【ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠣᠩᠭᠤᠯ ᠳᠠᠬᠢ ᠠᠶᠠᠯᠠᠯ】ᠶᠡᠷᠦᠩᠬᠡᠢ ᠱᠦᠵᠢ ᠪᠠᠭᠠᠰᠬᠠᠯ ᠬᠡᠪ ᠤᠨ ︽ᠪᠣᠷᠣᠳᠣᠬᠤᠢ ᠶᠢᠨ ᠤᠰᠤᠯᠠᠯᠲᠠ ᠶᠢᠨ ᠣᠷᠣᠨ︾ ᠢ ᠦᠵᠡᠪᠡ — ᠶᠡᠷᠦᠩᠬᠡᠢ ᠱᠦᠵᠢ ᠰᠢ ᠶᠢᠨ ᠫᠢᠩ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢᠨ ᠮᠡᠳᠡᠭᠡ ᠵᠠᠩᠭᠢᠵᠢᠯᠲᠠ ᠶᠢᠨ ᠬᠢᠨᠠᠨ ᠬᠡᠮᠵᠢᠬᠦ ᠲᠥᠪ ᠲᠤ ᠰᠢᠨᠵᠢᠯᠡᠨ ᠪᠠᠶᠢᠴᠠᠭᠠᠭᠰᠠᠨ ᠲᠤᠬᠠᠢ ᠡᠷᠭᠢᠵᠦ ᠰᠤᠷᠪᠤᠯᠵᠢᠯᠠᠭᠰᠠᠨ ᠲᠡᠮᠳᠡᠭᠯᠡᠯ
ᠨᠡᠶᠢᠲᠡᠯᠡᠭᠰᠡᠨ ᠴᠠᠭ᠄
2023/6/16
      ᠰᠢᠨᠵᠢᠯᠡᠨ ᠪᠠᠶᠢᠴᠠᠭᠠᠭᠰᠠᠨ ᠴᠡᠭ᠄      ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢᠨ ᠮᠡᠳᠡᠭᠡ ᠵᠠᠩᠭᠢᠵᠢᠯᠲᠠ ᠶᠢᠨ ᠬᠢᠨᠠᠨ ᠬᠡᠮᠵᠢᠬᠦ ᠲᠥᠪ         ᠪᠣᠷᠣᠳᠣᠬᠤᠢ ᠶᠢᠨ ᠤᠰᠤᠯᠠᠯᠲᠠ ᠶᠢᠨ ᠣᠷᠣᠨ ᠨᠢ ᠬᠠᠲᠤᠨ ᠭᠤᠣᠯ ᠤᠨ ᠥᠪᠥᠷ ᠮᠣᠩᠭᠤᠯ ᠳᠠᠬᠢ ᠬᠡᠰᠡᠭ ᠤᠨ ᠬᠤᠶᠢᠲᠤ ᠡᠷᠭᠢ ᠶᠢᠨ ︽ᠶᠡᠭᠡ ᠲᠣᠬᠤᠢ︾ ᠳᠡᠭᠡᠷ᠎ᠡ ᠪᠠᠶᠢᠷᠢᠯᠠᠵᠤ᠂ ᠪᠦᠭᠦ ᠤᠯᠤᠰ ᠤᠨ ᠭᠤᠷᠪᠠᠨ ᠣᠨᠴᠠ ᠲᠣᠮᠣ ᠭᠡᠯᠪᠡᠷᠢ ᠶᠢᠨ ᠤᠰᠤᠯᠠᠯᠲᠠ ᠶᠢᠨ ᠣᠷᠣᠨ ᠤ ᠨᠢᠭᠡ ᠪᠠᠶᠢᠵᠤ᠂ ᠠᠽᠢᠶ᠎ᠠ ᠲᠢᠪ ᠤᠨ ᠬᠠᠮᠤᠭ ᠤᠨ ᠲᠣᠮᠣ ᠥᠪᠡᠰᠦᠪᠡᠨ ᠤᠰᠤ ᠲᠠᠲᠠᠵᠤ ᠤᠰᠤᠯᠠᠬᠤ ᠣᠷᠣᠨ ᠪᠣᠯᠣᠨ᠎ᠠ᠃ ᠣᠲᠣ ᠨᠢᠭᠡᠨᠲᠡ ᠲᠤᠯᠤᠭᠠᠨ ᠱᠠᠲᠤᠨ ᠤ ᠤᠰᠤᠯᠠᠬᠤ ᠪᠠ ᠤᠰᠤ ᠵᠠᠯᠠᠬᠤ ᠪᠦᠷᠢᠨ ᠪᠦᠲᠦᠨ ᠰᠢᠰᠲ᠋ᠧᠮ ᠢ ᠪᠦᠷᠢᠯᠳᠦᠭᠦᠯᠵᠦ᠂ ᠬᠠᠲᠤᠨ ᠭᠤᠣᠯ ᠠᠴᠠ ᠤᠰᠤ ᠲᠠᠲᠠᠬᠤ ᠤᠰᠤᠯᠠᠯᠲᠠ ᠶᠢᠨ ᠲᠠᠯᠠᠪᠠᠶ 1154 ᠲᠦᠮᠡᠨ ᠮᠦ ᠪᠠᠶᠢᠨ᠎ᠠ᠃ 2019 ᠣᠨ ᠳᠤ᠂ ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠳᠡᠯᠡᠬᠡᠢ ᠶᠢᠨ ᠤᠰᠤᠯᠠᠯᠲᠠ ᠶᠢᠨ ᠢᠨᠵᠧᠨᠧᠷᠢᠩ ᠤᠨ ᠥᠪ ᠤᠨ ᠨᠡᠷᠡᠰ ᠲᠤ ᠵᠢᠭᠰᠠᠭᠠᠭᠳᠠᠪᠠ᠃      ᠪᠠᠶᠠᠨᠨᠠᠭᠤᠷ ᠬᠤᠲᠠ ᠤᠰᠤᠯᠠᠯᠲᠠ ᠶᠢᠨ ᠣᠷᠣᠨ ᠤ ᠣᠳᠣᠬᠢᠴᠢᠯᠠᠭᠰᠠᠨ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢᠨ ᠮᠡᠳᠡᠭᠡ ᠵᠠᠩᠭᠢᠵᠢᠯᠲᠠ ᠶᠢᠨ ᠬᠢᠨᠠᠨ ᠬᠡᠮᠵᠢᠬᠦ ᠲᠥᠪ ᠢ ᠪᠠᠶᠢᠭᠤᠯᠪᠠ᠃ ᠲᠣᠰ ᠲᠥᠪ ᠨᠢ ᠲᠣᠭᠠᠴᠢᠯᠠᠭᠰᠠᠨ ᠬᠡᠷᠡᠮ᠂ ᠲᠣᠮᠣ ᠳ᠋ᠠᠶᠢᠲ᠋ᠠ ᠶᠢᠨ ᠲᠥᠪ᠂ ᠲᠣᠭᠠᠴᠢᠯᠠᠭᠰᠠᠨ ᠡᠯᠡᠰᠦᠨ ᠴᠠᠷ᠎ᠠ ᠵᠡᠷᠭᠡ ᠳᠤᠨᠤᠭ ᠲᠥᠬᠦᠭᠡᠷᠦᠮᠵᠢ ᠵᠢᠴᠢ ᠲᠣᠬᠢᠷᠠᠭᠤᠯᠤᠨ ᠬᠡᠷᠡᠭᠯᠡᠬᠦ ᠰᠢᠰᠲ᠋ᠧᠮ ᠢ ᠪᠠᠶᠢᠭᠤᠯᠵᠤ᠂ ᠤᠰᠤᠯᠠᠯᠲᠠ ᠶᠢᠨ ᠣᠷᠣᠨ ᠤ ᠲᠣᠰ ᠡᠳᠦᠷ ᠤᠨ ᠤᠰᠤᠨ ᠤ ᠪᠠᠶᠢᠳᠠᠯ ᠢ ᠮᠡᠳᠡᠭᠡᠯᠡᠬᠦ᠂ ᠲᠤᠭ᠎ᠠ ᠪᠠᠷᠢᠮᠲᠠ ᠰᠣᠯᠢᠯᠴᠠᠬᠤ ᠪᠠ ᠤᠰᠤ ᠬᠡᠷᠡᠭᠯᠡᠬᠦ ᠲᠥᠯᠥᠪᠯᠡᠭᠡ ᠶᠢ ᠳᠠᠮᠵᠢᠭᠤᠯᠬᠤ ᠶᠢ ᠪᠡᠶᠡᠯᠡᠭᠦᠯᠵᠦ᠂ ᠤᠰᠤᠯᠠᠯᠲᠠ ᠶᠢᠨ ᠣᠷᠣᠨ ᠤ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ ᠬᠠᠮᠢᠶᠠᠷᠬᠤ ᠴᠢᠳᠠᠪᠤᠷᠢ ᠶᠢ ᠪᠦᠲᠦᠮᠵᠢᠲᠡᠶ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃       6 ᠰᠠᠷ᠎ᠠ ᠶᠢᠨ 6 ᠤ ᠡᠳᠦᠷ᠂ ᠪᠤᠭᠤᠳᠠᠢ ᠪᠣᠯᠪᠠᠰᠤᠷᠠᠬᠤ ᠴᠠᠭ ᠠᠭᠤᠷ ᠲᠣᠬᠢᠶᠠᠪᠠ᠃ ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠥᠩ ᠰᠢᠮᠡᠯᠢᠭ ᠲᠠᠯ᠎ᠠ ᠨᠤᠲᠤᠭ ᠬᠥᠬᠡᠷᠡᠨ ᠨᠣᠭᠤᠭᠠᠷᠠᠵᠤ᠂ ᠲᠦᠮᠡᠨ ᠪᠣᠳᠠᠰ ᠲᠥᠯᠵᠢᠨ ᠠᠮᠢᠯᠠᠵᠤ᠂ ᠰᠢᠨ᠎ᠡ ᠡᠯᠪᠡᠭ ᠬᠤᠷᠢᠶᠠᠯᠲᠠ ᠶᠢ ᠪᠤᠢ ᠪᠣᠯᠭᠠᠨ᠎ᠠ᠃ ᠬᠥᠨᠳᠡᠯᠡᠨ ᠭᠤᠯᠳᠤ ᠰᠦᠯᠵᠢᠯᠳᠦᠭᠰᠡᠨ ᠤᠰᠤᠯᠠᠯᠲᠠ ᠶᠢᠨ ᠰᠤᠪᠠᠭ ᠨᠢ ᠨᠢᠭᠡᠨ ᠵᠤᠷᠪᠤᠰ ᠠᠯᠲᠠᠨ ᠰᠢᠷᠭᠠᠯ ᠲᠣᠷᠭᠠᠨ ᠪᠦᠰᠡ ᠮᠡᠲᠦ᠂ ᠬᠠᠲᠤᠨ ᠭᠤᠣᠯ ᠤᠨ ᠤᠰᠤ ᠶᠢ ᠵᠠᠯᠠᠵᠤ ᠪᠣᠷᠣᠳᠣᠬᠤᠢ ᠶᠢᠨ ᠡᠬᠡ ᠭᠠᠵᠠᠷ ᠢ ᠤᠮᠳᠠᠯᠠᠨ᠎ᠠ᠃       ᠲᠤᠰ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠠᠨᠨᠠᠭᠤᠷ ᠲᠤ ᠰᠢᠨᠵᠢᠯᠡᠨ ᠪᠠᠶᠢᠴᠠᠭᠠᠵᠤ ᠪᠠᠶᠢᠭᠰᠠᠨ ᠶᠡᠷᠦᠩᠬᠡᠢ ᠱᠦᠵᠢ ᠰᠢ ᠶᠢᠨ ᠫᠢᠩ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢᠨ ᠮᠡᠳᠡᠭᠡ ᠵᠠᠩᠭᠢᠵᠢᠯᠲᠠ ᠶᠢᠨ ᠬᠢᠨᠠᠨ ᠬᠡᠮᠵᠢᠬᠦ ᠲᠥᠪ ᠲᠤ ᠢᠷᠡᠪᠡ᠃ ᠶᠡᠷᠦᠩᠬᠡᠢ ᠱᠦᠵᠢ ᠡᠯᠡᠰᠦᠨ ᠴᠠᠷ᠎ᠠ᠂ ᠳᠡᠯᠭᠡᠴᠡ ᠲᠠᠢ ᠤᠶᠠᠯᠳᠤᠭᠤᠯᠤᠨ᠂ ᠲᠤᠬᠠᠢ ᠶᠢᠨ ᠭᠠᠵᠠᠷ ᠤᠨ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠠᠰᠢᠭᠯᠠᠭᠰᠠᠨ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠦᠭᠰᠡᠨ᠂ ᠤᠰᠤᠨ ᠤ ᠡᠬᠢ ᠪᠠᠶᠠᠯᠢᠭ ᠢ ᠪᠣᠬᠢᠷᠳᠤᠯ ᠦᠭᠡᠢ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠤᠭᠰᠠᠨ ᠵᠡᠷᠭᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠪᠠ᠃       ︽ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠯᠠᠯᠲᠠ ᠶᠢᠨ ᠢᠨᠵᠧᠨᠧᠷᠢᠩ ᠪᠣᠯ ᠮᠢᠩᠭᠠᠨ ᠣᠨ ᠤ ᠰᠠᠭᠤᠷᠢ ᠦᠢᠯᠡᠰ ᠮᠥᠨ᠂ ᠮᠠᠰᠢ ᠶᠡᠭᠡ ᠬᠦᠴᠦ ᠵᠠᠷᠤᠴᠠᠭᠤᠯᠤᠭᠰᠠᠨ ᠪᠥᠭᠡᠳ ᠮᠠᠰᠢ ᠦᠨ᠎ᠡ ᠥᠷᠲᠡᠭ ᠲᠠᠢ ᠶᠤᠮ᠃ ᠦᠷᠭᠦᠯᠵᠢᠯᠡᠨ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠪᠠᠷ ᠤᠰᠤ ᠬᠤᠪᠢᠶᠠᠨ ᠲᠣᠬᠢᠷᠠᠭᠤᠯᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠡᠭᠦᠨ ᠤ ᠵᠡᠷᠭᠡ ᠪᠠᠷ ᠣᠷᠣᠯᠭ᠎ᠠ ᠪᠠᠨ ᠦᠨᠳᠦᠰᠦᠯᠡᠨ ᠵᠠᠷᠤᠯᠭ᠎ᠠ ᠪᠠᠨ ᠲᠣᠬᠢᠷᠠᠭᠤᠯᠵᠤ᠂ ᠣᠯᠠᠨ ᠡᠰᠢᠵᠢᠭᠰᠡᠨ ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠬᠦᠴᠦᠨ ᠤ ᠣᠷᠤᠯᠴᠠᠯᠭ᠎ᠠ ᠶᠢ ᠠᠯᠢ ᠴᠢᠳᠠᠬᠤ ᠪᠠᠷ ᠳᠠᠶᠢᠴᠢᠯᠠᠬᠤ ᠬᠡᠷᠡᠭᠲᠡᠢ︾᠃       ᠶᠡᠷᠦᠩᠬᠡᠢ ᠱᠦᠵᠢ ᠶᠢᠨ ᠶᠠᠷᠢᠶ᠎ᠠ ᠨᠢ ᠴᠢᠭᠯᠡᠯ ᠢ ᠵᠢᠭᠠᠵᠤ᠂ ᠢᠲᠡᠭᠡᠯ ᠵᠣᠷᠢᠭ ᠢ ᠪᠠᠲᠤᠳᠬᠠᠵᠤ᠂ ᠲᠤᠬᠠᠢ ᠶᠢᠨ ᠭᠠᠵᠠᠷ ᠤᠨ ᠺᠠᠳ᠋ᠷ ᠤᠯᠠᠨ ᠲᠦᠮᠡᠨ ᠢ ᠲᠦᠢᠯ ᠤᠨ ᠶᠡᠭᠡ ᠪᠠᠷ ᠤᠷᠮᠠᠰᠢᠭᠤᠯᠤᠨ ᠵᠣᠷᠢᠭᠵᠢᠭᠤᠯᠪᠠ᠃     

调研2.1.jpg

       ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢᠨ ᠮᠡᠳᠡᠭᠡ ᠵᠠᠩᠭᠢᠵᠢᠯᠲᠠ ᠶᠢᠨ ᠬᠢᠨᠠᠨ ᠬᠡᠮᠵᠢᠬᠦ ᠲᠥᠪ ᠲᠠᠬᠢ ᠡᠯᠡᠰᠦᠨ ᠴᠠᠷ᠎ᠠ

       ︽ᠶᠡᠷᠦᠩᠬᠡᠢ ᠱᠦᠵᠢ ᠶᠢᠨ ᠵᠢᠭᠠᠪᠤᠷᠢ ᠳᠠᠬᠢ ︿ᠬᠠᠳᠤᠨ ᠭᠤᠣᠯ ᠢ ᠠᠷᠠᠳ ᠲᠦᠮᠡᠨ ᠳᠤ ᠪᠤᠶᠠᠨ ᠦᠢᠯᠡᠳᠬᠦ ᠵᠢᠷᠭᠠᠯ ᠤᠨ ᠭᠤᠣᠯ ᠪᠤᠯᠭᠠᠬᠤ﹀ ᠶᠢ

ᠪᠣᠷᠣᠳᠣᠬᠤᠢ ᠣᠷᠣᠨ ᠤ ᠠᠮᠢᠳᠤᠯᠢᠭ ᠦᠢᠯᠡᠳᠦᠯᠭᠡ ᠪᠣᠯᠭᠠᠨ᠎ᠠ︾

       ︽ᠥᠨᠥᠳᠥᠷ ᠶᠡᠷᠦᠩᠬᠡᠢ ᠱᠦᠵᠢ ᠳᠤ ᠠᠵᠢᠯ ᠢᠶᠠᠨ ᠬᠠᠷᠢᠭᠤ ᠮᠡᠳᠡᠭᠦᠯᠬᠦ ᠲᠣᠭᠢᠶᠠᠯ ᠣᠯᠣᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠡᠨᠡ ᠪᠣᠯ ᠮᠢᠨᠤ ᠨᠢᠭᠡ

ᠨᠠᠰᠤᠨ ᠤ ᠬᠠᠮᠤᠭ ᠤᠨ ᠠᠵᠠ ᠲᠠᠢ ᠶᠠᠪᠤᠳᠠᠯ ᠪᠣᠯᠣᠨ᠎ᠠ᠃ ᠶᠡᠷᠦᠩᠬᠡᠢ ᠱᠦᠵᠢ ᠡᠶᠡᠯᠰᠡᠭ ᠳᠣᠲᠣᠨᠣ᠂ ᠳᠣᠲᠣᠨᠣ ᠬᠦᠨᠳᠦᠳᠬᠡᠭᠦᠰᠢᠲᠡᠢ ᠶᠤᠮ︾᠃

       6 ᠰᠠᠷ᠎ᠠ ᠶᠢᠨ 6 ᠤ ᠡᠳᠦᠷ ᠤᠨ ᠦᠳᠡ ᠶᠢᠨ ᠬᠤᠶᠢᠨ᠎ᠠ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢᠨ ᠮᠡᠳᠡᠭᠡ

ᠵᠠᠩᠭᠢᠵᠢᠯᠲᠠ ᠶᠢᠨ ᠬᠢᠨᠠᠨ ᠬᠡᠮᠵᠢᠬᠦ ᠲᠥᠪ ᠤᠨ ᠡᠯᠡᠰᠦᠨ ᠴᠠᠷ᠎ᠠ ᠶᠢᠨ ᠡᠮᠦᠨ᠎ᠡ ᠵᠣᠭᠰᠣᠵᠤ᠂ ᠬᠡᠳᠦᠨ ᠴᠠᠭ ᠤᠨ ᠡᠮᠦᠨ᠎ᠡ ᠠᠳᠡ ᠶᠡᠷᠦᠩᠬᠡᠢ ᠱᠦᠵᠢ ᠲᠠᠢ ᠨᠢᠭᠤᠷᠳᠠᠨ

ᠶᠠᠷᠢᠯᠴᠠᠭᠰᠠᠨ ᠪᠠᠶᠢᠳᠠᠯ ᠢᠶᠠᠨ ᠡᠷᠭᠢᠴᠡᠭᠦᠯᠬᠦ ᠳᠤ᠂ ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ

ᠬᠥᠭᠵᠢᠯᠲᠡ ᠶᠢᠨ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠭᠢᠯᠡᠭᠴᠢ ᠵᠠᠩ ᠭᠤᠸᠠᠩ ᠮᠢᠩ ᠳᠣᠬᠳᠣᠯᠤᠬᠰᠠᠨ ᠰᠡᠳᠬᠢᠯᠭᠡ ᠪᠠᠨ

ᠳᠠᠷᠤᠵᠤ ᠶᠠᠳᠠᠨ ᠪᠠᠶᠢᠯ᠎ᠠ᠃ 

      ᠪᠣᠷᠣᠳᠣᠬᠤᠢ ᠶᠢᠨ ᠤᠰᠤᠯᠠᠯᠲᠠ ᠶᠢᠨ ᠣᠷᠣᠨ ᠪᠣᠯ ᠮᠠᠨ ᠤ ᠤᠯᠤᠰ ᠤᠨ 3 ᠣᠨᠴᠠ ᠲᠣᠮᠣ ᠭᠡᠯᠪᠡᠷᠢ ᠶᠢᠨ ᠤᠰᠤᠯᠠᠯᠲᠠ ᠶᠢᠨ ᠣᠷᠣᠨ ᠤ ᠨᠢᠭᠡ ᠪᠤᠯᠬᠤ

ᠪᠥᠭᠡᠳ ᠪᠠᠰᠠ ᠴᠤ ᠮᠠᠨ ᠤ ᠤᠯᠤᠰ ᠤᠨ ᠠᠮᠤ ᠲᠣᠰᠣ ᠦᠢᠯᠡᠳᠪᠦᠷᠢᠯᠡᠬᠦ ᠴᠢᠬᠤᠯᠠ ᠰᠠᠭᠤᠷᠢᠨ ᠪᠣᠯᠣᠨ᠎ᠠ᠂ ᠣᠲᠣ ᠨᠢᠭᠡᠨᠲᠡ ᠪᠦᠷᠢᠨ ᠪᠦᠲᠦᠨ 7 ᠲᠠᠰ ᠤᠨ

ᠤᠰᠤᠯᠠᠬᠤ ᠪᠠ ᠤᠰᠤ ᠵᠠᠯᠠᠬᠤ ᠰᠢᠰᠲ᠋ᠧᠮ ᠢ ᠪᠦᠷᠢᠯᠳᠦᠭᠦᠯᠵᠦ᠂ ᠬᠠᠲᠤᠨ ᠭᠤᠣᠯ ᠤᠨ ᠤᠰᠤ ᠶᠢ ᠲᠠᠲᠠᠵᠤ ᠤᠰᠤᠯᠠᠬᠤ ᠲᠠᠯᠠᠪᠠᠶ 1000 ᠭᠠᠷᠤᠢ ᠲᠦᠮᠡᠨ ᠮᠦ ᠳᠤ

ᠬᠦᠷᠴᠡᠢ᠃ 160 ᠲᠡᠭᠰᠢ ᠳᠥᠷᠪᠡᠯᠵᠢᠨ ᠮᠧᠳ᠋ᠷ ᠤᠨ ᠪᠣᠳᠠᠲᠤ ᠴᠣᠭᠴᠠ ᠶᠢᠨ ᠲᠤᠬᠠᠢ ᠶᠢᠨ ᠴᠠᠭ ᠤᠨ ᠲᠣᠭᠠᠴᠢᠯᠠᠭᠰᠠᠨ ᠡᠯᠡᠰᠦᠨ ᠴᠠᠷ᠎ᠠ ᠪᠣᠯ ᠪᠠᠭᠠᠰᠬᠠᠯ ᠬᠡᠪ ᠤᠨ

︽ᠪᠣᠷᠣᠳᠣᠬᠤᠢ ᠶᠢᠨ ᠤᠰᠤᠯᠠᠯᠲᠠ ᠶᠢᠨ ᠣᠷᠣᠨ︾ ᠪᠠᠶᠢᠵᠤ᠂ ᠪᠦᠬᠦ᠋ᠢᠯᠡ ᠤᠰᠤᠯᠠᠯᠲᠠ ᠶᠢᠨ ᠣᠷᠣᠨ ᠤ ᠤᠰᠤᠯᠠᠬᠤ ᠪᠠ ᠤᠰᠤ ᠵᠠᠯᠠᠬᠤ ᠰᠢᠰᠲ᠋ᠧᠮ ᠢ ᠲᠣᠳᠣᠷᠬᠠᠢ

ᠣᠯᠵᠤ ᠬᠠᠷᠠᠨ᠎ᠠ᠃

      ︽ᠪᠢ ᠶᠡᠷᠦᠩᠬᠡᠢ ᠱᠦᠵᠢ ᠳᠤ ᠤᠷᠢᠳ ᠢᠶᠠᠷ ᠰᠠᠨ ᠱᠧᠩ ᠭᠦᠩ ᠤᠰᠤᠨ ᠠᠰᠢᠭᠯᠠᠯᠲᠠ ᠶᠢᠨ ᠬᠦᠢᠰᠦ ᠢᠨᠵᠧᠨᠧᠷᠢᠩ ᠢ ᠲᠠᠨᠢᠯᠴᠠᠭᠤᠯᠵᠤ᠂ ᠲᠠᠷᠠᠭ᠎ᠠ ᠨᠢ

ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠲᠡᠦᠬᠡ ᠶᠢᠨ ᠤᠭ ᠰᠤᠷᠪᠤᠯᠵᠢ᠂ ᠭᠠᠵᠠᠷ ᠵᠦᠢ ᠶᠢᠨ ᠣᠷᠣᠨ ᠪᠠᠶᠢᠷᠢ᠂ ᠤᠰᠤᠯᠠᠯᠲᠠ ᠪᠣᠯᠣᠨ ᠤᠰᠤ ᠵᠠᠯᠠᠬᠤ

ᠪᠠᠶᠢᠳᠠᠯ᠂ ᠤᠰᠤ ᠲᠡᠯᠪᠢᠬᠤ ᠪᠠᠶᠢᠳᠠᠯ᠂ ᠪᠦᠬᠦ᠋ᠢᠯᠡ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠲᠣᠭᠠᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ

ᠪᠠᠶᠢᠳᠠᠯ ᠵᠡᠷᠭᠡ ᠶᠢ ᠲᠠᠨᠢᠯᠴᠠᠭᠤᠯᠪᠠ᠃ ᠪᠣᠷᠣᠳᠣᠬᠤᠢ ᠶᠢᠨ ᠤᠰᠤᠯᠠᠯᠲᠠ ᠶᠢᠨ ᠣᠷᠣᠨ ᠦᠶ᠎ᠡ ᠦᠶ᠎ᠡ ᠶᠢᠨ ᠬᠥᠮᠥᠰ ᠤᠨ ᠪᠤᠤᠬᠢᠶ᠎ᠠ ᠲᠡᠮᠡᠴᠡᠯ ᠢᠶᠠᠷ ᠳᠠᠮᠵᠢᠨ᠂

ᠥᠨᠥᠳᠥᠷ ᠪᠤᠯᠲᠠᠯ᠎ᠠ ᠬᠥᠭᠵᠢᠭᠡᠳ ᠨᠢᠭᠡᠨ ᠶᠡᠷᠦ ᠪᠤᠰᠤ ᠶᠢᠨ ᠤᠰᠤᠯᠠᠯᠲᠠ ᠶᠢᠨ ᠢᠨᠵᠧᠨᠧᠷᠢᠩ ᠪᠣᠯᠤᠭᠰᠠᠨ ᠢ ᠰᠣᠨᠣᠰᠤᠭᠠᠳ᠂ ᠶᠡᠷᠦᠩᠬᠡᠢ ᠱᠦᠵᠢ ᠮᠠᠰᠢ ᠪᠠᠶᠠᠷᠯᠠᠪᠠ︾

ᠭᠡᠵᠦ ᠵᠠᠩ ᠭᠤᠸᠠᠩ ᠮᠢᠩ ᠬᠡᠯᠡᠪᠡ᠃

      ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠠᠲᠤᠨ ᠭᠤᠣᠯ ᠤᠨ ᠤᠰᠤ ᠶᠢ ᠲᠠᠳᠠᠨ ᠤᠰᠤᠯᠠᠬᠤ ᠨᠢ ᠴᠢᠨ ᠤᠯᠤᠰ ᠬᠠᠨ ᠤᠯᠤᠰ ᠠᠴᠠ ᠡᠬᠢᠯᠡᠵᠦ᠂

ᠨᠢᠭᠡᠨᠲᠡ ᠬᠤᠶᠠᠷ ᠮᠢᠩᠭ᠎ᠠ ᠭᠠᠷᠤᠢ ᠵᠢᠯ ᠤᠨ ᠲᠡᠦᠬᠡ ᠲᠠᠢ ᠪᠣᠯᠵᠠᠢ᠃ ᠪᠣᠷᠣᠳᠣᠬᠤᠢ ᠶᠢᠨ ᠤᠰᠤᠯᠠᠯᠲᠠ ᠶᠢᠨ ᠣᠷᠣᠨ ᠨᠢ ᠰᠠᠨ ᠱᠧᠩ ᠭᠦᠩ ᠤᠰᠤ ᠲᠠᠲᠠᠬᠤ ᠬᠦᠢᠰᠦ

ᠪᠠᠷᠢᠯᠭ᠎ᠠ ᠪᠠᠷ ᠬᠠᠳᠤᠨ ᠭᠤᠣᠯ ᠠᠴᠠ ᠤᠰᠤ ᠲᠠᠲᠠᠵᠤ᠂ ᠤᠰᠤᠯᠠᠬᠤ ᠵᠠᠯᠠᠬᠤ ᠶᠢ ᠲᠥᠭᠦᠷᠵᠢᠭᠦᠯᠭᠦ ᠶᠢ ᠪᠦᠷᠢᠮᠦᠰᠦᠨ ᠪᠡᠶᠡᠯᠡᠭᠦᠯᠪᠡ᠃

      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠤᠰᠤ ᠲᠠᠲᠠᠬᠤ ᠢᠨᠵᠧᠨᠧᠷᠢᠩ᠂ ᠤᠰᠤ ᠲᠠᠲᠠᠷᠠᠭᠤᠯᠬᠤ ᠢᠨᠵᠧᠨᠧᠷᠢᠩ᠂ ᠤᠰᠤᠯᠠᠬᠤ ᠪᠠ

ᠤᠰᠤ ᠲᠠᠲᠠᠷᠠᠭᠤᠯᠬᠤ ᠶᠢ ᠢᠵᠢ ᠪᠦᠷᠢᠳᠦᠭᠦᠯᠬᠦ᠂ ᠤᠰᠤ ᠠᠷᠪᠢᠯᠠᠬᠤ ᠥᠭᠡᠷᠡᠴᠢᠯᠡᠯᠲᠡ ᠵᠡᠷᠭᠡ 4 ᠤᠳᠠᠭᠠᠨ ᠤ ᠶᠡᠭᠡ ᠬᠡᠪᠴᠢᠶᠡᠨ ᠤ ᠤᠰᠤᠨ ᠠᠰᠢᠭᠯᠠᠯᠲᠠ ᠶᠢᠨ

ᠪᠦᠲᠦᠭᠡᠨ ᠪᠠᠶᠢᠭᠤᠯᠤᠯᠲᠠ ᠪᠠᠷ ᠳᠠᠮᠵᠢᠨ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠨᠢ ᠬᠠᠰᠢᠯᠭ᠎ᠠ ᠦᠭᠡᠢ ᠪᠠᠷ ᠤᠰᠤ ᠲᠠᠲᠠᠬᠤ ᠠᠴᠠ ᠬᠠᠰᠢᠯᠭ᠎ᠠ ᠲᠠᠢ ᠤᠰᠤ

ᠲᠠᠲᠠᠬᠤ ᠭᠦᠷᠲᠡᠯ᠎ᠡ᠂ ᠤᠰᠤᠯᠠᠯᠲᠠ ᠪᠠᠶᠢᠭᠠᠳ ᠤᠰᠤ ᠲᠠᠳᠠᠭᠤᠷᠠᠭᠤᠯᠤᠯᠳᠠ ᠦᠭᠡᠢ ᠪᠠᠶᠢᠭᠰᠠᠨ ᠠᠴᠠ ᠪᠠᠨ ᠤᠰᠤᠯᠠᠬᠤ ᠪᠠ ᠤᠰᠤ ᠲᠠᠲᠠᠷᠠᠭᠤᠯᠬᠤ ᠶᠢ ᠢᠵᠢ

ᠪᠦᠷᠢᠳᠦᠭᠦᠯᠬᠦ ᠭᠦᠷᠲᠡᠯ᠎ᠡ᠂ ᠪᠦᠳᠦᠭᠦᠯᠢᠭ ᠤᠰᠤᠯᠠᠯᠲᠠ ᠠᠴᠠ ᠤᠰᠤ ᠠᠷᠪᠢᠯᠠᠬᠤ ᠪᠦᠲᠦᠭᠡᠨ ᠪᠠᠶᠢᠭᠤᠯᠤᠯᠲᠠ ᠬᠦᠷᠲᠡᠯᠡᠬᠢ ᠭᠤᠷᠪᠠᠨ ᠶᠡᠭᠡ ᠲᠡᠦᠬᠡᠨ ᠳᠠᠪᠠᠯᠲᠠ ᠶᠢ

ᠪᠡᠶᠡᠯᠡᠭᠦᠯᠪᠡ᠃ ᠤᠰᠤᠯᠠᠯᠲᠠ ᠶᠢᠨ ᠲᠤᠯᠭᠠᠭᠤᠷᠢᠯᠠᠯ ᠳᠣᠣᠷᠠᠬᠢ ᠪᠣᠷᠣᠳᠣᠬᠤᠢ ᠶᠢᠨ ᠤᠰᠤᠯᠠᠯᠲᠠ ᠶᠢᠨ ᠣᠷᠣᠨ ᠳᠤ᠂ ᠣᠶᠢᠷ᠎ᠠ ᠶᠢᠨ ᠵᠢᠯ ᠤᠳ ᠲᠤ ᠵᠢᠯ ᠳᠤᠮᠳᠠᠴᠢ ᠶᠢᠨ

ᠠᠮᠤ ᠪᠤᠳᠠᠭᠠᠨ ᠤ ᠶᠡᠷᠦᠩᠬᠡᠢ ᠤᠨᠠᠯᠲᠠ 60 ᠳ᠋ᠦᠩᠰᠢᠭᠤᠷ ᠵᠢᠩ ᠠᠴᠠ ᠳᠡᠭᠡᠭᠰᠢ ᠳᠤ ᠬᠦᠷᠴᠦ᠂ ᠨᠡᠷ᠎ᠡ ᠨᠢᠳᠡᠷ ᠲᠡᠭᠡᠨ ᠨᠡᠶᠢᠴᠡᠭᠰᠡᠨ ︽ᠪᠣᠭᠤᠮᠲᠠ ᠶᠢᠨ ᠭᠠᠳᠠᠨᠠᠬᠢ

ᠠᠮᠤ ᠶᠢᠨ ᠰᠠᠩ︾ ᠪᠣᠯᠪᠠ᠃

      ︽ᠶᠡᠷᠦᠩᠬᠡᠢ ᠱᠦᠵᠢ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠢᠯ ᠢᠶᠠᠷ ᠬᠠᠯᠠᠮᠵᠢᠯᠠᠵᠤ

ᠪᠠᠶᠢᠯ᠎ᠠ᠃ ᠲᠠᠷᠠᠭᠠᠴᠢ ᠪᠠᠷ ᠪᠢᠳᠡ ᠮᠡᠳᠡᠭᠡ ᠵᠠᠩᠭᠢᠵᠢᠯᠲᠠ ᠵᠢᠴᠢ ᠲᠣᠭᠠᠴᠢᠯᠠᠯᠳᠠ ᠶᠢ ᠴᠤᠭ ᠪᠡᠶᠡᠯᠡᠭᠦᠯᠦᠭᠰᠡᠨ ᠤᠰᠤᠯᠠᠯᠲᠠ ᠶᠢᠨ ᠣᠷᠣᠨ ᠤ ᠪᠦᠲᠦᠭᠡᠨ

ᠪᠠᠶᠢᠭᠤᠯᠤᠯᠲᠠ ᠶᠢ ᠦᠷᠭᠦᠯᠵᠢᠯᠡᠨ ᠢᠳᠡᠪᠬᠢᠲᠡᠢ ᠠᠬᠢᠭᠤᠯᠤᠨ᠎ᠠ᠃ ᠶᠡᠷᠦᠩᠬᠡᠢ ᠱᠦᠵᠢ ᠶᠢᠨ ︿ᠬᠠᠳᠤᠨ ᠭᠤᠣᠯ ᠢ ᠠᠷᠠᠳ ᠲᠦᠮᠡᠨ ᠳᠤ ᠪᠤᠶᠠᠨ ᠦᠢᠯᠡᠳᠬᠦ ᠵᠢᠷᠭᠠᠯ ᠤᠨ

ᠭᠤᠣᠯ ᠪᠤᠯᠭᠠᠬᠤ ᠬᠡᠷᠡᠭᠲᠡᠢ﹀ ᠭᠡᠰᠡᠨ ᠵᠢᠭᠠᠪᠤᠷᠢ ᠶᠢ ᠪᠣᠷᠣᠳᠣᠬᠤᠢ ᠣᠷᠣᠨ ᠤ ᠠᠮᠢᠳᠤᠯᠢᠭ ᠦᠢᠯᠡᠳᠦᠯᠭᠡ ᠪᠣᠯᠭᠠᠨ᠎ᠠ︾ ᠭᠡᠵᠦ ᠵᠠᠩ ᠭᠤᠸᠠᠩ ᠮᠢᠩ ᠢᠯᠡᠳᠬᠡᠪᠡ᠃

      ︽ᠮᠠᠨᠤᠰ ᠤᠨ ᠥᠩᠭᠡᠷᠡᠭᠰᠡᠨ ᠤ ᠴᠢᠷᠮᠠᠶᠢᠭᠰᠠᠨ ᠴᠢᠭᠯᠡᠯ ᠵᠥᠪ ᠦᠷ᠎ᠡ ᠪᠦᠲᠦᠮᠵᠢ ᠰᠠᠶᠢᠨ ᠭᠡᠳᠡᠭ ᠢ ᠪᠢ ᠰᠡᠷᠡᠵᠦ ᠮᠡᠳᠡᠪᠡ︾

      ᠡᠯᠡᠰᠦᠨ ᠴᠠᠷ᠎ᠠ ᠶᠢᠨ ᠳᠡᠷᠭᠡᠳᠡᠬᠢ᠂ 50 ᠮᠧᠳ᠋ᠷ ᠤᠷᠳᠤ ᠲᠣᠭᠠᠴᠢᠯᠠᠭᠰᠠᠨ ᠬᠡᠷᠡᠮ ᠳᠡᠭᠡᠷ᠎ᠡ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠴᠠᠭ

ᠲᠤᠬᠠᠢ ᠳᠤᠨᠢ ᠬᠢᠨᠠᠨ ᠡᠵᠡᠮᠳᠡᠬᠦ ᠸᠢᠳᠢᠤ᠋᠂ ᠤᠰᠤᠨ ᠤ ᠪᠠᠶᠢᠳᠠᠯ ᠤᠨ ᠮᠡᠳᠡᠭᠡ ᠵᠠᠩᠭᠢ ᠶᠢ ᠪᠦᠷᠢᠳᠬᠡᠨ ᠵᠠᠳᠠᠯᠤᠭᠰᠠᠨ ᠲᠤᠭ᠎ᠠ ᠪᠠᠷᠢᠮᠲᠠ ᠵᠡᠷᠭᠡ ᠢᠯᠡᠷᠡᠵᠦ ᠪᠠᠶᠢᠯ᠎ᠠ᠃

ᠡᠯᠡᠰᠦᠨ ᠴᠠᠷ᠎ᠠ ᠪᠠ ᠲᠣᠭᠠᠴᠢᠯᠠᠭᠰᠠᠨ ᠬᠡᠷᠡᠮ ᠳᠡᠭᠡᠷᠡᠬᠢ ᠪᠦᠭᠦ ᠤᠰᠤᠯᠠᠯᠲᠠ ᠶᠢᠨ ᠣᠷᠣᠨ ᠤ ᠬᠦᠢᠰᠦ ᠪᠠᠷᠢᠯᠭ᠎ᠠ ᠶᠢᠨ ᠲᠤᠬᠠᠢ ᠶᠢᠨ ᠴᠠᠭ ᠤᠨ ᠲᠤᠭ᠎ᠠ ᠪᠠᠷᠢᠮᠲᠠ ᠶᠢ

ᠨᠡᠶᠢᠳᠬᠡᠵᠦ᠂ ᠤᠰᠤᠯᠠᠯᠲᠠ ᠶᠢᠨ ᠣᠷᠣᠨ ᠤ ᠤᠰᠤᠨ ᠤ ᠪᠠᠶᠢᠳᠠᠯ ᠤᠨ ᠮᠡᠳᠡᠭᠡ ᠵᠠᠩᠭᠢ ᠶᠢ ᠬᠥᠮᠥᠨ ᠤ ᠬᠦᠴᠦ ᠪᠠᠷ ᠳᠠᠮᠵᠢᠭᠤᠯᠤᠨ ᠲᠡᠮᠳᠡᠭᠯᠡᠬᠦ ᠳᠤ ᠪᠦᠷᠢᠮᠦᠰᠦᠨ

ᠲᠦᠰᠢᠭᠯᠡᠵᠦ ᠪᠠᠶᠢᠭᠰᠠᠨ ᠲᠡᠦᠬᠡ ᠶᠢ ᠡᠴᠦᠰᠯᠡᠭᠦᠯᠵᠦ᠂ ᠬᠤᠯᠪᠣᠭᠠᠯᠠᠬᠤ᠂ ᠲᠤᠬᠠᠢ ᠶᠢᠨ ᠴᠠᠭ ᠲᠤᠨᠢ ᠣᠨᠣᠪᠴᠢᠲᠠᠶ ᠬᠢᠨᠠᠨ ᠰᠢᠨᠵᠢᠵᠦ ᠲᠣᠬᠢᠷᠠᠭᠤᠯᠬᠤ ᠶᠢ ᠪᠡᠶᠡᠯᠡᠭᠦᠯᠪᠡ

     ︽ᠡᠯᠡᠰᠦᠨ ᠴᠠᠷ᠎ᠠ ᠶᠢ ᠦᠵᠡᠵᠦ ᠪᠠᠷᠠᠭᠰᠠᠨ ᠤ ᠳᠠᠷᠠᠭ᠎ᠠ᠂ ᠶᠡᠷᠦᠩᠬᠡᠢ ᠱᠦᠵᠢ ᠪᠢᠳᠡᠨ ᠤ ᠵᠦᠭ ᠠᠯᠬᠤᠨ ᠢᠷᠡᠪᠠ᠂ ᠪᠢ ᠲᠤᠬᠠᠢ ᠶᠢᠨ ᠲᠠᠯᠠᠪᠠᠶ ᠳᠤ ᠠᠵᠢᠯᠯᠠᠵᠤ

ᠪᠠᠶᠢᠭᠰᠠᠨ ᠠᠷᠪᠠᠨ ᠬᠡᠳᠦᠨ ᠬᠠᠮᠲᠤ ᠠᠵᠢᠯᠲᠠᠨ ᠲᠠᠢ ᠪᠠᠨ ᠣᠷᠣᠨ ᠳᠠᠭᠠᠨ ᠪᠣᠰᠴᠤ ᠵᠣᠭᠰᠣᠨ ᠠᠯᠠᠭ᠎ᠠ ᠲᠠᠰᠢᠵᠤ᠂ ᠶᠡᠷᠦᠩᠬᠡᠢ ᠱᠦᠵᠢ ᠪᠢᠳᠡᠨ ᠤ ᠵᠦᠭ ᠭᠠᠷ

ᠳᠠᠯᠠᠯᠤᠨ ᠮᠡᠨᠳᠦᠴᠢᠯᠡᠪᠡ᠃ ᠪᠢᠳᠡᠨ ᠤ ᠲᠣᠭᠠᠴᠢᠯᠠᠭᠰᠠᠨ ᠬᠡᠷᠡᠮ ᠤᠨ ᠰᠢᠰᠲ᠋ᠧᠮ ᠢ ᠬᠡᠷᠡᠭᠵᠢᠭᠦᠯᠵᠦ ᠪᠠᠶᠢᠬᠤ ᠶᠢ ᠦᠵᠡᠭᠡᠳ᠂ ᠲᠡᠷᠡ ᠢᠷᠡᠵᠦ ᠦᠵᠡᠪᠡ᠃

ᠲᠤᠬᠠᠢ ᠶᠢᠨ ᠦᠶ᠎ᠡ ᠳᠤ ᠮᠢᠨᠤ ᠰᠡᠳᠬᠢᠯ ᠮᠠᠰᠢ ᠳᠣᠭᠳᠣᠯᠵᠤ ᠪᠠᠶᠢᠭᠰᠠᠨ᠂ ᠤᠳᠤ ᠴᠤ ᠭᠡᠰᠡᠨ ᠰᠡᠳᠬᠢᠯ ᠳᠣᠭᠳᠣᠯᠵᠤ ᠪᠠᠶᠢᠨ᠎ᠠ︾ ᠭᠡᠵᠦ ᠥᠪᠥᠷ ᠮᠣᠩᠭᠤᠯ ᠤᠨ

ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠪ ᠤᠨ ᠮᠡᠳᠡᠭᠡ ᠵᠠᠩᠭᠢᠵᠢᠯᠲᠠ ᠶᠢᠨ ᠰᠠᠯᠠᠭᠠᠨ ᠤ ᠳᠠᠷᠤᠭ᠎ᠠ ᠵᠢᠶᠠᠩ

ᠵᠢᠶᠧ ᠬᠡᠯᠡᠪᠡ᠃

      ᠵᠢᠶᠠᠩ ᠵᠢᠶᠧ ᠪᠣᠯ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠣᠷᠣᠯᠴᠠᠭᠴᠢ

ᠮᠥᠨ᠂ 2005 ᠣᠨ ᠳᠤ ᠶᠡᠭᠡ ᠰᠤᠷᠭᠠᠭᠤᠯᠢ ᠪᠠᠨ ᠲᠡᠭᠦᠰᠬᠡᠭᠰᠡᠨ ᠠᠴᠠ ᠣᠲᠣ ᠪᠤᠯᠲᠠᠯ᠎ᠠ ᠲᠡᠷᠡ ᠨᠢᠭᠡᠨᠲᠡ ᠡᠨᠡ ᠠᠵᠢᠯ ᠢ 18 ᠵᠢᠯ ᠬᠢᠭᠰᠡᠨ ᠪᠠᠶᠢᠨ᠎ᠠ᠃ ︽

ᠶᠡᠷᠦᠩᠬᠡᠢ ᠱᠦᠵᠢ ᠶᠢᠨ ᠬᠦᠷᠴᠦ ᠢᠷᠡᠭᠰᠡᠨ ᠨᠢ ᠪᠢᠳᠡᠨ ᠳᠤ ᠲᠦᠢᠯ ᠤᠨ ᠶᠡᠭᠡ ᠵᠣᠷᠢᠭᠵᠢᠭᠤᠯᠤᠯ ᠪᠣᠯᠵᠠᠢ᠃ ᠪᠢᠳᠡᠨ ᠤ ᠤᠷᠢᠳᠤ ᠶᠢᠨ ᠬᠢᠭᠰᠡᠨ ᠠᠵᠢᠯ ᠤᠨ

ᠴᠢᠷᠮᠠᠶᠢᠭᠰᠠᠨ ᠴᠢᠭᠯᠡᠯ ᠨᠢ ᠵᠥᠪ᠂ ᠦᠷ᠎ᠡ ᠳ᠋ᠦᠩ ᠨᠢ ᠰᠠᠶᠢᠨ ᠭᠡᠳᠡᠭ ᠢ ᠪᠢ ᠤᠯᠠᠮ ᠭᠦᠨᠵᠡᠭᠡᠢ ᠮᠡᠳᠡᠷᠡᠪᠡ᠃ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ

ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠬᠠᠷᠢᠭᠤᠴᠠᠯᠭ᠎ᠠ ᠪᠣᠯ ᠤᠰᠤᠯᠠᠯᠲᠠ ᠶᠢᠨ ᠲᠠᠷᠢᠶᠠᠯᠠᠩ ᠳᠤ ᠦᠢᠯᠡᠴᠢᠯᠡᠬᠦ ᠶᠠᠪᠤᠳᠠᠯ ᠪᠣᠯᠣᠨ᠎ᠠ᠃

ᠪᠢ ᠡᠨᠡ ᠬᠦ ᠦᠢᠯᠡᠰ ᠢ ᠨᠠᠩ ᠬᠠᠶᠢᠷᠠᠯᠠᠵᠤ᠂ ᠯᠠᠪᠳᠠᠭᠤᠨ ᠪᠠᠲᠤᠲᠠᠢ ᠠᠵᠢᠯᠯᠠᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠢ ᠣᠳᠣᠬᠢᠴᠢᠯᠠᠭᠰᠠᠨ

ᠤᠰᠤᠯᠠᠯᠲᠠ ᠶᠢᠨ ᠣᠷᠣᠨ ᠪᠣᠯᠭᠠᠨ ᠪᠦᠲᠦᠭᠡᠨ ᠪᠠᠶᠢᠭᠤᠯᠬᠤ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ︾ ᠭᠡᠵᠦ ᠵᠢᠶᠠᠩ ᠵᠢᠶᠧ ᠢᠯᠡᠳᠬᠡᠪᠡ᠃

      ᠵᠢᠶᠠᠩ ᠵᠢᠶᠧ ᠲᠠᠢ ᠠᠳᠠᠯᠢ ᠪᠠᠷ᠂ ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ

ᠲᠥᠪ ᠤᠨ ᠮᠡᠳᠡᠭᠡ ᠵᠠᠩᠭᠢᠵᠢᠯᠲᠠ ᠶᠢᠨ ᠰᠠᠯᠠᠭᠠᠨ ᠤ ᠠᠵᠢᠯᠲᠠᠨ ᠯᠢ ᠵᠠᠨ ᠴᠢᠶᠠᠩ ᠴᠤ ᠲᠤᠬᠠᠢ ᠶᠢᠨ ᠲᠠᠯᠠᠪᠠᠶ ᠳᠤ ᠡᠨᠡ ᠬᠦ ᠳᠣᠬᠳᠣᠯᠤᠬᠰᠠᠨ ᠴᠠᠭ ᠮᠥᠴᠡ ᠶᠢ

ᠪᠡᠶ᠎ᠡ ᠪᠠᠷ ᠢᠶᠠᠨ ᠥᠩᠭᠡᠷᠡᠭᠦᠯᠪᠡ᠃ ︽ᠶᠡᠷᠦᠩᠬᠡᠢ ᠱᠦᠵᠢ ᠶᠢᠨ ᠬᠦᠷᠴᠦ ᠢᠷᠡᠭᠰᠡᠨ ᠨᠢ᠂ ᠮᠠᠨ ᠤ ᠵᠠᠯᠠᠭᠤ ᠨᠢᠭᠡ ᠦᠶ᠎ᠡ ᠶᠢᠨ ᠤᠰᠤᠨ ᠠᠰᠢᠭᠯᠠᠯᠲᠠ ᠶᠢᠨ ᠠᠵᠢᠯ

ᠲᠦᠷᠦᠯ ᠤᠨ ᠮᠡᠳᠡᠭᠡ ᠵᠠᠩᠭᠢᠵᠢᠯᠲᠠ ᠶᠢᠨ ᠠᠵᠢᠯ ᠬᠢᠵᠦ ᠪᠠᠶᠢᠭ᠎ᠠ ᠬᠥᠮᠥᠰ ᠲᠤ ᠠᠪᠴᠤ ᠬᠡᠯᠡᠪᠡᠯ᠂ ᠤᠶᠤᠨ ᠰᠠᠨᠠᠭᠠᠨ ᠤ ᠵᠣᠷᠢᠭᠵᠢᠭᠤᠯᠤᠯ ᠪᠣᠯᠵᠠᠢ᠂ ᠪᠢ ᠮᠠᠰᠢ ᠠᠵᠠ

ᠵᠠᠪᠰᠢᠶᠠᠨ ᠲᠠᠢ ᠰᠠᠨᠠᠭᠳᠠᠵᠤ ᠪᠠᠶᠢᠨ᠎ᠠ︾᠃ ︽ᠢᠷᠡᠭᠡᠳᠦᠢ ᠶᠢᠨ ᠠᠵᠢᠯ ᠤᠨ ᠳᠤᠮᠳᠠ᠂ ᠪᠢᠳᠡ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ

ᠦᠷᠭᠦᠯᠵᠢᠯᠡᠨ ᠰᠢᠨ᠎ᠡ ᠲᠥᠬᠦᠭᠡᠷᠦᠮᠵᠢ ᠶᠢ ᠰᠤᠳᠤᠯᠤᠨ ᠨᠡᠭᠡᠭᠡᠵᠦ᠂ ᠦᠨᠳᠦᠰᠦᠨ ᠱᠠᠲᠤᠨ ᠤ ᠠᠵᠢᠯᠲᠠᠨ ᠤ ᠭᠦᠳᠡᠯᠮᠦᠷᠢ ᠶᠢᠨ ᠡᠷᠴᠢᠮ ᠢ ᠪᠠᠭᠤᠷᠠᠭᠤᠯᠵᠤ᠂ ᠤᠰᠤᠨ ᠤ

ᠡᠬᠢ ᠪᠠᠶᠠᠯᠢᠭ ᠤᠨ ᠠᠰᠢᠭᠯᠠᠯᠲᠠ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠤᠰᠤ ᠶᠢ ᠡᠵᠡᠮᠳᠡᠬᠦ ᠪᠠᠷ ᠳᠠᠮᠵᠢᠭᠤᠯᠤᠨ ᠣᠢ ᠰᠢᠭᠤᠢ᠂ ᠲᠠᠷᠢᠶᠠᠯᠠᠩ ᠵᠡᠷᠭᠡ ᠶᠢᠨ

ᠬᠥᠭᠵᠢᠯᠲᠡ ᠶᠢ ᠳᠠᠶᠢᠴᠢᠯᠠᠨ᠎ᠠ᠃ ᠮᠡᠳᠡᠭᠡ ᠵᠠᠩᠭᠢᠵᠢᠯᠲᠠ ᠪᠠᠷ ᠪᠣᠷᠣᠳᠣᠬᠤᠢ ᠶᠢᠨ ᠤᠰᠤᠯᠠᠯᠲᠠ ᠶᠢᠨ ᠣᠷᠣᠨ ᠳᠤ ᠣᠶᠤᠨ ᠤᠬᠠᠭᠠᠨ ᠤ ᠵᠢᠭᠦᠷ ᠤᠷᠭᠤᠭᠤᠯᠤᠨ᠎ᠠ︾

ᠭᠡᠵᠦ ᠯᠢ ᠵᠠᠨ ᠴᠢᠶᠠᠩ ᠢᠲᠡᠭᠡᠯ ᠳᠦᠭᠦᠷᠡᠩ ᠬᠡᠯᠡᠪᠡ᠃ 

   

调研2.2.jpg

      ᠰᠠᠨ ᠱᠧᠩ ᠭᠦᠩ ᠤᠰᠤᠨ ᠠᠰᠢᠭᠯᠠᠯᠲᠠ ᠶᠢᠨ ᠬᠦᠢᠰᠦ ᠢᠨᠵᠧᠨᠧᠷᠢᠩ ︽ᠲᠦᠮᠡᠨ ᠭᠠᠵᠠᠷ ᠤᠨ ᠬᠠᠳᠤᠨ ᠭᠤᠣᠯ ᠤᠨ ᠨᠢᠭᠡᠳᠦᠭᠡᠷ ᠬᠠᠭᠠᠯᠲᠠ︾ ᠬᠡᠮᠡᠬᠦ

ᠨᠡᠷᠡᠶᠢᠳᠦᠯ ᠲᠠᠢ᠃ ︵ᠮᠠᠲ᠋ᠧᠷᠢᠶᠠᠯ ᠵᠢᠷᠤᠭ︶

      ︽ᠪᠢᠳᠡ ᠶᠡᠷᠦᠩᠬᠡᠢ ᠱᠦᠵᠢ ᠶᠢᠨ ᠪᠣᠷᠣᠳᠣᠬᠤᠢ ᠶᠢᠨ ᠠᠷᠠᠳ ᠲᠦᠮᠡᠨ ᠢ ᠬᠠᠶᠢᠷᠠᠯᠠᠨ ᠬᠠᠯᠠᠮᠵᠢᠯᠠᠵᠤ ᠪᠠᠶᠢᠭ᠎ᠠ ᠭᠦᠨ ᠵᠤᠵᠠᠭᠠᠨ ᠬᠠᠶᠢᠷ᠎ᠠ ᠬᠠᠯᠠᠮᠵᠢ ᠶᠢ

ᠭᠦᠢᠴᠡᠳ ᠮᠡᠳᠡᠷᠡᠪᠡ︾

      6 ᠰᠠᠷ᠎ᠠ ᠶᠢᠨ 6 ᠤ ᠣᠷᠣᠢ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠠᠨᠨᠠᠭᠤᠷ ᠲᠤ ᠰᠢᠨᠵᠢᠯᠡᠨ ᠪᠠᠶᠢᠴᠠᠭᠠᠭᠰᠠᠨ ᠮᠡᠳᠡᠭᠡᠯᠡᠯ ᠢ

ᠲᠥᠪ ᠲᠧᠯᠸᠢᠰ ᠤᠨ ᠰᠣᠨᠢᠨ ᠮᠡᠳᠡᠭᠡᠨ ᠤ ᠳᠠᠮᠵᠢᠭᠤᠯᠬᠤ ᠨᠡᠪᠲᠡᠷᠡᠭᠦᠯᠭᠡ ᠪᠠᠷ ᠨᠡᠪᠲᠡᠷᠡᠭᠦᠯᠪᠡ᠃ ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ

ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠪ ᠤᠨ ᠬᠡᠰᠡᠭ ᠺᠠᠳ᠋ᠷ ᠠᠵᠢᠯᠲᠠᠨ ᠰᠣᠨᠢᠨ ᠮᠡᠳᠡᠭᠡᠨ ᠤ ᠨᠡᠪᠲᠡᠷᠡᠭᠦᠯᠭᠡ ᠶᠢ ᠬᠠᠮᠲᠤ ᠪᠠᠷ ᠦᠵᠡᠪᠡ᠃

      ᠲᠤᠰ ᠦᠳᠡ ᠶᠢᠨ ᠡᠮᠦᠨ᠎ᠡ ᠶᠡᠷᠦᠩᠬᠡᠢ ᠱᠦᠵᠢ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢᠨ ᠮᠡᠳᠡᠭᠡ ᠵᠠᠩᠭᠢᠵᠢᠯᠲᠠ ᠶᠢᠨ ᠬᠢᠨᠠᠨ

ᠬᠡᠮᠵᠢᠬᠦ ᠲᠥᠪ ᠲᠤ ᠬᠦᠷᠴᠦ ᠰᠢᠨᠵᠢᠯᠡᠨ ᠪᠠᠶᠢᠴᠠᠭᠠᠭᠰᠠᠨ ᠰᠣᠨᠢᠨ ᠮᠡᠳᠡᠭᠡ ᠶᠢ ᠦᠵᠡᠭᠡᠳ ᠣᠯᠠᠨ ᠢᠶᠠᠷ ᠢᠶᠠᠨ ᠰᠡᠳᠬᠢᠯ ᠳᠣᠭᠳᠣᠯᠤᠨ ᠠᠯᠠᠭ᠎ᠠ ᠲᠠᠰᠢᠵᠠᠭᠠᠪᠠ᠃ ︽

ᠰᠣᠨᠢᠨ ᠮᠡᠳᠡᠭᠡᠨ ᠤ ᠨᠡᠪᠲᠡᠷᠡᠭᠦᠯᠭᠡ ᠳᠤ ᠶᠡᠷᠦᠩᠬᠡᠢ ᠱᠦᠵᠢ ᠮᠠᠨ ᠤ ᠳᠡᠷᠭᠡᠳᠡ ᠪᠠᠶᠢᠪᠠ᠂ ᠪᠠᠰᠠ ᠬᠠᠮᠲᠤ ᠠᠵᠢᠯᠯᠠᠭᠰᠠᠳ ᠤᠨ ᠢᠶᠠᠨ ᠪᠠᠷ᠎ᠠ ᠶᠢ ᠬᠠᠷᠠᠭᠠᠳ ᠪᠢ

ᠲᠦᠢᠯ ᠢᠶᠠᠷ ᠪᠠᠶᠠᠷᠯᠠᠪᠠ᠃ ᠶᠡᠷᠦᠩᠬᠡᠢ ᠱᠦᠵᠢ ᠶᠢᠨ ᠮᠠᠨ ᠤ ᠪᠣᠷᠣᠳᠣᠬᠤᠢ ᠶᠢᠨ ᠠᠷᠠᠳ ᠲᠦᠮᠡᠨ ᠢ ᠬᠠᠶᠢᠷᠠᠯᠠᠨ ᠬᠠᠯᠠᠮᠵᠢᠯᠠᠵᠤ ᠪᠠᠶᠢᠭ᠎ᠠ ᠭᠦᠨ ᠵᠤᠵᠠᠭᠠᠨ ᠬᠠᠶᠢᠷ᠎ᠠ

ᠬᠠᠯᠠᠮᠵᠢ ᠶᠢ ᠭᠦᠢᠴᠡᠳ ᠮᠡᠳᠡᠷᠡᠪᠡ︾ ᠭᠡᠵᠦ ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ

ᠲᠥᠪ ᠤᠨ ᠠᠯᠪᠠᠨ ᠭᠡᠷ ᠤᠨ ᠡᠷᠭᠢᠯᠡᠭᠴᠢ ᠾᠧ ᠵᠢᠶᠦ᠋ᠨ ᠬᠡᠯᠡᠪᠡ᠃

      ᠾᠧ ᠵᠢᠶᠦ᠋ᠨ᠄ ︽ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠬᠢᠨ ᠤᠰᠤᠨ ᠤ ᠡᠬᠢ ᠪᠠᠶᠠᠯᠢᠭ ᠢ ᠠᠷᠪᠢᠯᠠᠬᠤ ᠶᠢ ᠣᠨᠴᠠᠭᠠᠢ ᠴᠢᠬᠤᠯᠠᠴᠢᠯᠠᠳᠠᠭ᠃

ᠵᠠᠯᠭᠠᠭᠠᠳ᠂ ᠪᠢᠳᠡ ᠲᠠᠷᠢᠶᠠᠯᠠᠩ ᠤᠨ ᠤᠰᠤ ᠠᠷᠪᠢᠯᠠᠬᠤ ᠤᠰᠤ ᠡᠵᠡᠮᠳᠡᠬᠦ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠬᠠᠲᠤᠨ ᠭᠤᠣᠯ ᠤᠨ ᠤᠰᠤ ᠶᠢ

ᠲᠠᠲᠠᠵᠤ ᠳᠤᠰᠤᠯᠠᠭᠠᠨ ᠤᠰᠤᠯᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠤᠨ᠎ᠠ︾ ᠭᠡᠵᠦ ᠢᠯᠡᠳᠬᠡᠪᠡ᠃

     ︽ᠶᠡᠷᠦᠩᠬᠡᠢ ᠱᠦᠵᠢ ᠪᠡᠶ᠎ᠡ ᠪᠠᠷ ᠢᠶᠠᠨ ᠰᠢᠨᠵᠢᠯᠡᠨ ᠪᠠᠶᠢᠴᠠᠭᠠᠭᠰᠠᠨ ᠨᠢ ᠨᠠᠳᠠ ᠳᠤ ᠮᠠᠰᠢ ᠠᠵᠠ ᠵᠠᠪᠰᠢᠶᠠᠨ ᠲᠠᠢ ᠰᠠᠨᠠᠭᠳᠠᠵᠤ᠂ ᠶᠡᠭᠡ ᠵᠣᠷᠢᠭᠵᠢᠭᠤᠯᠤᠯ ᠪᠣᠯᠵᠠᠢ

᠃ ᠡᠳᠡᠭᠡᠷ ᠵᠢᠯ ᠤᠳ ᠲᠤ ᠮᠠᠨ ᠤ ᠤᠰᠤᠨ ᠠᠰᠢᠭᠯᠠᠯᠲᠠ ᠶᠢᠨ ᠠᠵᠢᠯᠲᠠᠳ ᠲᠠᠰᠤᠷᠠᠯᠳᠠ ᠦᠭᠡᠢ ᠲᠡᠮᠡᠴᠡᠵᠦ᠂ ᠨᠢᠭᠡ ᠨᠢᠭᠡ ᠠᠯᠬᠤᠮ ᠢᠶᠠᠷ ᠠᠵᠢᠯᠯᠠᠭᠠᠳ ᠡᠳᠦᠢ

ᠲᠡᠳᠦᠢ ᠠᠮᠵᠢᠯᠲᠠ ᠪᠦᠲᠦᠮᠵᠢ ᠣᠯᠵᠤ᠂ ᠨᠤᠲᠠᠯᠠᠯᠲᠠ ᠣᠯᠣᠭᠰᠠᠨ ᠳᠠᠭᠠᠨ ᠪᠢᠳᠡ ᠲᠦᠢᠯ ᠢᠶᠠᠷ ᠤᠷᠮᠠᠰᠢᠨ ᠪᠠᠶᠠᠷᠯᠠᠵᠤ᠂ ᠡᠷᠴᠢ ᠵᠣᠷᠢᠭ ᠨᠡᠩ ᠬᠥᠪᠴᠢᠯᠡᠭᠳᠡᠯ᠎ᠡ︕︾

ᠭᠡᠵᠦ ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠬᠥᠭᠵᠢᠯᠲᠡ ᠶᠢᠨ ᠲᠥᠪ ᠤᠨ ᠨᠠᠮ ᠤᠨ ᠤᠳᠤᠷᠢᠳᠬᠤ

ᠳᠤᠭᠤᠶᠢᠯᠠᠩ ᠤᠨ ᠱᠦᠵᠢ ᠯᠢ ᠭᠧᠨ ᠳ᠋ᠦᠩ ᠢᠯᠡᠳᠬᠡᠪᠡ᠃

      ᠪᠣᠷᠣᠳᠣᠬᠤᠢ ᠶᠢᠨ ᠤᠰᠤᠯᠠᠯᠲᠠ ᠶᠢᠨ ᠣᠷᠣᠨ ᠢ ᠤᠰᠤᠨ ᠠᠰᠢᠭᠯᠠᠯᠲᠠ ᠶᠢᠨ ᠶᠠᠮᠤᠨ ᠬᠤᠶᠠᠷ ᠤᠳᠠᠭ᠎ᠠ ᠪᠦᠭᠦ ᠤᠯᠤᠰ ᠤᠨ ᠲᠣᠮᠣ ᠭᠡᠯᠪᠡᠷᠢ ᠶᠢᠨ

ᠤᠰᠤᠯᠠᠯᠲᠠ ᠶᠢᠨ ᠣᠷᠣᠨ ᠤ ᠮᠡᠳᠡᠭᠡ ᠵᠠᠩᠭᠢᠵᠢᠯᠲᠠ ᠶᠢᠨ ᠲᠤᠷᠰᠢᠯᠲᠠ ᠶᠢᠨ ᠤᠰᠤᠯᠠᠯᠲᠠ ᠶᠢᠨ ᠣᠷᠣᠨ ᠢᠶᠠᠷ ᠲᠣᠭᠲᠠᠭᠠᠵᠤ᠂ 2022 ᠣᠨ ᠤ 12 ᠰᠠᠷ᠎ᠠ ᠳᠤ

ᠪᠣᠷᠣᠳᠣᠬᠤᠢ ᠶᠢᠨ ᠤᠰᠤᠯᠠᠯᠲᠠ ᠶᠢᠨ ᠣᠷᠣᠨ ᠨᠢ ᠤᠰᠤᠨ ᠠᠰᠢᠭᠯᠠᠯᠲᠠ ᠶᠢᠨ ᠶᠠᠮᠤᠨ ᠤ ︽ᠲᠣᠭᠠᠴᠢᠯᠠᠭᠰᠠᠨ ᠢᠬᠡᠷ᠎ᠡ ᠤᠰᠤᠯᠠᠯᠲᠠ ᠶᠢᠨ ᠣᠷᠣᠨ ᠢ ᠤᠷᠢᠳ ᠢᠶᠠᠷ

ᠬᠡᠷᠡᠭᠵᠢᠭᠦᠯᠵᠦ ᠤᠷᠢᠳ ᠢᠶᠠᠷ ᠲᠤᠷᠰᠢᠬᠤ︾ ᠲᠤᠷᠰᠢᠯᠲᠠ ᠶᠢᠨ ᠡᠭᠦᠷᠭᠡ ᠶᠢ ᠳᠠᠬᠢᠨᠲᠠ ᠣᠯᠪᠠ᠃ ᠪᠣᠷᠣᠳᠣᠬᠤᠢ ᠶᠢᠨ ᠤᠰᠤᠯᠠᠯᠲᠠ ᠶᠢᠨ ᠣᠷᠣᠨ ᠨᠢ ᠪᠦᠭᠦ

ᠤᠯᠤᠰ ᠤᠨ ᠤᠰᠤᠯᠠᠯᠲᠠ ᠶᠢᠨ ᠣᠷᠣᠨ ᠤ ᠮᠡᠳᠡᠭᠡ ᠵᠠᠩᠭᠢᠵᠢᠯᠲᠠ ᠶᠢᠨ ᠲᠤᠷᠰᠢᠯᠲᠠ ᠶᠢᠨ ᠠᠵᠢᠯ ᠳᠤ ᠶᠡᠭᠡ ᠬᠡᠮᠵᠢᠶᠡᠨ ᠤ ᠲᠤᠷᠰᠢᠯᠭ᠎ᠠ ᠪᠠ ᠠᠮᠵᠢᠯᠲᠠ ᠲᠠᠢ ᠵᠢᠱᠢᠶ᠎ᠡ

ᠨᠡᠮᠡᠷᠢᠯᠡᠪᠡ᠃

      ᠯᠢ ᠭᠧᠨ ᠳ᠋ᠦᠩ᠄ ︽ᠪᠢᠳᠡ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠶᠡᠷᠦᠩᠬᠡᠢ ᠱᠦᠵᠢ ᠶᠢᠨ ᠬᠠᠶᠢᠷ᠎ᠠ ᠬᠠᠯᠠᠮᠵᠢ ᠶᠢ ᠬᠦᠴᠦᠷᠬᠡᠭ

ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠠᠵᠢᠯ ᠢᠶᠠᠨ ᠠᠬᠢᠭᠤᠯᠬᠤ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠤᠨ᠎ᠠ᠃

ᠤᠰᠤᠨ ᠤ ᠡᠬᠢ ᠪᠠᠶᠠᠯᠢᠭ ᠢ ᠬᠠᠮᠠᠭᠠᠯᠠᠬᠤ ᠪᠠ ᠠᠰᠢᠭᠯᠠᠬᠤ ᠶᠢ ᠴᠢᠩᠭᠠᠳᠬᠠᠵᠤ᠂ ᠣᠳᠣᠬᠢᠴᠢᠯᠠᠭᠰᠠᠨ ᠤᠰᠤᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ

ᠰᠠᠶᠢᠲᠤᠷ ᠬᠢᠵᠦ᠂ ᠠᠮᠢ ᠠᠬᠤᠢ ᠶᠢᠨ ᠵᠠᠰᠠᠯᠲᠠ ᠶᠢᠨ ᠠᠵᠢᠯ ᠢ ᠰᠠᠶᠢᠲᠤᠷ ᠬᠢᠵᠦ᠂ ︿ᠪᠦᠭᠦ ᠤᠯᠤᠰ ᠤᠨ ᠲᠡᠷᠢᠭᠦᠨ ᠤ ᠤᠰᠤᠯᠠᠯᠲᠠ ᠶᠢᠨ ᠣᠷᠣᠨ﹀ ᠢ ᠪᠦᠲᠦᠭᠡᠨ

ᠪᠠᠶᠢᠭᠤᠯᠬᠤ ᠪᠠᠷ ᠬᠠᠷᠠᠯᠲᠠ ᠪᠤᠯᠭᠠᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠ ᠤᠯᠤᠰ ᠤᠨ ᠠᠮᠤ

ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠳᠤ ᠴᠢᠬᠤᠯᠠ ᠬᠤᠪᠢ ᠨᠡᠮᠡᠷᠢ ᠦᠵᠡᠭᠦᠯᠦᠨ᠎ᠡ︾ ᠭᠡᠵᠦ ᠬᠡᠯᠡᠪᠡ᠃ 

     ︽ᠤᠰᠤᠨ ᠠᠰᠢᠭᠯᠠᠯᠲᠠ ᠶᠢᠨ ᠭᠤᠷᠪᠠᠳᠠᠭᠢ ᠦᠶ᠎ᠡ ᠶᠢᠨ ᠬᠢᠨ︾ ᠶᠡᠷᠦᠩᠬᠡᠢ ᠱᠦᠵᠢ ᠲᠠᠢ ᠬᠤᠶᠠᠳᠠᠭᠢ ᠤᠳᠠᠭ᠎ᠠ ᠠᠭᠤᠯᠵᠠᠪᠠ

     ︽ᠡᠳᠦᠷᠵᠢᠨ ᠠᠵᠢᠯᠯᠠᠵᠤ ᠪᠠᠶᠢᠭ᠎ᠠ ᠭᠠᠵᠠᠷ ᠲᠠᠭᠠᠨ ᠶᠡᠷᠦᠩᠬᠡᠢ ᠱᠦᠵᠢ ᠲᠠᠢ ᠠᠭᠤᠯᠵᠠᠨ᠎ᠠ ᠭᠡᠵᠦ ᠦᠨᠡᠬᠡᠷ ᠪᠤᠳᠤᠵᠦ ᠣᠯᠣᠭᠰᠠᠨ ᠦᠭᠡᠢ᠃ ᠪᠢᠳᠡ ᠶᠡᠷᠦᠩᠬᠡᠢ

ᠱᠦᠵᠢ ᠶᠢᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠠᠰᠢᠭᠯᠠᠯᠲᠠ ᠶᠢᠨ ᠦᠢᠯᠡᠰ ᠢ ᠬᠠᠯᠠᠮᠵᠢᠯᠠᠨ ᠠᠩᠬᠠᠷᠴᠤ᠂ ᠤᠰᠤᠨ ᠠᠰᠢᠭᠯᠠᠯᠲᠠ ᠶᠢᠨ

ᠬᠥᠮᠥᠰ ᠢ ᠬᠠᠯᠠᠮᠵᠢᠯᠠᠵᠤ ᠪᠠᠶᠢᠬᠤ ᠶᠢ ᠭᠦᠨᠵᠡᠭᠡᠢ ᠣᠶᠢᠯᠠᠭᠠᠪᠠ︾ ᠭᠡᠵᠦ ᠥᠪᠥᠷ ᠮᠣᠩᠭᠤᠯ ᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ

ᠠᠰᠢᠭᠯᠠᠯᠲᠠ ᠶᠢᠨ ᠬᠥᠭᠵᠢᠯᠲᠡ ᠶᠢᠨ ᠲᠥᠪ ᠤᠨ ᠳᠡᠳ᠋ ᠡᠷᠭᠢᠯᠡᠭᠴᠢ ᠰᠢᠦᠢ ᠬᠤᠩ ᠸᠧᠢ ᠬᠡᠯᠡᠪᠡ᠃ 

     6 ᠰᠠᠷ᠎ᠠ ᠶᠢᠨ 6 ᠤ ᠦᠳᠡ ᠶᠢᠨ ᠡᠮᠦᠨ᠎ᠡ᠂ ᠶᠡᠷᠦᠩᠬᠡᠢ ᠱᠦᠵᠢ ᠰᠢ ᠶᠢᠨ ᠫᠢᠩ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠤᠰᠤᠨ ᠤ ᠬᠡᠮᠵᠢᠶ᠎ᠡ ᠶᠢᠨ

ᠮᠡᠳᠡᠭᠡ ᠵᠠᠩᠭᠢᠵᠢᠯᠲᠠ ᠶᠢᠨ ᠬᠢᠨᠠᠨ ᠬᠡᠮᠵᠢᠬᠦ ᠲᠥᠪ ᠲᠤ ᠰᠢᠨᠵᠢᠯᠡᠨ ᠪᠠᠶᠢᠴᠠᠭᠠᠪᠠ᠃

     ᠡᠨᠡ ᠪᠣᠯ ᠰᠢᠦᠢ ᠬᠤᠩ ᠸᠧᠢ ᠶᠡᠷᠦᠩᠬᠡᠢ ᠱᠦᠵᠢ ᠲᠠᠢ ᠬᠤᠶᠠᠳᠠᠭᠢ ᠤᠳᠠᠭ᠎ᠠ ᠠᠭᠤᠯᠵᠠᠵᠤ ᠪᠠᠶᠢᠭ᠎ᠠ ᠶᠠᠪᠤᠳᠠᠯ ᠪᠣᠯᠣᠨ᠎ᠠ᠃ ᠲᠡᠷᠡ ᠠᠩᠬ᠎ᠠ ᠤᠳᠠᠭ᠎ᠠ ᠶᠡᠷᠦᠩᠬᠡᠢ

ᠱᠦᠵᠢ ᠲᠠᠢ ᠠᠭᠤᠯᠵᠠᠭᠰᠠᠨ ᠨᠢ ᠬᠤᠶᠠᠷ ᠵᠢᠯ ᠤᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠪᠠᠶᠢᠭᠰᠠᠨ ᠶᠤᠮ᠃

     2020 ᠣᠨ ᠤ 11 ᠰᠠᠷ᠎ᠠ ᠳᠤ᠂ ᠰᠢᠦᠢ ᠬᠤᠩ ᠸᠧᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ

ᠬᠤᠷᠢᠶ᠎ᠠ ᠶᠢᠨ ᠣᠯᠭᠤᠭᠰᠠᠨ ︽ᠪᠦᠭᠦ ᠤᠯᠤᠰ ᠤᠨ ᠲᠡᠷᠢᠭᠦᠨ ᠤ ᠠᠵᠢᠯᠲᠠᠨ︾ ᠴᠣᠯᠠ ᠶᠢ ᠬᠦᠷᠲᠡᠵᠡᠢ᠃ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ

ᠶᠠᠪᠤᠭᠳᠠᠭᠰᠠᠨ ᠪᠦᠭᠦ ᠤᠯᠤᠰ ᠤᠨ ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ᠂ ᠲᠡᠷᠡ

ᠲᠤᠬᠠᠢ ᠶᠢᠨ ᠲᠠᠯᠠᠪᠠᠢ ᠳᠤ ᠶᠡᠷᠦᠩᠬᠡᠢ ᠱᠦᠵᠢ ᠶᠢᠨ ᠶᠠᠷᠢᠶ᠎ᠠ ᠶᠢ ᠨᠠᠷᠢᠨ ᠬᠢᠨᠠᠮᠠᠭᠠᠢ ᠰᠣᠨᠣᠰᠤᠭᠰᠠᠨ ᠪᠠᠶᠢᠵᠠᠢ᠃ ︽ᠲᠤᠬᠠᠢ ᠶᠢᠨ ᠦᠶ᠎ᠡ ᠳᠤ ᠪᠢ ᠬᠢᠵᠠᠭᠠᠯᠠᠰᠢ ᠦᠭᠡᠢ

ᠣᠮᠣᠭᠰᠢᠵᠤ ᠪᠠᠶᠢᠵᠠᠢ᠃ ᠡᠨᠡ ᠬᠡᠳᠦᠨ ᠵᠢᠯ ᠳᠤ᠂ ᠪᠢ ᠶᠡᠷᠦᠩᠬᠡᠢ ᠱᠦᠵᠢ ᠶᠢᠨ ᠬᠦᠰᠡᠯ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠲᠤᠬᠠᠶᠢᠯᠠᠭᠰᠠᠨ

ᠠᠵᠢᠯ ᠳᠠᠭᠠᠨ ᠰᠠᠭᠤᠷᠢᠯᠠᠨ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠭᠦᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ

ᠶᠡᠭᠡ ᠪᠠᠷ ᠪᠠᠳᠠᠷᠠᠭᠤᠯᠵᠤ᠂ ᠪᠦᠯᠭᠦᠮ ᠢᠶᠠᠨ ᠳᠠᠭᠠᠭᠤᠯᠤᠨ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠮᠡᠳᠡᠭᠡ ᠵᠠᠩᠭᠢᠵᠢᠯᠲᠠ ᠶᠢᠨ ᠠᠵᠢᠯ ᠢ ᠰᠠᠶᠢᠲᠤᠷ ᠬᠢᠪᠡ︾᠃

      ᠰᠢᠦᠢ ᠬᠤᠩ ᠸᠧᠢ ᠡᠷᠭᠢᠴᠡᠭᠦᠯᠬᠦ ᠳᠡᠭᠡᠨ᠄ ︽ᠡᠨᠡ ᠤᠳᠠᠭ᠎ᠠ ᠵᠣᠯ ᠢᠶᠠᠷ ᠶᠡᠷᠦᠩᠬᠡᠢ ᠱᠦᠵᠢ ᠲᠠᠢ ᠨᠡᠩ ᠣᠶᠢᠷᠠᠬᠠᠨ ᠠᠭᠤᠯᠵᠠᠪᠠ᠂ ᠨᠠᠳᠠ ᠳᠤ ᠲᠤᠩ

ᠳᠣᠲᠣᠨᠣ ᠰᠠᠨᠠᠭᠳᠠᠭᠰᠠᠨ ᠪᠠᠶᠢᠨ᠎ᠠ᠂ ᠶᠡᠷᠦᠩᠬᠡᠢ ᠱᠦᠵᠢ ᠪᠢᠳᠠᠨ ᠠᠴᠠ ᠮᠠᠰᠢ ᠪᠣᠳᠠᠲᠠᠢ ᠠᠰᠠᠭᠤᠳᠠᠯ ᠠᠰᠠᠭᠤᠯ᠎ᠠ︾ ᠭᠡᠪᠡ᠃ ᠰᠢᠦᠢ ᠬᠤᠩ ᠸᠧᠢ ᠪᠣᠯ ︽ᠤᠰᠤᠨ

ᠠᠰᠢᠭᠯᠠᠯᠲᠠ ᠶᠢᠨ ᠭᠤᠷᠪᠠᠳᠠᠭᠢ ᠦᠶ᠎ᠡ ᠶᠢᠨ ᠬᠢᠨ︾ ᠮᠥᠨ᠃ ᠲᠡᠭᠦᠨ ᠤ ᠨᠠᠭᠠᠴᠤ ᠡᠪᠦᠭᠡ ᠪᠣᠯᠣᠨ ᠠᠪᠤ ᠡᠵᠢ ᠨᠢ ᠪᠦᠷ ᠪᠣᠷᠣᠳᠣᠬᠤᠢ ᠶᠢᠨ ᠤᠰᠤᠯᠠᠯᠲᠠ ᠶᠢᠨ

ᠣᠷᠣᠨ ᠤ ᠤᠰᠤᠨ ᠠᠰᠢᠭᠯᠠᠯᠲᠠ ᠶᠢᠨ ᠠᠵᠢᠯᠲᠠᠨ ᠪᠣᠯᠣᠨ᠎ᠠ᠃

      ︽ᠪᠢ ᠤᠰᠤᠯᠠᠯᠲᠠ ᠶᠢᠨ ᠣᠷᠣᠨ ᠤ ᠬᠥᠭᠵᠢᠯᠲᠡ ᠶᠢᠨ ᠲᠡᠦᠬᠡ ᠶᠢ ᠬᠠᠷᠠᠬᠠᠨ ᠪᠠᠭ᠎ᠠ ᠠᠴᠠ ᠪᠠᠨ ᠦᠵᠡᠵᠦ ᠰᠣᠨᠣᠰᠤᠭᠰᠠᠭᠠᠷ ᠢᠷᠡᠵᠡᠢ᠃ ᠮᠢᠨᠤ ᠨᠠᠭᠠᠴᠤ

ᠡᠪᠦᠭᠡ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠶᠡᠷᠦᠩᠬᠡᠢ ᠭᠤᠣᠯ ᠰᠤᠪᠠᠭ ᠪᠠ ᠶᠡᠷᠦᠩᠬᠡᠢ ᠭᠠᠳᠠᠭᠰᠢᠯᠠᠭᠤᠯᠬᠤ ᠭᠤᠣᠯ ᠰᠤᠪᠠᠭ ᠢ ᠮᠠᠯᠲᠠᠬᠤ ᠳᠤ

ᠣᠷᠣᠯᠴᠠᠵᠤ ᠥᠩᠭᠡᠷᠡᠵᠡᠢ᠂ ᠪᠠᠭ᠎ᠠ ᠪᠠᠶᠢᠬᠤ ᠳᠤ ᠭᠡᠷ ᠲᠤ ︿ᠱᠠᠩᠨᠠᠯ﹀ ᠭᠡᠰᠡᠨ ᠦᠰᠦᠭ ᠳᠠᠷᠤᠮᠠᠯᠯᠠᠭᠰᠠᠨ ᠨᠢᠭᠡ ᠴᠣᠮᠣ ᠪᠠᠶᠢᠵᠠᠢ᠂ ᠲᠡᠷᠡ ᠨᠢ ᠡᠪᠦᠭᠡ ᠶᠢᠨ ᠶᠡᠷᠦᠩᠬᠡᠢ

ᠭᠤᠣᠯ ᠰᠤᠪᠠᠭ ᠮᠠᠯᠲᠠᠬᠤ ᠳᠤ ᠣᠷᠣᠯᠴᠠᠭᠠᠳ ᠭᠥᠷᠳᠡᠭᠰᠡᠨ ᠱᠠᠩᠨᠠᠯ ᠪᠣᠯᠣᠨ᠎ᠠ︾᠃

      ᠪᠣᠷᠣᠳᠣᠬᠤᠢ ᠶᠢᠨ ᠤᠰᠤᠯᠠᠯᠲᠠ ᠶᠢᠨ ᠣᠷᠣᠨ ᠳᠤ ᠨᠢᠭᠡᠨᠲᠡ ᠪᠦᠬᠦᠯᠢ 20 ᠵᠢᠯ ᠠᠵᠢᠯᠯᠠᠭᠰᠠᠨ ᠰᠢᠦᠢ ᠬᠤᠩ ᠸᠧᠢ 21 ᠳ᠋ᠦ᠋ᠭᠡᠷ ᠵᠠᠭᠤᠨ ᠠᠴᠠ ᠨᠠᠭᠠᠰᠢᠬᠢ

ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠶᠠᠪᠤᠴᠠ ᠳᠤ ᠣᠷᠣᠯᠴᠠᠬᠰᠠᠨ ᠪᠠ

ᠭᠡᠷᠡᠴᠢᠯᠡᠵᠦ᠂ ᠮᠥᠨ ᠴᠦ ᠠᠯᠬᠤᠮ ᠠᠯᠬᠤᠮ ᠢᠶᠠᠷ ᠪᠦᠭᠦ ᠤᠯᠤᠰ ᠤᠨ ᠤᠰᠤᠨ ᠠᠰᠢᠭᠯᠠᠯᠲᠠ ᠶᠢᠨ ᠰᠢᠰᠲ᠋ᠧᠮ ᠤᠨ ᠮᠡᠳᠡᠭᠡ ᠵᠠᠩᠭᠢᠵᠢᠯᠲᠠ ᠶᠢᠨ ᠪᠦᠲᠦᠭᠡᠨ

ᠪᠠᠶᠢᠭᠤᠯᠤᠯᠲᠠ ᠶᠢᠨ ᠬᠦᠷᠢᠶᠡᠨ ᠤ ᠨᠡᠷᠡᠲᠦ ᠲᠤᠰᠬᠠᠢ ᠮᠡᠷᠭᠡᠵᠢᠯᠲᠡᠨ ᠪᠣᠯᠤᠭᠰᠠᠨ ᠪᠠᠶᠢᠨ᠎ᠠ᠃

      ᠰᠢᠦᠢ ᠬᠤᠩ ᠸᠧᠢ᠄ ︽ᠥᠩᠭᠡᠷᠡᠭᠰᠡᠨ ᠳᠤ᠂ ᠠᠬᠠᠮᠠᠳ ᠨᠢᠭᠡ ᠦᠶ᠎ᠡ ᠶᠢᠨ ᠤᠰᠤᠨ ᠠᠰᠢᠭᠯᠠᠯᠲᠠ ᠶᠢᠨ ᠠᠵᠢᠯᠲᠠᠳ ᠬᠦᠷᠵᠡ᠂ ᠰᠠᠭᠰᠤ᠂ ᠳᠠᠮᠨᠠᠭᠤᠷ ᠵᠡᠷᠭᠡ

ᠪᠠᠭᠠᠵᠢ ᠬᠡᠷᠡᠭᠰᠡᠯ ᠢᠶᠠᠷ ᠶᠡᠷᠦᠩᠬᠡᠢ ᠭᠤᠣᠯ ᠰᠤᠪᠠᠭ ᠢ ᠮᠠᠯᠲᠠᠵᠤ᠂ ᠪᠣᠷᠣᠳᠣᠬᠤᠢ ᠶᠢᠨ ᠤᠰᠤᠯᠠᠯᠲᠠ ᠶᠢᠨ ᠣᠷᠣᠨ ᠳᠤ ᠬᠠᠰᠢᠯᠭ᠎ᠠ ᠦᠭᠡᠢ ᠪᠠᠷ ᠤᠰᠤ ᠲᠠᠲᠠᠭᠰᠠᠨ᠂

ᠤᠯᠠᠨ ᠠᠮᠠᠰᠠᠷ ᠢᠶᠠᠷ ᠤᠰᠤ ᠲᠠᠲᠠᠭᠰᠠᠨ ᠲᠡᠦᠬᠡ ᠶᠢ ᠡᠴᠦᠰᠯᠡᠭᠦᠯᠵᠡᠢ᠃ ᠡᠳᠦᠭᠡ᠂ ᠮᠠᠨ ᠤ ᠰᠢᠨ᠎ᠡ ᠴᠠᠭ ᠦᠶ᠎ᠡ ᠶᠢᠨ ᠤᠰᠤᠨ ᠠᠰᠢᠭᠯᠠᠯᠲᠠ ᠶᠢᠨ ᠠᠵᠢᠯᠲᠠᠨ

ᠳᠠᠷᠤᠭᠤᠯ᠂ ᠬᠤᠯᠤᠭᠠᠨᠠᠴᠢᠷ ᠲᠤ ᠲᠦᠰᠢᠭᠯᠡᠨ᠂ ᠣᠳᠣᠬᠢᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ᠂ ᠦᠢᠯᠡᠳᠪᠦᠷᠢᠯᠡᠯ

ᠬᠠᠮᠢᠶᠠᠷᠤᠯᠲᠠ ᠶᠢᠨ ᠨᠢᠭᠡᠳᠦᠭᠡᠷ ᠹᠷᠣᠨᠲ ᠤᠨ ᠪᠣᠳᠠᠲᠠᠢ ᠠᠰᠠᠭᠤᠳᠠᠯ ᠢ ᠰᠢᠢᠳᠪᠦᠷᠢᠯᠡᠵᠦ ᠪᠠᠶᠢᠨ᠎ᠠ᠃ ᠤᠰᠤᠯᠠᠯᠲᠠ ᠶᠢᠨ ᠣᠷᠣᠨ ᠤ ᠮᠡᠳᠡᠭᠡ ᠵᠠᠩᠭᠢᠵᠢᠯᠲᠠ ᠶᠢᠨ

ᠪᠦᠲᠦᠭᠡᠨ ᠪᠠᠶᠢᠭᠤᠯᠤᠯᠲᠠ ᠶᠢ ᠥᠷᠨᠢᠭᠦᠯᠬᠦ ᠶᠢᠨ ᠬᠠᠮᠤᠭ ᠡᠴᠦᠰ ᠤᠨ ᠠᠵᠢᠯ ᠤᠨ ᠬᠠᠷᠠᠯᠲᠠ ᠪᠣᠯᠣᠨ ᠡᠭᠦᠷᠭᠡ ᠪᠣᠯ ᠪᠣᠷᠣᠳᠣᠬᠤᠢ ᠶᠢᠨ ᠤᠰᠤᠯᠠᠯᠲᠠ ᠶᠢᠨ ᠣᠷᠣᠨ ᠤ

ᠣᠳᠣ ᠦᠶ᠎ᠡ ᠶᠢᠨ ᠲᠠᠷᠢᠶᠠᠯᠠᠩ ᠢ ᠰᠠᠶᠢᠲᠤᠷ ᠬᠥᠭᠵᠢᠭᠦᠯᠬᠦ ᠳᠤ ᠬᠦᠴᠦᠨ ᠨᠡᠮᠡᠷᠢᠯᠡᠬᠦ ᠶᠠᠪᠤᠳᠠᠯ ᠪᠣᠯᠣᠨ᠎ᠠ︾ ᠭᠡᠵᠦ ᠬᠡᠯᠡᠪᠡ᠃ 

   

ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ