᠶᠡᠷᠦᠩᠬᠡᠢ ᠱᠦᠵᠢ᠂ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠨᠢ ᠣᠲᠣ ᠦᠶ᠎ᠡ ᠶᠢᠨ ᠲᠠᠷᠢᠶᠠᠯᠠᠩ ᠢ ᠳᠡᠯᠭᠡᠷᠡᠭᠦᠯᠬᠦ ᠲᠠᠯ᠎ᠠ ᠪᠠᠷ ᠦᠢᠯᠡᠳᠦᠯ ᠢᠶᠠᠨ ᠦᠨᠡᠨ

ᠬᠦ ᠪᠠᠳᠠᠷᠠᠭᠤᠯᠵᠤ᠂ ᠠᠳᠡ ᠲᠣᠬᠢᠷᠠᠮᠵᠢᠲᠠᠢ ᠦᠷ᠎ᠡ ᠡᠭᠦᠯᠳᠡᠷ᠂ ᠮᠡᠷᠭᠡᠵᠢᠯ ᠪᠠ ᠲᠠᠷᠢᠶᠠᠯᠠᠬᠤ ᠠᠷᠭ᠎ᠠ ᠭᠡᠯᠪᠡᠷᠢ ᠶᠢ ᠲᠠᠰᠤᠷᠠᠯᠲᠠ ᠦᠭᠡᠢ ᠬᠠᠶᠢᠨ ᠰᠦᠪᠡᠭᠴᠢᠯᠡᠵᠦ᠂

ᠥᠪᠡᠷ ᠤᠨ ᠥᠷᠲᠡᠭ ᠢ ᠪᠠᠭᠤᠷᠠᠭᠤᠯᠤᠨ᠂ ᠦᠷ᠎ᠡ ᠠᠰᠢᠭ ᠢ ᠳᠡᠭᠡᠭᠰᠢᠯᠡᠭᠦᠯᠵᠦ᠂ ᠲᠡᠷᠡ ᠬᠡᠪ ᠢᠶᠠᠷ ᠨᠢ ᠳᠡᠯᠭᠡᠷᠡᠭᠦᠯᠵᠦ ᠪᠤᠯᠬᠤ ᠲᠤᠷᠰᠢᠯᠭ᠎ᠠ ᠶᠢ ᠪᠦᠷᠢᠯᠳᠦᠭᠦᠯᠬᠦ

ᠬᠡᠷᠡᠭᠲᠡᠢ ᠭᠡᠵᠦ ᠵᠢᠭᠠᠵᠤ ᠭᠠᠷᠭᠠᠪᠠ᠃

     ︽ᠪᠢᠳᠡ ᠬᠦᠷᠢᠶᠡᠯᠡᠩ ᠲᠣᠭᠤᠷᠢᠭ ᠤᠨ ᠨᠡᠶᠢᠲᠡᠯᠢᠭ ᠵᠢᠱᠢᠶ᠎ᠡ ᠪᠠᠷ ᠬᠥᠲᠥᠯᠥᠨ ᠳᠠᠭᠠᠭᠤᠯᠬᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠰᠠᠶᠢᠲᠤᠷ

ᠪᠠᠳᠠᠷᠠᠭᠤᠯᠵᠤ᠂ ᠣᠲᠣ ᠦᠶ᠎ᠡ ᠶᠢᠨ ᠲᠠᠷᠢᠶᠠᠯᠠᠩ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠵᠦ ᠬᠥᠭᠵᠢᠬᠦ ᠶᠢ ᠠᠬᠢᠭᠤᠯᠬᠤ ᠴᠢᠬᠤᠯᠠᠲᠠᠢ︾ ᠭᠡᠵᠦ ᠰᠣᠶᠣᠯᠲᠤ

ᠢᠯᠡᠳᠬᠡᠪᠡ᠃ 

     ︽ᠶᠡᠷᠦᠩᠬᠡᠢ ᠱᠦᠵᠢ ᠠᠮᠤ ᠪᠤᠳᠠᠭᠠᠨ ᠤ ᠠᠮᠤᠷ ᠲᠦᠪᠰᠢᠨ ᠢ ᠢᠮᠠᠭᠲᠠ ᠬᠠᠯᠠᠮᠵᠢᠯᠠᠵᠤ ᠪᠠᠶᠢᠨ᠎ᠠ︾᠃ ᠶᠡᠷᠦᠩᠬᠡᠢ ᠱᠦᠵᠢ ᠲᠠᠢ ᠰᠠᠨᠠᠯ ᠢᠶᠠᠨ ᠰᠣᠯᠢᠯᠴᠠᠬᠤ ᠪᠠᠷ

ᠳᠡᠮᠵᠢᠨ᠂ ᠰᠣᠶᠣᠯᠲᠤ ᠡᠨᠡ ᠲᠤᠬᠠᠢ ᠭᠦᠨ ᠲᠥᠷᠥᠭᠳᠡᠯ ᠲᠠᠢ ᠪᠣᠯᠪᠠ᠃ 

     ᠤᠷᠠᠳ ᠤᠨ ᠡᠮᠦᠨᠡᠲᠦ ᠬᠤᠰᠢᠭᠤ ᠪᠣᠯ ᠪᠠᠶᠠᠨᠨᠠᠭᠤᠷ ᠬᠤᠳᠠ ᠶᠢᠨ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠪᠣᠯᠣᠨ᠎ᠠ᠂ ᠰᠣᠶᠣᠯᠲᠤ ᠵᠠᠮ ᠲᠤᠷᠰᠢ

ᠬᠠᠷᠢᠭᠤ ᠮᠡᠳᠡᠭᠦᠯᠦᠯᠲᠡ ᠬᠢᠭᠰᠡᠨ ᠪᠥᠭᠡᠳ ᠰᠤᠷᠭᠠᠯ ᠢ ᠨᠢ ᠰᠣᠨᠣᠰᠴᠤ᠂ ᠡᠷᠴᠢ ᠵᠣᠷᠢᠭ ᠨᠢ ᠬᠥᠪᠴᠢᠯᠡᠭᠳᠡᠬᠦ ᠶᠢᠨ ᠵᠡᠷᠭᠡ ᠪᠠᠷ᠂ ᠮᠥᠷᠥᠨ ᠳᠡᠭᠡᠷᠡᠬᠢ

ᠬᠠᠷᠢᠭᠤᠴᠠᠯᠭ᠎ᠠ ᠨᠢ ᠴᠤ ᠨᠡᠩ ᠬᠦᠨᠳᠦ ᠪᠣᠯᠤᠭᠰᠠᠨ ᠢ ᠤᠬᠠᠭᠠᠷᠠᠵᠠᠢ᠃ 

     ︽ᠪᠢᠳᠡ ᠶᠡᠷᠦᠩᠬᠡᠢ ᠱᠦᠵᠢ ᠶᠢᠨ ᠡᠨᠡ ᠤᠳᠠᠭ᠎ᠠ ᠶᠢᠨ ᠰᠢᠨᠵᠢᠯᠡᠨ ᠪᠠᠶᠢᠴᠠᠭᠠᠯᠲᠠ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ

ᠲᠤᠭᠤᠰᠢᠯᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠬᠤᠵᠢᠷᠯᠢᠭ ᠭᠠᠵᠠᠷ ᠢ ᠰᠠᠶᠢᠵᠢᠷᠠᠭᠤᠯᠬᠤ ᠶᠢ ᠦᠷᠭᠦᠯᠵᠢᠯᠡᠨ

ᠠᠬᠢᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠭᠦ ᠶᠢ ᠴᠢᠩᠭ᠎ᠠ ᠠᠳᠬᠤᠵᠤ᠂ ᠣᠲᠣ ᠦᠶ᠎ᠡ ᠶᠢᠨ ᠲᠠᠷᠢᠶᠠᠯᠠᠩ ᠢ ᠶᠡᠭᠡ ᠪᠠᠷ ᠬᠥᠭᠵᠢᠭᠦᠯᠵᠦ᠂

ᠬᠡᠪᠴᠢᠶᠡᠵᠢᠭᠰᠡᠨ ᠡᠵᠡᠩᠨᠡᠯᠲᠡ ᠪᠠ ᠨᠡᠶᠢᠭᠡᠮᠴᠢᠯᠡᠭᠰᠡᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠦᠨ᠎ᠡ᠃ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ

ᠨᠡᠮᠡᠭᠳᠡᠭᠦᠯᠬᠦ᠂ ᠦᠷ᠎ᠡ ᠠᠰᠢᠭ ᠴᠢᠳᠠᠪᠤᠷᠢ ᠶᠢ ᠳᠡᠭᠡᠭᠰᠢᠯᠡᠭᠦᠯᠭᠦ᠂ ᠲᠠᠷᠢᠶᠠᠴᠢᠳ ᠲᠤ ᠠᠰᠢᠭ ᠲᠤᠰᠠ ᠣᠯᠭᠤᠬᠤ ᠬᠠᠷᠠᠯᠲᠠ ᠶᠢ ᠪᠡᠶᠡᠯᠡᠭᠦᠯᠬᠦ ᠲᠠᠢ ᠤᠶᠠᠯᠳᠤᠭᠤᠯᠤᠨ᠂

ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂

ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ︾᠃

     ︽ᠶᠡᠷᠦᠩᠬᠡᠢ ᠱᠦᠵᠢ ᠪᠢᠳᠡᠨ ᠳᠤ ᠨᠢᠭᠡᠨ ᠲᠠᠩᠰᠠ ᠪᠤᠳᠤᠵᠤ ᠥᠭᠪᠡ︾

     ᠵᠢᠱᠢᠶ᠎ᠡ ᠦᠵᠡᠭᠦᠯᠭᠦ ᠬᠦᠷᠢᠶᠡᠯᠡᠩ ᠤᠨ ᠪᠤᠭᠤᠳᠠᠢ ᠶᠢᠨ ᠲᠠᠷᠢᠶᠠᠨ ᠳᠤ ᠯᠠᠵᠤᠤ ᠶᠢ ᠲᠤᠬᠤᠵᠤ ᠳᠠᠷᠢᠭᠰᠠᠨ ᠲᠤᠷᠰᠢᠯᠲᠠ ᠶᠢᠨ ᠲᠠᠷᠢᠶ᠎ᠠ ᠳᠤ᠂ ᠮᠥᠷ ᠮᠥᠷ

ᠲᠦᠷᠦᠭᠦᠦ ᠰᠠᠭᠤᠭᠰᠠᠨ ᠪᠤᠭᠤᠳᠠᠢ ᠪᠠ ᠤᠷᠭᠤᠴᠠ ᠨᠢ ᠶᠠᠭ ᠰᠠᠶᠢᠨ ᠪᠠᠶᠢᠭ᠎ᠠ ᠯᠠᠵᠤᠤ ᠬᠠᠷᠠᠭᠳᠠᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠠᠶᠢᠯ᠎ᠠ᠃

     ︽ᠶᠡᠷᠦᠩᠬᠡᠢ ᠱᠦᠵᠢ ᠮᠠᠨ ᠤ ᠲᠤᠷᠰᠢᠯᠲᠠ ᠶᠢᠨ ᠲᠠᠷᠢᠶᠠᠨ ᠳᠤ ᠢᠷᠡᠯ᠎ᠡ︾ ᠭᠡᠵᠦ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠤ ᠲᠠᠷᠢᠶᠠᠯᠠᠩ

ᠮᠠᠯ ᠠᠵᠤ ᠠᠬᠤᠢ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠡᠷᠭᠢᠯᠡᠭᠴᠢ᠂ ᠳᠡᠯᠭᠡᠷᠡᠭᠦᠯᠬᠦ ᠶᠢ ᠰᠤᠳᠤᠯᠤᠭᠴᠢ ᠯᠢᠦ ᠵᠢᠶᠦ᠋ᠨ ᠶᠡᠷᠦᠩᠬᠡᠢ ᠱᠦᠵᠢ ᠰᠢ ᠶᠢᠨ ᠫᠢᠩ ᠲᠠᠢ

ᠠᠭᠤᠯᠵᠠᠭᠰᠠᠨ ᠴᠠᠭ ᠮᠥᠴᠡ ᠪᠠᠨ ᠶᠠᠷᠢᠬᠤ ᠳᠠᠭᠠᠨ ᠮᠥᠨ ᠬᠦ ᠰᠡᠳᠬᠢᠯ ᠳᠣᠭᠳᠣᠯᠵᠤ ᠪᠠᠶᠢᠪᠠ᠃ ᠲᠡᠷᠡ ᠶᠡᠷᠦᠩᠬᠡᠢ ᠱᠦᠵᠢ ᠳᠤ ᠪᠤᠭᠤᠳᠠᠢ ᠶᠢᠨ ᠲᠠᠷᠢᠶᠠᠨ ᠳᠤ

ᠯᠠᠵᠤᠤ ᠲᠤᠬᠤᠵᠤ ᠲᠠᠷᠢᠬᠤ ᠵᠠᠭᠪᠤᠷ ᠤᠨ ᠤᠭ ᠶᠣᠰᠣ ᠪᠣᠯᠣᠨ ᠳᠠᠪᠠᠭᠤᠯᠢᠭ ᠢ ᠬᠠᠷᠢᠭᠤ ᠮᠡᠳᠡᠭᠦᠯᠵᠦ᠂ ᠶᠡᠷᠦᠩᠬᠡᠢ ᠱᠦᠵᠢ ᠶᠢᠨ ᠡᠶᠡᠯᠰᠡᠭ ᠳᠣᠲᠣᠨᠣ ᠵᠠᠩ ᠠᠭᠠᠰᠢ ᠶᠢ

ᠭᠦᠨᠵᠡᠭᠡᠢ ᠣᠶᠢᠯᠠᠭᠠᠨ ᠮᠡᠳᠡᠪᠡ᠃

      ᠡᠶᠢᠮᠦ ᠪᠤᠭᠤᠳᠠᠢ ᠨᠢ ᠨᠢᠭᠡ ᠮᠦ ᠲᠠᠷᠢᠶᠠᠨ ᠠᠴᠠ ᠬᠡᠳᠦᠢ ᠵᠢᠩ ᠬᠤᠷᠢᠶᠠᠵᠤ ᠳᠡᠶᠢᠯᠭᠦ ᠪᠤᠶ︖

      ︽ᠪᠢᠳᠡ ᠳᠣᠬᠢᠭᠤᠷ ᠳᠤᠯᠤᠭᠠᠨ ᠤᠳᠤ ᠠᠶᠠᠯᠠᠯ ᠵᠠᠯᠠᠬᠤ ᠠᠦ᠋ᠲ᠋ᠣ᠋ ᠲᠠᠷᠢᠶᠠᠯᠠᠭ᠎ᠠ᠂ ᠣᠶᠤᠨᠴᠢ ᠤᠰᠤᠯᠠᠯᠲᠠ ᠵᠡᠷᠭᠡ ᠰᠢᠨ᠎ᠡ ᠮᠡᠷᠭᠡᠵᠢᠯ ᠢ ᠬᠡᠷᠡᠭᠯᠡᠪᠡ᠂

ᠣᠳᠣᠬᠠᠨ ᠳᠤ ︿ᠪᠠ ᠮᠠᠢ 13 ᠳ᠋ᠤᠭᠠᠷ﹀ ᠤᠨ ᠡᠭᠦᠯᠳᠡᠷ ᠤᠨ ᠪᠤᠭᠤᠳᠠᠢ ᠶᠢᠨ ᠮᠦ ᠪᠦᠷᠢ ᠶᠢᠨ ᠤᠨᠠᠯᠲᠠ ᠨᠢ 1100 ᠵᠢᠩ ᠳᠤ ᠬᠦᠷᠴᠦ ᠪᠠᠶᠢᠨ᠎ᠠ︾ ᠭᠡᠵᠦ ᠯᠢᠦ

ᠵᠢᠶᠦ᠋ᠨ ᠶᠡᠷᠦᠩᠬᠡᠢ ᠱᠦᠵᠢ ᠳᠤ ᠬᠠᠷᠢᠭᠤ ᠮᠡᠳᠡᠭᠦᠯᠪᠡ᠃ 

      ᠡᠶᠢᠮᠦᠷᠬᠦᠦ ᠪᠤᠭᠤᠳᠠᠢ ᠶᠢᠨ ᠲᠠᠷᠢᠶᠠᠨ ᠳᠤ ᠯᠠᠵᠤᠤ ᠶᠢ ᠲᠤᠬᠤᠵᠤ ᠲᠠᠷᠢᠬᠤ ᠠᠷᠭ᠎ᠠ ᠭᠡᠯᠪᠡᠷᠢ ᠨᠢ ᠶᠠᠮᠠᠷ ᠰᠠᠶᠢᠨ ᠲᠠᠯ᠎ᠠ ᠲᠠᠢ ᠪᠤᠢ︖

      ︽ᠢᠩᠭᠢᠵᠦ ᠲᠠᠷᠢᠬᠤ ᠨᠢ ᠴᠠᠭ ᠤᠨ ᠵᠥᠷᠢᠶ᠎ᠡ᠂ ᠣᠷᠣᠨ ᠵᠠᠢ ᠶᠢᠨ ᠵᠥᠷᠢᠶ᠎ᠡ ᠶᠢ ᠭᠦᠢᠴᠡᠳ ᠠᠰᠢᠭᠯᠠᠵᠤ᠂ ᠲᠠᠷᠢᠮᠠᠯ ᠢ ᠨᠠᠩ ᠰᠠᠶᠢᠨ ᠤᠷᠭᠤᠭᠤᠯᠵᠤ᠂ ᠭᠠᠵᠠᠷ

ᠰᠢᠷᠣᠢ ᠶᠢᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠵᠦ ᠴᠢᠳᠠᠨ᠎ᠠ︾᠃ ᠯᠢᠦ ᠵᠢᠶᠦ᠋ᠨ᠂ ᠪᠣᠷᠣᠳᠣᠬᠤᠢ ᠣᠷᠣᠨ ᠳᠤ᠂ ᠪᠤᠭᠤᠳᠠᠢ ᠶᠢ ᠵᠢᠯ ᠪᠦᠷᠢ ᠶᠢᠨ 3

ᠰᠠᠷ᠎ᠠ ᠶᠢᠨ 20 ᠤ ᠡᠳᠦᠷ ᠠᠴᠠ ᠡᠬᠢᠯᠡᠨ ᠳᠠᠷᠢᠵᠤ᠂ ᠴᠢᠬᠢ ᠭᠠᠷᠬᠤ ᠬᠤᠭᠤᠴᠠᠭ᠎ᠠ ᠨᠢ 4 ᠰᠠᠷ᠎ᠠ ᠶᠢᠨ 15 ᠤ ᠡᠳᠦᠷ ᠣᠷᠴᠢᠮ ᠪᠠᠶᠢᠵᠤ᠂ ᠯᠠᠵᠤᠤ ᠶᠢ 5

ᠰᠠᠷ᠎ᠠ ᠶᠢᠨ 15 ᠤ ᠡᠳᠦᠷ ᠣᠷᠴᠢᠮ ᠰᠢᠯᠵᠢᠭᠦᠯᠦᠨ ᠵᠠᠶᠢᠯᠠᠨ᠎ᠠ᠂ ᠲᠡᠭᠡᠪᠡᠯ ᠪᠤᠭᠤᠳᠠᠢ 4 ᠰᠠᠷ᠎ᠠ ᠶᠢᠨ 15 ᠤ ᠡᠳᠦᠷ ᠠᠴᠠ 5 ᠰᠠᠷ᠎ᠠ ᠶᠢᠨ 15 ᠤ ᠡᠳᠦᠷ ᠪᠤᠯᠲᠠᠯᠠᠭᠢ

ᠬᠤᠭᠤᠴᠠᠭᠠᠨ ᠳᠤ ᠲᠤᠰᠠᠭᠠᠷ ᠨᠢᠭᠡ ᠰᠠᠷ᠎ᠠ ᠤᠷᠭᠤᠵᠤ᠂ ᠵᠠᠬ᠎ᠠ ᠶᠢᠨ ᠭᠡᠷᠡᠯ ᠤᠨ ᠡᠨᠧᠷᠭᠢ ᠪᠠ ᠬᠥᠷᠥᠰᠥᠨ ᠤ ᠰᠢᠮ᠎ᠡ ᠲᠡᠵᠢᠭᠡᠯ ᠤᠨ ᠨᠥᠬᠦᠴᠡᠯ ᠰᠠᠶᠢᠨ ᠪᠠᠶᠢᠳᠠᠭ᠂

ᠡᠭᠦᠨ ᠢ ᠵᠠᠬ᠎ᠠ ᠶᠢᠨ ᠳᠠᠪᠠᠭᠤᠯᠢᠭ ᠭᠡᠳᠡᠭ᠃ ᠪᠤᠭᠤᠳᠠᠢ ᠶᠢᠨ ᠬᠤᠷᠢᠶᠠᠯᠲᠠ ᠶᠢᠨ ᠤᠯᠠᠷᠢᠯ ᠨᠢ 7 ᠰᠠᠷ᠎ᠠ ᠶᠢᠨ 25 ᠤ ᠡᠳᠦᠷ ᠠᠴᠠ ᠰᠡᠭᠦᠯᠡᠷ ᠪᠠᠶᠢᠵᠤ᠂ ᠪᠤᠭᠤᠳᠠᠢ ᠶᠢ

ᠬᠠᠳᠤᠭᠰᠠᠨ ᠤ ᠳᠠᠷᠠᠭ᠎ᠠ ᠶᠠᠭ ᠰᠠᠶᠢᠬᠠᠨ ᠯᠠᠵᠤᠤ ᠰᠠᠶᠢᠨ ᠤᠷᠭᠤᠬᠤ ᠬᠤᠭᠤᠴᠠᠭ᠎ᠠ ᠪᠣᠯᠣᠨ᠎ᠠ᠂ ᠪᠤᠭᠤᠳᠠᠢ ᠦᠭᠡᠢ ᠪᠣᠯ ᠯᠠᠵᠤᠤ ᠨᠢ ᠪᠠᠰᠠ ᠵᠠᠬ᠎ᠠ ᠶᠢᠨ

ᠳᠠᠪᠠᠭᠤᠯᠢᠭ ᠠᠴᠠ ᠪᠣᠯᠵᠤ ᠤᠨᠠᠯᠲᠠ ᠨᠢ ᠳᠡᠭᠡᠭᠰᠢᠯᠡᠳᠡᠭ ᠭᠡᠵᠦ ᠲᠠᠨᠢᠯᠴᠠᠭᠤᠯᠪᠠ᠃

      ᠪᠤᠭᠤᠳᠠᠢ ᠲᠠᠷᠢᠪᠠᠯ ᠮᠦ ᠪᠦᠷᠢ ᠶᠢᠨ ᠠᠰᠢᠭ ᠣᠷᠣᠯᠭ᠎ᠠ ᠨᠢ ᠬᠡᠳᠦᠢ ᠪᠤᠢ︖ ᠪᠤᠭᠤᠳᠠᠢ ᠶᠢᠨ ᠲᠠᠷᠢᠶᠠᠨ ᠳᠤ ᠯᠠᠵᠤᠤ ᠶᠢ ᠲᠤᠬᠤᠵᠤ ᠲᠠᠷᠢᠪᠠᠯ ᠠᠰᠢᠭ

ᠣᠷᠣᠯᠭ᠎ᠠ ᠨᠢ ᠬᠡᠳᠦᠢ ᠪᠣᠯᠵᠤ ᠲᠡᠶᠢᠯᠭᠦ ᠪᠤᠢ︖

      ︽ᠮᠠᠨ ᠤ ᠣᠲᠣ ᠶᠢᠨ ᠳᠠᠷᠢᠬᠤ ᠬᠢᠷᠢ ᠲᠦᠪᠰᠢᠨ ᠢᠶᠠᠷ᠂ ᠮᠦ ᠪᠦᠷᠢ ᠶᠢᠨ ᠪᠤᠭᠤᠳᠠᠢ ᠶᠢᠨ ᠣᠷᠣᠯᠭ᠎ᠠ 1300 ᠲᠥᠭᠦᠷᠢᠭ ᠲᠤ ᠭᠦᠷᠦᠨ᠎ᠡ᠂ ᠭᠡᠪᠡᠴᠦ

ᠡᠨᠡ ᠨᠢ ᠳᠤᠮᠳᠠᠴᠢ ᠬᠢᠷᠢ ᠲᠦᠪᠰᠢᠨ ᠪᠢᠰᠢ᠂ ᠤᠴᠢᠷ ᠨᠢ ᠮᠠᠨ ᠤ ᠠᠳᠡ ᠪᠣᠯ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠪᠣᠯᠬᠤᠷ ᠤᠨᠠᠯᠲᠠ ᠨᠢ ᠥᠨᠳᠥᠷ ᠰᠢᠭ

ᠪᠠᠶᠢᠳᠠᠭ᠃ ᠪᠤᠭᠤᠳᠠᠢ ᠶᠢᠨ ᠲᠠᠷᠢᠶᠠᠨ ᠳᠤ ᠯᠠᠵᠤᠤ ᠶᠢ ᠲᠤᠬᠤᠵᠤ ᠲᠠᠷᠢᠬᠤ ᠡᠨᠡ ᠬᠦ ᠲᠠᠷᠢᠮᠠᠯ ᠤᠨ ᠭᠡᠯᠪᠡᠷᠢ ᠨᠢ ᠮᠦ ᠪᠦᠷᠢ ᠠᠴᠠ 2000 ᠲᠥᠭᠦᠷᠢᠭ ᠤᠨ ᠣᠷᠣᠯᠭ᠎ᠠ

ᠢᠯᠡᠭᠦᠦ ᠣᠯᠵᠤ᠂ ᠠᠰᠢᠭ ᠣᠯᠵᠠᠪᠤᠷᠢ ᠨᠢ 3300 ᠲᠥᠭᠦᠷᠢᠭ ᠲᠤ ᠬᠦᠷᠬᠦ ᠪᠣᠯᠣᠨ᠎ᠠ︾᠃

     ︽ᠶᠡᠷᠦᠩᠬᠡᠢ ᠱᠦᠵᠢ ᠰᠣᠨᠣᠰᠤᠭᠠᠳ ᠮᠠᠰᠢ ᠪᠠᠶᠠᠷᠯᠠᠵᠤ᠂ ᠤᠯᠠᠨ ᠲᠠᠢ ᠬᠠᠮᠲᠤ ᠣᠷᠣᠯᠭ᠎ᠠ ᠶᠢᠨ ᠨᠡᠮᠡᠭᠳᠡᠯ ᠤᠨ ᠲᠠᠩᠰᠠ ᠪᠤᠳᠤᠪᠠ᠃ ᠶᠡᠷᠦᠩᠬᠡᠢ ᠱᠦᠵᠢ

ᠭᠦᠨᠵᠡᠭᠡᠢ ᠠᠰᠠᠭᠤᠵᠤ᠂ ᠴᠠᠭᠠᠨ᠎ᠠ ᠨᠢ ᠭᠠᠷᠳᠠᠯ᠎ᠠ ᠶᠠᠷᠢᠪᠠ᠂ ᠶᠣᠰᠣᠲᠠᠢ ᠴᠠᠭᠠᠷᠠᠭᠰᠠᠨ ᠬᠥᠮᠥᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠮᠠᠰᠢ

ᠠᠩᠬᠠᠷᠴᠤ᠂ ᠭᠠᠵᠠᠷ ᠰᠢᠷᠣᠢ᠂ ᠲᠠᠷᠢᠶᠠᠴᠢᠳ ᠲᠤ ᠬᠠᠶᠢᠷ᠎ᠠ ᠰᠡᠳᠬᠢᠯᠭᠡ ᠲᠠᠢ ᠪᠠᠶᠢᠳᠠᠭ︾ ᠭᠡᠵᠦ ᠯᠢᠦ ᠵᠢᠶᠦ᠋ᠨ ᠶᠡᠷᠦᠩᠬᠡᠢ ᠱᠦᠵᠢ ᠲᠠᠢ ᠰᠠᠨᠠᠯ ᠢᠶᠠᠨ ᠰᠣᠯᠢᠯᠴᠠᠬᠤ

ᠦᠶ᠎ᠡ ᠶᠢᠨ ᠪᠠᠶᠢᠳᠠᠯ ᠢᠶᠠᠨ ᠡᠷᠭᠢᠴᠡᠭᠦᠯᠦᠨ ᠲᠥᠷᠥᠭᠳᠡᠯ ᠭᠦᠨ ᠬᠡᠯᠡᠪᠡ᠃

      2019 ᠣᠨ ᠳᠤ᠂ ᠶᠡᠷᠦᠩᠬᠡᠢ ᠱᠦᠵᠢ ᠰᠢ ᠶᠢᠨ ᠫᠢᠩ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ᠂ ᠹᠧᠨ ᠾᠧ ᠭᠤᠣᠯ ᠸᠧᠢ ᠾᠧ ᠭᠤᠣᠯ ᠤᠨ

ᠲᠠᠯ᠎ᠠ ᠭᠠᠵᠠᠷ ᠵᠡᠷᠭᠡ ᠠᠮᠤ ᠪᠤᠳᠠᠭᠠᠨ ᠤ ᠭᠤᠣᠯ ᠭᠠᠷᠤᠯᠲᠠ ᠶᠢᠨ ᠣᠷᠣᠨ ᠳᠤ ᠤᠳᠤ ᠦᠶ᠎ᠡ ᠶᠢᠨ ᠲᠠᠷᠢᠶᠠᠯᠠᠩ ᠢ ᠬᠥᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ

ᠶᠠᠰᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ ᠭᠡᠵᠦ ᠳᠤᠷᠠᠳᠪᠠ᠃ ᠣᠶᠢᠷ᠎ᠠ ᠶᠢᠨ ᠵᠢᠯ ᠠᠴᠠ ᠨᠠᠭᠠᠰᠢ᠂ ᠪᠠᠶᠠᠨᠨᠠᠭᠤᠷ ᠬᠤᠲᠠ ᠥᠨᠳᠥᠷ ᠪᠠᠷᠢᠮᠵᠢᠶᠠᠲᠤ ᠲᠠᠷᠢᠶᠠᠨ

ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠦᠭᠦ ᠬᠦᠴᠦᠨ ᠢᠶᠠᠷ ᠢᠶᠠᠨ ᠬᠡᠷᠡᠭᠵᠢᠭᠦᠯᠵᠦ᠂ ᠭᠠᠵᠠᠷ ᠰᠢᠷᠣᠢ ᠶᠢᠨ ᠭᠠᠷᠤᠯᠲᠠ ᠶᠢᠨ ᠨᠣᠷᠮ᠎ᠠ ᠶᠢ ᠲᠠᠰᠤᠷᠠᠯᠲᠠ ᠦᠭᠡᠢ

ᠳᠡᠭᠡᠭᠰᠢᠯᠡᠭᠦᠯᠵᠦ᠂ ᠤᠰᠤ ᠠᠷᠪᠢᠯᠠᠬᠤ᠂ ᠭᠠᠵᠠᠷ ᠰᠢᠷᠣᠢ ᠶᠢ ᠨᠡᠮᠡᠭᠳᠡᠭᠦᠯᠬᠦ᠂ ᠤᠨᠠᠯᠲᠠ ᠶᠢ ᠨᠡᠮᠡᠭᠳᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ ᠵᠡᠷᠭᠡ ᠠᠯᠢ ᠣᠯᠠᠨ ᠦᠷ᠎ᠡ

ᠪᠦᠲᠦᠮᠵᠢ ᠣᠯᠵᠠᠢ᠂ ᠡᠭᠦᠨ ᠤ ᠠᠷᠤ ᠳᠤ᠂ ᠯᠢᠦ ᠵᠢᠶᠦ᠋ᠨ ᠰᠢᠭ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠲᠣᠪ ᠳᠤᠭᠤᠢ ᠪᠠᠷ ᠵᠢᠳᠬᠦᠯ ᠴᠢᠷᠮᠠᠶᠢᠯᠭ᠎ᠠ

ᠭᠠᠷᠭᠠᠭᠰᠠᠨ ᠠᠴᠠ ᠰᠠᠯᠵᠤ ᠴᠢᠳᠠᠰᠢ ᠦᠭᠡᠢ ᠶᠤᠮ᠃

      ︽ᠬᠤᠶᠢᠰᠢᠳᠠ ᠶᠢᠨ ᠡᠷᠴᠢ ᠵᠣᠷᠢᠭ ᠨᠡᠩ ᠲᠡᠭᠦᠯᠳᠡᠷ ᠪᠣᠯᠵᠠᠢ︾᠃ ᠶᠡᠷᠦᠩᠬᠡᠢ ᠱᠦᠵᠢ ᠰᠢ ᠶᠢᠨ ᠫᠢᠩ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ

ᠦᠶ᠎ᠡ ᠶᠢᠨ ᠴᠢᠬᠤᠯᠠ ᠶᠠᠷᠢᠶ᠎ᠠ ᠨᠢ ᠯᠢᠦ ᠵᠢᠶᠦ᠋ᠨ ᠳᠤ ᠲᠦᠢᠯ ᠤᠨ ᠶᠡᠭᠡ ᠵᠣᠷᠢᠭᠵᠢᠭᠤᠯᠤᠯ ᠪᠣᠯᠪᠠ᠃ ︽30 ᠭᠠᠷᠤᠢ ᠵᠢᠯ ᠠᠵᠢᠯᠯᠠᠭᠰᠠᠨ ᠦᠨᠳᠦᠰᠦᠨ ᠱᠠᠲᠤᠨ ᠤ

ᠲᠠᠷᠢᠶᠠᠯᠠᠩ ᠤᠨ ᠮᠡᠷᠭᠡᠵᠢᠯᠲᠡᠨ ᠪᠣᠯᠤᠭᠰᠠᠨ ᠤ ᠬᠤᠪᠢ ᠳᠤ᠂ ᠪᠢ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠵᠣᠷᠢᠭᠲᠠᠢ ᠪᠠᠷ ᠰᠢᠨ᠎ᠡ ᠶᠢ

ᠡᠭᠦᠳᠴᠦ᠂ ᠵᠣᠷᠢᠭᠲᠠᠢ ᠪᠠᠷ ᠪᠣᠭᠤᠮᠲᠠ ᠰᠢᠪᠲᠤᠯᠵᠤ᠂ ᠲᠠᠷᠢᠶᠠᠯᠠᠩ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠢᠭᠦᠷ ᠤᠷᠭᠤᠭᠤᠯᠵᠤ᠂ ᠲᠠᠷᠢᠶᠠᠯᠠᠩ ᠤᠨ

ᠮᠡᠷᠭᠡᠵᠢᠯ ᠤᠨ ᠳᠡᠯᠭᠡᠷᠡᠭᠦᠯᠦᠯᠲᠡ ᠶᠢ ᠢᠳᠡᠪᠬᠢᠲᠡᠢ ᠰᠠᠶᠢᠲᠤᠷ ᠬᠢᠵᠦ᠂ ᠪᠠᠶᠠᠨᠨᠠᠭᠤᠷ ᠬᠤᠳᠠ ᠶᠢᠨ ᠤᠳᠤ ᠦᠶ᠎ᠡ ᠶᠢᠨ ᠬᠥᠳᠡᠭᠡ ᠠᠵᠤ ᠠᠬᠤᠢ ᠶᠢᠨ ᠬᠥᠭᠵᠢᠯᠲᠡ ᠳᠤ

ᠥᠪᠡᠷ ᠤᠨ ᠬᠦᠴᠦᠨ ᠴᠢᠳᠠᠯ ᠢᠶᠠᠨ ᠡᠷᠭᠦᠨ᠎ᠡ︾ ᠭᠡᠵᠡᠢ᠃

      ᠬᠦᠷᠢᠶᠡᠯᠡᠩ ᠲᠣᠭᠤᠷᠢᠭ ᠤᠨ ᠲᠠᠷᠢᠶᠠᠨ ᠭᠠᠵᠠᠷ ᠢ ᠵᠥᠭᠡᠯᠡᠨ ᠰᠠᠯᠬᠢ ᠢᠯᠪᠢᠬᠦ ᠳᠤ᠂ ︽ᠪᠣᠷᠣᠳᠣᠬᠤᠢ ᠶᠢᠨ ᠠᠮᠤ ᠶᠢᠨ ᠰᠠᠩ︾ ᠶᠢᠨ ᠬᠦᠰᠡᠯ ᠡᠷᠡᠮᠡᠯᠵᠡᠯ

ᠪᠢᠯᠬᠠᠵᠤ᠂ ᠮᠥᠨ ᠴᠦ ᠥᠪᠥᠷ ᠮᠣᠩᠭᠤᠯ ᠤᠨ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ

ᠰᠠᠭᠤᠷᠢᠨ ᠢ ᠪᠦᠭᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠬᠤ ᠢᠲᠡᠭᠡᠯ ᠵᠣᠷᠢᠭ ᠪᠢᠯᠬᠠᠵᠤ ᠪᠠᠶᠢᠯ᠎ᠠ᠃

     ︽ᠶᠡᠷᠦᠩᠬᠡᠢ ᠱᠦᠵᠢ ᠪᠢᠳᠡᠨ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ︾

     ᠰᠤᠪᠠᠭ ᠤᠨ ᠳᠤᠰᠤᠯ ᠤᠰᠤ᠂ ᠤᠯᠤᠰ ᠭᠡᠷ ᠤᠨ ᠬᠢᠵᠠᠭᠠᠯᠠᠰᠢ ᠦᠭᠡᠢ ᠬᠠᠶᠢᠷ᠎ᠠ ᠰᠡᠳᠬᠢᠯᠭᠡ᠃ ᠬᠠᠲᠤᠨ ᠭᠤᠣᠯ ᠤᠨ ᠰᠠᠪᠠ ᠭᠠᠵᠠᠷ ᠤᠨ ᠤᠰᠤᠨ ᠤ ᠡᠬᠢ

ᠪᠠᠶᠠᠯᠢᠭ ᠢ ᠠᠷᠪᠢᠲᠠᠢ ᠡᠷᠴᠢᠮᠯᠢᠭ ᠠᠰᠢᠭᠯᠠᠬᠤ ᠨᠢ ᠶᠡᠷᠦᠩᠬᠡᠢ ᠱᠦᠵᠢ ᠶᠢᠨ ᠢᠮᠠᠭᠲᠠ ᠠᠩᠬᠠᠷᠴᠤ ᠪᠠᠶᠢᠭ᠎ᠠ ᠠᠰᠠᠭᠤᠳᠠᠯ ᠶᠤᠮ᠃

      2019 ᠣᠨ ᠳᠤ᠂ ᠶᠡᠷᠦᠩᠬᠡᠢ ᠱᠦᠵᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ

ᠶᠠᠷᠢᠯᠴᠠᠬᠤ ᠬᠤᠷᠠᠯ ᠳᠡᠭᠡᠷ᠎ᠡ᠂ ᠬᠠᠲᠤᠨ ᠭᠤᠣᠯ ᠤᠨ ᠤᠰᠤᠨ ᠤ ᠡᠬᠢ ᠪᠠᠶᠠᠯᠢᠭ ᠡᠳᠦ᠋ᠢᠬᠡᠨ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠢᠬᠦ ᠳᠤ ᠤᠰᠤ

ᠬᠡᠷᠡᠭᠯᠡᠨ᠎ᠡ᠂ ᠠᠵᠤ ᠠᠬᠤᠢ ᠶᠢ ᠬᠥᠭᠵᠢᠭᠦᠯᠬᠦ᠂ ᠢᠳᠡᠵᠦ ᠡᠮᠦᠰᠬᠦ ᠳᠡᠭᠡᠨ ᠴᠦ ᠤᠰᠤ ᠠᠴᠠ ᠰᠠᠯᠵᠤ ᠴᠢᠳᠠᠬᠤ ᠦᠭᠡᠢ᠂ ᠤᠰᠤ ᠶᠢ ᠬᠢᠵᠠᠭᠠᠷ ᠦᠭᠡᠢ ᠬᠠᠩᠭᠠᠬᠤ ᠡᠬᠢ

ᠪᠠᠶᠠᠯᠢᠭ ᠪᠤᠯᠭᠠᠵᠤ ᠪᠤᠯᠬᠤ ᠦᠭᠡᠢ ᠭᠡᠵᠦ ᠵᠢᠭᠠᠵᠤ ᠭᠠᠷᠭᠠᠪᠠ᠃ ︽ᠪᠣᠷᠣᠳᠣᠬᠤᠢ ᠤᠰᠤ ᠳᠤᠲᠠᠬᠤ ᠦᠭᠡᠢ ᠪᠤᠯᠪᠠᠴᠤ ᠤᠰᠤᠨ ᠤ ᠡᠬᠢ ᠪᠠᠶᠠᠯᠢᠭ ᠢ ᠠᠷᠪᠢᠯᠠᠵᠤ᠂

ᠣᠲᠣ ᠦᠶ᠎ᠡ ᠶᠢᠨ ᠥᠨᠳᠥᠷ ᠪᠦᠲᠦᠮᠵᠢᠲᠡᠶ ᠲᠠᠷᠢᠶᠠᠯᠠᠩ ᠪᠠ ᠤᠰᠤ ᠠᠷᠪᠢᠯᠠᠬᠤ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ᠂ ᠬᠠᠷᠢᠨ ᠴᠦ ᠬᠡᠲᠦᠷᠡᠲᠡᠯ᠎ᠡ

ᠤᠰᠤᠯᠠᠵᠤ ᠪᠤᠯᠬᠤ ᠦᠭᠡᠢ︾᠃ 6 ᠰᠠᠷ᠎ᠠ ᠶᠢᠨ 5 ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠲᠤ ᠰᠢᠨᠵᠢᠯᠡᠨ ᠪᠠᠶᠢᠴᠠᠭᠠᠬᠤ ᠳᠠᠭᠠᠨ ᠤᠰᠤᠨ ᠤ

ᠡᠬᠢ ᠪᠠᠶᠠᠯᠢᠭ ᠢ ᠠᠷᠪᠢᠯᠠᠬᠤ ᠶᠢᠨ ᠴᠢᠬᠤᠯᠠ ᠴᠢᠨᠠᠷ ᠢ ᠳᠠᠬᠢᠨᠲᠠ ᠴᠢᠬᠤᠯᠠᠴᠢᠯᠠᠪᠠ᠃

      ᠡᠨᠡ ᠲᠠᠯ᠎ᠠ ᠪᠠᠷ ᠥᠪᠥᠷ ᠮᠣᠩᠭᠤᠯ ᠤᠨ ᠾᠧ ᠰᠢᠩ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠳᠠᠭᠠᠭᠠᠮᠠᠯ ᠪᠠᠢ ᠧᠨ ᠽᠧ

ᠲᠥᠷᠥᠭᠳᠡᠯ ᠭᠦᠨ ᠪᠠᠶᠢᠯ᠎ᠠ᠃ 6 ᠰᠠᠷ᠎ᠠ ᠶᠢᠨ 5 ᠤ ᠦᠳᠡ ᠶᠢᠨ ᠬᠤᠶᠢᠨ᠎ᠠ᠂ ᠰᠤᠷᠪᠤᠯᠵᠢᠯᠠᠬᠴᠢ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠲᠤ ᠲᠡᠭᠦᠨ ᠲᠠᠢ

ᠠᠭᠤᠯᠵᠠᠪᠠ᠃

      ᠠᠮᠤ ᠪᠤᠳᠠᠭ᠎ᠠ ᠳᠠᠷᠢᠬᠤ ᠲᠣᠮᠣ ᠡᠷᠦᠭᠡ ᠪᠣᠯᠤᠭᠰᠠᠨ ᠤ ᠬᠤᠪᠢ ᠳᠤ᠂ ᠪᠠᠢ ᠧᠨ ᠽᠧ ᠣᠶᠢᠷ᠎ᠠ ᠶᠢᠨ ᠵᠢᠯ ᠤᠳ ᠲᠤ ᠲᠠᠷᠢᠶ᠎ᠠ ᠳᠠᠷᠢᠬᠤ ᠲᠠᠯ᠎ᠠ ᠪᠠᠷ ᠬᠤᠪᠢᠷᠠᠯᠲᠠ

ᠭᠠᠷᠤᠭᠰᠠᠨ ᠲᠤᠬᠠᠢ ᠲᠥᠷᠥᠭᠳᠡᠯ ᠭᠦᠨ ᠪᠠᠶᠢᠯ᠎ᠠ᠃ ︽ᠥᠩᠭᠡᠷᠡᠭᠡᠭᠰᠡᠨ ᠳᠤ ᠲᠠᠷᠢᠶ᠎ᠠ ᠲᠠᠷᠢᠬᠤ ᠳᠤ ︿ᠣᠷᠴᠢᠨ ᠲᠣᠭᠤᠷᠢᠨ﹀ ᠭᠡᠬᠦ ᠤᠬᠠᠮᠰᠠᠷ ᠪᠠᠶᠢᠬᠤ ᠦᠭᠡᠢ᠂

ᠶᠡᠭᠡ ᠤᠰᠤ ᠪᠠᠷ ᠨᠡᠯᠦ᠋ᠢᠲᠡᠯ᠎ᠡ ᠤᠰᠤᠯᠠᠵᠤ᠂ ᠪᠣᠷᠳᠣᠭᠤᠷ ᠢ ᠬᠡᠮᠵᠢᠶ᠎ᠡ ᠲᠣᠮᠵᠢᠶ᠎ᠠ ᠦᠭᠡᠢ ᠬᠡᠷᠡᠭᠯᠡᠵᠦ᠂ ᠪᠣᠷᠳᠣᠭᠤᠷ ᠢ ᠪᠦᠷᠢᠯᠭᠡᠭᠰᠡᠨ ᠮᠥᠷᠲᠡᠭᠡᠨ ᠤᠰᠤᠨ ᠤ ᠡᠬᠢ

ᠰᠤᠷᠪᠤᠯᠵᠢ ᠶᠢ ᠴᠤ ᠪᠣᠬᠢᠷᠲᠤᠭᠤᠯᠪᠠ︾ ᠭᠡᠵᠦ ᠬᠡᠯᠡᠪᠡ᠃

      ᠣᠶᠢᠷ᠎ᠠ ᠶᠢᠨ ᠵᠢᠯ ᠳᠤ᠂ ᠤᠷᠠᠳ ᠤᠨ ᠡᠮᠦᠨᠡᠲᠦ ᠬᠤᠰᠢᠭᠤᠨ ᠤ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ ᠪᠠᠷ

ᠰᠠᠭᠤᠷᠢ ᠪᠤᠯᠭᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠭᠡᠯᠪᠡᠷᠢ᠂ ᠡᠬᠢ ᠪᠠᠶᠠᠯᠢᠭ ᠢ ᠠᠰᠢᠭᠯᠠᠬᠤ ᠠᠷᠭ᠎ᠠ ᠭᠡᠯᠪᠡᠷᠢ ᠪᠠ ᠡᠵᠡᠩᠨᠡᠯᠲᠡ ᠶᠢᠨ ᠠᠷᠭ᠎ᠠ

ᠭᠡᠯᠪᠡᠷᠢ ᠶᠢ ᠬᠤᠪᠢᠷᠠᠭᠤᠯᠬᠤ ᠶᠢ ᠬᠦᠴᠦᠯᠡᠨ ᠠᠬᠢᠭᠤᠯᠵᠤ᠂ ᠲᠠᠷᠢᠶᠠᠯᠠᠩ ᠤᠨ ᠪᠣᠷᠳᠣᠭᠤᠷ ᠢ ᠬᠢᠵᠠᠭᠠᠷᠯᠠᠬᠤ᠂ ᠤᠰᠤ ᠶᠢ ᠬᠢᠵᠠᠭᠠᠷᠯᠠᠬᠤ᠂ ᠰᠦᠯᠢᠶᠥᠦ ᠪᠦᠷᠬᠦᠪᠴᠢ ᠶᠢ

ᠬᠢᠵᠠᠭᠠᠷᠯᠠᠬᠤ᠂ ᠲᠠᠷᠢᠶᠠᠨ ᠡᠮ ᠢ ᠬᠢᠵᠠᠭᠠᠷᠯᠠᠬᠤ ︽ᠳᠥᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠪᠠᠶᠢᠩᠭᠤ ᠬᠡᠷᠡᠭᠵᠢᠭᠦᠯᠵᠦ᠂ ᠣᠲᠣ ᠦᠶ᠎ᠡ ᠶᠢᠨ ᠲᠠᠷᠢᠶᠠᠯᠠᠩ ᠤᠨ

ᠬᠥᠭᠵᠢᠯᠲᠡ ᠶᠢᠨ ︽ᠪᠣᠬᠢᠷᠳᠤᠯ ᠦᠭᠡᠢ ᠲᠡᠶᠢᠰᠢ ᠬᠥᠭᠵᠢᠬᠦ︾ ᠶᠢ ᠠᠬᠢᠭᠤᠯᠵᠤ᠂ ᠨᠠᠩ ᠴᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠡᠪ ᠳᠠᠭᠤᠷᠢᠶᠠᠯ︾ ᠢ

ᠪᠤᠢ ᠪᠣᠯᠭᠠᠵᠠᠢ᠃

      ︽ᠣᠳᠣᠬᠠᠨ ᠳᠤ᠂ ᠵᠢᠱᠢᠶ᠎ᠡ ᠦᠵᠡᠭᠦᠯᠭᠦ ᠬᠦᠷᠢᠶᠡᠯᠡᠩ ᠲᠣᠭᠤᠷᠢᠭ ᠤᠨ ᠬᠢᠨ ᠨᠠᠷᠢᠯᠢᠭᠵᠢᠭᠤᠯᠤᠨ ᠲᠠᠷᠢᠶᠠᠯᠠᠬᠤ᠂ ᠳᠣᠬᠢᠭᠤᠷ ᠲᠤᠯᠤᠭᠠᠨ ᠣᠲᠣ ᠨᠡᠷᠡᠮᠵᠢᠲᠦ

ᠠᠶᠠᠯᠠᠯ ᠵᠠᠮᠴᠢᠯᠠᠬᠤ ᠮᠡᠷᠭᠡᠵᠢᠯ ᠢ ᠬᠡᠷᠡᠭᠯᠡᠨ ᠳᠠᠷᠢᠵᠤ᠂ ᠮᠦ ᠪᠦᠷᠢ ᠳᠤ ᠢᠯᠡᠭᠦᠦ 1200 ᠰᠠᠭᠤᠷᠢ ᠣᠷᠴᠢᠮ ᠳᠠᠷᠢᠵᠤ᠂ ᠠᠰᠢᠭᠯᠠᠯᠲᠠ ᠶᠢᠨ ᠨᠣᠷᠮ᠎ᠠ ᠶᠢ 8% ᠪᠠᠷ

ᠨᠡᠮᠡᠭᠳᠡᠭᠦᠯᠪᠡ᠃ ᠡᠭᠦᠨ ᠤ ᠬᠠᠮᠲᠤ᠂ ᠨᠡᠯᠦ᠋ᠢᠲᠡᠯ᠎ᠡ ᠤᠰᠤᠯᠠᠬᠤ ᠶᠢ ᠤᠰᠤ ᠪᠣᠷᠳᠣᠭᠤᠷ ᠢ ᠨᠢᠭᠡ ᠴᠣᠭᠴᠠᠵᠢᠭᠤᠯᠤᠭᠰᠠᠨ ᠨᠠᠷᠢᠯᠢᠭ ᠣᠨᠣᠴᠠᠲᠠᠢ ᠳᠤᠰᠤᠯᠠᠭᠠᠨ

ᠤᠰᠤᠯᠠᠬᠤ ᠪᠣᠯᠭᠠᠨ ᠥᠭᠡᠷᠡᠴᠢᠯᠡᠵᠦ᠂ ᠲᠤᠰᠬᠠᠶᠢᠵᠢᠭᠰᠠᠨ ᠨᠢᠭᠡᠳᠦᠯᠲᠡᠢ ᠰᠡᠷᠭᠡᠶᠢᠯᠡᠯᠲᠡ ᠵᠠᠰᠠᠯᠲᠠ ᠶᠢ ᠬᠡᠷᠡᠭᠵᠢᠭᠦᠯᠵᠦ᠂ ᠤᠰᠤ᠂ ᠪᠣᠷᠳᠣᠭᠤᠷ᠂ ᠡᠮ ᠤᠨ

ᠬᠡᠷᠡᠭᠯᠡᠯᠲᠡ ᠶᠢᠨ ᠨᠣᠷᠮ᠎ᠠ ᠶᠢ ᠨᠠᠩ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ ᠪᠤᠯᠭᠠᠵᠤ᠂ ᠡᠲᠡᠭᠡᠷ ᠠᠯᠢ ᠣᠯᠠᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂

ᠤᠰᠤ ᠶᠢ 30% ᠣᠷᠴᠢᠮ ᠠᠷᠪᠢᠯᠠᠵᠤ᠂ ᠪᠣᠷᠳᠣᠭᠤᠷ ᠢ 20% ᠣᠷᠴᠢᠮ ᠠᠷᠪᠢᠯᠠᠵᠤ᠂ ᠤᠨᠠᠯᠲᠠ ᠶᠢ ᠨᠠᠭᠠᠲᠤ ᠵᠠᠬ᠎ᠠ ᠳᠠᠭᠠᠨ 10% ᠨᠡᠮᠡᠭᠳᠡᠭᠦᠯᠵᠦ᠂

ᠥᠪᠡᠷ ᠤᠨ ᠥᠷᠲᠡᠭ ᠢ ᠪᠠᠭᠤᠷᠠᠭᠤᠯᠵᠤ᠂ ᠦᠷ᠎ᠡ ᠠᠰᠢᠭ ᠢ ᠬᠠᠷᠢᠨ ᠳᠡᠭᠡᠭᠰᠢᠯᠡᠭᠦᠯᠪᠡ︾᠃ ᠪᠠᠢ ᠧᠨ ᠽᠧ ᠪᠠᠶᠠᠷ ᠲᠠᠢ ᠪᠠᠷ ᠲᠠᠨᠢᠯᠴᠠᠭᠤᠯᠬᠤ ᠳᠠᠭᠠᠨ᠂ ᠣᠶᠢᠷ᠎ᠠ ᠶᠢᠨ

ᠵᠢᠯ ᠤᠳ ᠲᠤ ᠬᠤᠵᠢᠷᠰᠢᠭᠰᠠᠨ ᠭᠠᠵᠠᠷ ᠢ ᠥᠭᠡᠷᠡᠴᠢᠯᠡᠨ ᠰᠠᠶᠢᠵᠢᠷᠠᠭᠤᠯᠬᠤ᠂ ᠬᠠᠲᠤᠨ ᠭᠤᠣᠯ ᠤᠨ ᠤᠰᠤ ᠶᠢ ᠲᠤᠩᠭᠠᠵᠤ ᠳᠤᠰᠤᠯᠠᠭᠠᠨ ᠤᠰᠤᠯᠠᠬᠤ ᠵᠡᠷᠭᠡ

ᠮᠡᠷᠭᠡᠵᠢᠯ ᠢ ᠬᠡᠷᠡᠭᠵᠢᠭᠦᠯᠦᠭᠰᠡᠨ ᠢᠶᠠᠷ ᠲᠤᠬᠠᠢ ᠶᠢᠨ ᠭᠠᠵᠠᠷ ᠤᠨ ᠲᠠᠷᠢᠶᠠᠨ ᠭᠠᠵᠠᠷ ᠤᠨ ᠶᠠᠰᠤ ᠴᠢᠨᠠᠷ ᠨᠢᠰᠬᠦ ᠮᠡᠲᠦ ᠲᠦᠷᠭᠡᠨ ᠳᠡᠭᠡᠭᠰᠢᠯᠡᠪᠡ ᠭᠡᠵᠡᠢ᠃

     ︽ᠶᠡᠷᠦᠩᠬᠡᠢ ᠱᠦᠵᠢ ᠤᠳᠤ ᠦᠶ᠎ᠡ ᠶᠢᠨ ᠥᠨᠳᠥᠷ ᠪᠦᠲᠦᠮᠵᠢᠲᠡᠢ ᠲᠠᠷᠢᠶᠠᠯᠠᠩ ᠪᠣᠯᠣᠨ ᠤᠰᠤ ᠠᠷᠪᠢᠯᠠᠬᠤ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ

ᠭᠡᠵᠦ ᠬᠡᠯᠡᠪᠡ᠂ ᠡᠨᠡ ᠨᠢ ᠪᠢᠳᠡᠨ ᠳᠤ ᠴᠢᠭᠯᠡᠯ ᠢ ᠵᠢᠭᠠᠵᠤ ᠥᠭᠴᠡᠢ᠃ ᠬᠤᠶᠢᠰᠢᠳᠠ ᠪᠢᠳᠡ ᠳᠠᠷᠢᠵᠤ ᠤᠷᠭᠤᠭᠤᠯᠬᠤ ᠮᠡᠷᠭᠡᠵᠢᠯ ᠤᠨ ᠲᠠᠯ᠎ᠠ ᠪᠠᠷ ᠲᠠᠰᠤᠷᠠᠯᠲᠠ ᠦᠭᠡᠢ

ᠰᠢᠨ᠎ᠡ ᠶᠢ ᠡᠭᠦᠳᠴᠦ᠂ ᠬᠡᠪᠴᠢᠶᠡᠲᠦ ᠡᠵᠡᠩᠨᠡᠯᠲᠡ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠣᠲᠣ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠲᠧᠭᠨᠢᠭ

ᠮᠡᠷᠭᠡᠵᠢᠯ ᠢ ᠢᠳᠡᠪᠬᠢᠲᠡᠢ ᠬᠡᠷᠡᠭᠯᠡᠵᠦ᠂ ᠥᠷᠭᠡᠨ ᠣᠯᠠᠨ ᠲᠠᠷᠢᠶᠠᠴᠢᠨ ᠡᠷᠦᠭᠡ ᠶᠢ ᠳᠠᠶᠢᠴᠢᠯᠠᠨ ᠢᠯᠡᠭᠦᠦ ᠠᠮᠤ ᠪᠤᠳᠠᠭ᠎ᠠ ᠳᠠᠷᠢᠵᠤ᠂ ᠰᠠᠶᠢᠨ ᠡᠭᠦᠯᠳᠡᠷ ᠤᠨ ᠠᠮᠤ

ᠪᠤᠳᠠᠭ᠎ᠠ ᠲᠠᠷᠢᠵᠤ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠪᠠᠢ ᠧᠨ ᠽᠧ ᠢᠯᠡᠳᠬᠡᠪᠡ᠃ 

     

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ